|
ᠾᠧ ᠬᠠᠢ ᠳ᠋ᠦᠩ ᠣᠷᠣᠯᠴᠠᠵᠠᠢ ︵ᠰᠤᠷᠪᠤᠯᠵᠢᠯᠠᠭᠴᠢ ᠶᠦᠨ ᠵᠢᠩ ᠭᠧᠩ ᠰᠢᠨ︶ 11 ᠳ᠋ᠦ᠋ᠭᠡᠷ ᠰᠠᠷ᠎ᠠ ᠶᠢᠨ |
27 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ |
ᠨᠠᠮ ᠤᠨ ᠬᠤᠷᠢᠶ᠎ᠠ ᠶᠢᠨ ᠱᠦᠵᠢ ᠪᠦᠦ ᠭᠠᠩ ᠲᠤᠰᠬᠠᠢ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠵᠤ᠂ ᠴᠡᠯᠡᠭᠡᠷ |
ᠲᠠᠯ᠎ᠠ ᠠᠮᠢ ᠠᠬᠤᠢ ᠶᠢᠨ ᠲᠠᠯ᠎ᠠ ᠨᠤᠲᠤᠭ ᠤᠨ ᠦᠵᠡᠮᠵᠢ ᠶᠢᠨ ᠪᠦᠰᠡ ᠶᠢᠨ ᠶᠠᠰᠤ ᠴᠢᠨᠠᠷ ᠢ ᠳᠡᠭᠡᠭᠰᠢᠯᠡᠭᠦᠯᠬᠦ᠂ |
ᠬᠥᠬᠡᠬᠤᠲᠠ ᠶᠢᠨ ᠵᠡᠭᠦᠨ ᠥᠷᠲᠡᠭᠡ ᠶᠢᠨ ᠡᠮᠦᠨ᠎ᠡ ᠬᠤᠶᠢᠨᠠᠬᠢ ᠠᠭᠤᠳᠠᠮ ᠲᠠᠯᠠᠪᠠᠢ ᠶᠢᠨ ᠰᠤᠯᠠ ᠪᠠᠶᠢᠬᠤ ᠠᠰᠠᠷ ᠢ |
ᠠᠮᠢᠯᠠᠭᠤᠯᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠬᠤᠲᠠ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ |
ᠲᠥᠯᠦᠪᠵᠢᠭᠦᠯᠭᠡ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠪᠣᠯᠣᠨ ᠰᠠᠶᠢᠬᠠᠨ ᠲᠣᠭᠤᠷᠢᠭ ᠤᠨ ︽ᠨᠢᠭᠡ ᠲᠣᠭᠤᠷᠢᠭ |
ᠭᠤᠷᠪᠠᠨ ᠬᠦᠷᠢᠶᠡᠯᠡᠩ︾ ᠢ ᠨᠢᠭᠡ ᠴᠣᠭᠴᠠᠵᠢᠭᠤᠯᠤᠨ ᠬᠥᠭᠵᠢᠭᠦᠯᠬᠦ ᠠᠵᠢᠯ ᠤᠨ ᠲᠥᠰᠥᠯ ᠢ ᠰᠣᠨᠣᠰᠴᠤ᠂ |
ᠬᠤᠯᠪᠤᠭᠳᠠᠯ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ |
ᠱᠦᠵᠢ᠂ ᠬᠤᠲᠠ ᠶᠢᠨ ᠳᠠᠷᠤᠭ᠎ᠠ ᠾᠧ ᠬᠠᠢ ᠳ᠋ᠦᠩ ᠣᠷᠣᠯᠴᠠᠵᠠᠢ᠃ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ |
ᠳᠠᠷᠠᠭ᠎ᠠ᠂ ᠪᠦᠦ ᠭᠠᠩ ᠬᠡᠯᠡᠬᠦ ᠳᠡᠭᠡᠨ᠂ ᠴᠡᠯᠡᠭᠡᠷ ᠲᠠᠯ᠎ᠠ ᠠᠮᠢ ᠠᠬᠤᠢ ᠶᠢᠨ ᠦᠵᠡᠮᠵᠢ ᠶᠢᠨ ᠪᠦᠰᠡ ᠪᠣᠯ ᠣᠷᠣᠨ ᠤ |
ᠲᠥᠪ ᠬᠤᠲᠠ ᠶᠢᠨ ︽ᠨᠢᠭᠡ ᠬᠤᠩᠭᠢᠯ ᠬᠤᠶᠠᠷ ᠲᠡᠩᠭᠡᠯᠢᠭ ᠲᠠᠪᠤᠨ ᠪᠦᠰᠡ︾ ᠶᠢᠨ ᠰᠣᠶᠣᠯ ᠵᠢᠭᠤᠯᠴᠢᠯᠠᠯ ᠤᠨ |
ᠬᠥᠭᠵᠢᠯᠲᠡ ᠶᠢᠨ ᠪᠠᠶᠢᠷᠢᠰᠢᠯ ᠤᠨ ᠴᠢᠬᠤᠯᠠ ᠪᠦᠷᠢᠯᠳᠦᠬᠦᠨ ᠬᠡᠰᠡᠭ ᠮᠥᠨ᠂ ᠰᠢᠨ᠎ᠡ ᠬᠤᠲᠠ ᠶᠢᠨ |
ᠲᠣᠭᠤᠷᠢᠭ ᠤᠨ ᠬᠢᠨ ᠣᠲᠣ ᠶᠢᠨ ᠡᠬᠢ ᠪᠠᠶᠠᠯᠢᠭ ᠢᠶᠠᠨ ᠲᠦᠰᠢᠭᠯᠡᠨ᠂ ᠶᠠᠰᠤ ᠴᠢᠨᠠᠷ ᠢᠶᠠᠨ ᠳᠡᠭᠡᠭᠰᠢᠯᠡᠭᠦᠯᠬᠦ ᠠᠵᠢᠯ ᠢ |
ᠰᠢᠰᠲ᠋ᠧᠮ ᠲᠠᠢ ᠲᠥᠯᠥᠪᠵᠢᠭᠦᠯᠦᠨ ᠠᠬᠢᠭᠤᠯᠵᠤ᠂ ᠪᠠᠶᠢᠭᠠᠯᠢ ᠶᠢᠨ ᠭᠤᠸ᠎ᠠ ᠰᠠᠶᠢᠬᠠᠨ᠂ ᠠᠮᠢ ᠠᠬᠤᠢ ᠶᠢᠨ ᠭᠤᠸ᠎ᠠ |
ᠰᠠᠶᠢᠬᠠᠨ ᠢ ᠳᠣᠪᠤᠶᠢᠯᠭᠠᠨ᠂ ︽ᠬᠠᠰᠤᠬᠤ ᠠᠷᠭ᠎ᠠ︾ ᠶᠢ ᠢᠯᠡᠭᠦᠬᠡᠨ ᠬᠢᠵᠦ᠂ ︽ᠨᠡᠮᠡᠬᠦ ᠠᠷᠭ᠎ᠠ︾ ᠶᠢ ᠳᠤᠲᠠᠭᠤ |
ᠬᠡᠷᠡᠭᠵᠢᠭᠦᠯᠵᠦ᠂ ᠶᠠᠭᠠᠬᠢᠭᠰᠠᠨ ᠴᠤ ᠶᠡᠬᠡᠪᠡᠷ ᠨᠤᠷᠠᠭᠠᠵᠤ ᠶᠡᠬᠡᠪᠡᠷ ᠪᠠᠶᠢᠭᠤᠯᠵᠤ ᠪᠣᠯᠬᠤ ᠥᠬᠡᠶ᠃ ᠴᠡᠯᠡᠭᠡᠷ ᠲᠠᠯ᠎ᠠ |
ᠰᠣᠶᠣᠯ ᠵᠢᠭᠤᠯᠴᠢᠯᠠᠯ ᠤᠨ IP ᠢ ᠭᠤᠣᠯᠳᠠᠯᠭ᠎ᠠ ᠲᠠᠢ ᠪᠠᠶᠢᠭᠤᠯᠵᠤ᠂ ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ ᠢᠶᠠᠷ |
ᠵᠠᠮ ᠳᠠᠭᠠᠤ ᠶᠢᠨ ᠦᠵᠡᠮᠵᠢ ᠶᠢᠨ ᠣᠷᠣᠨ ᠪᠣᠯᠣᠨ ᠰᠣᠶᠣᠯ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ ᠢ ᠬᠤᠯᠪᠣᠵᠤ |
ᠬᠡᠷᠡᠭᠯᠡᠨ᠂ ᠦᠵᠡᠮᠵᠢ ᠶᠢᠨ ᠣᠷᠣᠨ ᠤ ᠬᠠᠮᠢᠶᠠᠷᠤᠯᠲᠠ ᠡᠵᠡᠩᠨᠡᠯᠲᠡ ᠶᠢ ᠨᠢᠭᠡ ᠴᠣᠭᠴᠠᠵᠢᠭᠤᠯᠤᠨ ᠠᠬᠢᠭᠤᠯᠵᠤ᠂ |
ᠶᠠᠪᠠᠭᠠᠨ ᠶᠠᠪᠤᠬᠤ᠂ ᠠᠭᠤᠯᠠ ᠠᠪᠠᠷᠢᠬᠤ᠂ ᠳᠤᠭᠤᠢ ᠤᠨᠤᠬᠤ᠂ ᠮᠠᠷᠠᠽᠤᠨ ᠵᠡᠷᠭᠡ ᠰᠡᠯᠡᠭᠦᠴᠡᠯ ᠤᠨ ᠬᠥᠳᠡᠯᠭᠡᠭᠡᠨ |
ᠪᠣᠯᠣᠨ ᠲᠣᠭᠤᠷᠢᠨ ᠦᠵᠡᠬᠦ ᠶᠢ ᠤᠶᠠᠯᠳᠤᠭᠤᠯᠵᠤ᠂ ᠤᠯᠠᠭᠠᠨᠮᠥ᠋ᠴᠢᠷ ᠵᠡᠷᠭᠡ ᠤᠳᠬ᠎ᠠ ᠤᠷᠠᠯᠢᠭ ᠤᠨ ᠡᠬᠢ ᠪᠠᠶᠠᠯᠢᠭ ᠢ |
ᠰᠠᠶᠢᠲᠤᠷ ᠠᠰᠢᠭᠯᠠᠵᠤ᠂ ᠬᠤᠳᠠ ᠶᠢᠨ ᠠᠷᠠᠳ ᠵᠢᠭᠤᠯᠴᠢᠯᠠᠭᠴᠢᠳ ᠲᠤ ᠨᠡᠩ ᠤᠯᠠᠨ ᠰᠣᠳᠣᠨ ᠲᠣᠭᠯᠠᠯᠲᠠ ᠭᠠᠷᠭᠠᠵᠤ |
᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠠᠭᠤᠰᠤᠯᠴᠠᠨ ᠬᠥᠭᠵᠢᠬᠦ ᠶᠢ ᠪᠡᠶᠡᠯᠡᠭᠦᠯᠬᠦ ᠬᠡᠷᠡᠭᠲᠡᠢ᠃ |
ᠬᠥᠬᠡᠬᠤᠲᠠ ᠶᠢᠨ ᠵᠡᠭᠦᠨ ᠥᠷᠲᠡᠭᠡ ᠶᠢᠨ ᠡᠮᠦᠨ᠎ᠡ ᠬᠤᠶᠢᠨᠠᠬᠢ ᠠᠭᠤᠳᠠᠮ ᠲᠠᠯᠠᠪᠠᠶ ᠶᠢᠨ ᠰᠤᠯᠠ ᠪᠠᠶᠢᠬᠤ ᠠᠰᠠᠷ ᠢ |
ᠠᠮᠢᠳᠤᠯᠢᠭᠵᠢᠭᠤᠯᠤᠨ ᠠᠰᠢᠭᠯᠠᠬᠤ ᠠᠵᠢᠯ ᠢ ᠲᠦᠷᠭᠡᠳᠬᠡᠨ ᠠᠬᠢᠭᠤᠯᠵᠤ᠂ ᠣᠷᠣᠨ ᠪᠠᠶᠢᠷᠢ᠂ ᠵᠠᠮ ᠬᠠᠷᠢᠯᠴᠠᠭ᠎ᠠ᠂ |
ᠠᠵᠤ ᠦᠢᠯᠡᠰ ᠵᠡᠷᠭᠡ ᠳᠠᠪᠠᠭᠤᠯᠢᠭ ᠲᠤ ᠲᠦᠰᠢᠭᠯᠡᠨ᠂ ᠶᠡᠷᠦᠩᠬᠡᠶ ᠬᠡᠯᠲᠡᠰ ᠤᠨ ᠠᠵᠤ ᠠᠬᠤᠶ᠂ ᠪᠣᠬᠢᠷᠲᠤᠯ ᠥᠬᠡᠶ |
ᠪᠤᠳᠤᠯᠭ᠎ᠠ ᠶᠢᠨ ᠬᠦᠴᠦᠨ᠂ ᠰᠢᠨᠵᠢᠯᠡᠬᠦ ᠤᠬᠠᠭᠠᠨ ᠤ ᠰᠤᠳᠤᠯᠭᠠᠨ ᠤ ᠲᠥᠪ ᠵᠡᠷᠭᠡ ᠲᠠᠯ᠎ᠠ ᠶᠢᠨ ᠲᠣᠭᠤᠷᠢᠨ ᠳᠤ |
ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠡᠷᠴᠢᠮ ᠢᠶᠠᠨ ᠴᠢᠩᠭᠠᠷᠠᠭᠤᠯᠵᠤ᠂ ᠨᠢᠭᠡ ᠠᠵᠤ ᠠᠬᠤᠶᠢᠯᠠᠯ ᠳᠤ ᠨᠢᠭᠡ |
ᠠᠷᠭ᠎ᠠ ᠪᠣᠳᠣᠯᠭ᠎ᠠ ᠬᠡᠷᠡᠭᠵᠢᠭᠦᠯᠦᠨ ᠨᠠᠶᠢᠳᠠᠪᠤᠷᠢᠵᠢᠭᠤᠯᠵᠤ᠂ ᠠᠯᠢ ᠲᠦᠷᠭᠡᠨ ᠢᠶᠠᠷ ᠦᠷ᠎ᠡ ᠪᠦᠲᠦᠮᠵᠢ ᠤᠯᠬᠤ ᠬᠡᠷᠡᠭᠲᠡᠶ |
᠃ ᠥᠨᠳᠥᠷ ᠵᠣᠭᠰᠣᠴᠠ ᠠᠴᠠ ᠰᠢᠨᠵᠢᠯᠡᠬᠦ ᠤᠬᠠᠭᠠᠨ ᠮᠡᠷᠭᠡᠵᠢᠯ ᠤᠨ ᠬᠤᠲᠠ ᠠᠵᠤ ᠠᠬᠤᠶ ᠶᠢᠨ ᠨᠡᠭᠡᠭᠡᠯᠲᠡ ᠶᠢᠨ |
ᠲᠣᠭᠤᠷᠢᠭ ᠤᠨ ᠲᠥᠯᠥᠪᠵᠢᠭᠦᠯᠭᠡ ᠪᠥᠲᠥᠭᠡᠨ ᠪᠠᠶᠢᠭᠤᠯᠤᠯᠲᠠ ᠶᠢ ᠰᠠᠶᠢᠲᠤᠷ ᠬᠢᠵᠦ᠂ ᠪᠣᠬᠢᠷᠲᠤᠯ ᠥᠬᠡᠶ |
ᠪᠣᠳᠣᠯᠭ᠎ᠠ ᠶᠢᠨ ᠬᠦᠴᠦᠨ᠂ ᠣᠶᠤᠨᠴᠢ ᠦᠢᠯᠡᠳᠭᠡᠯ᠂ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠵᠡᠷᠭᠡ |
ᠠᠵᠤ ᠦᠢᠯᠡᠰ ᠤᠨ ᠪᠠᠶᠢᠷᠢᠰᠢᠭᠤᠯᠤᠯᠲᠠ ᠶᠢᠨ ᠬᠦᠷᠢᠶᠡᠯᠡᠩ ᠲᠣᠭᠤᠷᠢᠭ ᠤᠨ ᠲᠥᠷᠥᠯ ᠵᠦᠢᠯ ᠳᠤ ᠠᠩᠬᠠᠷᠤᠯ ᠢᠶᠠᠨ |
ᠲᠥᠪᠯᠡᠷᠡᠭᠦᠯᠵᠦ᠂ ᠬᠦᠷᠢᠶᠡᠯᠡᠩ ᠲᠣᠭᠤᠷᠢᠭ ᠤᠨ ᠢᠵᠢ ᠪᠥᠷᠢᠳᠦᠭᠦᠯᠬᠦ ᠦᠢᠯᠡᠴᠢᠯᠡᠭᠡ ᠶᠢ ᠲᠡᠭᠦᠯᠳᠡᠷᠵᠢᠭᠦᠯᠦᠨ᠂ |
ᠬᠥᠬᠡᠬᠤᠲᠠ ᠳᠤ ᠰᠠᠭᠤᠭ᠎ᠠ ᠶᠡᠭᠡ ᠳᠡᠭᠡᠳᠦ ᠰᠤᠷᠭᠠᠭᠤᠯᠢ ᠯᠤᠭ᠎ᠠ ᠬᠠᠮᠲᠤᠷᠠᠨ ᠶᠡᠭᠡ ᠰᠤᠷᠭᠠᠭᠤᠯᠢ ᠶᠢᠨ ᠰᠢᠨᠵᠢᠯᠡᠬᠦ |
ᠤᠬᠠᠭᠠᠨ ᠮᠡᠷᠭᠡᠵᠢᠯ ᠤᠨ ᠬᠦᠷᠢᠶᠡᠯᠡᠩ ᠢ ᠰᠠᠶᠢᠲᠤᠷ ᠪᠠᠶᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ |
ᠡᠭᠦᠳᠬᠦ ᠪᠠᠷ ᠠᠵᠤ ᠦᠢᠯᠡᠰ ᠤᠨ ᠬᠥᠭᠵᠢᠯᠲᠡ ᠶᠢ ᠬᠥᠲᠥᠯᠦᠨ ᠳᠠᠭᠠᠭᠤᠯᠬᠤ ᠶᠢ ᠠᠬᠢᠭᠤᠯᠬᠤ ᠬᠡᠷᠡᠭᠲᠡᠶ ᠭᠡᠵᠡᠢ᠃ |
ᠪᠣᠣ ᠭᠠᠩ ᠬᠡᠯᠡᠬᠦ ᠳᠡᠭᠡᠨ᠂ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢ ᠪᠤᠵᠠᠭᠠᠶᠢᠷᠠᠭᠤᠯᠬᠤ ᠳᠤ᠂ ᠡᠷᠬᠡᠪᠰᠢ |
ᠬᠦᠷᠢᠶᠡᠯᠡᠩ ᠲᠣᠭᠤᠷᠢᠭ ᠤᠨ ᠠᠵᠤ ᠠᠬᠤᠢ ᠶᠢ ᠬᠦᠴᠦᠷᠬᠡᠭᠵᠢᠭᠦᠯᠬᠦ ᠬᠡᠷᠡᠭᠲᠡᠢ᠃ ᠰᠠᠶᠢᠬᠠᠨ ᠲᠣᠭᠤᠷᠢᠭ ᠤᠨ |
ᠬᠦᠷᠢᠶᠡᠯᠡᠩ ᠲᠣᠭᠤᠷᠢᠭ ᠤᠨ ᠰᠠᠭᠤᠷᠢ ᠰᠠᠶᠢᠨ᠂ ᠨᠢᠭᠡ ᠴᠣᠭᠴᠠᠵᠢᠭᠰᠠᠨ ᠬᠥᠭᠵᠢᠯᠲᠡ ᠶᠢᠨ ᠨᠥᠬᠦᠴᠡᠯ ᠢ |
ᠪᠦᠷᠢᠯᠳᠦᠭᠦᠯᠦᠨ᠎ᠡ᠃ ᠲᠦᠷᠦ ᠶᠢᠨ ᠪᠤᠳᠤᠯᠭ᠎ᠠ ᠶᠢ ᠨᠡᠪᠲᠡᠷᠬᠡᠢ ᠣᠶᠢᠯᠠᠭᠠᠵᠤ᠂ ᠲᠦᠷᠦ ᠶᠢᠨ ᠪᠤᠳᠤᠯᠭ᠎ᠠ ᠶᠢ ᠰᠠᠶᠢᠲᠤᠷ |
ᠬᠡᠷᠡᠭᠯᠡᠵᠦ᠂ ᠵᠢᠨᠱᠠᠨ ᠳᠡᠭᠡᠳᠦ ᠰᠢᠨ᠎ᠡ ᠮᠡᠷᠭᠡᠵᠢᠯ ᠤᠨ ᠲᠤᠭᠤᠷᠢᠭ ᠤᠨ ᠵᠢᠨᠴᠢᠶᠣᠣ ᠠᠵᠤ ᠦᠢᠯᠡᠰ ᠤᠨ ᠬᠦᠷᠢᠶᠡᠯᠡᠩ᠂ |
ᠰᠠᠨᠰᠠᠷ ᠤᠨ ᠠᠶᠠᠯᠠᠯ ᠤᠨ ᠨᠡᠭᠡᠭᠡᠯᠲᠡ ᠶᠢᠨ ᠲᠣᠭᠤᠷᠢᠭ ᠤᠨ ᠡᠯᠡᠰᠦᠨ ᠳᠠᠪᠠᠭ᠎ᠠ ᠪᠠᠷᠠᠭᠠᠨ ᠤ ᠭᠦᠢᠯᠭᠡᠭᠡᠨ ᠤ |
ᠬᠦᠷᠢᠶᠡᠯᠡᠩ᠂ ᠰᠠᠨᠰᠠᠷ ᠤᠨ ᠠᠶᠠᠯᠠᠯ ᠤᠨ ᠠᠵᠤ ᠦᠢᠯᠡᠰ ᠤᠨ ᠬᠦᠷᠢᠶᠡᠯᠡᠩ ᠵᠡᠷᠭᠡ ᠭᠤᠷᠪᠠᠨ ᠶᠡᠭᠡ ᠣᠷᠣᠨ ᠪᠦᠰᠡ ᠶᠢ |
ᠨᠢᠭᠡ ᠴᠤᠭᠴᠠᠵᠢᠭᠤᠯᠤᠨ ᠬᠥᠭᠵᠢᠭᠦᠯᠬᠦ ᠶᠢ ᠢᠳᠡᠪᠬᠢᠲᠡᠢ ᠠᠬᠢᠭᠤᠯᠵᠤ᠂ ᠲᠥᠪᠯᠡᠷᠡᠨ ᠵᠠᠯᠭᠠᠯᠳᠤᠭᠰᠠᠨ᠂ ᠬᠠᠮᠵᠢᠯᠴᠠᠨ |
ᠬᠠᠷᠢᠯᠴᠠᠨ ᠨᠥᠬᠦᠪᠥᠷᠢᠯᠡᠭᠰᠡᠨ᠂ ᠬᠤᠯᠪᠣᠭᠠᠯᠠᠨ ᠬᠥᠭᠵᠢᠭᠰᠡᠨ ᠬᠠᠮᠲᠤ ᠶᠢᠨ ᠴᠣᠭᠴᠠ ᠶᠢ ᠪᠠᠶᠢᠭᠤᠯᠵᠤ᠂ ᠬᠠᠮᠵᠢᠯᠴᠠᠨ |
ᠳᠠᠬᠢᠨ ᠢᠶᠠᠷ ᠨᠡᠮᠡᠭᠳᠡᠭᠦᠯᠬᠦ ᠦᠢᠯᠡᠳᠦᠯ ᠢ ᠪᠦᠷᠢᠯᠳᠦᠭᠦᠯᠬᠦ ᠬᠡᠷᠡᠭᠲᠡᠢ᠃ ᠬᠠᠮᠢᠶᠠᠷᠤᠯᠲᠠ ᠶᠢᠨ ᠲᠣᠭᠲᠠᠴᠠ ᠪᠣᠯᠤᠨ |
ᠲᠦᠷᠦᠯ ᠵᠦᠢᠯ ᠤᠨ ᠪᠠᠶᠢᠷᠢᠰᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠵᠦ᠂ ᠡᠯ᠎ᠡ ᠬᠦᠷᠢᠶᠡᠯᠡᠩ ᠲᠣᠭᠤᠷᠢᠭ ᠤᠨ |
ᠠᠵᠤ ᠦᠢᠯᠡᠰ ᠤᠨ ᠣᠨᠴᠠᠯᠢᠭ ᠢ ᠲᠤᠪᠤᠶᠢᠯᠭᠠᠵᠦ᠂ ᠵᠠᠮ ᠬᠠᠷᠢᠯᠴᠠᠭᠠᠨ ᠤ ᠲᠣᠣᠷ᠂ ᠬᠤᠭᠤᠯᠠᠢ ᠲᠣᠣᠷ᠂ ᠡᠨᠧᠷᠭᠢ |
ᠵᠡᠷᠭᠡ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠨᠢᠭᠡ ᠴᠤᠭᠴᠠᠵᠢᠭᠤᠯᠤᠨ ᠠᠬᠢᠭᠤᠯᠵᠤ᠂ ᠰᠢᠨ᠎ᠡ |
ᠡᠨᠧᠷᠭᠢ᠂ ᠰᠢᠨ᠎ᠡ ᠮᠠᠲ᠋ᠧᠷᠢᠶᠠᠯ᠂ ᠳᠤᠤᠷ᠎ᠠ ᠤᠭᠲᠠᠷᠭᠤᠢ ᠶᠢᠨ ᠠᠵᠤ ᠠᠬᠤᠢ᠂ ᠬᠤᠳᠠᠯᠳᠤᠭᠠᠨ ᠤ ᠰᠠᠨᠰᠠᠷ ᠤᠨ ᠠᠶᠠᠯᠠᠯ |
᠂ ᠲᠣᠨᠣᠭᠯᠠᠯ ᠦᠢᠯᠡᠳᠬᠦ ᠵᠡᠷᠭᠡ ᠠᠵᠤ ᠦᠢᠯᠡᠰ ᠤᠨ ᠰᠢᠨ᠎ᠡ ᠥᠨᠳᠦᠷᠯᠢᠭ ᠢ ᠪᠦᠬᠦ ᠬᠦᠴᠦᠨ ᠢᠶᠠᠷ ᠢᠶᠠᠨ ᠴᠣᠭᠴᠠᠯᠠᠵᠤ |
᠂ ᠪᠦᠬᠦ ᠬᠤᠳᠠ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠨᠡᠩ ᠶᠡᠭᠡ ᠬᠦᠴᠦᠨ ᠴᠢᠳᠠᠯ ᠢᠶᠠᠨ |
ᠡᠷᠭᠦᠬᠦ ᠬᠡᠷᠡᠭᠲᠡᠢ ᠭᠡᠪᠡ᠃ ᠰᠦᠨ ᠬᠤᠤ᠂ ᠯᠢᠦ ᠵᠢᠢ ᠶᠢᠩ᠂ ᠸᠠᠩ ᠺᠦᠨ᠂ ᠼᠤᠤ ᡁᠢ᠂ ᠯᠢ ᠰᠢᠶᠣᠣ ᠶᠠᠨ᠂ ᠸᠠᠩ |
ᠢᠦᠢ ᠲᠢᠶᠠᠨ ᠵᠡᠷᠭᠡ ᠬᠤᠳᠠ ᠶᠢᠨ ᠤᠳᠤᠷᠢᠳᠤᠯᠭ᠎ᠠ ᠵᠢᠴᠢ ᠬᠠᠮᠢᠶ᠎ᠠ ᠪᠦᠬᠦᠢ ᠭᠠᠵᠠᠷ ᠣᠷᠣᠨ᠂ ᠰᠠᠯᠠᠭ᠎ᠠ ᠮᠥᠴᠢᠷ ᠤᠨ |
ᠬᠠᠷᠢᠭᠤᠴᠠᠯᠭᠠᠲᠠᠨ ᠨᠦᠬᠦᠳ ᠬᠤᠷᠠᠯ ᠳᠤ ᠣᠷᠣᠯᠴᠠᠪᠠ᠃ |
|
|
|
|
|
|
|
|
|
|
|
᠁ |