ᠳ᠋ᠢᠩ ᠰᠢᠤ ᠹᠧᠩ ᠳ᠋ᠦᠩ ᠾᠧ ᠲᠣᠭᠤᠷᠢᠭ ᠤᠨ ᠰᠠᠨ ᠭᠤᠸᠠᠨ ᠮᠢᠶᠣᠣ ᠲᠡᠦᠬᠡ ᠰᠣᠶᠣᠯ ᠤᠨ ᠵᠡᠭᠡᠯᠢ ᠲᠣᠭᠤᠷᠢᠭ ᠢ ᠲᠥᠯᠥᠪᠵᠢᠭᠦᠯᠦᠨ ᠡᠵᠡᠩᠨᠡᠬᠦ ᠲᠥᠰᠦᠯ ᠤᠨ ᠬᠠᠷᠢᠭᠤ ᠮᠡᠳᠡᠭᠦᠯᠦᠯᠲᠡ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/11/3
10 ᠳ᠋ᠤᠭᠠᠷ ᠰᠠᠷ᠎ᠠ ᠶᠢᠨ 28 ᠤ ᠡᠳᠦᠷ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠳ᠋ᠢᠩ ᠰᠢᠤ ᠹᠧᠩ ᠳ᠋ᠦᠩ ᠾᠧ ᠲᠣᠭᠤᠷᠢᠭ ᠤᠨ ᠰᠠᠨ ᠭᠤᠸᠠᠨ ᠮᠢᠶᠣᠣ ᠲᠡᠦᠬᠡ ᠰᠣᠶᠣᠯ ᠤᠨ ᠵᠡᠭᠡᠯᠢ ᠲᠣᠭᠤᠷᠢᠭ ᠢ ᠲᠥᠯᠥᠪᠵᠢᠭᠦᠯᠦᠨ ᠡᠵᠡᠩᠨᠡᠬᠦ ᠲᠥᠰᠦᠯ ᠤᠨ ᠬᠠᠷᠢᠭᠤ ᠮᠡᠳᠡᠭᠦᠯᠦᠯᠲᠡ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ ᠬᠤᠷᠠᠯ ᠳᠡᠭᠡᠷ᠎ᠡ᠂ ᠳᠤᠮᠳᠠᠳᠤ ᠤᠯᠤᠰ ᠤᠨ ᠪᠠᠷᠢᠯᠭ᠎ᠠ ᠶᠢᠨ ᠵᠢᠷᠤᠭ ᠲᠥᠯᠥᠪᠯᠡᠭᠡ ᠶᠢᠨ ᠰᠣᠳᠤᠯᠤᠯ ᠤᠨ ᠬᠦᠷᠢᠶᠡᠯᠡᠩ ᠤᠨ ᠬᠢᠨ ᠳ᠋ᠦᠩ ᠾᠧ ᠲᠣᠭᠤᠷᠢᠭ ᠤᠨ ᠰᠠᠨ ᠭᠤᠸᠠᠨ ᠮᠢᠶᠣᠤ ᠶᠢᠨ ᠲᠡᠦᠬᠡ ᠰᠣᠶᠣᠯ ᠤᠨ ᠵᠡᠭᠡᠯᠢ ᠲᠣᠭᠤᠷᠢᠭ ᠤᠨ ᠪᠦᠬᠦᠯᠢ ᠴᠣᠭᠴᠠ ᠶᠢᠨ ᠲᠥᠯᠥᠪᠵᠢᠭᠦᠯᠭᠡ ᠡᠵᠡᠩᠨᠡᠯᠲᠡ ᠶᠢᠨ ᠲᠥᠰᠦᠯ ᠢ ᠬᠠᠷᠢᠭᠤ ᠮᠡᠳᠡᠭᠦᠯᠵᠦ᠂ ᠬᠤᠷᠠᠯ ᠳᠤ ᠣᠷᠣᠯᠴᠠᠭᠰᠠᠨ ᠬᠤᠳᠠ ᠶᠢᠨ ᠤᠳᠤᠷᠢᠳᠤᠯᠭ᠎ᠠ ᠪᠣᠯᠤᠨ ᠬᠤᠳᠠ ᠶᠢᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠶᠢᠨ ᠬᠠᠷᠢᠭᠤᠴᠠᠯᠭᠠᠲᠠᠨ ᠨᠥᠬᠦᠳ ᠶᠠᠷᠢᠶ᠎ᠠ ᠲᠠᠯᠪᠢᠵᠠᠢ᠃ ᠳ᠋ᠢᠩ ᠰᠢᠤ ᠹᠧᠩ ᠲᠦᠷᠦᠯ ᠵᠦᠢᠯ ᠤᠨ ᠲᠥᠯᠥᠪᠵᠢᠭᠦᠯᠭᠡ ᠵᠢᠷᠤᠭ ᠲᠥᠯᠥᠪᠯᠡᠭᠡ ᠶᠢᠨ ᠠᠵᠢᠯ ᠢ ᠨᠤᠲᠠᠯᠠᠪᠠ᠃ ᠲᠡᠷᠡ᠂ ᠪᠤᠭᠤᠲᠤ ᠪᠣᠯ ︽ᠪᠠᠷᠠᠭᠤᠨᠰᠢ ᠨᠡᠭᠦᠳᠡᠯᠯᠡᠭᠰᠡᠨ︾ ᠲᠡᠦᠬᠡ ᠰᠣᠶᠣᠯ ᠤᠨ ᠴᠢᠬᠤᠯᠠ ᠠᠴᠢᠶᠠᠯᠠᠪᠤᠷᠢ ᠶᠢᠨ ᠭᠠᠵᠠᠷ ᠪᠣᠯᠤᠨ᠎ᠠ᠃ ᠬᠠᠭᠤᠴᠢᠨ ᠪᠤᠭᠤᠲᠤ ᠶᠢᠨ ︽ᠪᠠᠷᠠᠭᠤᠨᠰᠢ ᠨᠡᠭᠦᠳᠡᠯᠯᠡᠭᠰᠡᠨ︾ ᠲᠡᠦᠬᠡᠨ ᠳᠠᠬᠢ ᠴᠢᠬᠤᠯᠠ ᠦᠢᠯᠡᠳᠦᠯ ᠢ ᠭᠦᠨᠵᠡᠭᠡᠢ ᠠᠭᠤᠳᠠᠯᠵᠤ᠂ ᠲᠡᠦᠬᠡ ᠶᠢᠨ ᠪᠠᠷᠢᠯᠭ᠎ᠠ ᠶᠢᠨ ᠠᠷᠤ ᠳᠠᠬᠢ ᠬᠥᠮᠦᠰ ᠤᠨ ᠦᠯᠢᠭᠡᠷ ᠢ ᠠᠮᠢᠳᠤᠯᠢᠭ ᠢᠶᠠᠷ ᠰᠠᠶᠢᠲᠤᠷ ᠶᠠᠷᠢᠵᠤ᠂ ᠡᠯᠪᠡᠭ ᠪᠠᠶᠠᠯᠢᠭ ᠰᠣᠶᠣᠯ ᠤᠨ ᠠᠭᠤᠯᠤᠭᠳᠠᠬᠤᠨ ᠢ ᠰᠠᠨ ᠭᠤᠸᠠᠨ ᠮᠢᠶᠣᠤ ᠶᠢᠨ ᠲᠡᠦᠬᠡ ᠰᠣᠶᠣᠯ ᠤᠨ ᠵᠡᠭᠡᠯᠢ ᠲᠣᠭᠤᠷᠢᠭ ᠢ ᠲᠥᠯᠥᠪᠵᠢᠭᠦᠯᠦᠨ ᠡᠵᠡᠩᠨᠡᠬᠦ ᠭᠤᠭᠴᠤᠭ᠎ᠠ ᠨᠢᠭᠡᠪᠦᠷᠢ᠂ ᠨᠠᠷᠢᠨ ᠵᠦᠢᠯᠡᠰ ᠨᠢᠭᠡᠪᠦᠷᠢ ᠳᠤ ᠳᠦᠷᠰᠦᠯᠢᠭ ᠢᠶᠠᠷ ᠢᠯᠡᠷᠡᠭᠦᠯᠵᠦ᠂ ᠢᠯᠡ ᠲᠣᠳᠣ ᠢᠯᠭᠠᠬᠤ ᠲᠡᠮᠳᠡᠭ ᠪᠣᠯᠤᠨ ᠥᠷᠭᠡᠨ ᠳᠡᠯᠭᠡᠷ ᠨᠥᠯᠥᠭᠡᠯᠡᠬᠦ ᠬᠦᠴᠦᠨ ᠲᠠᠢ ︽ ᠬᠠᠭᠤᠴᠢᠨ ᠪᠤᠭᠤᠲᠤ ᠶᠢᠨ ᠪᠠᠷᠠᠭᠤᠨᠰᠢ ᠨᠡᠭᠦᠳᠡᠯᠯᠡᠭᠰᠡᠨ ᠲᠡᠦᠬᠡ ᠰᠣᠶᠣᠯ ᠤᠨ ᠵᠡᠭᠡᠯᠢ ᠲᠣᠭᠤᠷᠢᠭ︾ ᠢ ᠨᠠᠷᠢᠨ ᠨᠢᠮᠪᠠᠢ ᠴᠣᠭᠴᠠᠯᠠᠬᠤ ᠬᠡᠷᠡᠭᠲᠡᠢ᠃ ᠬᠠᠮᠠᠭᠠᠯᠠᠬᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠶᠡᠭᠡ ᠪᠠᠷ ᠨᠤᠷᠠᠭᠠᠵᠤ ᠶᠡᠭᠡ ᠪᠠᠷ ᠪᠠᠶᠢᠭᠤᠯᠬᠤ ᠦᠭᠡᠢ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠪᠠ ᠲᠡᠦᠬᠡ ᠰᠣᠶᠣᠯ ᠤᠨ ᠵᠡᠭᠡᠯᠢ ᠲᠣᠭᠤᠷᠢᠭ ᠤᠨ ᠬᠠᠮᠢᠶ᠎ᠠ ᠪᠦᠬᠦᠢ ᠬᠠᠮᠢᠶᠠᠷᠤᠯᠲᠠ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠵᠤ᠂ ︽ᠪᠦᠬᠦᠯᠢ ᠴᠣᠭᠴᠠ ᠪᠠᠷ ᠲᠥᠯᠥᠪᠵᠢᠭᠦᠯᠬᠦ᠂ ᠠᠯᠬᠤᠮ ᠬᠤᠪᠢᠶᠠᠨ ᠬᠡᠷᠡᠭᠵᠢᠭᠦᠯᠬᠦ᠂ ᠬᠠᠮᠤᠭ ᠤᠨ ᠪᠠᠭ᠎ᠠ ᠭᠠᠷ ᠲᠦᠷᠦᠭᠦ᠂ ᠬᠠᠮᠤᠭ ᠤᠨ ᠪᠠᠭ᠎ᠠ ᠪᠡᠯᠡ ᠣᠷᠣᠭᠤᠯᠬᠤ︾ ᠵᠠᠷᠴᠢᠮ ᠶᠣᠰᠣᠭᠠᠷ᠂ ᠲᠦᠭᠦᠷᠵᠢᠭᠦᠯᠬᠦ ᠰᠠᠭᠤᠷᠢ ᠲᠥᠬᠦᠭᠡᠷᠦᠮᠵᠢ ᠶᠢ ᠲᠥᠪᠯᠡᠷᠡᠭᠦᠯᠦᠨ ᠡᠷᠴᠢᠮᠵᠢᠭᠦᠯᠵᠦ᠂ ᠰᠢᠨᠵᠢᠯᠡᠬᠦ ᠤᠬᠠᠭᠠᠨᠴᠢ ᠪᠠᠷ ᠪᠠᠶᠢᠷᠢᠰᠢᠭᠤᠯᠤᠨ ᠲᠡᠭᠦᠯᠳᠡᠷᠵᠢᠭᠦᠯᠵᠦ᠂ ᠤᠰᠤ ᠴᠠᠬᠢᠯᠭᠠᠨ ᠤ ᠬᠤᠭᠤᠯᠠᠢ ᠲᠣᠣᠷ ᠵᠡᠷᠭᠡ ᠶᠢ ᠥᠭᠡᠷᠡᠴᠢᠯᠡᠨ ᠳᠡᠭᠡᠭᠰᠢᠯᠡᠭᠦᠯᠬᠦ ᠠᠵᠢᠯ ᠢ ᠰᠠᠶᠢᠲᠤᠷ ᠬᠢᠵᠦ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠪᠠᠷᠢᠯᠭ᠎ᠠ ᠶᠢ ᠬᠠᠮᠠᠭᠠᠯᠠᠨ ᠠᠰᠢᠭᠯᠠᠬᠤ ᠰᠢᠨ᠎ᠡ ᠵᠠᠭᠪᠤᠷ ᠢ ᠢᠳᠡᠪᠬᠢᠲᠡᠢ ᠰᠦᠪᠡᠭᠴᠢᠯᠡᠬᠦ ᠬᠡᠷᠡᠭᠲᠡᠢ᠃ ᠵᠠᠬ᠎ᠠ ᠳᠡᠯᠭᠡᠭᠦᠷ ᠤᠨ ᠰᠡᠳᠬᠢᠬᠦᠶ ᠪᠠᠨ ᠴᠢᠩᠭᠠᠳᠬᠠᠵᠤ᠂ ᠡᠵᠡᠩᠨᠡᠯᠲᠡ ᠬᠠᠮᠢᠶᠠᠷᠤᠯᠲᠠ ᠶᠢ ᠭᠤᠤᠯᠳᠠᠯᠭ᠎ᠠ ᠶᠢᠨ ᠳᠣᠲᠣᠷᠠᠬᠢ ᠭᠤᠤᠯᠳᠠᠯᠭ᠎ᠠ ᠪᠣᠯᠭᠠᠵᠤ᠂ ᠰᠢᠭᠢᠳᠦᠨ ᠣᠷᠤᠵᠤ ᠪᠣᠯᠬᠤᠶᠢᠴᠠ ᠦᠷᠭᠦᠯᠵᠢᠯᠡᠬᠦ᠋ᠢᠴᠡ ᠬᠤᠳᠠᠯᠳᠤᠭᠠᠨ ᠤ ᠡᠵᠡᠩᠨᠡᠯᠲᠡ ᠶᠢᠨ ᠬᠡᠯᠪᠡᠷᠢ ᠪᠠᠶᠢᠳᠠᠯ ᠢᠶᠠᠨ ᠲᠠᠰᠤᠷᠠᠯᠲᠠ ᠥᠬᠡᠶ ᠪᠠᠶᠠᠯᠢᠭᠵᠢᠭᠤᠯᠵᠤ᠂ ᠡᠷᠬᠢᠨ ᠲᠣᠭᠤᠷᠢᠨ ᠤ ᠣᠷᠣᠨ ᠪᠦᠰᠡ ᠶᠢᠨ ᠲᠡᠤᠬᠡ ᠰᠣᠶᠣᠯ ᠤᠨ ᠡᠬᠢ ᠪᠠᠶᠠᠯᠢᠭ ᠢ ᠨᠡᠭᠡᠭᠡᠨ ᠠᠰᠢᠭᠯᠠᠬᠤ ᠶᠢ ᠨᠢᠭᠡᠳᠦᠯᠲᠡᠶ ᠲᠥᠯᠥᠪᠵᠢᠭᠦᠯᠦᠨ ᠨᠡᠶᠢᠲᠡ ᠳᠤ ᠨᠢ ᠬᠠᠷᠠᠭᠠᠯᠵᠠᠵᠤ᠂ ︽ᠵᠢᠩᠬᠢᠨᠢ ᠲᠡᠤᠬᠡ ᠶᠢᠨ ᠳᠤᠷᠠᠰᠬᠠᠯᠲᠤ ᠵᠦᠢᠯᠡᠰ᠂ ᠬᠠᠭᠤᠴᠢᠨ ᠴᠠᠭ ᠮᠥᠴᠡ᠂ ᠰᠢᠨ᠎ᠡ ᠬᠡᠷᠡᠭᠯᠡᠭᠡ︾ ᠶᠢᠨ ᠡᠵᠡᠩᠨᠡᠯᠲᠡ ᠶᠢᠨ ᠣᠶᠢᠯᠠᠭᠠᠭᠳᠠᠬᠤᠨ ᠢ ᠢᠯᠡᠷᠡᠭᠦᠯᠵᠦ᠂ ᠵᠤᠭᠠᠴᠠᠭᠰᠠᠳ ᠢ ᠪᠥᠬᠦ ᠣᠷᠣᠨ ᠪᠦᠰᠡ ᠶᠢᠨ ᠨᠢᠭᠡ ᠴᠣᠭᠴᠠᠵᠢᠭᠰᠠᠨ ᠡᠯᠪᠡᠭ ᠪᠠᠶᠠᠯᠢᠭ ᠳᠠᠪᠬᠤᠷᠳᠠᠭᠰᠠᠨ ᠵᠤᠭᠠᠴᠠᠯ ᠤᠨ ᠪᠡᠶᠡᠴᠢᠯᠡᠨ ᠣᠶᠢᠯᠠᠭᠠᠯᠲᠠ ᠲᠠᠢ ᠪᠠᠶᠢᠯᠭᠠᠬᠤ ᠬᠡᠷᠡᠭᠲᠡᠢ᠃ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠳᠠᠷᠤᠯᠲᠠ ᠥᠭᠴᠦ ᠲᠦᠷᠭᠡᠨ ᠠᠵᠢᠯᠯᠠᠵᠤ᠂ ︽ᠰᠢᠢᠳᠪᠦᠷᠢᠯᠡᠭᠳᠡᠬᠦᠢ ᠰᠡᠳᠬᠢᠬᠦᠶ︾ ᠪᠠᠷ ᠬᠦᠴᠢᠷ ᠠᠰᠠᠭᠤᠳᠠᠯ ᠢ ᠰᠢᠢᠳᠪᠦᠷᠢᠯᠡᠵᠦ᠂ 2025 ᠣᠨ ᠤ ᠴᠠᠭᠠᠨ ᠰᠠᠷ᠎ᠠ ᠶᠢᠨ ᠡᠨᠡᠬᠦ ᠵᠠᠩᠭᠢᠯᠠᠭ᠎ᠠ ᠶᠢᠨ ᠴᠡᠭ ᠢ ᠠᠳᠬᠤᠵᠤ᠂ ᠨᠡᠭᠡᠭᠡᠨ ᠠᠰᠢᠭᠯᠠᠵᠤ ᠪᠣᠯᠬᠤ ᠣᠷᠣᠨ ᠪᠦᠰᠡ ᠶᠢ ᠤᠷᠢᠳᠠᠪᠠᠷ ᠬᠢᠵᠦ᠂ ᠲᠡᠮᠡᠴᠡᠨ ᠣᠯᠵᠤ ᠳᠡᠶᠢᠯᠬᠦ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢ ᠭᠦᠢᠴᠡᠳ ᠰᠠᠶᠢᠲᠤᠷ ᠬᠡᠷᠡᠭᠯᠡᠵᠦ᠂ ᠪᠤᠭᠤᠲᠤ ᠶᠢᠨ ᠶᠢᠨ ᠵᠡᠭᠡᠯᠢ ᠶᠢᠨ ᠲᠤᠷᠰᠢᠯᠭ᠎ᠠ ᠠᠷᠭ᠎ᠠ ᠬᠢᠳᠡᠯ ᠢ ᠰᠤᠷᠤᠯᠴᠠᠨ ᠲᠤᠯᠢᠳᠠᠵᠤ᠂ ᠬᠥᠮᠦᠰ ᠤᠨ ᠬᠦᠷᠢᠶᠡᠯᠡᠯ ᠢ ᠦᠷᠭᠦᠯᠵᠢᠯᠡᠨ ᠣᠯᠵᠤ᠂ ᠭᠦᠨ ᠵᠤᠵᠠᠭᠠᠨ ᠰᠣᠶᠣᠯ ᠤᠨ ᠠᠭᠤᠷ ᠠᠮᠢᠰᠬᠤᠯ ᠢ ᠪᠤᠢ ᠪᠣᠯᠭᠠᠵᠤ᠂ ᠪᠦᠬᠦ ᠬᠤᠳᠠ ᠶᠢᠨ ᠰᠣᠶᠣᠯ ᠵᠤᠭᠠᠴᠠᠯ ᠤᠨ ᠬᠡᠷᠡᠭᠯᠡᠭᠡᠨ ᠤ ᠰᠢᠨ᠎ᠡ ᠪᠠᠶᠢᠳᠠᠯ ᠢ ᠪᠤᠢ ᠪᠣᠯᠭᠠᠬᠤ ᠬᠡᠷᠡᠭᠲᠡᠢ ᠭᠡᠪᠡ᠃ ᠬᠤᠲᠠ ᠶᠢᠨ ᠤᠳᠤᠷᠢᠳᠤᠯᠭ᠎ᠠ ᠸᠠᠩ ᠯᠢᠩ᠂ ᠸᠠᠩ ᠷᠦᠢ᠂ ᠯᠢᠶᠠᠨ ᠳ᠋ᠦᠩ᠂ ᠵᠠᠩ ᠪᠢᠨ᠂ ᠯᠢᠦ ᠶᠦᠩ ᠰᠢᠶᠠᠩ᠂ ᠬᠤᠲᠠ ᠶᠢᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠨᠢᠭᠡᠴᠢ ᠶᠢᠨ ᠬᠠᠷᠢᠭᠤᠴᠠᠯᠭᠠᠲᠠᠨ ᠨᠥᠬᠦᠳ ᠣᠷᠣᠯᠴᠠᠵᠠᠶ᠃
ᠢᠷᠡᠯᠲᠡ᠄ ᠪᠤᠭᠤᠲᠤ ᠶᠢᠨ ᠡᠳᠦᠷ ᠤᠨ ᠰᠣᠨᠢᠨ
ᠬᠠᠮᠢᠶ᠎ᠠ ᠪᠥᠬᠦᠢ ᠰᠤᠨᠢᠨ
2014-2015 ©ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号
Baidu
map