| 
                   ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | 
                   ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ | 
                   ᠥᠪᠥᠷ ᠵᠠᠰᠠᠭ ᠠᠯᠪᠠᠨ ᠲᠠᠷᠬᠠᠭᠠᠭᠰᠠᠨ ︹ 2024 ︺ 20 ᠳ᠋ᠤᠭᠠᠷ ᠲᠣᠭᠠᠲᠤ | 
                   ᠪᠦᠢᠺᠦ ᠪᠥᠮᠪᠥᠭᠡᠨ ᠤ ᠦᠢᠯᠡᠰ ᠤᠨ ᠬᠥᠭᠵᠢᠯᠲᠡ ᠶᠢ ᠠᠬᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ | 
                   ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠰᠠᠨᠠᠯ | 
                   ᠡᠯᠡ ᠠᠶᠢᠮᠠᠭ ᠤᠨ ᠵᠠᠬᠢᠷᠭᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ | 
                   ᠣᠷᠣᠨ ᠤ ᠡᠯᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶᠠ᠂ ᠡᠯᠡ ᠲᠣᠮᠣ ᠠᠵᠤ ᠠᠬᠤᠶᠢᠯᠠᠯ᠂ ᠠᠵᠢᠯ | 
                   ᠦᠢᠯᠡᠰ ᠤᠨ ᠨᠢᠭᠡᠴᠢ ᠳᠤ᠄ | 
                   ᠪᠡᠶᠡ ᠶᠢᠨ ᠲᠠᠮᠢᠷ ᠤᠨ ᠲᠤᠬᠠᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠥᠭᠦᠯᠡᠯᠲᠡ ᠶᠢ ᠭᠦᠨᠵᠡᠭᠡᠢ | 
                   ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ | 
                   ᠵᠢᠭᠠᠪᠤᠷᠢ ᠶᠢᠨ ᠵᠣᠷᠢᠭ ᠰᠠᠨᠠᠭᠠ ᠶᠢ ᠬᠢᠨᠠᠮᠠᠭᠠᠢ ᠨᠠᠶᠢᠳᠠᠪᠤᠷᠢᠵᠢᠭᠤᠯᠤᠨ᠂ ᠪᠤᠶᠢᠺᠤ ᠪᠥᠮᠪᠥᠭᠡᠨ ᠤ ᠲᠥᠷᠥᠯ ᠵᠦᠢᠯ ᠤᠨ | 
                   ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠵᠤ᠂ ᠪᠥᠬᠦ ᠣᠷᠣᠨ ᠤ ᠪᠡᠶᠡ ᠶᠢᠨ ᠲᠠᠮᠢᠷ ᠤᠨ ᠦᠢᠯᠡᠰ ᠤᠨ | 
                   ᠴᠢᠨᠠᠷ ᠰᠠᠶᠢᠲᠠᠢ ᠬᠥᠭᠵᠢᠯᠲᠡ ᠶᠢ ᠬᠥᠲᠥᠯᠥᠨ ᠳᠠᠭᠠᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ | 
                   ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠳᠣᠣᠷᠠᠬᠢ ᠮᠡᠲᠦ ᠰᠠᠨᠠᠯ ᠢ ᠳᠤᠷᠠᠳᠪᠠ᠃ | 
                   ᠨᠢᠭᠡ᠂ ᠶᠡᠷᠦᠩᠬᠡᠢ ᠱᠠᠭᠠᠷᠳᠠᠯᠭᠠ | 
                   ᠬᠥᠮᠥᠨ ᠢᠶᠠᠷ ᠦᠨᠳᠦᠰᠦ ᠪᠣᠯᠭᠠᠬᠤ᠂ ᠰᠢᠨᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠶᠢ ᠪᠠᠷᠢᠮᠲᠠᠯᠠᠵᠤ᠂ | 
                   ᠮᠣᠷᠢᠨᠳᠠᠪᠠᠭᠠ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ︵ᠳᠣᠷᠣᠭᠰᠢ ᠮᠣᠷᠢᠨᠳᠠᠪᠠᠭᠠ ᠬᠤᠰᠢᠭᠤ | 
                   ᠭᠡᠵᠦ ᠲᠣᠪᠴᠢᠯᠠᠨᠠ︶ ᠤ ᠪᠤᠶᠢᠺᠤ ᠪᠥᠮᠪᠥᠭᠡᠨ ᠤ ᠲᠥᠷᠥᠯ ᠵᠦᠢᠯ ᠤᠨ ᠬᠥᠭᠵᠢᠯᠲᠡ ᠪᠠᠷ ᠵᠢᠱᠢᠶᠡ ᠦᠵᠡᠭᠦᠯᠵᠦ᠂ | 
                   ᠪᠤᠶᠢᠺᠤ ᠪᠥᠮᠪᠥᠭᠡᠨ ᠤ ᠮᠥᠷᠦ᠋ᠢᠴᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠂ ᠪᠤᠶᠢᠺᠤ ᠪᠥᠮᠪᠥᠭᠡᠨ ᠤ | 
                   ᠬᠥᠳᠡᠯᠭᠡᠭᠡᠨ ᠳᠤ ᠣᠷᠤᠯᠴᠠᠬᠤ ᠬᠥᠮᠥᠨ ᠠᠮᠠ ᠶᠢᠨ ᠬᠡᠪᠴᠢᠶᠡᠵᠢᠯ ᠢ ᠥᠷᠭᠡᠳᠬᠡᠨᠡ᠃ 2025 ᠣᠨ ᠪᠣᠯᠬᠤ ᠳᠤ᠂ | 
                   ᠠᠷᠪᠠᠨ ᠲᠠᠪᠤᠳᠤᠭᠠᠷ ᠬᠤᠭᠤᠴᠠᠭᠠᠨ ᠤ ᠪᠥᠬᠦ ᠤᠯᠤᠰ ᠤᠨ ᠪᠡᠶᠡ ᠶᠢᠨ ᠲᠠᠮᠢᠷ ᠤᠨ ᠴᠤᠭᠯᠠᠭᠠᠨ ᠳᠤ ᠢᠳᠡᠪᠬᠢᠲᠡᠢ | 
                   ᠪᠡᠯᠡᠳᠬᠡᠯ ᠬᠢᠵᠦ᠂ ᠡᠷᠡᠭᠲᠡᠢ ᠶᠢᠨ ᠪᠤᠶᠢᠺᠤ ᠪᠥᠮᠪᠥᠭᠡᠨ ᠤ ᠲᠥᠷᠥᠯ ᠵᠦᠢᠯ ᠳᠤ ︽ᠬᠤᠶᠠᠳᠤᠭᠠᠷ ᠢᠶᠠᠨ ᠪᠠᠲᠤᠯᠠᠭᠰᠠᠨ | 
                   ᠰᠠᠭᠤᠷᠢᠨ ᠳᠤ ᠮᠠᠩᠯᠠᠶᠢᠯᠠᠬᠤ ᠪᠠᠷ ᠮᠡᠷᠡᠶᠢᠨ ᠲᠡᠮᠡᠴᠡᠵᠦ︾᠂ ᠡᠮᠡᠭᠲᠡᠢ ᠶᠢᠨ ᠪᠤᠶᠢᠺᠤ ᠪᠥᠮᠪᠥᠭᠡᠨ ᠤ ᠲᠥᠷᠥᠯ ᠵᠦᠢᠯ ᠳᠤ | 
                   ︽ᠳᠤᠮᠳᠠ ᠲᠦᠪᠰᠢᠨ ᠳᠤ ᠳᠠᠪᠰᠢᠨ ᠣᠷᠣᠬᠤ︾ ᠶᠢ ᠪᠡᠶᠡᠯᠡᠭᠦᠯᠵᠦ᠂ ᠱᠠᠲᠤᠯᠢᠭ ᠪᠡᠯᠡᠳᠬᠡᠯ ᠡᠩᠨᠡᠭᠡᠨ ᠤ | 
                   ᠪᠠᠶᠢᠭᠤᠯᠤᠯᠲᠠ ᠶᠢ ᠠᠩᠬᠠ ᠠᠯᠬᠤᠮ ᠬᠡᠪᠴᠢᠶᠡ ᠲᠠᠢ ᠪᠣᠯᠭᠠᠨᠠ᠃ 2030 ᠣᠨ ᠪᠣᠯᠬᠤ ᠳᠤ᠂ ᠪᠥᠬᠦ ᠣᠷᠣᠨ ᠳᠤ | 
                   ᠪᠤᠶᠢᠺᠤ ᠪᠥᠮᠪᠥᠭᠡᠨ ᠤ ᠪᠡᠯᠡᠳᠬᠡᠯ ᠴᠢᠳᠠᠪᠤᠷᠢᠲᠠᠨ ᠤ ᠪᠣᠯᠪᠠᠰᠤᠷᠠᠯ ᠤᠨ ᠰᠠᠭᠤᠷᠢᠨ ᠭᠠᠵᠠᠷ ᠢ ᠨᠠᠭᠠᠲᠤ ᠵᠠᠬᠠ ᠳᠤ ᠪᠠᠨ | 
                   15 ︵ᠠᠶᠢᠮᠠᠭ ᠬᠤᠲᠠ᠂ ᠬᠤᠰᠢᠭᠤ ᠰᠢᠶᠠᠨ ᠤ ᠱᠠᠲᠤᠨ ᠤ ᠰᠠᠭᠤᠷᠢᠨ ᠭᠠᠵᠠᠷ ᠤᠨ ᠶᠡᠷᠦᠩᠬᠡᠢ ᠲᠤᠭᠠ ᠬᠡᠮᠵᠢᠶᠡ︶ | 
                   ᠪᠠᠶᠢᠭᠤᠯᠵᠤ᠂ ᠳᠠᠩᠰᠠᠯᠠᠭᠤᠯᠤᠭᠰᠠᠨ ᠲᠠᠮᠢᠷᠴᠢᠳ ᠢ 2000 ᠬᠥᠮᠥᠨ ᠳᠤ ᠬᠦᠷᠦᠭᠦᠯᠵᠦ᠂ ᠪᠣᠯᠪᠠᠰᠤᠷᠠᠯ ᠳᠤ ᠪᠠᠶᠢᠩᠭᠤ | 
                   ᠣᠷᠣᠯᠴᠠᠬᠤ ᠵᠠᠯᠠᠭᠤᠴᠤᠳ ᠪᠠᠭᠠᠴᠤᠳ ᠢ ᠲᠦᠮᠡᠨ ᠬᠥᠮᠥᠨ ᠠᠴᠠ ᠳᠠᠪᠠᠭᠤᠯᠤᠨ᠂ ᠮᠥᠷᠦ᠋ᠢᠴᠡᠭᠡᠨ ᠤ ᠬᠢᠷᠢ | 
                   ᠲᠦᠪᠰᠢᠨ ᠲᠡᠷᠢᠭᠦᠯᠡᠭᠰᠡᠨ᠂ ᠤᠷᠤᠯᠳᠤᠭᠠᠨ ᠤ ᠲᠣᠭᠲᠠᠯᠴᠠᠭᠠ ᠲᠡᠭᠦᠯᠳᠡᠷ᠂ ᠲᠠᠯᠠᠪᠤᠷ ᠪᠡᠯᠡᠳᠬᠡᠮᠵᠢ ᠶᠢᠨ ᠪᠠᠲᠤᠯᠠᠭᠠ | 
                   ᠬᠦᠴᠦᠲᠡᠢ᠂ ᠴᠢᠳᠠᠪᠤᠷᠢᠲᠠᠨ ᠬᠥᠮᠥᠵᠢᠭᠦᠯᠬᠦ ᠲᠣᠭᠲᠠᠯᠴᠠᠭᠠ ᠪᠦᠷᠢᠨᠰᠢᠭᠰᠡᠨ᠂ ᠲᠠᠮᠢᠷ ᠤᠨ ᠬᠥᠳᠡᠯᠭᠡᠭᠡᠨ ᠤ | 
                   ᠲᠦᠭᠡᠮᠡᠯᠵᠢᠭᠦᠯᠦᠯᠲᠡ ᠶᠢᠨ ᠨᠣᠷᠮᠠ ᠪᠠᠷ ᠨᠡᠯᠢᠶᠡᠳ ᠥᠨᠳᠥᠷ ᠪᠠᠶᠢᠬᠤ ᠪᠥᠬᠦ ᠤᠯᠤᠰ ᠤᠨ ᠪᠤᠶᠢᠺᠤ ᠪᠥᠮᠪᠥᠭᠡᠨ ᠤ | 
                   ᠬᠥᠭᠵᠢᠯᠲᠡ ᠶᠢᠨ ᠵᠢᠱᠢᠶᠡ ᠦᠵᠡᠭᠦᠯᠬᠦ ᠣᠷᠣᠨ ᠢ ᠪᠠᠶᠢᠭᠤᠯᠤᠨᠠ᠃ | 
                   ᠬᠤᠶᠠᠷ᠂ ᠪᠤᠶᠢᠺᠤ ᠪᠥᠮᠪᠥᠭᠡᠨ ᠤ ᠮᠥᠷᠦ᠋ᠢᠴᠡᠭᠡᠨ ᠤ ᠬᠢᠷᠢ ᠲᠦᠪᠰᠢᠨ ᠢ ᠲᠦᠷᠭᠡᠬᠡᠨ ᠳᠡᠭᠡᠭᠰᠢᠯᠡᠭᠦᠯᠦᠨᠡ | 
                   ᠰᠢᠨᠵᠢᠯᠡᠬᠦ ᠤᠬᠠᠭᠠᠨᠴᠢ ᠪᠥᠭᠡᠳ ᠵᠢᠷᠣᠮᠵᠢᠭᠤᠨ ᠪᠦᠬᠦᠢ ᠲᠠᠮᠢᠷᠴᠢᠨ ᠢ ᠰᠢᠯᠢᠨ ᠰᠣᠩᠭᠤᠬᠤ ᠲᠣᠭᠲᠠᠴᠠ᠂ | 
                   ᠰᠢᠯᠭᠠᠨ ᠬᠢᠨᠠᠬᠤ ᠪᠠᠷᠢᠮᠵᠢᠶᠠ᠂ ᠡᠳᠦᠷ ᠲᠤᠳᠤᠮ ᠤᠨ ᠬᠠᠮᠢᠶᠠᠷᠤᠯᠲᠠ᠂ ᠱᠠᠩᠨᠠᠵᠤ ᠲᠣᠷᠭᠠᠬᠤ ᠵᠡᠷᠭᠡ ᠳᠦᠷᠢᠮ ᠢ | 
                   ᠲᠣᠭᠲᠠᠭᠠᠵᠤ᠂ ᠴᠢᠳᠠᠪᠤᠷᠢᠲᠠᠨ ᠢ ᠢᠯᠡᠷᠡᠭᠦᠯᠵᠦ ᠬᠥᠮᠥᠵᠢᠭᠦᠯᠦᠨᠡ᠃ 2025 ᠣᠨ ᠤ ᠰᠡᠭᠦᠯᠴᠢ ᠪᠣᠯᠬᠤ ᠳᠤ᠂ | 
                   ᠪᠥᠬᠦ ᠣᠷᠣᠨ ᠤ ᠪᠤᠶᠢᠺᠤ ᠪᠥᠮᠪᠥᠭᠡᠨ ᠤ ᠲᠤᠰᠬᠠᠢ ᠮᠡᠷᠭᠡᠵᠢᠯ ᠤᠨ ᠠᠩᠭᠢ ᠶᠢᠨ ᠪᠦᠲᠦᠴᠡ ᠶᠢ ᠨᠢ ᠨᠠᠩ ᠰᠢᠯᠢᠳᠡᠭ᠂ | 
                   ᠪᠣᠳᠠᠲᠤ ᠬᠦᠴᠦᠨ ᠢ ᠨᠢ ᠨᠠᠩ ᠴᠢᠩᠭᠠ ᠪᠣᠯᠭᠠᠵᠤ᠂ ᠬᠤᠶᠠᠳᠤᠭᠠᠷ ᠹᠷᠣᠨᠲ ᠤᠨ ᠡᠩᠨᠡᠭᠡᠨ ᠤ ᠲᠤᠭᠠ ᠬᠡᠮᠵᠢᠶᠡ ᠶᠢ | 
                   ᠭᠦᠢᠴᠡᠳ ᠬᠠᠩᠭᠠᠭᠠᠯᠳᠠᠢ᠂ ᠳᠠᠯᠳᠠ ᠬᠦᠴᠦᠨ ᠢ ᠨᠢ ᠲᠣᠪᠤᠶᠢᠮᠠ ᠪᠣᠯᠭᠠᠬᠤ ᠪᠠᠷ ᠬᠦᠴᠦᠯᠡᠨ ᠴᠢᠷᠮᠠᠶᠢᠨᠠ᠃ ︽ | 
                   ᠬᠦᠴᠢᠷ ᠠᠭᠤᠯᠭᠠ ᠲᠣᠬᠢᠷᠠᠭᠤᠯᠬᠤ᠂ ᠴᠢᠩᠭᠠ ᠱᠠᠭᠠᠷᠳᠠᠬᠤ᠂ ᠪᠣᠳᠠᠲᠤ ᠣᠷᠣᠯᠳᠣᠭᠠᠨ ᠠᠴᠠ ᠡᠭᠦᠰᠴᠦ᠂ ᠪᠡᠶᠡ ᠶᠢᠨ | 
                   ᠳᠠᠭᠠᠭᠠᠴᠠ ᠳᠤ ᠣᠶᠢᠷᠠᠲᠤᠭᠰᠠᠨ ᠬᠥᠳᠡᠯᠭᠡᠭᠡᠨ ᠤ ᠬᠡᠮᠵᠢᠶᠡ ᠶᠢ ᠦᠵᠡᠵᠦ ᠰᠢᠨᠵᠢᠯᠡᠬᠦ ᠤᠬᠠᠭᠠᠨᠴᠢ ᠪᠠᠷ ᠰᠤᠷᠭᠠᠭᠤᠯᠢᠯᠠᠯ | 
                   ᠬᠦᠷᠲᠡᠭᠡᠬᠦ︾ ᠵᠠᠷᠴᠢᠮ ᠢ ᠪᠠᠷᠢᠮᠲᠠᠯᠠᠨ᠂ ᠪᠤᠶᠢᠺᠤ ᠪᠥᠮᠪᠥᠭᠡᠨ ᠤ ︽ᠰᠤᠷᠭᠠᠭᠤᠯᠢᠯᠠᠯ᠂ ᠡᠷᠳᠡᠮ ᠰᠢᠨᠵᠢᠯᠡᠭᠡᠨ᠂ | 
                   ᠡᠮᠴᠢᠯᠡᠭᠡ᠂ ᠵᠢᠭᠠᠨ ᠰᠤᠷᠭᠠᠯᠲᠠ᠂ ᠦᠢᠯᠡᠴᠢᠯᠡᠭᠡ︾ ᠶᠢᠨ ᠬᠠᠮ ᠬᠡᠯᠪᠡᠷᠢᠲᠦ ᠰᠤᠷᠭᠠᠭᠤᠯᠢᠯᠠᠯ ᠤᠨ ᠪᠦᠯᠬᠦᠮ ᠤᠨ | 
                   ᠠᠵᠢᠯᠯᠠᠭᠠᠨ ᠤ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠥᠨᠳᠥᠷ ᠬᠢᠷᠢ ᠲᠦᠪᠰᠢᠨ ᠪᠦᠬᠦᠢ | 
                   ᠰᠤᠷᠭᠠᠭᠴᠢ ᠶᠢᠨ ᠪᠦᠯᠬᠦᠮ ᠢ ᠤᠷᠢᠵᠤ᠂ ᠰᠢᠨᠵᠢᠯᠡᠬᠦ ᠤᠬᠠᠭᠠᠨᠴᠢᠯᠠᠭᠰᠠᠨ ᠰᠤᠷᠭᠠᠭᠤᠯᠢᠯᠠᠯ ᠤᠨ ᠬᠢᠷᠢ ᠬᠡᠮᠵᠢᠶᠡ ᠶᠢ | 
                   ᠳᠡᠭᠡᠭᠰᠢᠯᠡᠭᠦᠯᠦᠨᠡ᠃ ᠤᠷᠤᠯᠳᠤᠭᠠᠨ ᠢᠶᠠᠷ ᠰᠤᠷᠭᠠᠭᠤᠯᠢᠯᠠᠯ ᠢ ᠠᠬᠢᠭᠤᠯᠵᠤ᠂ ᠭᠤᠣᠯᠳᠠᠯᠭᠠ ᠲᠠᠢ ᠲᠠᠮᠢᠷᠴᠢᠨ ᠢ | 
                   ᠰᠣᠩᠭᠤᠨ ᠪᠤᠶᠢᠺᠤ ᠪᠥᠮᠪᠥᠭᠡᠨ ᠤ ᠬᠥᠭᠵᠢᠯᠲᠡ ᠶᠢᠨ ᠬᠢᠷᠢ ᠬᠡᠮᠵᠢᠶᠡ ᠪᠠᠷ ᠨᠡᠯᠢᠶᠡᠳ ᠥᠨᠳᠥᠷ ᠤᠯᠤᠰ ᠲᠤ | 
                   ᠣᠴᠢᠭᠤᠯᠤᠨ ᠰᠤᠷᠭᠠᠭᠤᠯᠢᠯᠠᠯ ᠬᠦᠷᠲᠡᠭᠡᠵᠦ᠂ ᠤᠯᠤᠰ ᠤᠨ ᠳᠣᠲᠣᠭᠠᠳᠤ ᠭᠠᠳᠠᠭᠠᠳᠤ ᠶᠢᠨ ᠴᠢᠬᠤᠯᠠ ᠶᠡᠭᠡ | 
                   ᠤᠷᠤᠯᠳᠤᠭᠠᠨ ᠳᠤ ᠣᠷᠣᠯᠴᠠᠬᠤ ᠶᠢ ᠨᠢ ᠲᠡᠮᠵᠢᠵᠤ᠂ ᠪᠣᠳᠠᠲᠤ ᠣᠷᠣᠯᠳᠣᠭᠠᠨ ᠤ ᠲᠤᠷᠰᠢᠯᠭᠠ ᠶᠢ ᠬᠤᠷᠠᠮᠳᠤᠭᠤᠯᠤᠨᠠ᠃ | 
                    | 
                   ᠭᠤᠷᠪᠠ᠂ ᠲᠠᠯᠠᠪᠤᠷ ᠭᠠᠵᠠᠷ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠬᠡᠨ ᠠᠬᠢᠭᠤᠯᠤᠨᠠ | 
                   ᠮᠣᠷᠢᠨᠳᠠᠪᠠᠭᠠ ᠬᠤᠰᠢᠭᠤᠨ ᠤ ᠤᠯᠤᠰ ᠤᠨ ᠲᠠᠰ ᠤᠨ ᠪᠤᠶᠢᠺᠤ ᠪᠥᠮᠪᠥᠭᠡᠨ ᠤ ᠰᠤᠷᠭᠠᠭᠤᠯᠢᠯᠠᠯ ᠤᠨ ᠰᠠᠭᠤᠷᠢᠨ | 
                   ᠭᠠᠵᠠᠷ ᠪᠠᠶᠢᠭᠤᠯᠬᠤ ᠳᠤ ᠨᠢ ᠳᠡᠮᠵᠢᠯᠭᠡ ᠦᠵᠡᠭᠦᠯᠵᠦ᠂ ᠣᠯᠠᠨ ᠤᠯᠤᠰ ᠤᠨ ᠤᠷᠤᠯᠳᠤᠭᠠᠨ ᠤ ᠠᠵᠢᠯᠯᠠᠭᠠ ᠶᠢ | 
                   ᠣᠷᠣᠭᠤᠯᠤᠨ ᠠᠪᠴᠢᠷᠠᠵᠤ᠂ ᠪᠤᠶᠢᠺᠤ ᠪᠥᠮᠪᠥᠭᠡᠨ ᠤ ᠤᠷᠤᠯᠳᠤᠭᠠᠨ ᠤ ᠠᠵᠢᠯᠯᠠᠭᠠ ᠶᠢᠨ ᠴᠢᠨᠠᠷ ᠰᠠᠶᠢᠲᠠᠢ | 
                   ᠰᠣᠯᠢᠯᠴᠠᠭᠠᠨ ᠤ ᠲᠠᠪᠴᠠᠩ ᠢ ᠪᠠᠶᠢᠭᠤᠯᠤᠨᠠ᠃ ᠬᠥᠬᠡᠬᠤᠲᠠ ᠶᠢᠨ ᠣᠲᠣ ᠶᠢᠨ ᠪᠠᠶᠢᠭᠠ ᠲᠠᠯᠠᠪᠤᠷ ᠭᠠᠵᠠᠷ | 
                   ᠪᠡᠯᠡᠳᠬᠡᠮᠵᠢ ᠶᠢ ᠠᠰᠢᠭᠯᠠᠨ ᠭᠡᠷ ᠤᠨ ᠭᠠᠳᠠᠨᠠᠬᠢ ᠪᠤᠶᠢᠺᠤ ᠪᠥᠮᠪᠥᠭᠡᠨ ᠤ ᠰᠤᠷᠭᠠᠭᠤᠯᠢᠯᠠᠯ ᠤᠷᠤᠯᠳᠤᠭᠠᠨ ᠤ 2 ᠲᠠᠯᠠᠪᠤᠷ | 
                   ᠭᠠᠵᠠᠷ ᠢ ᠥᠭᠡᠷᠡᠴᠢᠯᠡᠨ ᠪᠠᠶᠢᠭᠤᠯᠵᠤ᠂ ᠲᠤᠰᠬᠠᠢ ᠮᠡᠷᠭᠡᠵᠢᠯ ᠤᠨ ᠠᠩᠭᠢ ᠶᠢᠨ ᠰᠤᠷᠭᠠᠭᠤᠯᠢᠯᠠᠯ ᠭᠦᠷᠲᠡᠬᠦ ᠶᠢ ᠪᠠᠲᠤᠯᠠᠨ | 
                   ᠂ ᠤᠯᠤᠰ ᠤᠨ ᠳᠣᠲᠣᠭᠠᠳᠤ ᠭᠠᠳᠠᠭᠠᠳᠤ ᠶᠢᠨ ᠲᠣᠮᠣ ᠬᠡᠯᠪᠡᠷᠢ ᠶᠢᠨ ᠤᠷᠤᠯᠳᠤᠭᠠᠨ ᠪᠠ ᠰᠤᠷᠭᠠᠭᠤᠯᠢᠯᠠᠯ ᠤᠨ | 
                   ᠡᠭᠦᠷᠭᠡ ᠶᠢ ᠳᠠᠭᠠᠭᠠᠵᠤ ᠠᠪᠤᠨᠠ᠃ ᠮᠣᠷᠢᠨᠳᠠᠪᠠᠭᠠ ᠬᠤᠰᠢᠭᠤᠨ ᠤ ᠡᠬᠢ ᠪᠠᠶᠠᠯᠢᠭ ᠤᠨ ᠪᠠᠶᠢᠷᠢᠰᠢᠭᠤᠯᠤᠯᠲᠠ ᠪᠠᠨ | 
                   ᠰᠢᠯᠢᠳᠡᠭᠵᠢᠭᠦᠯᠬᠦ ᠶᠢ ᠨᠢ ᠳᠡᠮᠵᠢᠵᠦ᠂ ᠪᠤᠶᠢᠺᠤ ᠪᠥᠮᠪᠥᠭᠡᠨ ᠤ ᠪᠡᠯᠡᠳᠬᠡᠯ ᠴᠢᠳᠠᠪᠤᠷᠢᠲᠠᠨ ᠤ ᠰᠤᠷᠭᠠᠭᠤᠯᠢ ᠶᠢᠨ ᠲᠠᠯᠠᠪᠤᠷ | 
                   ᠭᠠᠵᠠᠷ ᠪᠡᠯᠡᠳᠬᠡᠮᠵᠢ ᠶᠢ ᠵᠠᠰᠠᠵᠤ ᠪᠠᠶᠢᠭᠤᠯᠬᠤ ᠪᠠ ᠥᠭᠡᠷᠡᠴᠢᠯᠡᠵᠦ ᠪᠠᠶᠢᠭᠤᠯᠤᠨᠠ᠃ ᠨᠥᠬᠦᠴᠡᠯ ᠲᠠᠢ ᠠᠶᠢᠮᠠᠭ | 
                   ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠬᠥᠮᠥᠨ ᠠᠮᠠ ᠶᠢᠨ ᠬᠡᠪᠴᠢᠶᠡ᠂ ᠪᠠᠶᠢᠭᠠᠯᠢ ᠶᠢᠨ | 
                   ᠨᠥᠬᠦᠴᠡᠯ᠂ ᠪᠦᠢᠺᠦ ᠪᠥᠮᠪᠥᠭᠡᠨ ᠤ ᠬᠥᠭᠵᠢᠯᠲᠡ ᠶᠢᠨ ᠰᠠᠭᠤᠷᠢ ᠪᠠᠨ ᠦᠨᠳᠦᠰᠦᠯᠡᠨ᠂ ᠨᠢᠭᠡ ᠪᠦᠯᠦᠭ ᠪᠦᠢᠺᠦ | 
                   ᠪᠥᠮᠪᠥᠭᠡᠨ ᠤ ᠲᠠᠯᠠᠪᠤᠷ ᠭᠠᠵᠠᠷ ᠪᠡᠯᠡᠳᠬᠡᠮᠵᠢ ᠶᠢ ᠲᠥᠯᠥᠪᠯᠡᠭᠡ ᠲᠠᠢ ᠪᠠᠷ ᠰᠢᠨᠡ ᠪᠠᠷ ᠪᠠᠶᠢᠭᠤᠯᠬᠤ ᠪᠤᠶᠤ | 
                   ᠥᠭᠡᠷᠡᠴᠢᠯᠡᠵᠦ ᠪᠠᠶᠢᠭᠤᠯᠬᠤ ᠶᠢ ᠨᠢ ᠳᠡᠮᠵᠢᠨᠡ᠃ 2026 ᠣᠨ ᠪᠣᠯᠬᠤ ᠳᠤ᠂ ᠬᠥᠬᠡᠬᠤᠲᠠ᠂ ᠪᠤᠭᠤᠲᠤ ᠬᠤᠲᠠ᠂ | 
                   ᠬᠥᠯᠥᠨ ᠪᠤᠶᠢᠷ ᠬᠤᠲᠠ᠂ ᠲᠦᠩᠯᠢᠶᠣᠣ ᠬᠤᠲᠠ᠂ ᠣᠷᠳᠣᠰ ᠬᠤᠲᠠ᠂ ᠪᠠᠶᠠᠨᠨᠠᠭᠤᠷ ᠬᠤᠲᠠ ᠵᠡᠷᠭᠡ ᠠᠶᠢᠮᠠᠭ | 
                   ᠬᠤᠲᠠ ᠨᠤᠭᠤᠳ ᠲᠤ ᠰᠤᠷᠭᠠᠭᠤᠯᠢᠯᠠᠯ ᠤᠨ ᠲᠠᠯᠠᠪᠤᠷ ᠣᠷᠳᠣᠨ ᠪᠡᠯᠡᠳᠬᠡᠮᠵᠢ ᠶᠢᠨ ᠪᠠᠷᠢᠮᠵᠢᠶᠠᠵᠢᠭᠤᠯᠤᠭᠰᠠᠨ | 
                   ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠣᠯᠠᠨ ᠡᠰᠢᠵᠢᠭᠰᠡᠨ ᠪᠠᠲᠤᠯᠠᠭᠠ ᠶᠢᠨ ᠪᠠᠶᠢᠷᠢᠰᠢᠯ ᠢ ᠪᠣᠶ ᠪᠣᠯᠭᠠᠨᠠ᠃ | 
                   ᠳᠥᠷᠪᠡ᠂ ᠪᠤᠶᠢᠺᠤ ᠪᠥᠮᠪᠥᠭᠡᠨ ᠤ ᠴᠢᠳᠠᠪᠤᠷᠢᠲᠠᠨ ᠬᠥᠮᠥᠵᠢᠭᠦᠯᠬᠦ ᠪᠠᠨ ᠲᠦᠷᠭᠡᠳᠬᠡᠨᠡ | 
                   ᠡᠯᠡ ᠠᠶᠢᠮᠠᠭ ᠬᠤᠲᠠ ᠨᠢ ᠡᠬᠢ ᠪᠠᠶᠠᠯᠢᠭ ᠢᠶᠠᠨ ᠭᠦᠢᠴᠡᠳ ᠠᠭᠤᠳᠠᠯᠵᠤ᠂ ᠬᠥᠭᠵᠢᠯᠲᠡ ᠶᠢᠨ ᠲᠤᠯᠭᠠᠮ | 
                   ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠦᠨ᠂ ᠴᠢᠳᠠᠪᠤᠷᠢᠲᠠᠨ ᠬᠥᠮᠥᠵᠢᠭᠦᠯᠬᠦ᠂ ᠣᠷᠣᠭᠤᠯᠵᠤ ᠠᠪᠴᠢᠷᠠᠬᠤ᠂ | 
                   ᠦᠨᠡᠯᠡᠬᠦ᠂ ᠤᠷᠮᠠᠰᠢᠭᠤᠯᠵᠤ ᠪᠠᠲᠤᠯᠠᠬᠤ ᠵᠡᠷᠭᠡ ᠲᠣᠭᠲᠠᠴᠠ ᠪᠠᠨ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ | 
                   ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨᠡ ᠶᠢ ᠡᠭᠦᠳᠬᠦ᠂ ᠮᠡᠳᠡᠯᠭᠡ ᠪᠠᠨ ᠰᠢᠨᠡᠳᠬᠡᠬᠦ᠂ ᠴᠢᠳᠠᠪᠤᠷᠢ ᠪᠠᠨ | 
                   ᠳᠡᠭᠡᠭᠰᠢᠯᠡᠭᠦᠯᠬᠦ ᠠᠵᠢᠯᠯᠠᠭᠠᠨ ᠢ ᠦᠷᠭᠦᠯᠵᠢᠯᠡᠨ ᠬᠡᠷᠡᠭᠵᠢᠭᠦᠯᠵᠦ᠂ ᠪᠤᠶᠢᠺᠤ ᠪᠥᠮᠪᠥᠭᠡᠨ ᠤ ᠴᠢᠳᠠᠪᠤᠷᠢᠲᠠᠨ ᠬᠥᠮᠥᠵᠢᠭᠦᠯᠬᠦ | 
                   ᠥᠨᠳᠦᠷᠯᠢᠭ ᠢ ᠪᠣᠢ ᠪᠣᠯᠭᠠᠨᠠ᠃ ᠵᠠᠯᠠᠭᠤᠴᠤᠳ ᠪᠠᠭᠠᠴᠤᠳ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ | 
                   ᠡᠯᠡ ᠱᠠᠲᠤᠨ ᠤ ᠡᠯᠡ ᠲᠦᠷᠦᠯ ᠤᠨ ᠰᠤᠷᠭᠠᠭᠤᠯᠢ ᠳᠤ ᠪᠤᠶᠢᠺᠤ ᠪᠥᠮᠪᠦᠭᠡ ᠶᠢ ᠲᠦᠭᠡᠮᠡᠯᠵᠢᠭᠦᠯᠬᠦ ᠬᠡᠪᠴᠢᠶᠡ ᠪᠠᠨ | 
                   ᠠᠯᠬᠤᠮ ᠠᠯᠬᠤᠮ ᠢᠶᠠᠷ ᠳᠡᠭᠡᠭᠰᠢᠯᠡᠭᠦᠯᠦᠨᠡ᠃ 2026 ᠣᠨ ᠪᠣᠯᠬᠤ ᠳᠤ᠂ ᠠᠶᠢᠮᠠᠭ ᠬᠤᠲᠠ ᠨᠢᠭᠡᠪᠦᠷᠢ ᠳᠤ | 
                   ᠠᠳᠠᠭ ᠲᠤ ᠪᠠᠨ 1 ᠪᠤᠶᠢᠺᠤ ᠪᠥᠮᠪᠥᠭᠡᠨ ᠤ ᠵᠠᠯᠠᠭᠤᠴᠤᠳ ᠪᠠᠭᠠᠴᠤᠳ ᠤᠨ ᠠᠩᠭᠢ ᠵᠣᠬᠢᠶᠠᠨ ᠪᠠᠶᠢᠭᠤᠯᠤᠨᠠ᠃ | 
                   ᠬᠥᠯᠥᠨ ᠪᠤᠶᠢᠷ ᠬᠤᠲᠠ ᠶᠢᠨ ᠴᠢᠨᠠᠷ ᠰᠠᠶᠢᠲᠠᠢ ᠪᠠᠭᠠ ᠰᠤᠷᠭᠠᠭᠤᠯᠢ᠂ ᠠᠩᠬᠠ ᠵᠡᠷᠭᠡ ᠶᠢᠨ ᠳᠤᠮᠳᠠᠳᠤ ᠰᠤᠷᠭᠠᠭᠤᠯᠢ᠂ | 
                   ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ ᠪᠤᠶᠢᠺᠤ ᠪᠥᠮᠪᠥᠭᠡᠨ ᠤ ᠲᠥᠷᠥᠯ ᠵᠦᠢᠯ ᠤᠨ ︽ᠰᠤᠷᠭᠠᠭᠤᠯᠢ | 
                   ᠳᠡᠪᠰᠢᠬᠦ ᠳᠤ ᠰᠢᠭᠤᠳ ᠨᠡᠪᠲᠡᠷᠡᠬᠦ ᠲᠡᠷᠭᠡ︾ ᠪᠠᠶᠢᠭᠤᠯᠬᠤ ᠶᠢ ᠰᠦᠪᠡᠭᠴᠢᠯᠡᠵᠦ᠂ ᠬᠠᠷᠢᠴᠠᠩᠭᠤᠢ ᠲᠣᠭᠲᠠᠩᠭᠤᠢ᠂ | 
                   ᠬᠤᠯᠪᠣᠯᠳᠤᠭᠤᠯᠵᠤ ᠠᠬᠢᠭᠤᠯᠤᠭᠰᠠᠨ ᠵᠠᠯᠠᠭᠤᠴᠤᠳ ᠪᠠᠭᠠᠴᠤᠳ ᠤᠨ ᠪᠡᠯᠡᠳᠬᠡᠯ ᠴᠢᠳᠠᠪᠤᠷᠢᠲᠠᠨ ᠢ ᠬᠥᠮᠥᠵᠢᠭᠦᠯᠬᠦ | 
                   ᠲᠣᠭᠲᠠᠯᠴᠠᠭᠠ ᠶᠢ ᠪᠣᠶ ᠪᠣᠯᠭᠠᠨᠠ᠃ ᠴᠢᠳᠠᠪᠤᠷᠢᠲᠠᠨ ᠰᠣᠩᠭᠤᠬᠤ ᠬᠠᠷᠠᠭᠠ ᠪᠠᠨ ᠥᠷᠭᠡᠵᠢᠭᠦᠯᠵᠦ᠂ ᠨᠥᠬᠦᠴᠡᠯ ᠳᠤ | 
                   ᠨᠡᠶᠢᠴᠡᠬᠦ ᠪᠤᠶᠢᠺᠤ ᠪᠥᠮᠪᠥᠭᠡᠨ ᠤ ᠲᠠᠮᠢᠷᠴᠢᠳ ᠢ ᠥᠪᠡᠷᠲᠡᠭᠡᠨ ᠵᠠᠰᠠᠬᠤ ᠣᠷᠣᠨ ᠤ ᠰᠢᠯᠢᠳᠡᠭ ᠲᠠᠮᠢᠷᠴᠢᠨ ᠤ ᠣᠷᠣᠨ | 
                   ᠲᠤᠭᠠ ᠳᠤ ᠣᠷᠣᠭᠤᠯᠤᠨᠠ᠃ ᠥᠪᠡᠷᠲᠡᠭᠡᠨ ᠵᠠᠰᠠᠬᠤ ᠣᠷᠣᠨ ᠤ ᠶᠡᠭᠡ ᠳᠡᠭᠡᠳᠦ ᠰᠤᠷᠭᠠᠭᠤᠯᠢ ᠶᠢᠨ ᠲᠠᠮᠢᠷ ᠤᠨ | 
                   ᠬᠥᠳᠡᠯᠭᠡᠭᠡᠨ ᠤ ᠰᠤᠷᠭᠠᠭᠤᠯᠢᠯᠠᠯ ᠤᠨ ᠲᠤᠰᠬᠠᠢ ᠮᠡᠷᠭᠡᠵᠢᠯ ᠳᠤ ᠪᠤᠶᠢᠺᠤ ᠪᠥᠮᠪᠥᠭᠡᠨ ᠤ ᠰᠤᠷᠤᠯᠴᠠᠯᠭᠠ ᠶᠢᠨ ᠴᠢᠭᠯᠡᠯ ᠢ | 
                   ᠨᠡᠮᠡᠵᠦ ᠲᠣᠬᠢᠷᠠᠭᠤᠯᠬᠤ ᠶᠢ ᠠᠯᠬᠤᠮ ᠠᠯᠬᠤᠮ ᠢᠶᠠᠷ ᠰᠦᠪᠡᠭᠴᠢᠯᠡᠵᠦ᠂ ᠲᠠᠮᠢᠷᠴᠢᠳ ᠤᠨ ᠰᠤᠷᠭᠠᠭᠤᠯᠢ ᠳᠡᠪᠰᠢᠬᠦ ᠵᠠᠮ | 
                   ᠮᠥᠷ ᠢ ᠰᠢᠯᠤᠭᠤᠳᠬᠠᠨᠠ᠃ | 
                   ᠲᠠᠪᠤ᠂ ᠰᠤᠷᠭᠠᠭᠤᠯᠢᠯᠠᠯ ᠤᠷᠤᠯᠳᠤᠭᠠᠨ ᠤ ᠠᠵᠢᠯᠯᠠᠭᠠ ᠶᠢᠨ ᠲᠣᠭᠲᠠᠯᠴᠠᠭᠠ ᠶᠢ ᠲᠦᠷᠭᠡᠬᠡᠨ ᠪᠠᠶᠢᠭᠤᠯᠤᠨᠠ | 
                   ᠪᠤᠶᠢᠺᠤ ᠪᠥᠮᠪᠥᠭᠡᠨ ᠤ ᠰᠤᠷᠭᠠᠭᠤᠯᠢᠯᠠᠯ ᠤᠨ ᠬᠥᠲᠥᠯᠪᠦᠷᠢ ᠶᠢ ᠨᠠᠶᠢᠷᠠᠭᠤᠯᠤᠨ ᠵᠣᠬᠢᠶᠠᠵᠤ᠂ ᠨᠠᠰᠤᠨ ᠤ | 
                   ᠦᠶᠡ ᠶᠢ ᠨᠢ ᠦᠨᠳᠦᠰᠦᠯᠡᠨ ᠬᠥᠭᠵᠢᠯᠲᠡ ᠶᠢᠨ ᠬᠠᠷᠠᠯᠲᠠ᠂ ᠣᠬᠤᠷ ᠬᠤᠭᠤᠴᠠᠭᠠᠨ ᠤ ᠡᠭᠦᠷᠭᠡ᠂ | 
                   ᠰᠤᠷᠭᠠᠭᠤᠯᠢᠯᠠᠯ ᠤᠨ ᠠᠭᠤᠯᠭᠠ ᠶᠢᠨ ᠪᠠᠷᠢᠮᠵᠢᠶᠠ ᠶᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠤᠨ᠂ ᠲᠤᠰᠬᠠᠢ | 
                   ᠮᠡᠷᠭᠡᠵᠢᠯ ᠤᠨ ᠠᠩᠭᠢ ᠬᠢᠭᠡᠳ ᠪᠡᠯᠡᠳᠬᠡᠯ ᠴᠢᠳᠠᠪᠤᠷᠢᠲᠠᠨ ᠤ ᠰᠤᠷᠭᠠᠭᠤᠯᠢ ᠶᠢᠨ ᠬᠠᠮᠲᠤᠷᠠᠨ ᠠᠵᠢᠯᠯᠠᠬᠤ ᠬᠡᠪ | 
                   ᠵᠠᠭᠪᠤᠷ ᠢ ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨᠴᠢ ᠪᠥᠭᠡᠳ ᠵᠢᠷᠣᠮᠵᠢᠭᠤᠨ᠂ ᠠᠮᠤᠷ ᠲᠦᠪᠰᠢᠨ ᠪᠥᠭᠡᠳ ᠡᠮᠬᠢ | 
                   ᠵᠢᠷᠤᠮ ᠲᠠᠢ ᠰᠤᠷᠭᠠᠭᠤᠯᠢᠯᠠᠯ ᠤᠨ ᠲᠣᠭᠲᠠᠯᠴᠠᠭᠠ ᠶᠢ ᠪᠠᠶᠢᠭᠤᠯᠤᠨᠠ᠃ ᠥᠪᠡᠷᠲᠡᠭᠡᠨ ᠵᠠᠰᠠᠬᠤ ᠣᠷᠣᠨ ᠤ | 
                   ᠵᠠᠯᠠᠭᠤᠴᠤᠳ ᠪᠠᠭᠠᠴᠤᠳ ᠤᠨ ᠪᠤᠶᠢᠺᠤ ᠪᠥᠮᠪᠥᠭᠡᠨ ᠤ ᠱᠠᠩᠨᠠᠯᠲᠤ ᠤᠷᠤᠯᠳᠤᠭᠠᠨ ᠢ ᠰᠠᠶᠢᠲᠤᠷ ᠠᠳᠬᠤᠵᠤ᠂ 12 | 
                   ᠨᠠᠰᠤ᠂ 14 ᠨᠠᠰᠤ ᠵᠡᠷᠭᠡ ᠨᠠᠰᠤᠨ ᠤ ᠦᠶᠡ ᠶᠢᠨ U ᠰᠢᠷᠢᠰ ᠤᠷᠤᠯᠳᠤᠭᠠᠨ ᠤ ᠠᠵᠢᠯᠯᠠᠭᠠ ᠶᠢ ᠨᠡᠮᠡᠨ | 
                   ᠲᠣᠬᠢᠷᠠᠭᠤᠯᠵᠤ᠂ ᠤᠷᠤᠯᠳᠤᠭᠠᠨ ᠤ ᠲᠣᠭᠲᠠᠯᠴᠠᠭᠠ ᠶᠢᠨ ᠪᠠᠶᠢᠭᠤᠯᠤᠯᠲᠠ ᠶᠢ ᠲᠥᠷᠥᠯ ᠬᠤᠪᠢᠶᠠᠨ ᠠᠬᠢᠭᠤᠯᠤᠨᠠ᠃ | 
                   ᠨᠥᠬᠦᠴᠡᠯ ᠲᠠᠢ ᠠᠶᠢᠮᠠᠭ ᠬᠤᠲᠠ ᠶᠢᠨ ᠬᠢᠨ ᠤ ᠣᠯᠠᠨ ᠤᠯᠤᠰ ᠤᠨ ᠪᠠ ᠤᠯᠤᠰ ᠤᠨ ᠳᠣᠲᠣᠭᠠᠳᠤ ᠶᠢᠨ ᠨᠠᠷᠠᠲᠤ | 
                   ᠲᠡᠮᠳᠡᠭ ᠤᠨ ᠤᠷᠤᠯᠳᠤᠭᠠᠨ ᠤ ᠠᠵᠢᠯᠯᠠᠭᠠ ᠶᠢ ᠢᠳᠡᠪᠬᠢᠲᠡᠢ ᠭᠤᠶᠤᠴᠢᠯᠠᠨ ᠡᠷᠬᠢᠯᠡᠵᠦ ᠳᠠᠭᠠᠭᠠᠨ ᠭᠦᠢᠴᠡᠳᠬᠡᠵᠦ᠂ | 
                   ᠣᠯᠠᠨ ᠤᠯᠤᠰ ᠤᠨ ᠵᠠᠯᠠᠭᠤᠴᠤᠳ ᠪᠠᠭᠠᠴᠤᠳ ᠤᠨ ᠪᠤᠶᠢᠺᠤ ᠪᠥᠮᠪᠥᠭᠡᠨ ᠤ ᠵᠤᠨ ︵ᠡᠪᠦᠯ︶ ᠤ ᠠᠮᠠᠷᠠᠯᠲᠠ ᠶᠢᠨ | 
                   ᠭᠠᠵᠠᠷ᠂ ᠪᠥᠬᠦ ᠤᠯᠤᠰ ᠤᠨ ᠵᠠᠯᠠᠭᠤᠴᠤᠳ ᠪᠠᠭᠠᠴᠤᠳ ᠤᠨ ᠪᠤᠶᠢᠺᠤ ᠪᠥᠮᠪᠥᠭᠡᠨ ᠤ ᠤᠷᠢᠯᠭᠠ ᠶᠢᠨ ᠤᠷᠤᠯᠳᠤᠭᠠᠨ | 
                   ᠵᠡᠷᠭᠡ ᠶᠢ ᠲᠣᠭᠲᠠᠮᠠᠯ ᠬᠤᠭᠤᠴᠠᠭᠠ ᠲᠠᠢ ᠪᠠᠷ ᠡᠷᠬᠢᠯᠡᠭᠦ ᠶᠢ ᠨᠢ ᠵᠣᠷᠢᠭᠵᠢᠭᠤᠯᠵᠤ᠂ ᠰᠢᠨᠵᠢᠯᠡᠬᠦ ᠤᠬᠠᠭᠠᠨᠴᠢ ᠥᠨᠳᠥᠷ | 
                   ᠪᠦᠲᠦᠮᠵᠢᠲᠡᠶ᠂ ᠰᠢᠰᠲ᠋ᠧᠮ ᠲᠠᠢ ᠪᠥᠭᠡᠳ ᠪᠦᠷᠢᠨ ᠲᠡᠭᠦᠯᠳᠡᠷ᠂ ᠠᠮᠢᠵᠢᠷᠠᠯ ᠤᠨ ᠬᠦᠴᠦᠨ ᠪᠢᠯᠬᠠᠭᠰᠠᠨ | 
                   ᠤᠷᠤᠯᠳᠤᠭᠠᠨ ᠤ ᠠᠵᠢᠯᠯᠠᠭᠠᠨ ᠤ ᠲᠣᠭᠲᠠᠯᠴᠠᠭᠠ ᠶᠢ ᠪᠦᠷᠢᠯᠳᠦᠭᠦᠯᠦᠨᠡ᠃ | 
                   ᠵᠢᠷᠭᠤᠭᠠ᠂ ᠪᠤᠶᠢᠺᠤ ᠪᠥᠮᠪᠥᠭᠡᠨ ᠤ ᠠᠵᠤ ᠦᠢᠯᠡᠰ ᠢ ᠲᠦᠷᠭᠡᠬᠡᠨ ᠬᠥᠭᠵᠢᠭᠦᠯᠦᠨᠡ | 
                   ᠡᠯᠡ ᠭᠠᠵᠠᠷ ᠣᠷᠣᠨ ᠤ ᠲᠤᠬᠠᠢ ᠶᠢᠨ ᠭᠠᠵᠠᠷ ᠣᠷᠣᠨ ᠤ ᠪᠠᠶᠢᠳᠠᠯ ᠳᠤ ᠪᠠᠨ ᠲᠣᠬᠢᠷᠠᠭᠤᠯᠤᠨ ᠪᠦᠢᠺᠦ ᠪᠥᠮᠪᠦᠭᠡ | 
                   ᠮᠥᠷᠦ᠋ᠢᠴᠡᠬᠦ ᠲᠣᠭᠯᠠᠯᠲᠠ᠂ ᠮᠡᠷᠭᠡᠵᠢᠯ ᠴᠢᠳᠠᠪᠤᠷᠢ ᠶᠢᠨ ᠪᠣᠯᠪᠠᠰᠤᠷᠠᠯ᠂ ᠪᠡᠶᠡ ᠴᠢᠭᠢᠷᠠᠭᠵᠢᠭᠤᠯᠤᠯᠲᠠ ᠰᠡᠯᠡᠭᠦᠴᠡᠯ᠂ | 
                   ᠲᠣᠨᠤᠭ ᠲᠥᠬᠦᠭᠡᠷᠦᠮᠵᠢ ᠦᠢᠯᠡᠳᠬᠦ ᠵᠡᠷᠭᠡ ᠠᠵᠤ ᠦᠢᠯᠡᠰ ᠢ ᠬᠥᠭᠵᠢᠭᠦᠯᠬᠦ ᠶᠢ ᠨᠢ ᠵᠣᠷᠢᠭᠵᠢᠭᠤᠯᠵᠤ᠂ ᠦᠢᠯᠡᠳᠬᠦᠨ | 
                   ᠪᠠ ᠦᠢᠯᠡᠴᠢᠯᠡᠭᠡᠨ ᠤ ᠬᠠᠩᠭᠠᠯᠭᠠ ᠪᠠᠨ ᠪᠠᠶᠠᠯᠢᠭᠵᠢᠭᠤᠯᠤᠨ᠂ ᠤᠷᠤᠯᠳᠤᠭᠠᠨ ᠤ ᠠᠵᠢᠯᠯᠠᠭᠠᠨ ᠤ ᠳᠠᠶᠢᠴᠢᠯᠠᠬᠤ | 
                   ᠦᠢᠯᠡᠳᠦᠯ ᠢ ᠨᠢ ᠪᠠᠳᠠᠷᠠᠭᠤᠯᠵᠤ᠂ ᠨᠠᠩ ᠣᠯᠠᠨ ᠰᠢᠭᠢᠣᠡᠭᠡᠯᠳᠣ ᠮᠠᠶ᠋ᠢᠭ ᠤᠨ᠂ ᠪᠡᠶᠡᠴᠢᠯᠡᠨ ᠣᠶᠢᠯᠠᠭᠠᠬᠤ ᠮᠠᠶ᠋ᠢᠭ ᠤᠨ | 
                   ᠦᠢᠯᠡᠳᠬᠦᠨ ᠪᠠ ᠦᠢᠯᠡᠴᠢᠯᠡᠭᠡ ᠶᠢ ᠰᠡᠳᠦᠵᠦ᠂ ᠪᠦᠢᠺᠦ ᠪᠥᠮᠪᠥᠭᠡᠨ ᠤ ᠬᠥᠳᠡᠯᠭᠡᠭᠡᠨ ᠬᠢᠭᠡᠳ ᠰᠣᠶᠣᠯ᠂ ᠵᠢᠭᠤᠯᠴᠢᠯᠠᠯ | 
                   ᠵᠡᠷᠭᠡ ᠶᠢᠨ ᠠᠭᠤᠰᠤᠯᠴᠠᠨ ᠬᠥᠭᠵᠢᠬᠦ ᠰᠢᠨᠡ ᠡᠵᠡᠩᠨᠡᠯᠲᠡ ᠶᠢᠨ ᠪᠠᠶᠢᠳᠠᠯ ᠢ ᠠᠬᠢᠭᠤᠯᠤᠨᠠ᠃ ᠮᠣᠷᠢᠨᠳᠠᠪᠠᠭᠠ | 
                   ᠬᠤᠰᠢᠭᠤᠨ ᠤ ᠪᠤᠶᠢᠺᠤ ᠪᠥᠮᠪᠥᠭᠡᠨ ᠤ ᠠᠵᠤ ᠦᠢᠯᠡᠰ ᠤᠨ ᠬᠥᠭᠵᠢᠯᠲᠡ ᠶᠢᠨ ᠥᠨᠳᠦᠷᠯᠢᠭ ᠪᠠᠶᠢᠭᠤᠯᠬᠤ ᠳᠤ ᠨᠢ | 
                   ᠳᠡᠮᠵᠢᠯᠭᠡ ᠦᠵᠡᠭᠦᠯᠦᠨᠡ᠃ | 
                   ᠳᠣᠯᠤᠭᠠ᠂ ᠪᠤᠶᠢᠺᠤ ᠪᠥᠮᠪᠥᠭᠡᠨ ᠤ ᠰᠣᠶᠣᠯ ᠢ ᠲᠦᠷᠭᠡᠬᠡᠨ ᠪᠤᠶᠢᠵᠢᠭᠤᠯᠤᠨᠠ | 
                   ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠠᠵᠢᠯ ᠤᠨ | 
                   ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠪᠦᠢᠺᠦ ᠪᠥᠮᠪᠥᠭᠡᠨ ᠤ ᠰᠣᠶᠣᠯ ᠤᠨ ᠥᠪᠡᠷᠮᠢᠴᠡ ᠡᠭᠦᠰᠦᠯ ᠵᠢᠴᠢ | 
                   ᠬᠥᠭᠵᠢᠯᠲᠡ ᠶᠢᠨ ᠶᠠᠪᠤᠴᠠ ᠶᠢ ᠭᠦᠨᠵᠡᠭᠡᠢ ᠠᠭᠤᠳᠠᠯᠤᠨ᠂ ᠪᠦᠢᠺᠦ ᠪᠥᠮᠪᠥᠭᠡᠨ ᠤ ᠰᠣᠶᠣᠯ ᠤᠨ ᠤᠬᠢ ᠰᠣᠳᠣ ᠶᠢ | 
                   ᠠᠭᠤᠳᠠᠯᠤᠨ ᠭᠠᠷᠭᠠᠵᠤ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠳᠤ ᠠᠭᠤᠰᠤᠯᠴᠠᠭᠤᠯᠤᠨ᠂ | 
                   ᠦᠨᠳᠦᠰᠦᠲᠡᠨ ᠨᠦᠭᠦᠳ ᠤᠨ ᠶᠠᠪᠤᠯᠴᠠᠭᠠ ᠰᠣᠯᠢᠯᠴᠠᠭᠠ ᠠᠭᠤᠰᠤᠯᠴᠠᠯ ᠤᠨ ᠲᠠᠪᠴᠠᠩ ᠢ ᠴᠣᠭᠴᠠᠯᠠᠨ ᠪᠠᠶᠢᠭᠤᠯᠤᠨᠠ᠃ | 
                   ᠳᠠᠭᠤᠷ ᠦᠨᠳᠦᠰᠦᠲᠡᠨ ᠤ ᠤᠯᠠᠮᠵᠢᠯᠠᠯᠲᠤ ᠪᠤᠶᠢᠺᠤ ᠪᠥᠮᠪᠥᠭᠡᠨ ᠤ ᠮᠥᠷᠦ᠋ᠢᠴᠡᠭᠡᠨ ᠤ ᠪᠣᠳᠠᠰ ᠤᠨ ᠪᠤᠰᠤ ᠰᠣᠶᠣᠯ ᠤᠨ | 
                   ᠥᠪ ᠢ ᠤᠯᠠᠮᠵᠢᠯᠠᠨ ᠬᠠᠮᠠᠭᠠᠯᠠᠬᠤ ᠪᠠᠨ ᠴᠢᠩᠭᠠᠳᠬᠠᠵᠤ᠂ ᠮᠣᠷᠢᠨᠳᠠᠪᠠᠭᠠ ᠬᠤᠰᠢᠭᠤᠨ ᠤ ᠪᠤᠶᠢᠺᠤ ᠪᠥᠮᠪᠥᠭᠡᠨ ᠤ | 
                   ᠰᠤᠳᠤᠯᠭᠠᠨ ᠰᠤᠷᠭᠠᠯᠲᠠ ᠶᠢᠨ ᠰᠠᠭᠤᠷᠢᠨ ᠭᠠᠵᠠᠷ ᠢ ᠪᠠᠶᠢᠭᠤᠯᠤᠨᠠ᠃ ᠪᠤᠶᠢᠺᠤ ᠪᠥᠮᠪᠥᠭᠡᠨ ᠤ ᠰᠣᠶᠣᠯ ᠪᠠ | 
                   ᠤᠷᠤᠯᠳᠤᠭᠠᠨ ᠤ ᠠᠵᠢᠯᠯᠠᠭᠠ ᠶᠢ ᠤᠬᠠᠭᠤᠯᠤᠨ ᠬᠥᠲᠥᠯᠥᠨ ᠵᠢᠯᠤᠭᠤᠳᠬᠤ ᠪᠠᠨ ᠴᠢᠩᠭᠠᠳᠬᠠᠵᠤ᠂ ᠣᠯᠠᠨ ᠲᠦᠮᠡᠨ ᠤ | 
                   ᠲᠠᠭᠠᠰᠢᠶᠠᠵᠤ ᠪᠠᠭ᠋ᠠᠰᠢᠶᠠᠬᠤ ᠠᠷᠭᠠ ᠮᠠᠶ᠋ᠢᠭ ᠪᠠ ᠠᠷᠭᠠ ᠵᠠᠮ ᠢ ᠠᠰᠢᠭᠯᠠᠨ ᠪᠤᠶᠢᠺᠤ ᠪᠥᠮᠪᠥᠭᠡᠨ ᠤ ᠲᠤᠬᠠᠢ ᠰᠠᠶᠢᠲᠤᠷ | 
                   ᠦᠯᠢᠭᠡᠷᠯᠡᠨ ᠶᠠᠷᠢᠵᠤ᠂ ᠪᠤᠶᠢᠺᠤ ᠪᠥᠮᠪᠥᠭᠡᠨ ᠤ ᠮᠡᠳᠡᠯᠭᠡ ᠶᠢ ᠲᠦᠭᠡᠮᠡᠯᠵᠢᠭᠦᠯᠦᠨ᠂ ᠪᠤᠶᠢᠺᠤ ᠪᠥᠮᠪᠥᠭᠡᠨ ᠤ ᠲᠤᠬᠠᠢ | 
                   ᠣᠯᠠᠨ ᠨᠡᠶᠢᠲᠡ ᠶᠢᠨ ᠲᠠᠨᠢᠨ ᠮᠡᠳᠡᠬᠦ ᠬᠡᠮᠵᠢᠶᠡ ᠪᠠ ᠬᠠᠯᠠᠮᠵᠢᠯᠠᠨ ᠠᠩᠬᠠᠷᠬᠤ ᠬᠡᠮᠵᠢᠶᠡ ᠶᠢ ᠳᠡᠭᠡᠭᠰᠢᠯᠡᠭᠦᠯᠦᠨᠡ᠃ | 
                   ᠨᠠᠢᠮᠠ᠂ ᠳᠡᠮᠵᠢᠵᠦ ᠪᠠᠲᠤᠯᠠᠬᠤ ᠡᠷᠴᠢᠮ ᠢᠶᠠᠨ ᠴᠢᠩᠭᠠᠷᠠᠭᠤᠯᠤᠨᠠ | 
                   ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠵᠢᠯ ᠪᠦᠷᠢ ᠬᠡᠷᠡᠭᠴᠡᠭᠡ ᠪᠠᠨ ᠦᠨᠳᠦᠰᠦᠯᠡᠨ ᠵᠣᠬᠢᠬᠤ | 
                   ᠬᠡᠮᠵᠢᠶᠡᠨ ᠤ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠨ ᠲᠣᠬᠢᠷᠠᠭᠤᠯᠵᠤ᠂ ᠪᠤᠶᠢᠺᠤ ᠪᠥᠮᠪᠥᠭᠡᠨ ᠤ ᠲᠠᠯᠠᠪᠤᠷ ᠣᠷᠳᠣᠨ | 
                   ᠲᠠᠯᠠᠪᠤᠷ ᠭᠠᠵᠠᠷ ᠪᠡᠯᠡᠳᠬᠡᠮᠵᠢ ᠶᠢ ᠪᠦᠲᠦᠭᠡᠨ ᠪᠠᠶᠢᠭᠤᠯᠬᠤ᠂ ᠪᠠᠭᠠᠵᠢ ᠬᠡᠷᠡᠭᠰᠡᠯ ᠬᠤᠳᠠᠯᠳᠤᠨ ᠠᠪᠬᠤ᠂ | 
                   ᠴᠢᠳᠠᠪᠤᠷᠢᠲᠠᠨ ᠢ ᠣᠷᠣᠭᠤᠯᠵᠤ ᠠᠪᠴᠢᠷᠠᠬᠤ᠂ ᠪᠣᠯᠪᠠᠰᠤᠷᠠᠯ ᠰᠣᠯᠢᠯᠴᠠᠭᠠ ᠬᠢᠬᠦ᠂ ᠭᠠᠳᠠᠭᠠᠳᠤ ᠳᠤ ᠭᠠᠷᠴᠤ | 
                   ᠰᠤᠷᠭᠠᠭᠤᠯᠢᠯᠠᠯ ᠬᠦᠷᠲᠡᠵᠦ ᠤᠷᠤᠯᠳᠤᠭᠠᠨ ᠳᠤ ᠣᠷᠤᠯᠴᠠᠬᠤ ᠵᠡᠷᠭᠡ ᠶᠢ ᠨᠢ ᠳᠡᠮᠵᠢᠨᠡ᠃ ᠪᠤᠶᠢᠺᠤ ᠪᠥᠮᠪᠥᠭᠡᠨ ᠤ | 
                   ᠲᠠᠮᠢᠷᠴᠢᠳ ᠤᠨ ᠠᠯᠪᠠᠨ ᠠᠴᠠ ᠪᠠᠭᠤᠬᠤ᠂ ᠠᠵᠢᠯ ᠤᠨ ᠪᠠᠶᠢᠷᠢ ᠰᠣᠯᠢᠬᠤ᠂ ᠠᠵᠢᠯ ᠣᠯᠭᠤᠬᠤ ᠠᠵᠢᠯ ᠤᠳ ᠢ | 
                   ᠢᠳᠡᠪᠬᠢᠲᠡᠢ ᠰᠠᠶᠢᠲᠤᠷ ᠬᠢᠵᠦ᠂ ᠡᠯᠡ ᠠᠶᠢᠮᠠᠭ ᠬᠤᠲᠠ᠂ ᠡᠯᠡ ᠶᠡᠭᠡ ᠳᠡᠭᠡᠳᠦ ᠰᠤᠷᠭᠠᠭᠤᠯᠢ ᠨᠢ ᠶᠡᠭᠡ ᠳᠤᠮᠳᠠᠳᠤ | 
                   ᠪᠠᠭᠠ ᠰᠤᠷᠭᠠᠭᠤᠯᠢ ᠳᠤ ᠪᠡᠶᠡ ᠶᠢᠨ ᠲᠠᠮᠢᠷ ᠤᠨ ᠰᠤᠷᠭᠠᠭᠴᠢ ᠶᠢᠨ ᠲᠤᠰᠬᠠᠢ ᠮᠡᠷᠭᠡᠵᠢᠯ ᠤᠨ ᠠᠵᠢᠯ ᠤᠨ ᠪᠠᠶᠢᠷᠢ | 
                   ᠲᠣᠬᠢᠷᠠᠭᠤᠯᠬᠤ ᠲᠤᠬᠠᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭᠠ ᠮᠥᠴᠢᠷ ᠤᠨ | 
                   ᠰᠠᠨᠠᠯ ᠶᠣᠰᠣᠭᠠᠷ᠂ ᠬᠡᠷᠡᠭᠴᠡᠭᠡ ᠪᠠᠨ ᠦᠨᠳᠦᠰᠦᠯᠡᠨ ᠪᠤᠶᠢᠺᠤ ᠪᠥᠮᠪᠥᠭᠡᠨ ᠤ ᠰᠤᠷᠭᠠᠭᠴᠢ ᠶᠢᠨ ᠠᠵᠢᠯ ᠤᠨ ᠪᠠᠶᠢᠷᠢ ᠶᠢ | 
                   ᠲᠣᠬᠢᠷᠠᠭᠤᠯᠵᠤ᠂ ᠮᠡᠷᠭᠡᠵᠢᠯ ᠤᠨ ᠴᠣᠯᠠ ᠰᠢᠯᠭᠠᠷᠠᠭᠤᠯᠬᠤ ᠪᠠ ᠤᠷᠢᠵᠤ ᠬᠡᠷᠡᠭᠯᠡᠬᠦ ᠪᠠᠷᠢᠮᠵᠢᠶᠠ ᠪᠠᠨ ᠲᠡᠭᠦᠯᠳᠡᠷᠵᠢᠭᠦᠯᠦᠨ | 
                   ᠂ ᠪᠤᠶᠢᠺᠤ ᠪᠥᠮᠪᠥᠭᠡᠨ ᠤ ᠰᠤᠷᠭᠠᠭᠴᠢ ᠶᠢᠨ ᠮᠡᠷᠭᠡᠵᠢᠯ ᠤᠨ ᠴᠣᠯᠠ ᠳᠡᠪᠰᠢᠬᠦ᠂ ᠵᠢᠭᠠᠨ ᠰᠤᠷᠭᠠᠯᠲᠠ ᠶᠢᠨ ᠡᠷᠳᠡᠮ | 
                   ᠰᠢᠨᠵᠢᠯᠡᠭᠡᠨ ᠤ ᠦᠷᠡ ᠪᠦᠲᠦᠭᠡᠯ ᠢ ᠦᠨᠡᠯᠡᠨ ᠲᠣᠭᠲᠠᠭᠠᠬᠤ ᠵᠡᠷᠭᠡ ᠲᠠᠯᠠ ᠳᠤ ᠡᠯᠡ ᠬᠢᠴᠢᠶᠡᠯ ᠲᠥᠷᠥᠯ ᠤᠨ | 
                   ᠪᠠᠭᠰᠢ ᠯᠤᠭᠠ ᠠᠳᠠᠯᠢᠬᠠᠨ ᠣᠯᠭᠤᠮᠵᠢ ᠬᠠᠷᠠᠭᠠᠯᠵᠠᠯ ᠭᠥᠷᠳᠡᠬᠦ ᠶᠢ ᠨᠢ ᠦᠨᠡᠨ ᠬᠦ ᠪᠠᠲᠤᠯᠠᠬᠤ ᠬᠡᠷᠡᠭᠲᠡᠢ᠃ | 
                   ᠶᠢᠰᠦ᠂ ᠠᠵᠢᠯ ᠤᠨ ᠬᠠᠷᠢᠭᠤᠴᠠᠯᠭᠠ ᠶᠢ ᠪᠣᠳᠠᠲᠠᠶᠢᠵᠢᠭᠤᠯᠤᠨ ᠴᠢᠩᠭᠠᠳᠬᠠᠨᠠ | 
                   ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠪᠤᠶᠢᠺᠤ ᠪᠥᠮᠪᠥᠭᠡᠨ ᠤ ᠬᠥᠭᠵᠢᠯᠲᠡ ᠶᠢ | 
                   ᠨᠢᠭᠡᠳᠦᠯᠲᠡᠢ ᠲᠥᠯᠥᠪᠯᠡᠨ ᠠᠬᠢᠭᠤᠯᠵᠤ᠂ ᠣᠷᠣᠰᠢᠵᠤ ᠪᠠᠶᠢᠭᠠ ᠬᠦᠴᠢᠷᠳᠡᠯ ᠪᠠ ᠠᠰᠠᠭᠤᠳᠠᠯ ᠢ ᠴᠠᠭ ᠲᠤᠬᠠᠢ ᠳᠤ ᠨᠢ | 
                   ᠰᠤᠳᠤᠯᠤᠨ ᠰᠢᠢᠳᠪᠦᠷᠢᠯᠡᠨᠡ᠃ ᠥᠪᠡᠷᠲᠡᠭᠡᠨ ᠵᠠᠰᠠᠬᠤ ᠣᠷᠣᠨ ᠤ ᠪᠡᠶᠡ ᠶᠢᠨ ᠲᠠᠮᠢᠷ ᠤᠨ ᠲᠣᠪᠴᠢᠶᠠ ᠨᠢ ᠪᠥᠬᠦ | 
                   ᠣᠷᠣᠨ ᠤ ᠪᠤᠶᠢᠺᠤ ᠪᠥᠮᠪᠥᠭᠡᠨ ᠤ ᠡᠩᠨᠡᠭᠡ ᠶᠢᠨ ᠪᠠᠶᠢᠭᠤᠯᠤᠯᠲᠠ᠂ ᠲᠠᠯᠠᠪᠤᠷ ᠭᠠᠵᠠᠷ ᠤᠨ ᠪᠠᠲᠤᠯᠠᠭᠠ᠂ | 
                   ᠤᠷᠤᠯᠳᠤᠭᠠᠨ ᠤ ᠠᠵᠢᠯᠯᠠᠭᠠ ᠵᠡᠷᠭᠡ ᠶᠢ ᠨᠢᠭᠡᠳᠦᠯᠲᠡᠢ ᠲᠥᠯᠥᠪᠵᠢᠭᠦᠯᠵᠦ᠂ ᠰᠢᠨᠵᠢᠯᠡᠬᠦ ᠤᠬᠠᠭᠠᠨᠴᠢ ᠪᠠᠷ | 
                   ᠪᠠᠶᠢᠷᠢᠰᠢᠭᠤᠯᠤᠨ᠂ ᠵᠢᠯᠣᠭᠤᠳᠤᠯᠭᠠ ᠪᠠᠨ ᠴᠢᠩᠭᠠᠳᠬᠠᠵᠤ᠂ ᠲᠣᠭᠲᠠᠮᠠᠯ ᠬᠤᠭᠤᠴᠠᠭᠠ ᠲᠠᠢ ᠪᠠᠷ ᠲᠣᠬᠢᠷᠠᠭᠤᠯᠤᠨ᠂ | 
                   ᠡᠯᠡ ᠵᠦᠢᠯ ᠤᠨ ᠡᠭᠦᠷᠭᠡ ᠪᠠᠨ ᠨᠠᠶᠢᠳᠠᠪᠤᠷᠢᠵᠢᠭᠤᠯᠬᠤ ᠶᠢ ᠵᠣᠬᠢᠴᠠᠭᠤᠯᠤᠨ ᠠᠬᠢᠭᠤᠯᠬᠤ ᠬᠡᠷᠡᠭᠲᠡᠢ᠃ ᠥᠪᠡᠷᠲᠡᠭᠡᠨ | 
                   ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠨᠢ ᠪᠦᠢᠺᠦ ᠪᠥᠮᠪᠥᠭᠡᠨ ᠤ ᠲᠥᠷᠥᠯ ᠵᠦᠢᠯ ᠢ ᠰᠤᠷᠭᠠᠭᠤᠯᠢ ᠶᠢᠨ | 
                   ᠬᠦᠷᠢᠶᠡᠨ ᠳᠤ ᠣᠷᠣᠭᠤᠯᠬᠤ ᠶᠢ ᠢᠳᠡᠪᠬᠢᠲᠡᠢ ᠠᠬᠢᠭᠤᠯᠵᠤ᠂ ᠰᠤᠷᠭᠠᠭᠤᠯᠢ ᠶᠢᠨ ᠬᠦᠷᠢᠶᠡᠨ ᠤ ᠪᠦᠢᠺᠦ ᠪᠥᠮᠪᠥᠭᠡᠨ ᠤ | 
                   ᠬᠥᠭᠵᠢᠯᠲᠡ ᠶᠢ ᠠᠬᠢᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠨᠢ ᠪᠡᠯᠡ | 
                   ᠮᠥᠩᠭᠦᠨ ᠤ ᠪᠠᠲᠤᠯᠠᠭᠠ ᠶᠢ ᠨᠢᠭᠡᠳᠦᠯᠲᠡᠢ ᠲᠥᠯᠥᠪᠯᠡᠨ ᠨᠠᠶᠢᠳᠠᠪᠤᠷᠢᠵᠢᠭᠤᠯᠬᠤ ᠬᠡᠷᠡᠭᠲᠡᠢ᠃ ᠬᠥᠯᠥᠨ ᠪᠤᠶᠢᠷ | 
                   ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠮᠣᠷᠢᠨᠳᠠᠪᠠᠭᠠ ᠬᠤᠰᠢᠭᠤᠨ ᠤ ᠪᠤᠶᠢᠺᠤ ᠪᠥᠮᠪᠥᠭᠡᠨ ᠤ ᠲᠥᠷᠥᠯ | 
                   ᠵᠦᠢᠯ ᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠵᠢᠱᠢᠶᠡ ᠦᠵᠡᠭᠦᠯᠦᠨ ᠬᠥᠲᠥᠯᠥᠨ ᠳᠠᠭᠠᠭᠤᠯᠬᠤ | 
                   ᠦᠢᠯᠡᠳᠦᠯ ᠢ ᠨᠢ ᠪᠠᠳᠠᠷᠠᠭᠤᠯᠬᠤ ᠬᠡᠷᠡᠭᠲᠡᠢ᠃ ᠡᠯᠡ ᠭᠠᠵᠠᠷ ᠣᠷᠣᠨ᠂ ᠡᠯᠡ ᠬᠤᠯᠪᠣᠭᠳᠠᠯ ᠪᠦᠬᠦᠢ ᠰᠠᠯᠠᠭᠠ | 
                   ᠮᠥᠴᠢᠷ ᠨᠢ ᠡᠭᠦᠷᠭᠡ ᠬᠠᠷᠢᠭᠤᠴᠠᠯᠭᠠ ᠪᠠᠨ ᠦᠨᠡᠨ ᠬᠦ ᠭᠦᠢᠴᠡᠳᠬᠡᠵᠦ᠂ ᠠᠵᠢᠯ ᠤᠨ ᠵᠣᠯᠭᠠᠭᠤᠯᠤᠯᠲᠠ ᠪᠠᠨ | 
                   ᠴᠢᠩᠭᠠᠳᠬᠠᠨ᠂ ᠡᠯᠡ ᠵᠦᠢᠯ ᠤᠨ ᠡᠭᠦᠷᠭᠡ ᠪᠠᠨ ᠪᠦᠲᠦᠮᠵᠢᠲᠡᠶ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠵᠤ᠂ | 
                   ᠪᠤᠶᠢᠺᠤ ᠪᠥᠮᠪᠥᠭᠡᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ | 
                   2024 ᠣᠨ ᠤ 5 ᠳ᠋ᠤᠭᠠᠷ ᠰᠠᠷᠠ ᠶᠢᠨ 9 ᠤ ᠡᠳᠦᠷ | 
                   ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨᠡ︶ | 
                   ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ | 
                   2024 ᠣᠨ ᠤ 5 ᠳ᠋ᠤᠭᠠᠷ ᠰᠠᠷᠠ ᠶᠢᠨ 11 ᠤ ᠡᠳᠦᠷ ᠳᠠᠷᠤᠮᠠᠯᠯᠠᠨ ᠲᠠᠷᠬᠠᠭᠠᠪᠠ | 
                    | 
                    | 
                    | 
                    | 
                    | 
                    | 
                    | 
                    | 
                    | 
                    | 
                    | 
                   ᠁ |