2024 ᠣᠨ ᠤ 10 ᠳ᠋ᠤᠭᠠᠷ ᠰᠠᠷ᠎ᠠ ᠶᠢᠨ 23 ᠤ ᠡᠳᠦᠷ᠂ ᠱᠠᠨᠳᠦ᠋ᠩ ᠮᠤᠵᠢ ᠶᠢᠨ ᠰᠣᠶᠣᠯ ᠤᠨ ᠣᠷᠳᠣᠨ |
ᠭᠡᠷᠡᠯ ᠵᠢᠷᠤᠭ ᠤᠨ ᠪᠥᠲᠥᠭᠡᠯ ᠤᠨ ᠦᠵᠡᠬᠦᠯᠭᠡ ︽ᠰᠤᠭᠲᠤᠭᠤᠷᠠᠮ᠎ᠠ ᠰᠠᠶᠢᠬᠠᠨ ᠲᠠᠯ᠎ᠠ ᠨᠤᠲᠤᠭ ᠦᠵᠡᠰᠬᠦᠯᠡᠩᠲᠦ |
ᠰᠠᠶᠢᠬᠠᠨ ᠤᠮᠠᠷᠠᠲᠤ ᠬᠢᠯᠢ︾ ᠶᠢ ᠤᠭᠲᠤᠨ ᠠᠪᠤᠯ᠎ᠠ᠃ ᠲᠣᠰ ᠤᠳᠠᠭᠠᠨ ᠤ ᠦᠵᠡᠬᠦᠯᠭᠡ ᠨᠢ ︽2024 ᠣᠨ ᠤ |
ᠬᠠᠪᠤᠷ ᠤᠨ ᠬᠤᠷ᠎ᠠ ᠢᠨᠵᠧᠨᠧᠷᠢᠩ ︱ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠰᠠᠶᠢᠨ |
ᠳᠤᠷᠠᠴᠤᠳ ᠤᠨ ᠱᠠᠨᠳᠦ᠋ᠩ ᠳᠤ ᠬᠢ ᠠᠶᠠᠯᠠᠯ ᠰᠣᠶᠣᠯ ᠤᠨ ᠰᠣᠯᠢᠯᠴᠠᠭᠠᠨ ᠤ ᠠᠵᠢᠯᠯᠠᠭ᠎ᠠ︾ ᠶᠢᠨ ᠴᠢᠬᠤᠯᠠ |
ᠪᠦᠷᠢᠯᠳᠦᠭᠦᠨ ᠬᠡᠰᠡᠭ ᠪᠣᠯᠤᠭᠰᠠᠨ ᠤ ᠬᠤᠪᠢ ᠳᠤ᠂ ᠮᠠᠰᠢ ᠣᠯᠠᠨ ᠬᠡᠷᠡᠯ ᠵᠢᠷᠤᠭ ᠤᠨ ᠳᠤᠷ᠎ᠠ ᠪᠠᠭ᠋ᠠᠲᠠᠳ ᠪᠠ |
ᠬᠤᠲᠠ ᠶᠢᠨ ᠠᠷᠠᠳ ᠤᠨ ᠰᠣᠨᠢᠷᠬᠠᠯ ᠢ ᠲᠠᠲᠠᠭᠰᠠᠨ ᠪᠠᠶᠢᠨ᠎ᠠ᠃ |
ᠡᠬᠡ ᠤᠯᠤᠰ ᠤᠨ ᠤᠮᠠᠷᠠᠲᠤ ᠣᠷᠣᠨ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ᠃ ᠥᠪᠥᠷ |
ᠮᠣᠩᠭᠤᠯ ᠤᠨ ᠥᠪᠡᠷᠲᠡᠭᠡᠨ ᠵᠠᠰᠠᠬᠤ ᠣᠷᠣᠨ ᠨᠢ ᠥᠷᠭᠡᠨ ᠠᠭᠤᠳᠠᠮ ᠨᠤᠲᠤᠭ ᠳᠡᠪᠢᠰᠬᠡᠷ᠂ ᠡᠯᠪᠡᠭ ᠪᠠᠶᠠᠯᠢᠭ |
ᠪᠠᠶᠢᠭᠠᠯᠢ ᠶᠢᠨ ᠦᠵᠡᠮᠵᠢ ᠪᠠ ᠭᠦᠨ ᠵᠤᠵᠠᠭᠠᠨ ᠰᠣᠶᠣᠯ ᠤᠨ ᠠᠭᠤᠯᠬᠤᠨ ᠢᠶᠠᠷ ᠢᠶᠠᠨ ᠨᠡᠷ᠎ᠡ ᠠᠯᠳᠠᠷᠰᠢᠵᠠᠢ᠃ ᠲᠣᠰ |
ᠤᠳᠠᠭᠠᠨ ᠤ ᠬᠡᠷᠡᠯ ᠵᠢᠷᠤᠭ ᠤᠨ ᠪᠦᠲᠦᠭᠡᠯ ᠤᠨ ᠦᠵᠡᠭᠦᠯᠭᠡ ᠳᠤ 60 ᠬᠡᠷᠡᠯ ᠵᠢᠷᠤᠭ ᠤᠨ ᠪᠦᠲᠦᠭᠡᠯ ᠢ ᠰᠣᠩᠭᠤᠵᠤ᠂ |
ᠥᠪᠥᠷ ᠮᠣᠩᠭᠤᠯ ᠤᠨ ᠰᠦᠷᠯᠢᠭ ᠰᠠᠶᠢᠬᠠᠨ ᠥᠩᠭᠡ ᠦᠵᠡᠮᠵᠢ ᠪᠠ ᠥᠪᠡᠷᠮᠢᠴᠡ ᠰᠣᠶᠣᠯ ᠢ ᠠᠮᠢᠳᠤᠯᠢᠭ ᠢᠶᠠᠷ |
ᠳᠡᠯᠭᠡᠨ ᠦᠵᠡᠬᠦᠯᠦᠭᠰᠡᠨ ᠪᠠᠶᠢᠨ᠎ᠠ᠃ |
|