|
|
|
11 ᠰᠠᠷ᠎ᠠ ᠶᠢᠨ 26 ᠤ ᠡᠳᠦᠷ᠂ ︽ᠲᠠᠭᠤᠲᠤ ᠥᠪᠥᠷ ᠮᠣᠩᠭᠤᠯ · ᠮᠥᠰᠥ ᠴᠠᠰᠤᠨ ᠤ ᠨᠠᠶᠢᠷ · ᠪᠠᠷᠠᠭᠤᠨ |
ᠣᠷᠣᠨ ᠤ ᠥᠪᠡᠷ ᠢᠶᠠᠨ ᠲᠡᠷᠭᠡ ᠵᠢᠯᠣᠭᠤᠳᠤᠨ ᠵᠤᠭᠠᠴᠠᠬᠤ︾ 2024 ᠣᠨ ᠤ ᠪᠠᠶᠠᠨᠨᠠᠭᠤᠷ — ᠦᠬᠠᠢ — |
ᠠᠯᠠᠱᠠ ᠭᠤᠷᠪᠠᠨ ᠠᠶᠢᠮᠠᠭ ᠬᠤᠳᠠ ᠶᠢᠨ ᠡᠪᠦᠯ ᠤᠨ ᠤᠯᠠᠷᠢᠯ ᠤᠨ ᠵᠢᠭᠤᠯᠴᠢᠯᠠᠯ ᠤᠨ ︵ᠪᠡᠭᠡᠵᠢᠩ︶ ᠲᠠᠨᠢᠯᠴᠠᠭᠤᠯᠭ᠎ᠠ |
ᠶᠢᠨ ᠬᠤᠷᠠᠯ ᠪᠡᠭᠡᠵᠢᠩ ᠳᠤ ᠬᠤᠷᠠᠯᠳᠤᠪᠠ᠃ ᠲᠠᠨᠢᠯᠴᠠᠭᠤᠯᠭ᠎ᠠ ᠶᠢᠨ ᠬᠤᠷᠠᠯ ᠤᠨ ᠠᠬᠤᠶ ᠲᠠᠯᠠᠪᠠᠶ ᠳᠤ ᠭᠤᠷᠪᠠᠨ |
ᠠᠶᠢᠮᠠᠭ ᠬᠤᠲᠠ ᠶᠢᠨ ᠮᠥᠰᠥ ᠴᠠᠰᠤᠨ ᠤ ᠵᠢᠭᠤᠯᠴᠢᠯᠠᠯ ᠤᠨ ᠬᠢᠯᠠᠰ ᠴᠢᠭ ᠢᠶᠠᠷ ᠭᠤᠤᠯ ᠡᠯᠧᠮᠧᠨ᠋ᠲ ᠪᠣᠯᠭᠠᠵᠤ᠂ |
ᠮᠥᠰᠥ ᠴᠠᠰᠤ᠂ ᠬᠠᠲᠤᠨ ᠭᠤᠤᠯ᠂ ᠣᠷᠳᠣ ᠴᠠᠭᠠᠨ ᠬᠡᠷᠡᠮ᠂ ᠡᠯᠡᠰᠦ ᠮᠠᠩᠬ᠎ᠠ ᠵᠡᠷᠭᠡ ᠶᠢᠨ ᠣᠨᠴᠠᠯᠢᠭ ᠢ ᠠᠭᠤᠰᠬᠠᠨ |
ᠣᠷᠣᠭᠤᠯᠵᠤ᠂ ᠦᠵᠡᠭᠦᠯᠤᠯᠭᠡ ᠶᠢᠨ ᠲᠤᠭᠤᠷᠢᠭ᠂ ᠰᠢᠭᠤᠳ ᠨᠡᠪᠲᠡᠷᠡᠭᠦᠯᠭᠡ ᠶᠢᠨ ᠲᠤᠭᠤᠷᠢᠭ᠂ ᠬᠠᠷᠢᠯᠴᠠᠨ |
ᠦᠢᠯᠡᠳᠦᠯᠴᠡᠵᠦ ᠰᠢᠯᠭᠠᠨ ᠦᠨᠡᠯᠡᠬᠦ ᠲᠤᠭᠤᠷᠢᠭ ᠳᠣᠭᠢᠷᠠᠭᠤᠯᠵᠤ᠂ ᠬᠡᠷᠡᠯ ᠰᠡᠭᠦᠳᠡᠷ ᠤᠨ ᠰᠢᠨᠵᠢᠯᠡᠬᠦ ᠤᠬᠠᠭᠠᠨ |
ᠮᠡᠷᠭᠡᠵᠢᠯ ᠢᠶᠠᠷ ᠬᠦᠨᠵᠡᠭᠡᠢ ᠪᠡᠶᠡᠴᠢᠯᠡᠨ ᠣᠶᠢᠯᠠᠭᠠᠵᠤ᠂ ᠬᠤᠷᠠᠯ ᠳᠤ ᠣᠷᠣᠯᠴᠠᠭᠰᠠᠳ ᠲᠤ ︽ᠲᠠᠭᠤᠲᠤ ᠥᠪᠥᠷ |
ᠮᠣᠩᠭᠤᠯ︾ ᠤᠨ ᠭᠤᠷᠪᠠᠨ ᠠᠶᠢᠮᠠᠭ ᠬᠤᠲᠠ ᠪᠠᠷ ᠵᠤᠭᠠᠴᠠᠵᠤ᠂ ︽ᠪᠠᠶᠠᠰᠬᠤᠯᠠᠩᠲᠤ ᠮᠥᠰᠥ ᠴᠠᠰᠤᠨ ᠤ ᠨᠠᠶᠢᠷ︾ |
ᠤᠨ ᠷᠢᠳᠢ ᠰᠢᠳᠢ ᠶᠢ ᠪᠥᠬᠦ ᠲᠠᠯ᠎ᠠ ᠪᠠᠷ ᠣᠶᠢᠯᠠᠭᠠᠭᠤᠯᠪᠠ᠃ ᠣᠯᠠᠨ ᠲᠠᠨᠢᠯᠴᠠᠭᠤᠯᠤᠭᠴᠢ ᠭᠤᠷᠪᠠᠨ ᠬᠤᠲᠠ ᠶᠢᠨ ︽ |
ᠪᠠᠶᠠᠰᠬᠤᠯᠠᠩᠲᠤ ᠮᠥᠰᠥ ᠴᠠᠰᠤᠨ ᠤ ᠨᠠᠶᠢᠷ︾ ᠤᠨ ᠮᠥᠰᠥ ᠴᠠᠰᠤᠨ ᠤ ᠠᠶᠠᠨ ᠵᠠᠮ ᠪᠠ ᠦᠪᠡᠳᠡᠭᠰᠢ ᠪᠠᠶᠢᠳᠠᠯ ᠳᠤ |
ᠠᠩᠬᠠᠷᠤᠯ ᠢᠶᠠᠨ ᠲᠥᠪᠯᠡᠷᠡᠭᠦᠯᠵᠦ᠂ ᠦᠬᠠᠶ᠂ ᠪᠠᠶᠠᠨᠨᠠᠭᠤᠷ᠂ ᠠᠯᠠᠱᠠ ᠶᠢᠨ ᠭᠤᠷᠪᠠᠨ ᠠᠶᠢᠮᠠᠭ ᠬᠤᠲᠠ ᠶᠢᠨ ᠡᠪᠦᠯ ᠤᠨ |
ᠤᠯᠠᠷᠢᠯ ᠵᠢᠴᠢ ᠪᠥᠬᠦ ᠤᠯᠠᠷᠢᠯ ᠤᠨ ᠡᠯᠪᠡᠭ ᠪᠠᠶᠠᠯᠢᠭ ᠵᠢᠭᠤᠯᠴᠢᠯᠠᠯ ᠠᠮᠠᠷᠠᠯᠲᠠ ᠶᠢᠨ ᠡᠬᠢ ᠪᠠᠶᠠᠯᠢᠭ᠂ ᠭᠤᠷᠪᠠᠨ |
ᠠᠶᠢᠮᠠᠭ ᠬᠤᠲᠠ ᠶᠢᠨ ᠰᠢᠵᠢᠷ ᠠᠯᠲᠠᠨ ᠵᠠᠮ ᠱᠤᠭᠤᠮ᠂ ᠮᠥᠰᠥ ᠴᠠᠰᠤᠨ ᠤ ᠭᠤᠤᠯ ᠰᠡᠳᠦᠪᠲᠦ ᠪᠠᠶᠠᠷ |
ᠳᠤᠷᠠᠰᠬᠠᠯ ᠤᠨ ᠡᠳᠦᠷ ᠵᠡᠷᠭᠡ ᠠᠭᠤᠯᠭ᠎ᠠ ᠪᠠᠨ ᠲᠠᠨᠢᠯᠴᠠᠭᠤᠯᠵᠤ᠂ ᠥᠷᠭᠡᠨ ᠣᠯᠠᠨ ᠵᠤᠭᠠᠴᠠᠭᠰᠠᠳ ᠢ ᠥᠪᠥᠷ |
ᠮᠣᠩᠭᠤᠯ ᠤᠨ ᠥᠪᠡᠷᠮᠢᠴᠡ ᠷᠢᠳᠢ ᠰᠢᠳᠢ ᠶᠢ ᠪᠡᠶᠡᠴᠢᠯᠡᠨ ᠣᠶᠢᠯᠠᠭᠠᠬᠤ ᠶᠢ ᠴᠢᠩ ᠰᠡᠳᠬᠢᠯ ᠠᠴᠠ ᠪᠠᠨ ᠤᠷᠢᠪᠡ᠃ |
ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠤᠯᠠᠭᠠᠨᠮᠥ᠋ᠴᠢᠷ ᠤᠨ ᠤᠨᠴᠠᠯᠢᠬᠳᠤ ᠲᠣᠭᠯᠠᠯᠲᠠ᠂ ᠦᠨᠳᠦᠰᠦᠲᠡᠨ ᠤ |
ᠬᠤᠪᠴᠠᠰᠤ ᠵᠠᠰᠠᠯ ᠤᠨ ᠪᠣᠳᠠᠰ ᠤᠨ ᠪᠤᠰᠤ ᠰᠣᠶᠣᠯ ᠤᠨ ᠥᠪ ᠤᠨ ᠦᠵᠡᠭᠦᠯᠦᠯᠭᠡ ᠵᠡᠷᠭᠡ ᠲᠣᠭᠯᠠᠯᠲᠠ ᠨᠢ |
ᠦᠵᠡᠭᠴᠢᠳ ᠤᠨ ᠠᠯᠠᠭ᠎ᠠ ᠲᠠᠰᠢᠯᠳᠠ ᠶᠢ ᠲᠠᠰᠤᠷᠠᠯᠳᠠ ᠦᠭᠡᠢ ᠬᠦᠷᠭᠡᠪᠡ᠃ ᠲᠠᠨᠢᠯᠴᠠᠭᠤᠯᠭ᠎ᠠ ᠶᠢᠨ ᠬᠤᠷᠠᠯ ᠳᠡᠭᠡᠷ᠎ᠡ᠂ |
ᠪᠡᠭᠡᠵᠢᠩ ᠬᠤᠲᠠ ᠶᠢᠨ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠬᠢᠭᠡᠳ ᠭᠤᠷᠪᠠᠨ ᠬᠤᠲᠠ ᠶᠢᠨ ᠰᠣᠶᠣᠯ |
ᠵᠢᠭᠤᠯᠴᠢᠯᠠᠯ ᠤᠨ ᠠᠵᠤ ᠠᠬᠤᠶᠢᠯᠠᠯ ᠬᠠᠮᠲᠤ ᠪᠠᠷ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠡᠯᠡᠯᠴᠡᠭᠡᠷ |
ᠲᠣᠭᠲᠠᠵᠤ᠂ ᠲᠠᠭᠤᠲᠤ ᠥᠪᠥᠷ ᠮᠣᠩᠭᠤᠯ · ᠮᠥᠰᠥ ᠴᠠᠰᠤᠨ ᠤ ᠨᠠᠶᠢᠷ · ᠪᠠᠷᠠᠭᠤᠨ ᠣᠷᠣᠨ ᠤ ᠥᠪᠡᠷ ᠢᠶᠠᠨ ᠲᠡᠷᠭᠡ |
ᠵᠤᠭᠠᠴᠠᠬᠤ︾ ᠬᠠᠮᠲᠤᠷᠠᠯᠴᠠᠭ᠎ᠠ ᠶᠢ ᠡᠬᠢᠯᠡᠭᠦᠯᠪᠡ᠃ ᠬᠤᠲᠠ ᠶᠢᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ |
ᠲᠧᠯᠸᠢᠰ ᠤᠨ ᠲᠣᠪᠴᠢᠶᠠᠨ ᠤ ᠳᠡᠳ᠋ ᠳᠠᠷᠤᠭ᠎ᠠ ᠸᠠᠩ ᠸᠧᠨ ᠽᠧ ᠬᠡᠯᠡᠭᠰᠡᠨ ᠨᠢ᠂ ︽ᠥᠨᠥᠳᠦᠷ ᠤᠨ |
ᠲᠠᠨᠢᠯᠴᠠᠭᠤᠯᠭ᠎ᠠ ᠶᠢᠨ ᠬᠤᠷᠠᠯ ᠳᠤ ᠪᠢᠳᠡ ᠭᠤᠷᠪᠠᠨ ᠭᠠᠵᠠᠷ ᠤᠨ ᠵᠢᠭᠤᠯᠴᠢᠯᠠᠯ ᠤᠨ ᠡᠬᠢ ᠪᠠᠶᠠᠯᠢᠭ ᠢᠶᠠᠨ |
ᠲᠠᠨᠢᠯᠴᠠᠭᠤᠯᠵᠤ᠂ ᠭᠤᠷᠪᠠᠨ ᠭᠠᠵᠠᠷ ᠤᠨ ᠥᠪᠡᠰᠦᠪᠡᠨ ᠲᠡᠷᠭᠡ ᠵᠢᠯᠣᠭᠤᠳᠬᠤ ᠵᠢᠭᠤᠯᠴᠢᠯᠠᠯ ᠤᠨ ᠵᠠᠮ ᠱᠤᠭᠤᠮ ᠢ |
ᠨᠡᠶᠢᠲᠡᠯᠡᠵᠦ᠂ ᠭᠤᠷᠪᠠᠨ ᠭᠠᠵᠠᠷ ᠤᠨ ᠪᠣᠳᠠᠰ ᠤᠨ ᠪᠤᠰᠤ ᠰᠣᠶᠣᠯ ᠤᠨ ᠥᠪ ᠤᠨ ᠰᠣᠶᠣᠯ ᠤᠨ ᠡᠭᠦᠳᠦᠯᠲᠡ ᠶᠢᠨ |
ᠪᠦᠲᠦᠭᠡᠭᠳᠡᠬᠦᠨ ᠢᠶᠠᠨ ᠳᠡᠯᠭᠡᠨ ᠦᠵᠡᠭᠦᠯᠵᠦ᠂ ︿ᠥᠪᠥᠷ ᠮᠣᠩᠭᠤᠯ ᠤᠨ ᠪᠠᠷᠠᠭᠤᠨ ᠣᠷᠣᠨ ᠳᠤ ᠥᠪᠡᠰᠦᠪᠡᠨ ᠲᠡᠷᠭᠡ |
ᠵᠢᠯᠣᠭᠤᠳᠤᠨ ᠵᠤᠭᠠᠴᠠᠬᠤ﹀ ᠪᠠ ᠭᠤᠷᠪᠠᠨ ᠠᠶᠢᠮᠠᠭ ᠬᠤᠲᠠ ᠶᠢᠨ ᠡᠪᠦᠯ ᠤᠨ ᠤᠯᠠᠷᠢᠯ ᠤᠨ ᠵᠢᠭᠤᠯᠴᠢᠯᠠᠯ ᠤᠨ ᠨᠠᠷᠠᠲᠤ |
ᠲᠡᠮᠳᠡᠭᠲᠦ ᠶᠢᠨ ᠠᠯᠳᠠᠷᠰᠢᠯ ᠪᠠ ᠨᠥᠯᠥᠭᠡᠯᠡᠬᠦ ᠬᠦᠴᠦᠨ ᠢᠶᠠᠨ ᠪᠦᠲᠦᠮᠵᠢᠲᠡᠶ ᠳᠡᠭᠡᠭᠰᠢᠯᠡᠭᠦᠯᠵᠦ᠂ ᠨᠠᠩ ᠣᠯᠠᠨ |
ᠬᠥᠮᠦᠰ ᠲᠤ ᠦᠬᠠᠶ ᠶᠢ ᠦᠵᠡᠭᠦᠯᠵᠦ᠂ ᠦᠬᠠᠶ ᠳᠤ ᠢᠷᠡᠭᠦᠯᠵᠦ᠂ ᠦᠬᠠᠶ ᠳᠤ ᠬᠠᠶᠢᠷᠠᠲᠠᠶ ᠪᠣᠯᠭᠠᠬᠤ ᠶᠢ ᠬᠦᠰᠡᠵᠦ |
ᠪᠠᠶᠢᠨ᠎ᠠ ᠭᠡᠵᠡᠶ᠃ |
|
|
|
|
|
|
|
|
|
|
|
|
|
|
|
|
|
|
|
|
|
|
|
|
|
᠁ |