2024 ︱ 2025 ᠪᠥᠬᠦ ᠣᠷᠣᠨ ᠤ ᠮᠥᠰᠥ ᠴᠠᠰᠤᠨ ᠤ ᠤᠷᠤᠯᠳᠤᠭᠠᠨ ᠤ ᠠᠵᠢᠯᠯᠠᠭᠠᠨ ᠤ ᠭᠠᠷᠴᠠᠭ ᠢ ᠨᠡᠶᠢᠲᠡᠯᠡᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ  ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠠᠯᠪᠠᠨ ᠵᠠᠷ
ᠨᠡᠶᠢᠲᠡᠯᠡᠭᠰᠡᠨ ᠴᠠᠭ᠄
2024/11/28
2024 ︱ 2025 ᠪᠥᠬᠦ ᠣᠷᠣᠨ ᠤ ᠮᠥᠰᠥ ᠴᠠᠰᠤᠨ ᠤ ᠤᠷᠤᠯᠳᠤᠭᠠᠨ ᠤ ᠠᠵᠢᠯᠯᠠᠭᠠᠨ ᠤ ᠭᠠᠷᠴᠠᠭ ᠢ ᠨᠡᠶᠢᠲᠡᠯᠡᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ  ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠠᠯᠪᠠᠨ ᠵᠠᠷ ᠪᠡᠶ᠎ᠡ ᠶᠢᠨ ᠲᠠᠮᠢᠷ ᠤᠨ ᠤᠷᠤᠯᠳᠤᠭᠠᠨ ᠵᠡᠷᠭᠡ ᠬᠡᠷᠡᠭᠯᠡᠭᠡᠨ ᠤ ᠰᠢᠨ᠎ᠡ ᠨᠡᠮᠡᠭᠳᠡᠯ ᠤᠨ ᠴᠡᠭ ᠢ ᠢᠳᠡᠪᠬᠢᠲᠡᠢ ᠪᠣᠶᠢᠵᠢᠭᠤᠯᠬᠤ ᠲᠤᠬᠠᠢ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ  ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠴᠢᠨᠠᠷ ᠰᠠᠶᠢᠲᠠᠢ ᠬᠥᠭᠵᠢᠯᠲᠡ ᠪᠠᠷ ᠮᠥᠰᠥ ᠴᠠᠰᠤᠨ ᠤ ᠠᠵᠤ ᠠᠬᠤᠢ ᠶᠢᠨ ᠠᠮᠢᠵᠢᠷᠠᠯ ᠤᠨ ᠬᠦᠴᠦᠨ ᠢ ᠬᠥᠭᠵᠢᠭᠡᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ  ᠤ ᠠᠯᠪᠠᠨ ᠲᠢᠩᠬᠢᠮ ᠤᠨ ᠰᠠᠨᠠᠯ ᠤᠳ︾ ᠢ ᠦᠨᠡᠨ ᠬᠦ ᠨᠠᠶᠢᠳᠠᠪᠤᠷᠢᠵᠢᠭᠤᠯᠵᠤ᠂ ᠥᠪᠥᠷ ᠮᠣᠩᠭᠤᠯ ᠤᠨ ᠮᠥᠰᠥ ᠴᠠᠰᠤᠨ ᠤ ᠤᠷᠤᠯᠳᠤᠭᠠᠨ ᠤ ᠨᠡᠷᠡᠲᠦ ᠲᠡᠮᠳᠡᠭ ᠢ ᠪᠣᠶ ᠪᠣᠯᠭᠠᠵᠤ᠂ ᠮᠥᠰᠥ ᠴᠠᠰᠤᠨ ᠤ ᠤᠷᠤᠯᠳᠤᠭᠠᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠨ ᠠᠬᠢᠭᠤᠯᠬᠤ  ᠶᠢᠨ ᠲᠥᠯᠥᠭᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠬᠠᠮᠲᠤᠷᠠᠨ 2024 ︱ 2025 ᠣᠨ ᠤ ᠪᠥᠬᠦ ᠣᠷᠣᠨ ᠤ ᠮᠥᠰᠥ ᠴᠠᠰᠤᠨ ᠤ ᠤᠷᠤᠯᠳᠤᠭᠠᠨ ᠤ ᠠᠵᠢᠯᠯᠠᠭᠠᠨ ᠤ ᠭᠠᠷᠴᠠᠭ ︽ᠤᠷᠤᠯᠳᠤᠭᠠᠨ ᠢ ᠳᠠᠭᠠᠵᠤ ᠵᠢᠭᠤᠯᠴᠢᠯᠠᠶ᠎ᠠ︾  ᠶᠢ ᠨᠡᠶᠢᠲᠡᠯᠡᠪᠡ᠃ ᠨᠡᠶᠢᠲᠡ 318 ᠵᠦᠢᠯ ᠤᠨ ᠮᠥᠰᠥ ᠴᠠᠰᠤᠨ ᠤ ᠤᠷᠤᠯᠳᠤᠭᠠᠨ ᠵᠢᠴᠢ ᠬᠤᠯᠪᠣᠭᠳᠠᠯ ᠪᠦᠬᠦᠢ ᠠᠵᠢᠯᠯᠠᠭ᠎ᠠ ᠪᠠᠶᠢᠨ᠎ᠠ᠃ ᠡᠭᠦᠨ ᠳᠤ ᠭᠤᠣᠯ ᠪᠣᠯᠬᠤ ᠤᠷᠤᠯᠳᠤᠭᠠᠨ ᠤ ᠨᠡᠷᠡᠰ ᠨᠢ ᠳᠣᠣᠷᠠᠬᠢ ᠮᠡᠲᠦ᠄ 1. ᠠᠷᠪᠠᠨ ᠨᠢᠭᠡᠳᠦᠭᠡᠷ ᠬᠤᠭᠤᠴᠠᠭᠠᠨ ᠤ ᠪᠦᠬᠦ ᠤᠯᠤᠰ ᠤᠨ ᠣᠯᠠᠨ ᠨᠡᠶᠢᠲᠡ ᠶᠢᠨ ᠮᠥᠰᠥ ᠴᠠᠰᠤᠨ ᠤ ᠤᠯᠠᠷᠢᠯ ᠤᠨ ᠡᠬᠢᠯᠡᠯᠲᠡ  ᠶᠢᠨ ᠶᠣᠰᠣᠯᠠᠯ ︵2024 ᠣᠨ ᠤ 12 ᠳ᠋ᠤᠭᠠᠷ ᠰᠠᠷ᠎ᠠ ᠳᠤ᠂ ᠬᠥᠯᠥᠨ ᠪᠤᠶᠢᠷ ᠬᠤᠲᠠ︶ 2. 2024︱ ᡺ 2025 ᠤᠷᠤᠯᠳᠤᠭᠠᠨ ᠤ ᠤᠯᠠᠷᠢᠯ ᠤᠨ ᠳᠠᠩ ᠴᠡᠨᠡᠯᠡᠯᠲᠡ ᠶᠢᠨ ᠵᠡᠷᠭᠡᠴᠡᠭᠡ ᠲᠥᠷᠥᠯ ᠵᠦᠢᠯ  ᠤᠨ ᠳᠡᠯᠡᠬᠡᠢ  ᠶᠢᠨ ᠬᠤᠨᠳᠠᠭᠠᠲᠤ ᠤᠷᠤᠯᠳᠤᠭᠠᠨ ︵2024 ᠣᠨ ᠤ 11 ᠳ᠋ᠤᠭᠡᠷ ᠰᠠᠷ᠎ᠠ ᠶᠢᠨ 30 ᠤ ᠡᠳᠦᠷ ᠠᠴᠠ 12 ᠳ᠋ᠤᠭᠠᠷ ᠰᠠᠷ᠎ᠠ ᠶᠢᠨ 1 ᠤ ᠡᠳᠦᠷ ᠪᠣᠯᠲᠠᠯ᠎ᠠ᠂ ᠤᠯᠠᠭᠠᠨᠬᠠᠳᠠ ᠬᠤᠲᠠ ᠶᠢᠨ ᠮᠠᠶᠢᠷᠠᠨ ᠭᠤᠤ ᠴᠠᠨᠠᠯᠠᠬᠤ ᠲᠠᠯᠠᠪᠠᠶ︶ 3. ᠭᠤᠷᠪᠠᠳᠤᠭᠠᠷ ᠬᠤᠭᠤᠴᠠᠭᠠᠨ ᠤ ᠳᠤᠮᠳᠠᠳᠤ ᠣᠷᠣᠰ ᠮᠣᠩᠭᠤᠯ ᠤᠨ ︽ᠠᠷᠰᠯᠠᠨ ᠵᠠᠭᠠᠨ ᠤ ᠤᠭ ᠨᠤᠲᠤᠭ ︾ ᠴᠠᠰᠤᠲᠤ ᠭᠠᠵᠠᠷ ᠤᠨ ᠴᠢᠭᠯᠡᠯᠲᠦ ᠣᠯᠠᠨ ᠤᠯᠤᠰ ᠤᠨ ᠤᠷᠢᠯᠭ᠎ᠠ  ᠶᠢᠨ ᠤᠷᠤᠯᠳᠤᠭᠠᠨ ︵2024 ᠣᠨ ᠤ 11 ᠳ᠋ᠤᠭᠡᠷ ᠰᠠᠷ᠎ᠠ ᠶᠢᠨ 22 ᠤᠨ ᠡᠳᠦᠷ ᠠᠴᠠ 25 ᠤ ᠡᠳᠦᠷ ᠪᠣᠯᠲᠠᠯ᠎ᠠ᠂ ᠬᠥᠯᠥᠨ ᠪᠤᠶᠢᠷ ᠬᠤᠲᠠ︶ 4. ᠳᠤᠮᠳᠠᠳᠤ ᠣᠷᠣᠰ ᠮᠣᠩᠭᠤᠯ ᠤᠨ ᠣᠯᠠᠨ ᠤᠯᠤᠰ ᠤᠨ ᠡᠪᠦᠯ ᠤᠨ ᠤᠮᠪᠠᠯᠲᠠ ᠶᠢᠨ ᠤᠷᠢᠯᠭ᠎ᠠ ᠶᠢᠨ ᠤᠷᠤᠯᠳᠤᠭᠠᠨ ᠵᠢᠴᠢ ᠪᠦᠬᠦ ᠤᠯᠤᠰ ᠤᠨ ᠡᠪᠦᠯ ᠤᠨ ᠤᠮᠪᠠᠯᠲᠠ ᠶᠢᠨ ᠰᠤᠳᠤᠴᠤᠳ ᠤᠨ ᠤᠷᠢᠯᠭ᠎ᠠ ᠶᠢᠨ ᠤᠷᠤᠯᠳᠤᠭᠠᠨ ︵2024 ᠣᠨ ᠤ 12 ᠳ᠋ᠤᠭᠠᠷ ᠰᠠᠷ᠎ᠠ ᠶᠢᠨ 15 ᠤ ᠡᠳᠦᠷ ᠠᠴᠠ 17 ᠤ ᠡᠳᠦᠷ ᠪᠣᠯᠲᠠᠯ᠎ᠠ᠂ ᠬᠥᠯᠥᠨ ᠪᠤᠶᠢᠷ ᠬᠤᠲᠠ︶ 5. 2024 ︱2025 ᠤᠷᠤᠯᠳᠤᠭᠠᠨ ᠤ ᠤᠯᠠᠷᠢᠯ ᠤᠨ ᠣᠯᠠᠨ ᠤᠯᠤᠰ ᠤᠨ ᠴᠠᠰᠤᠨ ᠤ ᠬᠤᠯᠪᠣᠭᠠᠨ ᠤ ᠴᠢᠯᠦᠭᠡᠲᠦ ᠮᠠᠶ᠋ᠢᠭ ᠤᠨ ᠴᠠᠨᠠᠯᠠᠬᠤ ᠤᠷᠠᠨ ᠮᠡᠷᠭᠡᠵᠢᠯ  ᠤᠨ ᠠᠽᠢᠶ᠎ᠠ ᠬᠤᠨᠳᠠᠭᠠᠲᠤ ᠤᠷᠤᠯᠳᠤᠭᠠᠨ  ᠤ ᠳᠤᠮᠳᠠᠳᠤ ᠤᠯᠤᠰ ᠤᠨ ᠷᠠᠰᠢᠶᠠᠨ ᠥᠷᠲᠡᠭᠡ ︵2024 ᠣᠨ ᠤ 12 ᠳ᠋ᠤᠭᠠᠷ ᠰᠠᠷ᠎ᠠ ᠶᠢᠨ ᠳᠤᠮᠳᠠᠴᠢ ᠪᠠᠷ᠂ ᠬᠢᠩᠭᠠᠨ ᠠᠶᠢᠮᠠᠭ ᠤᠨ ᠷᠠᠰᠢᠶᠠᠨ ᠬᠤᠳᠠ︶ 6. ︽ᠰᠡᠳᠬᠢᠯ ᠨᠢᠭᠡ ᠵᠦᠭ ᠨᠢᠭᠡ ᡻ ᠪᠡᠶ᠎ᠡ ᠶᠢᠨ ᠲᠠᠮᠢᠷ ᠤᠨ ᠤᠮᠠᠷᠠᠲᠤ ᠬᠢᠯᠢ︾ ᠳᠤᠮᠳᠠᠳᠤ ᠮᠣᠩᠭᠤᠯ ᠣᠷᠣᠰ ᠤᠨ ᠣᠯᠠᠨ ᠤᠯᠤᠰ ᠤᠨ ᠴᠡᠨᠡᠯᠡᠯᠲᠡ ᠶᠢᠨ ᠤᠷᠢᠯᠭ᠎ᠠ  ᠶᠢᠨ ᠤᠷᠤᠯᠳᠤᠭᠠᠨ ︵2024 ᠣᠨ ᠤ 12 ᠳ᠋ᠤᠭᠠᠷ ᠰᠠᠷ᠎ᠠ ᠳᠤ᠂ ᠤᠯᠠᠭᠠᠨᠴᠠᠪ ᠬᠤᠲᠠ ᠶᠢᠨ ᠳ᠋ᠠᠢ ᠬᠠᠢ ᠨᠠᠭᠤᠷ ᠤᠨ ᠴᠠᠨᠠᠯᠠᠬᠤ ᠲᠠᠯᠠᠪᠠᠶ︶ 7. 2025 ᠬᠥᠬᠡᠬᠤᠲᠠ ᠶᠢᠨ ᠣᠯᠠᠨ ᠤᠯᠤᠰ ᠤᠨ ᠵᠠᠯᠠᠭᠤᠴᠤᠳ ᠪᠠᠭᠠᠴᠤᠳ ᠤᠨ ᠮᠥᠰᠥᠨ ᠪᠥᠮᠪᠦᠭᠡ ᠶᠢᠨ ᠤᠷᠢᠯᠭ᠎ᠠ ᠶᠢᠨ ᠤᠷᠤᠯᠳᠤᠭᠠᠨ ︵2025 ᠣᠨ ᠤ 1 ᠳ᠋ᠤᠭᠡᠷ ᠰᠠᠷ᠎ᠠ ᠶᠢᠨ 15 ᠤ ᠡᠳᠦᠷ ᠠᠴᠠ 19 ᠤ ᠡᠳᠦᠷ ᠪᠣᠯᠲᠠᠯ᠎ᠠ᠂ ᠬᠥᠬᠡᠬᠤᠲᠠ︶ 8. 2025 ᠬᠥᠬᠡᠬᠤᠲᠠ ᠶᠢᠨ ᠣᠯᠠᠨ ᠤᠯᠤᠰ ᠤᠨ ᠵᠠᠯᠠᠭᠤᠴᠤᠳ ᠪᠠᠭᠠᠴᠤᠳ ᠤᠨ ᠴᠠᠰᠤᠨ ᠳᠡᠭᠡᠷᠡᠬᠢ ᠵᠥᠭᠡᠯᠡᠨ ᠮᠠᠶ᠋ᠢᠭ ᠤᠨ ᠪᠤᠶᠢᠺᠤ ᠪᠥᠮᠪᠦᠭᠡ ᠶᠢᠨ ᠤᠷᠢᠯᠭ᠎ᠠ ᠶᠢᠨ ᠤᠷᠤᠯᠳᠤᠭᠠᠨ ︵2025 ᠣᠨ ᠤ 1 ᠳ᠋ᠤᠭᠡᠷ ᠰᠠᠷ᠎ᠠ ᠶᠢᠨ 15 ᠤ ᠡᠳᠦᠷ ᠠᠴᠠ 19 ᠤ ᠡᠳᠦᠷ ᠪᠣᠯᠲᠠᠯ᠎ᠠ᠂ ᠬᠥᠬᠡᠬᠤᠲᠠ︶ 9. ᠰᠢᠯᠢ ᠶᠢᠨ ᠭᠤᠣᠯ ᠤᠨ ᠣᠯᠠᠨ ᠤᠯᠤᠰ ᠤᠨ ᠮᠥᠰᠥᠨ ᠳᠡᠭᠡᠷᠡᠬᠢ ᠯᠤᠤᠲᠤ ᠣᠩᠭᠤᠴᠠᠨ ᠤ ᠤᠷᠢᠯᠭ᠎ᠠ  ᠶᠢᠨ ᠤᠷᠤᠯᠳᠤᠭᠠᠨ ︵2025 ᠣᠨ ᠤ 1 ᠳ᠋ᠤᠭᠡᠷ ᠰᠠᠷ᠎ᠠ ᠶᠢᠨ 20 ᠤ ᠡᠳᠦᠷ ᠠᠴᠠ 22 ᠤᠨ ᠡᠳᠦᠷ ᠪᠣᠯᠲᠠᠯ᠎ᠠ᠂ ᠰᠢᠯᠢ ᠶᠢᠨ ᠭᠤᠣᠯ ᠠᠶᠢᠮᠠᠭ︶ 10. ᠠᠷᠪᠠᠨ ᠨᠢᠭᠡᠳᠦᠭᠡᠷ ᠬᠤᠭᠤᠴᠠᠭᠠᠨ ᠤ ᠪᠦᠬᠦ ᠤᠯᠤᠰ ᠤᠨ ᠣᠯᠠᠨ ᠨᠡᠶᠢᠲᠡ ᠶᠢᠨ ᠮᠥᠰᠥ ᠴᠠᠰᠤᠨ ᠤ ᠤᠯᠠᠷᠢᠯ ᠤᠨ ᠲᠦᠷᠭᠡᠨ ᠲᠡᠰᠢᠯᠲᠡ ᠶᠢᠨ ᠮᠠᠷᠠᠰᠤᠨ ᠤ ᠰᠢᠷᠢᠰ ᠤᠷᠤᠯᠳᠤᠭᠠᠨ ︵ᠪᠤᠭᠤᠲᠤ ᠥᠷᠲᠡᠭᠡ︶ ︵2024 ᠣᠨ ᠤ 12 ᠳ᠋ᠤᠭᠠᠷ ᠰᠠᠷ᠎ᠠ ᠳᠤ᠂ ᠪᠤᠭᠤᠲᠤ ᠬᠤᠳᠠ︶ 11. 2025 ᠣᠨ ᠤ ᠪᠦᠬᠦ ᠤᠯᠤᠰ ᠤᠨ ᠣᠶᠢᠷ᠎ᠠ ᠵᠠᠮ ᠤᠨ ᠲᠦᠷᠭᠡᠨ ᠲᠡᠰᠢᠯᠲᠡ ᠶᠢᠨ ᠵᠠᠯᠠᠭᠤᠴᠤᠳ ᠪᠠᠭᠠᠴᠤᠳ ᠤᠨ ᠮᠠᠩᠯᠠᠢ ᠰᠢᠯᠭᠠᠷᠠᠭᠤᠯᠬᠤ ᠤᠷᠤᠯᠳᠤᠭᠠᠨ ︵2025 ᠣᠨ ᠤ 1 ᠳ᠋ᠤᠭᠡᠷ ᠰᠠᠷ᠎ᠠ ᠳᠤ᠂ ᠬᠥᠬᠡᠬᠤᠲᠠ︶ 12. ᠠᠷᠪᠠᠨ ᠨᠢᠭᠡᠳᠦᠭᠡᠷ ᠬᠤᠭᠤᠴᠠᠭᠠᠨ ᠤ ᠪᠦᠬᠦ ᠤᠯᠤᠰ ᠤᠨ ᠣᠯᠠᠨ ᠲᠦᠮᠡᠨ ᠤ ᠮᠥᠰᠥ ᠴᠠᠰᠤᠨ ᠤ ᠤᠯᠠᠷᠢᠯ ᠵᠢᠴᠢ ᠰᠢᠨ᠎ᠡ ᠬᠤᠲᠠ ᠲᠣᠭᠤᠷᠢᠭ ᠤᠨ ᠮᠥᠰᠥ ᠴᠠᠰᠤᠨ ᠤ ᠨᠠᠶᠢᠷ ︵2025 ᠣᠨ ᠤ 1 ᠳ᠋ᠤᠭᠡᠷ ᠰᠠᠷ᠎ᠠ ᠳᠤ᠂ ᠬᠥᠬᠡᠬᠤᠲᠠ︶ 13. ᠢᠮᠢᠨ ᠭᠤᠣᠯ ᠢ ᠲᠣᠭᠤᠷᠢᠭᠰᠠᠨ ᠪᠦᠬᠦ ᠤᠯᠤᠰ ᠤᠨ ᠲᠦᠷᠭᠡᠨ ᠲᠡᠰᠢᠯᠲᠡ ᠶᠢᠨ ᠮᠠᠷᠠᠰᠤᠨ ᠤ ᠥᠷᠢᠰᠦᠯᠳᠦᠭᠡᠨ ᠤ ᠤᠷᠤᠯᠳᠤᠭᠠᠨ ︵2025 ᠣᠨ ᠤ 1 ᠳ᠋ᠤᠭᠡᠷ ᠰᠠᠷ᠎ᠠ ᠳᠤ᠂ ᠬᠥᠯᠥᠨ ᠪᠤᠶᠢᠷ ᠬᠤᠲᠠ︶ 14. 2024 ︱ ᡺2025 ᠤᠷᠤᠯᠳᠤᠭᠠᠨ ᠤ ᠤᠯᠠᠷᠢᠯ ᠤᠨ ᠪᠦᠬᠦ ᠤᠯᠤᠰ ᠤᠨ ᠮᠥᠰᠥᠨ ᠳᠡᠪᠦᠷ᠎ᠡ ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ ︵2025 ᠣᠨ ᠤ 5 ᠳ᠋ᠤᠭᠠᠷ ᠰᠠᠷ᠎ᠠ ᠳᠤ᠂ ᠬᠥᠯᠥᠨ ᠪᠤᠶᠢᠷ ᠬᠤᠳᠠ︶ 15. ᠪᠦᠬᠦ ᠤᠯᠤᠰ ᠤᠨ ᠮᠥᠰᠥᠨ ᠳᠡᠭᠡᠷᠡᠬᠢ ᠯᠤᠤᠲᠤ ᠣᠩᠭᠤᠴᠠᠨ ᠤ ᠥᠨᠳᠥᠷ ᠳᠡᠰ ᠤᠨ ᠬᠤᠯᠪᠣᠭᠠᠲᠤ ᠤᠷᠤᠯᠳᠤᠭᠠᠨ ᠤ ᠰᠢᠢᠳᠪᠦᠷᠢᠲᠦ ᠤᠷᠤᠯᠳᠤᠭᠠᠨ ︵2025 ᠣᠨ ᠤ 1 ᠳ᠋ᠤᠭᠡᠷ ᠰᠠᠷ᠎ᠠ ᠶᠢᠨ 20 ᠤ ᠡᠳᠦᠷ ᠠᠴᠠ 22 ᠤᠨ ᠡᠳᠦᠷ ᠪᠣᠯᠲᠠᠯ᠎ᠠ᠂ ᠰᠢᠯᠢ ᠶᠢᠨ ᠭᠤᠣᠯ ᠠᠶᠢᠮᠠᠭ ᠤᠨ ᠳᠣᠯᠣᠨ ᠨᠠᠭᠤᠷ ᠰᠢᠶᠠᠨ︶ 16. ᠪᠦᠬᠦ ᠤᠯᠤᠰ ᠤᠨ ᠡᠪᠦᠯ ᠤᠨ ᠤᠯᠠᠷᠢᠯ ᠤᠨ ᠬᠤᠶᠠᠷ ᠵᠦᠢᠯ ᠤᠨ ᠮᠠᠩᠯᠠᠢ ᠰᠢᠯᠭᠠᠷᠠᠭᠤᠯᠬᠤ ᠤᠷᠤᠯᠳᠤᠭᠠᠨ ︵2025 ᠣᠨ ᠤ 3 ᠳ᠋ᠤᠭᠠᠷ ᠰᠠᠷ᠎ᠠ ᠶᠢᠨ 1 ᠤ ᠡᠳᠦᠷ᠂ ᠤᠯᠠᠭᠠᠨᠴᠠᠪ ᠬᠤᠲᠠ ᠶᠢᠨ ᠯᠢᠶᠡᠩᠴᠧᠩ︶ 17. ᠪᠦᠬᠦ ᠤᠯᠤᠰ ᠤᠨ ᠮᠥᠰᠥᠨ ᠳᠡᠭᠡᠷᠡᠬᠢ ᠯᠤᠤᠲᠤ ᠣᠩᠭᠤᠴᠠᠨ ᠤ ᠤᠷᠤᠯᠳᠤᠭᠠᠨ ᠤ ᠤᠷᠢᠯᠭ᠎ᠠ ᠶᠢᠨ ᠤᠷᠤᠯᠳᠤᠭᠠᠨ ︵2024 ᠣᠨ ᠤ 12 ᠳ᠋ᠤᠭᠠᠷ ᠰᠠᠷ᠎ᠠ ᠳᠤ᠂ ᠬᠥᠬᠡᠬᠤᠲᠠ︶ 18. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠰᠦᠷᠯᠢᠭ ᠰᠠᠶᠢᠬᠠᠨ ᠤᠮᠠᠷᠠᠲᠤ ᠬᠢᠯᠢ ᠬᠤᠨᠳᠠᠭᠠᠲᠤ︾ ᠮᠥᠰᠥᠨ ᠪᠥᠮᠪᠦᠭᠡ ᠶᠢᠨ ᠬᠤᠯᠪᠣᠭᠠᠲᠤ ᠤᠷᠤᠯᠳᠤᠭᠠᠨ ︵2025 ᠣᠨ ᠤ 1 ᠳ᠋ᠤᠭᠡᠷ ᠰᠠᠷ᠎ᠠ ᠶᠢᠨ 3 ᠤ ᠡᠳᠦᠷ ᠠᠴᠠ 8 ᠤ ᠡᠳᠦᠷ ᠪᠣᠯᠲᠠᠯ᠎ᠠ᠂ ᠬᠥᠯᠥᠨ ᠪᠤᠶᠢᠷ ᠬᠤᠲᠠ︶ 19. ︽ᠦᠵᠡᠰᠬᠦᠯᠡᠩᠲᠦ ᠰᠠᠶᠢᠬᠠᠨ ᠥᠪᠥᠷ ᠮᠣᠩᠭᠤᠯ ᠮᠥᠰᠥ ᠴᠠᠰᠤᠨ ᠤ ᠨᠠᠭᠠᠳᠤᠮ︾ ᠭᠤᠣᠯ ᠰᠡᠳᠦᠪᠲᠦ ᠰᠢᠷᠢᠰ ᠠᠵᠢᠯᠯᠠᠭ᠎ᠠ ︵2024 ᠣᠨ ᠤ 12 ᠳ᠋ᠤᠭᠠᠷ ᠰᠠᠷ᠎ᠠ ︱ 2025 ᠣᠨ ᠤ 3 ᠳ᠋ᠤᠭᠠᠷ ᠰᠠᠷ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠣᠷᠢᠨ ᠤᠷᠤᠯᠳᠤᠭᠠᠨ ᠤ ᠲᠠᠯᠠᠪᠠᠢ︶ 20. 2025 ᠣᠨ ᠤ ᠴᠠᠰᠤᠲᠤ ᠭᠠᠵᠠᠷ ᠤᠨ ᠬᠥᠯ ᠪᠥᠮᠪᠦᠭᠡ ᠶᠢᠨ ᠥᠨᠳᠥᠷ ᠳᠡᠰ ᠤᠨ ᠬᠤᠯᠪᠣᠭᠠᠲᠤ ᠤᠷᠤᠯᠳᠤᠭᠠᠨ ︵2024 ᠣᠨ ᠤ 12 ᠳ᠋ᠤᠭᠠᠷ ᠰᠠᠷ᠎ᠠ ᠶᠢᠨ ᠰᠡᠭᠦᠯᠴᠢ ᠪᠠᠷ᠂ ᠷᠠᠰᠢᠶᠠᠨ ᠬᠤᠳᠠ︶ ᠡᠯ᠎ᠡ ᠠᠶᠢᠮᠠᠭ ᠬᠤᠲᠠ ᠶᠢᠨ ᠪᠡᠶ᠎ᠡ ᠶᠢᠨ ᠲᠠᠮᠢᠷ᠂ ᠰᠣᠶᠣᠯ ᠪᠠ ᠵᠢᠭᠤᠯᠴᠢᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ︽ᠤᠷᠤᠯᠳᠤᠭᠠᠨ ᠢ ᠳᠠᠭᠠᠵᠤ ᠵᠢᠭᠤᠯᠴᠢᠯᠠᠬᠤ ᠪᠠᠷ ᠶᠠᠪᠤᠶ᠎ᠠ︾  ᠶᠢᠨ ᠬᠡᠷᠡᠭᠯᠡᠭᠡ ᠶᠢ ᠠᠬᠢᠭᠤᠯᠬᠤ ᠰᠢᠷᠢᠰ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠤᠷᠤᠯᠳᠤᠭᠠᠨ ᠤ ᠣᠨᠴᠠᠯᠢᠭ ᠲᠠᠢ ᠤᠶᠠᠯᠳᠤᠭᠤᠯᠤᠨ᠂ ᠰᠣᠶᠣᠯ ᠪᠡᠶ᠎ᠡ ᠶᠢᠨ ᠲᠠᠮᠢᠷ  ᠪᠠ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠭᠦᠨᠵᠡᠭᠡᠢ ᠠᠬᠢᠭᠤᠯᠬᠤ ᠬᠡᠷᠡᠭᠲᠡᠢ᠃ ᠪᠡᠶ᠎ᠡ ᠶᠢᠨ ᠲᠠᠮᠢᠷ ᠤᠨ ᠠᠵᠤ ᠠᠬᠤᠶᠢᠯᠠᠯ ᠵᠢᠴᠢ ᠵᠢᠭᠤᠯᠴᠢᠯᠠᠯ ᠤᠨ ᠦᠵᠡᠮᠵᠢ ᠶᠢᠨ ᠣᠷᠣᠨ᠂ ᠵᠢᠭᠤᠯᠴᠢᠯᠠᠯ ᠠᠮᠠᠷᠠᠯᠲᠠ ᠶᠢᠨ ᠣᠷᠣᠨ᠂ ᠰᠥᠨᠢ ᠶᠢᠨ ᠰᠣᠶᠣᠯ ᠪᠠ ᠵᠢᠭᠤᠯᠴᠢᠯᠠᠯ ᠤᠨ ᠬᠡᠷᠡᠭᠯᠡᠭᠡᠨ ᠤ ᠲᠥᠪᠯᠡᠷᠡᠭᠰᠡᠨ ᠣᠷᠣᠨ ᠵᠡᠷᠭᠡ ᠰᠣᠶᠣᠯ ᠪᠠ ᠵᠢᠭᠤᠯᠴᠢᠯᠠᠯ ᠤᠨ ᠠᠬᠤᠢ ᠲᠠᠯᠠᠪᠠᠶ  ᠨᠤᠭᠤᠳ  ᠶᠢᠨ ᠪᠡᠶ᠎ᠡ ᠶᠢᠨ ᠲᠠᠮᠢᠷ ᠤᠨ ᠤᠷᠤᠯᠳᠤᠭᠠᠨ᠂ ᠰᠣᠶᠣᠯ ᠵᠢᠭᠤᠯᠴᠢᠯᠠᠯ ᠤᠨ ᠠᠵᠢᠯᠯᠠᠭᠠᠨ  ᠤ ᠬᠠᠩᠭᠠᠯᠭ᠎ᠠ ᠪᠠᠨ ᠲᠠᠰᠤᠷᠠᠯᠲᠠ ᠦᠭᠡᠢ ᠪᠠᠶᠠᠯᠢᠭᠵᠢᠭᠤᠯᠬᠤ ᠶᠢ ᠵᠣᠷᠢᠭᠵᠢᠭᠤᠯᠤᠨ᠎ᠠ ᠃ ᠪᠡᠶ᠎ᠡ ᠶᠢᠨ ᠲᠠᠮᠢᠷ ᠤᠨ ᠵᠢᠭᠤᠯᠴᠢᠯᠠᠯ ᠳᠤ ᠪᠠᠭ᠋ᠠᠲᠠᠢ ᠬᠥᠮᠥᠰ  ᠤᠨ ᠵᠢᠭᠤᠯᠴᠢᠯᠠᠯ  ᠢᠶᠠᠨ ᠵᠣᠬᠢᠰᠲᠠᠢ ᠲᠣᠬᠢᠷᠠᠭᠤᠯᠵᠤ᠂ ᠤᠷᠤᠯᠳᠤᠭᠠᠨ ᠢ ᠲᠠᠭᠠᠵᠦ ᠵᠢᠭᠤᠯᠴᠢᠯᠠᠬᠤ ᠶᠠᠪᠤᠴᠠ ᠳᠤ ᠠᠮᠤᠷ ᠲᠦᠪᠰᠢᠨ ᠤ ᠤᠬᠠᠮᠰᠠᠷ ᠢᠶᠠᠨ ᠳᠡᠭᠡᠭᠰᠢᠯᠡᠭᠦᠯᠵᠦ᠂ ᠰᠠᠶᠢᠨ ᠰᠠᠶᠢᠬᠠᠨ ᠪᠠᠶᠠᠷ ᠵᠢᠷᠭᠠᠯ ᠲᠠᠢ ᠪᠠᠶᠢᠬᠤ  ᠶᠢ ᠬᠦᠰᠡᠨ ᠢᠷᠦᠭᠡᠶ᠎ᠡ᠃ ᠡᠭᠦᠨ ᠤ ᠲᠤᠯᠠ ᠣᠨᠴᠠᠭᠠᠶᠢᠯᠠᠨ ᠵᠠᠷᠯᠠᠪᠠ᠃ ᠳᠠᠭᠠᠯᠳᠤᠭᠤᠯᠤᠯ᠄ ︽ᠤᠷᠤᠯᠳᠤᠭᠠᠨ ᠢ ᠳᠠᠭᠠᠵᠤ ᠵᠢᠭᠤᠯᠴᠢᠯᠠᠶ᠎ᠠ︾ 2024 ︱ 2025 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠥᠰᠥ ᠴᠠᠰᠤᠨ ᠤ ᠤᠷᠤᠯᠳᠤᠭᠠᠨ ᠤ ᠠᠵᠢᠯᠯᠠᠭ᠎ᠠ ᠶᠢᠨ ᠭᠠᠷᠴᠠᠭ ︵ᠨᠠᠷᠢᠨ ᠪᠠᠶᠢᠳᠠᠯ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠬᠢᠲᠠᠳ ᠬᠡᠯᠡᠨ ᠤ ᠰᠥᠯᠵᠢᠶᠡᠨ  ᠠᠴᠠ ᠦᠵᠡᠭᠡᠷᠡᠢ︶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠥᠪᠥᠷ ᠮᠤᠩᠭᠤᠯ  ᠤᠨ ᠥᠪᠡᠷᠲᠡᠭᠡᠨ ᠵᠠᠰᠠᠬᠤ ᠤᠷᠤᠨ  ᠤ ᠰᠤᠶᠤᠯ ᠪᠠ ᠵᠢᠭᠤᠯᠴᠢᠯᠠᠯ  ᠤᠨ ᠲᠢᠩᠬᠢᠮ 2024 ᠣᠨ ᠤ 11 ᠳ᠋ᠤᠭᠡᠷ ᠰᠠᠷ᠎ᠠ ᠶᠢᠨ 15 ᠤ ᠡᠳᠦᠷ
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ
ᠬᠠᠮᠢᠶ᠎ᠠ ᠪᠥᠬᠦᠢ ᠰᠤᠨᠢᠨ
2014-2015 ©ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号
Baidu
map