|
︵ᠰᠤᠷᠪᠤᠯᠵᠢᠯᠠᠭᠴᠢ ᠠᠷᠢᠭᠤᠨ᠎ᠠ︶ 11 ᠳ᠋ᠦ᠋ᠭᠡᠷ ᠰᠠᠷ᠎ᠠ ᠶᠢᠨ 21 ᠤ ᠡᠳᠦᠷ ᠠᠴᠠ 24 ᠤ ᠡᠳᠦᠷ ᠪᠣᠯᠲᠠᠯ᠎ᠠ᠂ |
ᠮᠣᠩᠭᠤᠯ ᠤᠯᠤᠰ ᠤᠨ ᠨᠡᠶᠢᠰᠯᠡᠯ ᠤᠨ ᠵᠠᠰᠠᠭ ᠳᠠᠷᠤᠭ᠎ᠠ ᠪᠥᠭᠡᠳ ᠤᠯᠠᠭᠠᠨᠪᠠᠭᠠᠲᠤᠷ ᠬᠤᠲᠠ ᠶᠢᠨ ᠳᠠᠷᠤᠭ᠎ᠠ ᠬᠡ᠊ · |
ᠨᠢᠮᠠᠪᠠᠭᠠᠲᠤᠷ ᠲᠥᠯᠥᠭᠡᠯᠡᠭᠴᠢᠳ ᠤᠨ ᠪᠦᠯᠬᠦᠮ ᠢᠶᠠᠨ ᠳᠠᠭᠠᠭᠤᠯᠤᠨ ᠮᠧᠩ ᠼᠤᠤ ᠠᠮᠢ ᠠᠬᠤᠶ ᠶᠢᠨ ᠣᠷᠴᠢᠨ |
ᠲᠣᠭᠤᠷᠢᠨ ᠤ ︵ᠪᠦᠯᠦᠭᠯᠡᠯ︶ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂ ᠬᠥᠬᠡᠬᠤᠲᠠ ᠶᠢᠨ |
ᠲᠥᠯᠥᠪᠵᠢᠭᠦᠯᠭᠡ ᠶᠢᠨ ᠣᠷᠳᠣᠨ᠂ ᠬᠥᠬᠡᠬᠤᠲᠠ ᠶᠢᠨ ᠪᠠᠨᠳᠢ ᠶᠢᠨ ᠠᠶᠢᠯ ᠤᠨ ᠪᠣᠬᠢᠷ ᠤᠰᠤ ᠰᠢᠢᠳᠪᠦᠷᠢᠯᠡᠬᠦ |
ᠦᠢᠯᠡᠳᠪᠦᠷᠢ ᠵᠡᠷᠭᠡ ᠭᠠᠵᠠᠷ ᠲᠤ ᠠᠶᠢᠯᠴᠢᠯᠠᠨ ᠰᠤᠷᠪᠤᠯᠵᠢᠯᠠᠵᠤ᠂ ᠬᠥᠬᠡᠬᠤᠲᠠ ᠶᠢᠨ ᠴᠡᠴᠡᠷᠯᠢᠭ ᠤᠨ |
ᠲᠥᠯᠥᠪᠵᠢᠭᠦᠯᠭᠡ᠂ ᠬᠤᠳᠠ ᠶᠢᠨ ᠪᠦᠳᠦᠭᠡᠨ ᠪᠠᠶᠢᠭᠤᠯᠤᠯᠲᠠ᠂ ᠪᠣᠬᠢᠷ ᠤᠰᠤ ᠰᠢᠢᠳᠪᠦᠷᠢᠯᠡᠬᠦ ᠵᠡᠷᠭᠡ ᠲᠠᠯ᠎ᠠ ᠶᠢᠨ |
ᠲᠤᠷᠰᠢᠯᠭ᠎ᠠ ᠠᠷᠭ᠎ᠠ ᠬᠢᠳᠡᠯ ᠢ ᠣᠶᠢᠯᠠᠭᠠᠪᠠ᠃ ᠬᠦᠬᠡᠬᠤᠲᠠ ᠨᠢ ᠤᠯᠠᠨ ᠤᠯᠤᠰ ᠤᠨ ᠨᠥᠬᠦᠷᠰᠡᠭ ᠬᠤᠳᠠ ᠶᠢᠨ |
ᠬᠥᠭᠵᠢᠯᠲᠡ ᠳᠤ ᠳᠤᠮᠳᠠᠳᠤ ᠤᠯᠤᠰ ᠤᠨ ᠲᠥᠰᠦᠯ ᠢ ᠬᠠᠩᠭᠠᠵᠠᠢ᠃ ᠠᠶᠢᠯᠴᠢᠯᠠᠵᠤ ᠪᠠᠶᠢᠭ᠎ᠠ ᠬᠤᠭᠤᠴᠠᠭᠠᠨ ᠳᠤ᠂ |
ᠬᠥᠬᠡᠬᠤᠲᠠ ᠪᠣᠯᠤᠨ ᠤᠯᠠᠭᠠᠨᠪᠠᠭᠠᠲᠤᠷ ᠬᠤᠳᠠ ︽ᠳᠤᠮᠳᠠᠳᠤ ᠤᠯᠤᠰ ᠤᠨ ᠬᠥᠬᠡᠬᠤᠲᠠ ᠪᠣᠯᠤᠨ ᠮᠣᠩᠭᠤᠯ |
ᠤᠯᠤᠰ ᠤᠨ ᠤᠯᠠᠭᠠᠨᠪᠠᠭᠠᠲᠤᠷ ᠬᠤᠳᠠ ᠶᠢᠨ ᠳᠤᠮᠳᠠᠳᠤ ᠮᠣᠩᠭᠤᠯ ᠤᠨ ᠨᠥᠬᠦᠷᠰᠡᠭ ᠬᠠᠷᠢᠯᠴᠠᠭᠠᠨ ᠤ ᠦᠯᠢᠭᠡᠷ |
ᠵᠢᠱᠢᠶ᠎ᠡ ᠶᠢ ᠪᠦᠬᠦ ᠲᠠᠯ᠎ᠠ ᠪᠠᠷ ᠴᠤᠭᠴᠠᠯᠠᠬᠤ ᠰᠠᠨᠠᠮᠵᠢ ᠶᠢᠨ ᠪᠢᠴᠢᠭ︾ ᠲᠤ ᠭᠠᠷ ᠤᠨ ᠦᠰᠦᠭ ᠵᠢᠷᠤᠪᠠ᠃ |
ᠰᠠᠨᠠᠮᠵᠢ ᠶᠢᠨ ᠪᠢᠴᠢᠭ ᠢ ᠦᠨᠳᠦᠰᠦᠯᠡᠪᠡᠯ᠂ ᠬᠤᠶᠠᠷ ᠲᠠᠯ᠎ᠠ ᠪᠠᠷ ᠢᠶᠠᠨ ᠢᠳᠡᠭᠡᠨ ᠪᠣᠯᠪᠠᠰᠤᠷᠠᠭᠤᠯᠬᠤ᠂ ᠪᠣᠬᠢᠷᠲᠤᠯ |
ᠦᠭᠡᠢ ᠬᠢᠮᠢ ᠶᠢᠨ ᠠᠵᠤ ᠦᠢᠯᠡᠳᠪᠦᠷᠢ᠂ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ᠂ ᠬᠤᠳᠠ ᠶᠢᠨ ᠪᠦᠳᠦᠭᠡᠨ |
ᠪᠠᠶᠢᠭᠤᠯᠤᠯᠲᠠ᠂ ᠰᠣᠶᠣᠯ ᠵᠢᠭᠤᠯᠴᠢᠯᠠᠯ ᠵᠡᠷᠭᠡ ᠬᠦᠷᠢᠶᠡᠨ ᠳᠠᠬᠢ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ |
ᠭᠤᠣᠯᠳᠠᠯᠭ᠎ᠠ ᠲᠠᠢ ᠠᠬᠢᠭᠤᠯᠵᠤ᠂ ᠬᠤᠶᠠᠷ ᠬᠤᠳᠠ ᠶᠢᠨ ᠠᠷᠠᠳ ᠲᠦᠮᠡᠨ ᠳᠤ ᠨᠡᠩ ᠰᠠᠶᠢᠨ ᠦᠢᠯᠡᠴᠢᠯᠡᠬᠦ ᠪᠣᠯᠣᠨ᠎ᠠ᠃ |
ᠰᠠᠨᠠᠮᠵᠢ ᠶᠢᠨ ᠪᠢᠴᠢᠭ ᠲᠤ ᠭᠠᠷ ᠤᠨ ᠦᠰᠦᠭ ᠵᠢᠷᠤᠭᠰᠠᠨ ᠨᠢ ᠬᠥᠬᠡᠬᠤᠲᠠ᠂ ᠤᠯᠠᠭᠠᠨᠪᠠᠭᠠᠲᠤᠷ ᠬᠤᠳᠠ ᠶᠢᠨ |
ᠨᠥᠬᠦᠷᠰᠡᠭ ᠬᠠᠷᠢᠯᠴᠠᠭ᠎ᠠ ᠶᠢ ᠤᠯᠠᠮ ᠨᠢᠭᠡ ᠠᠯᠬᠤᠮ ᠪᠠᠬᠢᠵᠢᠭᠦᠯᠦᠭᠰᠡᠨ ᠢᠶᠠᠷ ᠪᠠᠷᠠᠬᠤ ᠦᠭᠡᠢ᠂ ᠨᠡᠩ ᠴᠤ ᠳᠤᠮᠳᠠᠳᠤ |
ᠮᠣᠩᠭᠤᠯ ᠬᠤᠶᠠᠷ ᠤᠯᠤᠰ ᠤᠨ ᠨᠥᠬᠦᠷᠰᠡᠭ ᠬᠠᠷᠢᠯᠴᠠᠭ᠎ᠠ ᠶᠢ ᠭᠦᠨᠵᠡᠭᠡᠶᠢᠷᠡᠭᠦᠯᠦᠨ ᠥᠷᠭᠡᠳᠬᠡᠭᠰᠡᠨ ᠶᠠᠪᠤᠳᠠᠯ ᠪᠣᠯᠤᠨ᠎ᠠ |
᠃ ᠳᠠᠷᠠᠭᠠᠴᠢ ᠶᠢᠨ ᠠᠯᠬᠤᠮ ᠳᠤ᠂ ᠬᠤᠶᠠᠷ ᠲᠠᠯ᠎ᠠ ᠪᠠᠷ ᠢᠶᠠᠨ ᠡᠷᠬᠡ ᠲᠡᠭᠰᠢ ᠪᠠᠷ ᠵᠥᠪᠳᠡᠬᠦ᠂ ᠨᠡᠭᠡᠭᠡᠯᠲᠡ ᠲᠠᠢ |
ᠪᠠᠭᠲᠠᠭᠠᠮᠵᠢᠲᠠᠢ ᠪᠠᠶᠢᠬᠤ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ᠂ ᠬᠠᠷᠢᠯᠴᠠᠨ ᠠᠰᠢᠭᠲᠠᠢ ᠬᠠᠮᠲᠤ ᠪᠠᠷ |
ᠠᠰᠢᠭ ᠬᠦᠷᠳᠡᠬᠦ ᠵᠠᠷᠴᠢᠮ ᠢ ᠪᠠᠷᠢᠮᠲᠠᠯᠠᠵᠤ᠂ ᠳᠤᠮᠳᠠᠳᠤ ᠮᠣᠩᠭᠤᠯ ᠤᠨ ᠨᠥᠬᠦᠷᠰᠡᠭ ᠬᠠᠷᠢᠯᠴᠠᠭᠠᠨ ᠤ ᠦᠯᠢᠭᠡᠷ |
ᠵᠢᠱᠢᠶ᠎ᠡ ᠶᠢ ᠬᠠᠮᠲᠤ ᠪᠠᠷ ᠴᠣᠭᠴᠠᠯᠠᠵᠤ᠂ ᠳᠤᠮᠳᠠᠳᠤ ᠮᠣᠩᠭᠤᠯ ᠬᠤᠶᠠᠷ ᠤᠯᠤᠰ ᠤᠨ ᠨᠥᠬᠦᠷᠰᠡᠭ ᠬᠠᠷᠢᠴᠠᠭᠠᠨ ᠳᠤ |
ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠬᠦ ᠪᠣᠯᠣᠨ᠎ᠠ᠃ |
|
|
|
|
|
|
|
|
|
|
|
᠁ |