| 
                   ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ | 
                   ᠭᠤᠷᠪᠠᠳᠤᠭᠠᠷ ᠪᠥᠬᠦᠳᠡ ᠬᠤᠷᠠᠯᠳᠤᠭᠠᠨ ᠤ ᠵᠣᠷᠢᠭ ᠰᠠᠨᠠᠭᠠ ᠶᠢ ᠪᠥᠬᠦ ᠲᠠᠯᠠ ᠪᠠᠷ ᠲᠤᠭᠤᠰᠢᠯᠠᠭᠤᠯᠵᠤ᠂ ᠪᠥᠬᠦ | 
                   ᠰᠤᠷᠤᠯᠭᠠ ᠶᠢᠨ ᠬᠤᠭᠤᠴᠠᠭᠠᠨ ᠳᠠᠬᠢ ᠰᠣᠷᠣᠭᠴᠢᠳ ᠢ ᠡᠳ᠋ ᠮᠥᠩᠭᠦ ᠪᠠᠷ ᠲᠤᠰᠠᠯᠠᠬᠤ ᠲᠣᠭᠲᠠᠯᠴᠠᠭᠠ ᠶᠢ | 
                   ᠲᠡᠭᠦᠯᠳᠡᠷᠵᠢᠭᠦᠯᠬᠦ ᠶᠢᠨ ᠲᠥᠯᠥᠭᠡ᠂ ᠡᠳ᠋ ᠤᠨ ᠵᠠᠰᠠᠭ ᠤᠨ ᠶᠠᠮᠤᠨ᠂ ᠰᠤᠷᠭᠠᠨ ᠬᠥᠮᠦᠵᠢᠯ ᠤᠨ ᠶᠠᠮᠤᠨ᠂ ᠬᠥᠮᠥᠨ ᠤ | 
                   ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭᠠ ᠶᠢᠨ ᠶᠠᠮᠤᠨ ︽ᠳᠡᠭᠡᠳᠦ ᠵᠡᠷᠭᠡ ᠶᠢᠨ ᠰᠤᠷᠭᠠᠨ | 
                   ᠬᠥᠮᠦᠵᠢᠯ ᠤᠨ ᠱᠠᠲᠤ ᠦᠶᠡ ᠪᠠ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤ ᠦᠶᠡ ᠳᠠᠬᠢ | 
                   ᠤᠯᠤᠰ ᠤᠨ ᠰᠤᠷᠤᠯᠭᠠ ᠶᠢᠨ ᠱᠠᠩᠨᠠᠯ ᠤᠨ ᠮᠥᠩᠭᠦ ᠪᠠ ᠰᠤᠷᠤᠯᠭᠠ ᠶᠢᠨ ᠳᠡᠳᠬᠦᠪᠦᠷᠢ ᠶᠢᠨ ᠮᠥᠩᠭᠦᠨ ᠤ ᠲᠥᠷᠥ ᠶᠢᠨ | 
                   ᠪᠣᠳᠣᠯᠭᠠ ᠳᠤ ᠲᠣᠬᠢᠷᠠᠭᠤᠯᠤᠯᠲᠠ ᠬᠢᠬᠦ ᠲᠤᠬᠠᠢ ᠮᠡᠳᠡᠭᠳᠡᠯ︾ ︵ᠡᠳ᠋ ᠰᠤᠷᠭᠠᠨ ︹2024︺ 181 ᠳ᠋ᠦ᠋ᠭᠡᠷ | 
                   ᠲᠣᠭᠠᠲᠤ᠂ ᠳᠣᠷᠣᠭᠰᠢ ︽ᠮᠡᠳᠡᠭᠳᠡᠯ︾ ᠭᠡᠵᠦ ᠲᠣᠪᠴᠢᠯᠠᠪᠠ︶ ᠢ ᠳᠠᠷᠤᠮᠠᠯᠯᠠᠨ ᠶᠠᠪᠤᠭᠤᠯᠪᠠ᠃ ᠣᠶᠢᠷᠠ ᠳᠤ᠂ | 
                   ᠡᠳ᠋ ᠤᠨ ᠵᠠᠰᠠᠭ ᠤᠨ ᠶᠠᠮᠤᠨ᠂ ᠰᠤᠷᠭᠠᠨ ᠬᠥᠮᠦᠵᠢᠯ ᠤᠨ ᠶᠠᠮᠤᠨ᠂ ᠬᠥᠮᠥᠨ ᠤ ᠬᠦᠴᠦᠨ ᠤ ᠡᠬᠢ ᠪᠠᠶᠠᠯᠢᠭ ᠪᠠ | 
                   ᠨᠡᠶᠢᠭᠡᠮ ᠤᠨ ᠪᠠᠲᠤᠯᠠᠭᠠ ᠶᠢᠨ ᠶᠠᠮᠤᠨ ᠤ ᠬᠤᠯᠪᠣᠭᠳᠠᠯ ᠪᠦᠬᠦᠢ ᠵᠤᠷᠭᠠᠨ ᠲᠣᠪᠴᠢᠶᠠᠨ ᠤ ᠬᠠᠷᠢᠭᠤᠴᠠᠯᠭᠠᠲᠠᠳ | 
                   ᠰᠣᠷᠣᠭᠴᠢᠳ ᠢ ᠡᠳ᠋ ᠮᠥᠩᠭᠦ ᠪᠠᠷ ᠲᠤᠰᠠᠯᠠᠬᠤ ᠲᠥᠷᠥ ᠶᠢᠨ ᠪᠣᠳᠣᠯᠭᠠ ᠳᠠᠬᠢ ᠲᠣᠰ ᠤᠳᠠᠭᠠᠨ ᠤ | 
                   ᠲᠣᠬᠢᠷᠠᠭᠤᠯᠤᠯᠲᠠ ᠶᠢᠨ ᠠᠬᠤᠢ ᠪᠠᠶᠢᠳᠠᠯ ᠪᠠ ᠠᠴᠢ ᠬᠤᠯᠪᠣᠭᠳᠠᠯ᠂ ᠳᠣᠬᠢᠷᠠᠭᠤᠯᠬᠤ ᠵᠠᠷᠴᠢᠮ᠂ ᠭᠤᠣᠯ ᠠᠭᠤᠯᠭᠠ᠂ | 
                   ᠨᠠᠶᠢᠳᠠᠪᠤᠷᠢᠵᠢᠭᠤᠯᠬᠤ ᠱᠠᠭᠠᠷᠳᠠᠯᠭᠠ ᠵᠡᠷᠭᠡ ᠠᠰᠠᠭᠤᠳᠠᠯ ᠤᠨ ᠲᠠᠯᠠ ᠪᠠᠷ ᠰᠤᠷᠪᠤᠯᠵᠢᠯᠠᠭᠴᠢ ᠶᠢᠨ | 
                   ᠠᠰᠠᠭᠤᠯᠲᠠ ᠨᠤᠭᠤᠳ ᠢ ᠬᠠᠷᠢᠭᠤᠯᠵᠠᠢ᠃ | 
                   ᠨᠢᠭᠡ᠂ ᠲᠣᠰ ᠤᠳᠠᠭᠠᠨ ᠤ ᠲᠥᠷᠥ ᠶᠢᠨ ᠪᠣᠳᠣᠯᠭᠠ ᠳᠤ ᠲᠣᠬᠢᠷᠠᠭᠤᠯᠤᠯᠲᠠ ᠬᠢᠭᠰᠡᠨ ᠠᠬᠤᠢ ᠪᠠᠶᠢᠳᠠᠯ ᠪᠠ ᠠᠴᠢ | 
                   ᠬᠤᠯᠪᠣᠭᠳᠠᠯ ᠨᠢ ᠶᠠᠭᠤ ᠪᠣᠶ︖ | 
                   ᠬᠠᠷᠢᠭᠤᠯᠲᠠ᠄ ᠣᠳᠣᠬᠠᠨ ᠳᠤ᠂ ᠮᠠᠨ ᠤ ᠤᠯᠤᠰ ᠨᠢᠭᠡᠨᠲᠡ ᠰᠣᠷᠣᠭᠴᠢᠳ ᠢ ᠡᠳ᠋ ᠮᠥᠩᠭᠦ ᠪᠠᠷ ᠲᠤᠰᠠᠯᠠᠬᠤ | 
                   ᠳᠡᠯᠡᠬᠡᠢ ᠳᠡᠭᠡᠷᠡᠬᠢ ᠬᠠᠮᠤᠭ ᠤᠨ ᠶᠡᠭᠡ ᠬᠡᠪᠴᠢᠶᠡᠲᠡᠢ ᠲᠣᠭᠲᠠᠯᠴᠠᠭᠠ ᠶᠢ ᠪᠠᠶᠢᠭᠤᠯᠤᠭᠠᠳ᠂ ᠬᠡᠪᠴᠢᠶᠡᠨ ᠤ ᠲᠠᠯᠠ ᠪᠠᠷ | 
                   ᠪᠦᠬᠦ᠋ᠢᠯᠡ ᠰᠤᠷᠤᠯᠭᠠ ᠶᠢᠨ ᠱᠠᠲᠤ ᠦᠶᠡ᠂ ᠪᠦᠬᠦ᠋ᠢᠯᠡ ᠰᠤᠷᠭᠠᠭᠤᠯᠢ᠂ ᠪᠦᠬᠦ᠋ᠢᠯᠡ ᠭᠡᠷ ᠤᠨ ᠠᠮᠢᠳᠤᠷᠠᠯ ᠨᠢ | 
                   ᠬᠦᠴᠢᠷᠳᠡᠯ ᠲᠠᠢ ᠰᠤᠷᠤᠭᠴᠢᠳ ᠪᠦᠬᠦᠨ ᠢ ᠬᠠᠮᠤᠷᠴᠤ᠂ ᠣᠷᠣᠭᠤᠯᠤᠯᠲᠠ ᠶᠢᠨ ᠲᠠᠯᠠ ᠪᠠᠷ ᠡᠯᠡ ᠱᠠᠲᠤᠨ ᠤ ᠡᠳ᠋ ᠤᠨ | 
                   ᠵᠠᠰᠠᠭ ᠰᠣᠷᠣᠭᠴᠢᠳ ᠢ ᠡᠳ᠋ ᠮᠥᠩᠭᠦ ᠪᠠᠷ ᠲᠤᠰᠠᠯᠠᠬᠤ ᠨᠥᠬᠦᠪᠦᠷᠢ ᠶᠢᠨ ᠵᠠᠷᠤᠳᠠᠯ ᠢ ᠡᠩ ᠲᠡᠷᠢᠭᠦᠨ ᠳᠤ ᠪᠠᠲᠤᠯᠠᠵᠤ᠂ | 
                   ᠳᠦᠷᠢᠮ ᠤᠨ ᠲᠠᠯᠠ ᠪᠠᠷ ᠨᠢᠭᠡ ᠰᠤᠷᠤᠭᠴᠢ ᠶᠢ ᠴᠤ ᠭᠡᠷ ᠤᠨ ᠠᠮᠢᠳᠤᠷᠠᠯ ᠨᠢ ᠬᠦᠴᠢᠷᠳᠡᠯᠲᠡᠢ ᠠᠴᠠ ᠪᠣᠯᠵᠤ | 
                   ᠰᠤᠷᠤᠯᠭᠠ ᠠᠯᠳᠠᠭᠤᠯᠬᠤ ᠦᠭᠡᠢ ᠪᠠᠶᠢᠯᠭᠠᠨ᠂ ᠴᠢᠳᠠᠮᠵᠢ ᠶᠢᠨ ᠲᠠᠯᠠ ᠪᠠᠷ ᠰᠢᠨᠵᠢᠯᠡᠬᠦ ᠤᠬᠠᠭᠠᠨ ᠰᠤᠷᠭᠠᠨ | 
                   ᠬᠥᠮᠦᠵᠢᠯ ᠢᠶᠠᠷ ᠤᠯᠤᠰ ᠢᠶᠠᠨ ᠮᠠᠨᠳᠤᠭᠤᠯᠬᠤ ᠪᠠᠶᠢᠯᠳᠤᠬᠤ ᠪᠣᠳᠣᠯᠭᠠ ᠶᠢ ᠭᠦᠨᠵᠡᠭᠡᠢ ᠬᠡᠷᠡᠭᠵᠢᠭᠦᠯᠬᠦ᠂ ᠶᠠᠳᠠᠭᠤ ᠠᠴᠠ | 
                   ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠢᠯᠠᠯᠲᠠ ᠶᠢ ᠡᠷᠡᠰ ᠣᠯᠬᠤ᠂ ᠴᠢᠨᠡᠭᠡᠯᠢᠭ ᠨᠡᠶᠢᠭᠡᠮ ᠢ | 
                   ᠪᠦᠬᠦ ᠲᠠᠯᠠ ᠪᠠᠷ ᠪᠡᠶᠡᠯᠡᠭᠦᠯᠬᠦ ᠳᠤ ᠬᠦᠴᠢᠷᠳᠡᠯᠲᠡᠢ ᠶᠢ ᠲᠤᠰᠠᠯᠠᠬᠤ᠂ ᠰᠢᠯᠢᠳᠡᠭ ᠢ ᠱᠠᠩᠨᠠᠬᠤ᠂ ᠬᠥᠲᠥᠯᠥᠨ | 
                   ᠵᠢᠯᠤᠭᠤᠳᠬᠤ᠂ ᠬᠥᠮᠥᠨ ᠬᠥᠮᠥᠵᠢᠭᠦᠯᠬᠦ ᠴᠢᠬᠤᠯᠠ ᠦᠢᠯᠡᠳᠦᠯ ᠭᠠᠷᠭᠠᠪᠠ᠃ | 
                   ᠣᠶᠢᠷᠠ ᠶᠢᠨ ᠵᠢᠯ ᠤᠳ ᠲᠤ᠂ ᠨᠠᠮ ᠤᠨ ᠲᠥᠪ ᠬᠤᠷᠢᠶᠠ᠂ ᠲᠥᠷᠥ ᠶᠢᠨ ᠶᠠᠪᠤᠳᠠᠯ ᠤᠨ ᠬᠤᠷᠢᠶᠠᠨ ᠤ | 
                   ᠰᠢᠢᠳᠪᠦᠷᠢᠲᠦ ᠪᠣᠳᠣᠯᠭᠠ ᠪᠠᠶᠢᠷᠢᠯᠠᠭᠤᠯᠤᠯᠲᠠ ᠶᠣᠰᠣᠭᠠᠷ᠂ ᠡᠳ᠋ ᠤᠨ ᠵᠠᠰᠠᠭ ᠤᠨ ᠶᠠᠮᠤᠨ ᠨᠢ ᠰᠤᠷᠭᠠᠨ | 
                   ᠬᠥᠮᠦᠵᠢᠯ ᠤᠨ ᠶᠠᠮᠤᠨ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭᠠ ᠶᠢᠨ ᠶᠠᠮᠤᠨ ᠵᠡᠷᠭᠡ | 
                   ᠬᠤᠯᠪᠣᠭᠳᠠᠯ ᠪᠦᠬᠦᠢ ᠰᠠᠯᠠᠭᠠ ᠮᠥᠴᠢᠷ ᠲᠠᠢ ᠬᠠᠮᠲᠤᠷᠠᠨ᠂ ᠰᠣᠷᠣᠭᠴᠢᠳ ᠢ ᠡᠳ᠋ ᠮᠥᠩᠭᠦ ᠪᠠᠷ ᠲᠤᠰᠠᠯᠠᠬᠤ | 
                   ᠤᠯᠤᠰ ᠤᠨ ᠲᠥᠷᠥ ᠶᠢᠨ ᠪᠣᠳᠣᠯᠭᠠ ᠶᠢᠨ ᠲᠣᠭᠲᠠᠯᠴᠠᠭᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠂ | 
                   ᠤᠯᠤᠰ ᠤᠨ ᠡᠳ᠋ ᠮᠥᠩᠭᠦ ᠪᠠᠷ ᠲᠤᠰᠠᠯᠠᠬᠤ ᠪᠠᠷᠢᠮᠵᠢᠶᠠᠨ ᠳᠤ ᠵᠣᠬᠢᠰᠲᠠᠢ ᠴᠠᠭ ᠲᠤ ᠨᠢ ᠬᠥᠳᠡᠯᠦᠩᠭᠦᠢ | 
                   ᠲᠣᠬᠢᠷᠠᠭᠤᠯᠤᠯᠲᠠ ᠬᠢᠵᠦ᠂ ᠡᠳ᠋ ᠤᠨ ᠵᠠᠰᠠᠭ ᠤᠨ ᠣᠷᠣᠭᠤᠯᠤᠯᠲᠠ ᠶᠢᠨ ᠡᠷᠴᠢᠮ ᠢᠶᠠᠨ ᠦᠷᠭᠦᠯᠵᠢᠯᠡᠨ | 
                   ᠴᠢᠩᠭᠠᠷᠠᠭᠤᠯᠤᠭᠠᠳ ᠤᠯᠤᠰ ᠤᠨ ᠡᠳ᠋ ᠮᠥᠩᠭᠦ ᠪᠠᠷ ᠲᠤᠰᠠᠯᠠᠬᠤ ᠬᠢᠷᠢ ᠲᠦᠪᠰᠢᠨ ᠢ ᠠᠯᠬᠤᠮ ᠠᠯᠬᠤᠮ ᠢᠶᠠᠷ | 
                   ᠳᠡᠭᠡᠭᠰᠢᠯᠡᠭᠦᠯᠪᠡ᠃ 2023 ᠣᠨ ᠳᠤ᠂ ᠪᠥᠬᠦ ᠤᠯᠤᠰ ᠲᠤ ᠡᠯᠡ ᠰᠤᠷᠤᠯᠭᠠ ᠶᠢᠨ ᠱᠠᠲᠤᠨ ᠤ ᠰᠣᠷᠣᠭᠴᠢᠳ ᠢ | 
                   ᠨᠡᠶᠢᠲᠡ 1.6 ᠳ᠋ᠦᠩᠰᠢᠭᠤᠷ ᠬᠥᠮᠥᠨ ᠤᠳᠠᠭᠠ ᠡᠳ᠋ ᠮᠥᠩᠭᠦ ᠪᠠᠷ ᠲᠤᠰᠠᠯᠠᠵᠤ᠂ ᠲᠤᠰᠠᠯᠠᠭᠰᠠᠨ ᠵᠣᠭᠤᠰᠤᠨ ᠤ | 
                   ᠲᠤᠭᠠ ᠨᠡᠶᠢᠲᠡ 3111 ᠳ᠋ᠦᠩᠰᠢᠭᠤᠷ ᠲᠥᠭᠦᠷᠢᠭ ᠲᠤ ᠬᠦᠷᠴᠡᠢ᠃ ᠡᠭᠦᠨ ᠳᠤ᠂ ᠪᠦᠬᠦ ᠤᠯᠤᠰ ᠤᠨ ᠡᠳ᠋ ᠤᠨ | 
                   ᠵᠠᠰᠠᠭ ᠠᠴᠠ 2161 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠭᠰᠠᠨ ᠨᠢ ᠪᠠᠷᠤᠭ ᠡᠳ᠋ ᠮᠥᠩᠭᠦ ᠪᠠᠷ | 
                   ᠲᠤᠰᠠᠯᠠᠭᠰᠠᠨ ᠪᠦᠬᠦ ᠵᠣᠭᠤᠰᠤᠨ ᠤ ᠲᠣᠭᠠᠨ ᠤ 69% ᠶᠢ ᠡᠵᠡᠯᠡᠵᠦ᠂ ᠭᠡᠷ ᠤᠨ ᠠᠮᠢᠳᠤᠷᠠᠯ ᠨᠢ ᠬᠦᠴᠢᠷᠳᠡᠯᠲᠡᠢ | 
                   ᠰᠤᠷᠤᠭᠴᠢᠳ ᠤᠨ ᠠᠵᠤ ᠠᠬᠤᠢ ᠶᠢᠨ ᠳᠠᠷᠤᠭᠠᠰᠤ ᠶᠢ ᠶᠡᠭᠡ ᠪᠠᠷ ᠬᠥᠩᠭᠡᠷᠡᠭᠦᠯᠦᠨ᠂ ᠲᠡᠳᠡᠨ ᠤ ᠰᠤᠷᠭᠠᠭᠤᠯᠢ ᠳᠤ | 
                   ᠤᠷᠤᠭᠰᠢᠲᠠᠢ ᠣᠷᠣᠬᠤ᠂ ᠰᠡᠳᠬᠢᠯ ᠠᠮᠤᠷ ᠰᠤᠷᠤᠯᠴᠠᠬᠤ ᠶᠢ ᠨᠢ ᠪᠠᠲᠤᠯᠠᠵᠤ᠂ ᠰᠤᠷᠤᠯᠭᠠ ᠳᠤ ᠪᠠᠨ ᠠᠮᠵᠢᠯᠲᠠ | 
                   ᠣᠯᠵᠤ᠂ ᠪᠦᠬᠦ ᠲᠠᠯᠠ ᠪᠠᠷ ᠬᠥᠭᠵᠢᠬᠦ ᠶᠢ ᠨᠢ ᠤᠷᠮᠠᠰᠢᠭᠤᠯᠤᠨ ᠵᠣᠷᠢᠭᠵᠢᠭᠤᠯᠪᠠ᠃ | 
                   ᠨᠡᠶᠢᠭᠡᠮ ᠠᠵᠤ ᠠᠬᠤᠢ ᠶᠢᠨ ᠬᠥᠭᠵᠢᠯᠲᠡ ᠶᠢᠨ ᠬᠢᠷᠢ ᠲᠦᠪᠰᠢᠨ ᠤ ᠳᠡᠭᠡᠭᠰᠢᠯᠡᠬᠦ ᠪᠠ ᠰᠤᠷᠭᠠᠭᠤᠯᠢ ᠳᠤ ᠪᠠᠶᠢᠭᠠ | 
                   ᠰᠤᠷᠤᠭᠴᠢᠳ ᠤᠨ ᠲᠤᠭᠠ ᠨᠡᠮᠡᠭᠳᠡᠬᠦ ᠶᠢ ᠳᠠᠭᠠᠯᠳᠤᠨ᠂ ᠤᠯᠤᠰ ᠤᠨ ᠰᠤᠷᠤᠯᠭᠠ ᠶᠢᠨ ᠱᠠᠩᠨᠠᠯ ᠤᠨ ᠮᠥᠩᠭᠦ ᠪᠠᠷ | 
                   ᠱᠠᠩᠨᠠᠬᠤ ᠣᠷᠣᠨ ᠲᠤᠭᠠ ᠶᠢ ᠵᠣᠬᠢᠬᠤ ᠬᠡᠮᠵᠢᠶᠡ ᠪᠠᠷ ᠨᠡᠮᠡᠭᠳᠡᠭᠦᠯᠵᠦ᠂ ᠤᠯᠤᠰ ᠤᠨ ᠰᠤᠷᠤᠯᠭᠠ ᠶᠢᠨ | 
                   ᠳᠡᠳᠬᠦᠪᠦᠷᠢ ᠶᠢᠨ ᠮᠥᠩᠭᠦ ᠪᠠᠷ ᠲᠤᠰᠠᠯᠠᠬᠤ ᠪᠠᠷᠢᠮᠵᠢᠶᠠ ᠶᠢ ᠵᠣᠬᠢᠰᠲᠠᠢ ᠪᠠᠷ ᠳᠡᠭᠡᠭᠰᠢᠯᠡᠭᠦᠯᠬᠦ ᠬᠡᠷᠡᠭᠲᠡᠢ ᠬᠡᠮᠡᠨ ᠬᠡᠰᠡᠭ | 
                   ᠭᠠᠵᠠᠷ ᠣᠷᠣᠨ ᠪᠠ ᠰᠤᠷᠭᠠᠭᠤᠯᠢ ᠨᠤᠭᠤᠳ ᠲᠤᠰᠬᠠᠭᠰᠠᠨ ᠪᠠᠶᠢᠨᠠ᠃ ᠲᠣᠰ ᠤᠳᠠᠭᠠᠨ ᠤ ᠰᠣᠷᠣᠭᠴᠢᠳ ᠢ ᠡᠳ᠋ | 
                   ᠮᠥᠩᠭᠦ ᠪᠠᠷ ᠲᠤᠰᠠᠯᠠᠬᠤ ᠲᠥᠷᠥ ᠶᠢᠨ ᠪᠣᠳᠣᠯᠭᠠ ᠳᠠᠬᠢ ᠲᠣᠬᠢᠷᠠᠭᠤᠯᠤᠯᠲᠠ ᠪᠣᠯ ᠲᠥᠪ ᠬᠤᠷᠢᠶᠠᠨ ᠤ ᠤᠯᠤᠰ | 
                   ᠲᠥᠷᠥ ᠶᠢᠨ ᠲᠣᠪᠴᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯᠳᠤᠭᠠᠨ᠂ ᠲᠥᠪ ᠬᠤᠷᠢᠶᠠᠨ ᠤ ᠤᠯᠤᠰ | 
                   ᠲᠥᠷᠥ ᠶᠢᠨ ᠲᠣᠪᠴᠢᠶᠠᠨ ᠤ ᠬᠤᠷᠠᠯᠳᠤᠭᠠᠨ ᠤ ᠨᠡᠮᠡᠭᠳᠡᠯ ᠤᠨ ᠬᠠᠮ ᠲᠥᠷᠥ ᠶᠢᠨ ᠪᠣᠳᠣᠯᠭᠠ ᠶᠢᠨ ᠲᠤᠬᠠᠢ | 
                   ᠪᠠᠶᠢᠷᠢᠯᠠᠭᠤᠯᠤᠯᠲᠠ ᠶᠢᠨ ᠴᠢᠬᠤᠯᠠ ᠠᠷᠭᠠ ᠪᠠᠷᠢᠯ ᠪᠣᠯᠣᠨᠠ᠂ ᠲᠣᠰ ᠳᠣᠬᠢᠷᠠᠭᠤᠯᠤᠯᠲᠠ ᠨᠢ ᠨᠡᠩ ᠶᠡᠭᠡ ᠡᠷᠴᠢᠮ ᠢᠶᠠᠷ | 
                   ᠰᠢᠯᠢᠳᠡᠭ ᠢ ᠱᠠᠩᠨᠠᠨ ᠬᠦᠴᠢᠷᠳᠡᠯᠲᠡᠢ ᠶᠢ ᠲᠤᠰᠠᠯᠠᠬᠤ᠂ ᠨᠡᠩ ᠣᠯᠠᠨ ᠰᠤᠷᠤᠭᠴᠢᠳ ᠢ ᠬᠠᠮᠤᠷᠬᠤ ᠪᠠᠷ ᠳᠠᠮᠵᠢᠭᠤᠯᠤᠨ᠂ | 
                   ᠥᠷᠭᠡᠨ ᠤᠯᠠᠨ ᠰᠤᠷᠤᠭᠴᠢᠳ ᠤᠨ ᠰᠢᠷᠭᠠᠭᠤ ᠰᠤᠷᠤᠯᠴᠠᠬᠤ᠂ ᠰᠢᠨᠵᠢᠯᠡᠬᠦ ᠤᠬᠠᠭᠠᠨ ᠤ ᠰᠤᠳᠤᠯᠭᠠᠨ ᠳᠤ | 
                   ᠰᠢᠮᠳᠠᠬᠤ ᠶᠢ ᠨᠢ ᠤᠷᠮᠠᠰᠢᠭᠤᠯᠤᠨ ᠬᠥᠭᠵᠢᠭᠡᠵᠦ᠂ ᠰᠢᠨᠡ ᠶᠢ ᠡᠭᠦᠳᠬᠦ ᠣᠷᠦ᠋ᠢᠯᠠᠭᠰᠠᠨ ᠴᠢᠳᠠᠪᠤᠷᠢᠲᠠᠳ᠂ ᠪᠠᠴᠢᠮ | 
                   ᠱᠠᠭᠠᠷᠳᠠᠭᠳᠠᠵᠤ ᠪᠠᠶᠢᠭᠠ ᠴᠢᠳᠠᠪᠤᠷᠢᠲᠠᠳ ᠬᠥᠮᠥᠵᠢᠭᠳᠡᠬᠦ ᠶᠢ ᠨᠡᠩ ᠪᠦᠲᠦᠮᠵᠢᠲᠡᠢ ᠠᠬᠢᠭᠤᠯᠬᠤ ᠪᠣᠯᠣᠨᠠ︔ | 
                   ᠲᠡᠷᠡᠴᠢᠯᠡᠨ᠂ ᠭᠡᠷ ᠤᠨ ᠠᠮᠢᠳᠤᠷᠠᠯ ᠨᠢ ᠬᠦᠴᠢᠷᠳᠡᠯᠲᠡᠢ ᠰᠤᠷᠤᠭᠴᠢᠳ ᠤᠨ ᠰᠡᠳᠬᠢᠯ ᠠᠮᠤᠷ ᠰᠤᠷᠤᠯᠴᠠᠬᠤ᠂ | 
                   ᠰᠤᠷᠤᠯᠭᠠ ᠪᠠᠨ ᠤᠷᠤᠭᠰᠢᠲᠠᠢ ᠲᠡᠭᠦᠰᠬᠡᠬᠦ ᠶᠢ ᠨᠡᠩ ᠰᠠᠶᠢᠲᠤᠷ ᠪᠠᠲᠤᠯᠠᠵᠤ᠂ ᠰᠤᠷᠭᠠᠨ ᠬᠥᠮᠦᠵᠢᠯ ᠤᠨ ᠭᠤᠣᠯᠴᠢ | 
                   ᠪᠠᠶᠢᠬᠤ ᠶᠢ ᠨᠡᠩ ᠪᠦᠲᠦᠮᠵᠢᠲᠡᠶ ᠠᠬᠢᠭᠤᠯᠤᠨ᠂ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ | 
                   ᠦᠨᠳᠦᠰᠦᠲᠡᠨ ᠤ ᠰᠡᠷᠭᠦᠨ ᠮᠠᠨᠳᠤᠯᠲᠠ ᠶᠢ ᠠᠬᠢᠭᠤᠯᠬᠤ ᠳᠤ ᠪᠠᠲᠤ ᠲᠦᠰᠢᠭ ᠲᠤᠯᠭᠠᠭᠤᠷᠢ ᠪᠣᠯᠬᠤ ᠪᠣᠯᠣᠨᠠ᠃ | 
                   ᠬᠤᠶᠠᠷ᠂ ᠲᠣᠰ ᠤᠳᠠᠭᠠᠨ ᠤ ᠲᠥᠷᠥ ᠶᠢᠨ ᠪᠣᠳᠣᠯᠭᠠ ᠶᠢᠨ ᠲᠣᠬᠢᠷᠠᠭᠤᠯᠤᠯᠲᠠ ᠳᠤ ᠶᠠᠭᠤ ᠶᠢ ᠶᠡᠷᠦᠩᠬᠡᠶᠢᠯᠡᠨ | 
                   ᠪᠣᠳᠣᠯᠬᠢᠯᠠᠭᠰᠠᠨ ᠪᠣᠶ︖ | 
                   ᠬᠠᠷᠢᠭᠤᠯᠲᠠ᠄ ᠲᠣᠰ ᠤᠳᠠᠭᠠᠨ ᠤ ᠲᠥᠷᠥ ᠶᠢᠨ ᠪᠣᠳᠣᠯᠭᠠ ᠶᠢᠨ ᠲᠣᠬᠢᠷᠠᠭᠤᠯᠤᠯᠲᠠ ᠳᠤ ︽ᠭᠤᠷᠪᠠ ᠶᠢ | 
                   ᠨᠢᠭᠡᠳᠦᠯᠲᠡᠢ ᠲᠥᠯᠥᠪᠯᠡᠨ ᠪᠣᠳᠣᠯᠬᠢᠯᠠᠬᠤ︾ ᠶᠢ ᠪᠠᠷᠢᠮᠲᠠᠯᠠᠪᠠ᠃ ᠨᠢᠭᠡ ᠳᠤ ᠤᠯᠤᠰ ᠤᠨ ᠪᠠᠶᠢᠯᠳᠤᠬᠤ ᠪᠣᠳᠣᠯᠭᠠ ᠳᠤ | 
                   ᠦᠢᠯᠡᠴᠢᠯᠡᠬᠦ ᠪᠠ ᠠᠷᠠᠳ ᠤᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠶᠢ ᠨᠢᠭᠡᠳᠦᠯᠲᠡᠢ ᠲᠥᠯᠥᠪᠯᠡᠨ | 
                   ᠪᠣᠳᠣᠯᠬᠢᠯᠠᠪᠠ᠃ ᠤᠯᠤᠰ ᠤᠨ ᠰᠤᠷᠤᠯᠭᠠ ᠶᠢᠨ ᠱᠠᠩᠨᠠᠯ ᠤᠨ ᠮᠥᠩᠭᠦ ᠪᠠᠷ ᠱᠠᠩᠨᠠᠬᠤ ᠣᠷᠣᠨ ᠲᠤᠭᠠ ᠶᠢ ᠶᠡᠭᠡ ᠪᠠᠷ | 
                   ᠨᠡᠮᠡᠭᠳᠡᠭᠦᠯᠵᠦ᠂ ᠰᠤᠷᠤᠯᠭᠠ ᠶᠢᠨ ᠱᠠᠩᠨᠠᠯ ᠤᠨ ᠮᠥᠩᠭᠦ ᠪᠠᠷ ᠱᠠᠩᠨᠠᠬᠤ ᠪᠠᠷᠢᠮᠵᠢᠶᠠ ᠶᠢ ᠳᠡᠭᠡᠭᠰᠢᠯᠡᠭᠦᠯᠦᠨ᠂ ᠮᠣᠷᠠᠯ | 
                   ᠰᠤᠷᠤᠯᠭᠠ ᠬᠤᠣᠰᠯᠠᠭᠰᠠᠨ ᠰᠣᠷᠣᠭᠴᠢᠳ ᠢ ᠱᠠᠩᠨᠠᠬᠤ ᠡᠷᠴᠢᠮ ᠢᠶᠠᠨ ᠴᠢᠩᠭᠠᠷᠠᠭᠤᠯᠪᠠ︔ ᠪᠠᠰᠠ ᠤᠯᠤᠰ ᠤᠨ | 
                   ᠰᠤᠷᠤᠯᠭᠠ ᠶᠢᠨ ᠳᠡᠳᠬᠦᠪᠦᠷᠢ ᠶᠢᠨ ᠮᠥᠩᠭᠦ ᠪᠠᠷ ᠲᠤᠰᠠᠯᠠᠬᠤ ᠪᠠᠷᠢᠮᠵᠢᠶᠠ ᠶᠢ ᠵᠣᠬᠢᠬᠤ ᠬᠡᠮᠵᠢᠶᠡ ᠪᠠᠷ ᠳᠡᠭᠡᠭᠰᠢᠯᠡᠭᠦᠯᠦᠨ᠂ | 
                   ᠭᠡᠷ ᠤᠨ ᠠᠮᠢᠳᠤᠷᠠᠯ ᠨᠢ ᠬᠦᠴᠢᠷᠳᠡᠯᠲᠡᠢ ᠰᠤᠷᠤᠭᠴᠢᠳ ᠢ ᠬᠠᠪᠰᠤᠷᠤᠨ ᠠᠮᠢᠳᠤᠷᠠᠯ ᠤᠨ ᠬᠦᠴᠢᠷᠳᠡᠯ ᠢ ᠨᠢ ᠨᠡᠩ | 
                   ᠰᠠᠶᠢᠨ ᠰᠢᠢᠳᠪᠦᠷᠢᠯᠡᠵᠦ᠂ ᠤᠯᠤᠰ ᠤᠨ ᠡᠯᠡ ᠲᠦᠷᠦᠯ ᠤᠨ ᠰᠤᠷᠤᠯᠭᠠ ᠶᠢᠨ ᠱᠠᠩᠨᠠᠯ ᠤᠨ ᠮᠥᠩᠭᠦ ᠪᠠ | 
                   ᠰᠤᠷᠤᠯᠭᠠ ᠶᠢᠨ ᠳᠡᠳᠬᠦᠪᠦᠷᠢ ᠶᠢᠨ ᠮᠥᠩᠭᠦ ᠶᠢᠨ ᠤᠷᠮᠠᠰᠢᠭᠤᠯᠤᠨ ᠵᠣᠷᠢᠭᠵᠢᠭᠤᠯᠬᠤ ᠪᠠ ᠪᠠᠲᠤᠯᠠᠬᠤ ᠦᠢᠯᠡᠳᠦᠯ ᠢ ᠨᠢ | 
                   ᠨᠡᠩ ᠰᠠᠶᠢᠲᠤᠷ ᠪᠠᠳᠠᠷᠠᠭᠤᠯᠬᠤ ᠪᠣᠯᠭᠠᠪᠠ᠃ ᠬᠤᠶᠠᠷ ᠲᠤ ᠪᠠᠷᠢᠮᠵᠢᠶᠠ ᠶᠢ ᠳᠡᠭᠡᠭᠰᠢᠯᠡᠭᠦᠯᠬᠦ ᠪᠠ ᠬᠡᠪᠴᠢᠶᠡ ᠶᠢ | 
                   ᠥᠷᠭᠡᠳᠬᠡᠬᠦ ᠶᠢ ᠨᠢᠭᠡᠳᠦᠯᠲᠡᠢ ᠲᠥᠯᠥᠪᠯᠡᠨ ᠪᠣᠳᠣᠯᠬᠢᠯᠠᠪᠠ᠃ ᠳᠡᠭᠡᠳᠦ ᠵᠡᠷᠭᠡ ᠶᠢᠨ ᠰᠤᠷᠭᠠᠭᠤᠯᠢ ᠶᠢᠨ ᠵᠢᠩᠬᠢᠨᠢ ᠠᠩᠭᠢ | 
                   ᠲᠤᠰᠬᠠᠢ ᠮᠡᠷᠭᠡᠵᠢᠯ ᠤᠨ ᠠᠩᠭᠢ ᠶᠢᠨ ᠰᠣᠷᠣᠭᠴᠢᠳ ᠲᠤ ᠣᠯᠭᠤᠬᠤ ᠤᠯᠤᠰ ᠤᠨ ᠰᠤᠷᠤᠯᠭᠠ ᠶᠢᠨ ᠱᠠᠩᠨᠠᠯ ᠤᠨ | 
                   ᠮᠥᠩᠭᠦ᠂ ᠤᠯᠤᠰ ᠤᠨ ᠤᠷᠮᠠᠰᠢᠭᠤᠯᠤᠨ ᠵᠣᠷᠢᠭᠵᠢᠭᠤᠯᠬᠤ ᠱᠠᠩᠨᠠᠯ ᠤᠨ ᠮᠥᠩᠭᠦ ᠪᠠ ᠰᠤᠳᠤᠯᠬᠤ ᠰᠣᠷᠣᠭᠴᠢᠳ ᠢ | 
                   ᠰᠤᠷᠤᠯᠭᠠ ᠶᠢᠨ ᠱᠠᠩᠨᠠᠯ ᠤᠨ ᠮᠥᠩᠭᠦ ᠪᠠᠷ ᠱᠠᠩᠨᠠᠬᠤ ᠪᠠᠷᠢᠮᠵᠢᠶᠠ ᠶᠢ ᠨᠢ ᠵᠣᠬᠢᠬᠤ ᠬᠡᠮᠵᠢᠶᠡ ᠪᠠᠷ ᠳᠡᠭᠡᠭᠰᠢᠯᠡᠭᠦᠯᠵᠦ᠂ | 
                   ᠳᠡᠭᠡᠳᠦ ᠵᠡᠷᠭᠡ ᠶᠢᠨ ᠰᠤᠷᠭᠠᠭᠤᠯᠢ ᠶᠢᠨ ᠵᠢᠩᠬᠢᠨᠢ ᠠᠩᠭᠢ ᠲᠤᠰᠬᠠᠢ ᠮᠡᠷᠭᠡᠵᠢᠯ ᠤᠨ ᠠᠩᠭᠢ ᠶᠢᠨ ᠰᠣᠷᠣᠭᠴᠢᠳ ᠲᠤ | 
                   ᠣᠯᠭᠤᠬᠤ ᠪᠠ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤ ᠦᠶᠡ ᠳᠠᠬᠢ ᠤᠯᠤᠰ ᠤᠨ ᠲᠡᠳᠬᠦᠮᠵᠢ ᠶᠢᠨ | 
                   ᠮᠥᠩᠭᠦ ᠪᠠᠷ ᠲᠤᠰᠠᠯᠠᠬᠤ ᠪᠠᠷᠢᠮᠵᠢᠶᠠ ᠶᠢ ᠳᠡᠭᠡᠭᠰᠢᠯᠡᠭᠦᠯᠪᠡ︔ ᠪᠠᠰᠠ ᠶᠡᠭᠡ ᠳᠡᠭᠡᠳᠦ ᠰᠤᠷᠭᠠᠭᠤᠯᠢ ᠶᠢᠨ ᠤᠯᠤᠰ ᠤᠨ | 
                   ᠰᠤᠷᠤᠯᠭᠠ ᠶᠢᠨ ᠱᠠᠩᠨᠠᠯ ᠤᠨ ᠮᠥᠩᠭᠦ ᠪᠠᠷ ᠱᠠᠩᠨᠠᠬᠤ ᠣᠷᠣᠨ ᠲᠤᠭᠠ ᠶᠢ ᠶᠡᠭᠡ ᠪᠠᠷ ᠨᠡᠮᠡᠭᠳᠡᠭᠦᠯᠵᠦ᠂ ᠳᠤᠮᠳᠠ | 
                   ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ︵ᠮᠡᠷᠭᠡᠵᠢᠯ ᠤᠨ ᠠᠵᠢᠯᠴᠢᠨ ᠤ ᠳᠡᠭᠡᠳᠦ ᠰᠤᠷᠭᠠᠭᠤᠯᠢ ᠶᠢ | 
                   ᠪᠠᠭᠲᠠᠭᠠᠨᠠ᠂ ᠳᠣᠷᠣᠭᠰᠢ ᠠᠳᠠᠯᠢ︶ ᠶᠢᠨ ᠰᠣᠷᠣᠭᠴᠢᠳ ᠲᠤ ᠣᠯᠭᠤᠬᠤ ᠤᠯᠤᠰ ᠤᠨ ᠰᠤᠷᠤᠯᠭᠠ ᠶᠢᠨ | 
                   ᠳᠡᠳᠬᠦᠪᠦᠷᠢ ᠶᠢᠨ ᠮᠥᠩᠭᠦ ᠶᠢᠨ ᠬᠠᠮᠤᠷᠬᠤ ᠬᠡᠪᠴᠢᠶᠡ ᠶᠢ ᠥᠷᠭᠡᠳᠬᠡᠨ᠂ ᠰᠤᠷᠤᠭᠴᠢ ᠪᠠ ᠰᠤᠷᠭᠠᠭᠤᠯᠢ ᠶᠢᠨ ᠪᠣᠳᠠᠲᠤ | 
                   ᠬᠡᠷᠡᠭᠴᠡᠭᠡ ᠳᠤ ᠨᠡᠩ ᠢᠯᠡᠭᠦᠦ ᠨᠡᠶᠢᠴᠡᠭᠦᠯᠪᠡ᠃ ᠭᠤᠷᠪᠠ ᠳᠤ ᠳᠡᠭᠡᠳᠦ ᠵᠡᠷᠭᠡ ᠶᠢᠨ ᠰᠤᠷᠭᠠᠨ ᠬᠥᠮᠦᠵᠢᠯ ᠪᠠ | 
                   ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠨ ᠬᠥᠮᠦᠵᠢᠯ ᠢ ᠨᠢᠭᠡᠳᠦᠯᠲᠡᠢ ᠲᠥᠯᠥᠪᠯᠡᠨ | 
                   ᠪᠣᠳᠣᠯᠬᠢᠯᠠᠪᠠ᠃ ᠥᠨᠥ ᠵᠢᠯ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠰᠣᠷᠣᠭᠴᠢᠳ ᠢ ᠡᠳ᠋ ᠮᠥᠩᠭᠦ ᠪᠠᠷ | 
                   ᠲᠤᠰᠠᠯᠠᠬᠤ ᠲᠥᠷᠥ ᠶᠢᠨ ᠪᠣᠳᠣᠯᠭᠠ ᠳᠤ ᠭᠤᠣᠯᠳᠠᠯᠭᠠ ᠲᠠᠢ ᠲᠣᠬᠢᠷᠠᠭᠤᠯᠤᠯᠲᠠ ᠬᠢᠭᠰᠡᠨ ᠮᠥᠷᠲᠡᠭᠡᠨ ᠢᠷᠡᠬᠦ ᠵᠢᠯ | 
                   ᠪᠠᠰᠠ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠣᠷᠣᠭᠴᠢᠳ ᠢ ᠡᠳ᠋ ᠮᠥᠩᠭᠦ ᠪᠠᠷ ᠲᠤᠰᠠᠯᠠᠬᠤ | 
                   ᠲᠥᠷᠥ ᠶᠢᠨ ᠪᠣᠳᠣᠯᠭᠠ ᠳᠤ ᠲᠣᠬᠢᠷᠠᠭᠤᠯᠤᠯᠲᠠ ᠬᠢᠬᠦ ᠶᠢ ᠬᠠᠮᠲᠤ ᠳᠤ ᠨᠢ ᠬᠠᠷᠠᠭᠠᠯᠵᠠᠵᠤ᠂ ᠡᠩ ᠤᠨ ᠥᠨᠳᠥᠷ | 
                   ᠵᠡᠷᠭᠡ ᠶᠢᠨ ᠳᠤᠮᠳᠠᠳᠤ ᠰᠤᠷᠭᠠᠭᠤᠯᠢ ᠪᠠ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ | 
                   ᠰᠣᠷᠣᠭᠴᠢᠳ ᠲᠤ ᠣᠯᠭᠤᠬᠤ ᠤᠯᠤᠰ ᠤᠨ ᠰᠤᠷᠤᠯᠭᠠ ᠶᠢᠨ ᠳᠡᠳᠬᠦᠪᠦᠷᠢ ᠶᠢᠨ ᠮᠥᠩᠭᠦ ᠪᠠᠷ ᠲᠤᠰᠠᠯᠠᠬᠤ | 
                   ᠪᠠᠷᠢᠮᠵᠢᠶᠠ ᠶᠢ ᠳᠡᠭᠡᠭᠰᠢᠯᠡᠭᠦᠯᠦᠨ᠂ ᠨᠥᠬᠦᠴᠡᠯ ᠳᠤ ᠨᠡᠶᠢᠴᠡᠬᠦ ᠳᠤᠮᠳᠠ ᠵᠡᠷᠭᠡ ᠶᠢᠨ ᠠᠵᠢᠯ ᠮᠡᠷᠭᠡᠵᠢᠯ ᠤᠨ | 
                   ᠰᠤᠷᠭᠠᠭᠤᠯᠢ ᠶᠢᠨ ᠭᠤᠷᠪᠠᠳᠤᠭᠠᠷ ᠣᠨ ᠤ ᠰᠤᠷᠭᠠᠭᠤᠯᠢ ᠳᠤ ᠪᠠᠶᠢᠭᠠ ᠰᠣᠷᠣᠭᠴᠢᠳ ᠢ ᠤᠯᠤᠰ ᠤᠨ ᠰᠤᠷᠤᠯᠭᠠ ᠶᠢᠨ | 
                   ᠳᠡᠳᠬᠦᠪᠦᠷᠢ ᠶᠢᠨ ᠮᠥᠩᠭᠦ ᠪᠠᠷ ᠲᠤᠰᠠᠯᠠᠬᠤ ᠬᠡᠪᠴᠢᠶᠡᠨ ᠳᠤ ᠣᠷᠣᠭᠤᠯᠵᠤ᠂ ᠨᠠᠩ ᠣᠯᠠᠨ ᠰᠣᠷᠣᠭᠴᠢᠳ ᠲᠤ ᠡᠳ᠋ | 
                   ᠮᠥᠩᠭᠦ ᠪᠠᠷ ᠲᠤᠰᠠᠯᠠᠬᠤ ᠲᠥᠷᠥ ᠶᠢᠨ ᠪᠣᠳᠣᠯᠭᠠ ᠶᠢᠨ ᠴᠡᠪᠡᠷ ᠠᠰᠢᠭ ᠢ ᠬᠦᠷᠲᠡᠭᠡᠬᠦ ᠪᠣᠯᠭᠠᠪᠠ᠃ | 
                   ᠭᠤᠷᠪᠠ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠱᠠᠲᠤᠨ ᠤ ᠰᠣᠷᠣᠭᠴᠢᠳ ᠢ ᠡᠳ᠋ ᠮᠥᠩᠭᠦ ᠪᠠᠷ | 
                   ᠲᠤᠰᠠᠯᠠᠬᠤ ᠲᠥᠷᠥ ᠶᠢᠨ ᠪᠣᠳᠣᠯᠭᠠ ᠳᠤ ᠲᠣᠬᠢᠷᠠᠭᠤᠯᠤᠯᠲᠠ ᠬᠢᠭᠰᠡᠨ ᠤ ᠭᠤᠣᠯ ᠠᠭᠤᠯᠭᠠ ᠨᠢ ᠶᠠᠭᠤ ᠶᠠᠭᠤ ᠪᠠᠶᠢᠬᠤ | 
                   ᠪᠣᠶ︖ | 
                   ᠬᠠᠷᠢᠭᠤᠯᠲᠠ᠄ ᠨᠢᠭᠡ ᠳᠤ᠂ ᠵᠢᠩᠬᠢᠨᠢ ᠠᠩᠭᠢ ᠲᠤᠰᠬᠠᠢ ᠮᠡᠷᠭᠡᠵᠢᠯ ᠤᠨ ᠠᠩᠭᠢ ᠶᠢᠨ ᠰᠣᠷᠣᠭᠴᠢᠳ ᠢ | 
                   ᠤᠯᠤᠰ ᠤᠨ ᠰᠤᠷᠤᠯᠭᠠ ᠶᠢᠨ ᠱᠠᠩᠨᠠᠯ ᠤᠨ ᠮᠥᠩᠭᠦ ᠪᠠᠷ ᠱᠠᠩᠨᠠᠬᠤ ᠣᠷᠣᠨ ᠲᠤᠭᠠ ᠶᠢ ᠳᠠᠬᠢᠨ ᠢᠶᠠᠷ ᠨᠡᠮᠡᠭᠳᠡᠭᠦᠯᠵᠦ᠂ | 
                   ᠱᠠᠩᠨᠠᠬᠤ ᠪᠠᠷᠢᠮᠵᠢᠶᠠ ᠶᠢ ᠴᠤ ᠳᠡᠭᠡᠭᠰᠢᠯᠡᠭᠦᠯᠪᠡ᠃ 2024 ᠣᠨ ᠠᠴᠠ ᠡᠬᠢᠯᠡᠨ᠂ ᠵᠢᠩᠬᠢᠨᠢ ᠠᠩᠭᠢ ᠲᠤᠰᠬᠠᠢ | 
                   ᠮᠡᠷᠭᠡᠵᠢᠯ ᠤᠨ ᠠᠩᠭᠢ ᠶᠢᠨ ᠰᠣᠷᠣᠭᠴᠢᠳ ᠢ ᠤᠯᠤᠰ ᠤᠨ ᠰᠤᠷᠤᠯᠭᠠ ᠶᠢᠨ ᠱᠠᠩᠨᠠᠯ ᠤᠨ ᠮᠥᠩᠭᠦ ᠪᠠᠷ ᠱᠠᠩᠨᠠᠬᠤ | 
                   ᠣᠷᠣᠨ ᠲᠤᠭᠠ ᠶᠢ ᠵᠢᠯ ᠪᠦᠷᠢ 6 ᠲᠦᠮᠡᠨ ᠬᠥᠮᠥᠨ ᠪᠠᠶᠢᠭᠰᠠᠨ ᠠᠴᠠ ᠨᠡᠮᠡᠭᠳᠡᠭᠦᠯᠦᠭᠡᠳ 12 ᠲᠦᠮᠡᠨ ᠬᠥᠮᠥᠨ | 
                   ᠪᠣᠯᠭᠠᠵᠤ᠂ ᠱᠠᠩᠨᠠᠯ ᠤᠨ ᠪᠠᠷᠢᠮᠵᠢᠶᠠ ᠶᠢ ᠰᠣᠷᠣᠭᠴᠢ ᠨᠢᠵᠡᠭᠡᠳ ᠲᠤ ᠵᠢᠯ ᠪᠦᠷᠢ 8000 ᠲᠥᠭᠦᠷᠢᠭ ᠣᠯᠭᠤᠳᠠᠭ | 
                   ᠪᠠᠶᠢᠭᠰᠠᠨ ᠠᠴᠠ ᠨᠡᠮᠡᠭᠳᠡᠭᠦᠯᠦᠭᠡᠳ 10000 ᠲᠥᠭᠦᠷᠢᠭ ᠣᠯᠭᠤᠬᠤ ᠪᠣᠯᠭᠠᠵᠠᠢ᠃ ᠬᠤᠶᠠᠷ ᠲᠤ ᠰᠤᠳᠤᠯᠬᠤ | 
                   ᠰᠣᠷᠣᠭᠴᠢᠳ ᠢ ᠤᠯᠤᠰ ᠤᠨ ᠰᠤᠷᠤᠯᠭᠠ ᠶᠢᠨ ᠱᠠᠩᠨᠠᠯ ᠤᠨ ᠮᠥᠩᠭᠦ ᠪᠠᠷ ᠱᠠᠩᠨᠠᠬᠤ ᠣᠷᠣᠨ ᠲᠤᠭᠠ ᠶᠢ ᠳᠠᠬᠢᠨ ᠢᠶᠠᠷ | 
                   ᠨᠡᠮᠡᠭᠳᠡᠭᠦᠯᠪᠡ᠃ 2024 ᠣᠨ ᠠᠴᠠ ᠡᠬᠢᠯᠡᠨ᠂ ᠰᠤᠳᠤᠯᠬᠤ ᠰᠣᠷᠣᠭᠴᠢᠳ ᠢ ᠤᠯᠤᠰ ᠤᠨ ᠰᠤᠷᠤᠯᠭᠠ ᠶᠢᠨ | 
                   ᠱᠠᠩᠨᠠᠯ ᠤᠨ ᠮᠥᠩᠭᠦ ᠪᠠᠷ ᠱᠠᠩᠨᠠᠬᠤ ᠣᠷᠣᠨ ᠲᠤᠭᠠ ᠶᠢ ᠵᠢᠯ ᠪᠦᠷᠢ 4.5 ᠲᠦᠮᠡᠨ ᠬᠥᠮᠥᠨ ᠪᠠᠶᠢᠭᠰᠠᠨ ᠠᠴᠠ | 
                   ᠨᠡᠮᠡᠭᠳᠡᠭᠦᠯᠦᠭᠡᠳ 9 ᠲᠦᠮᠡᠨ ᠬᠥᠮᠥᠨ ᠪᠣᠯᠭᠠᠵᠠᠢ᠂ ᠡᠭᠦᠨ ᠳᠤ ᠠᠰᠫᠢᠷᠠᠨᠲ ᠢ 3.5 ᠲᠦᠮᠡᠨ ᠬᠥᠮᠥᠨ | 
                   ᠪᠠᠶᠢᠭᠰᠠᠨ ᠠᠴᠠ ᠨᠡᠮᠡᠭᠳᠡᠭᠦᠯᠦᠭᠡᠳ 7 ᠲᠦᠮᠡᠨ ᠬᠥᠮᠥᠨ᠂ ᠳ᠋ᠣᠺᠲ᠋ᠣᠷᠠᠨᠲ ᠢ 1 ᠲᠦᠮᠡᠨ ᠬᠥᠮᠥᠨ ᠪᠠᠶᠢᠭᠰᠠᠨ ᠠᠴᠠ | 
                   ᠨᠡᠮᠡᠭᠳᠡᠭᠦᠯᠦᠭᠡᠳ 2 ᠲᠦᠮᠡᠨ ᠬᠥᠮᠥᠨ ᠪᠣᠯᠭᠠᠭᠰᠠᠨ ᠪᠠᠶᠢᠨᠠ᠃ ᠭᠤᠷᠪᠠ ᠳᠤ ᠳᠡᠭᠡᠳᠦ ᠵᠡᠷᠭᠡ ᠶᠢᠨ ᠵᠢᠩᠬᠢᠨᠢ ᠠᠩᠭᠢ | 
                   ᠲᠤᠰᠬᠠᠢ ᠮᠡᠷᠭᠡᠵᠢᠯ ᠤᠨ ᠠᠩᠭᠢ ᠶᠢᠨ ᠰᠣᠷᠣᠭᠴᠢᠳ ᠢ ᠤᠯᠤᠰ ᠤᠨ ᠤᠷᠮᠠᠰᠢᠭᠤᠯᠤᠨ ᠵᠣᠷᠢᠭᠵᠢᠭᠤᠯᠬᠤ | 
                   ᠰᠤᠷᠤᠯᠭᠠ ᠶᠢᠨ ᠱᠠᠩᠨᠠᠯ ᠤᠨ ᠮᠥᠩᠭᠦ ᠪᠠᠷ ᠱᠠᠩᠨᠠᠬᠤ ᠪᠠᠷᠢᠮᠵᠢᠶᠠ ᠶᠢ ᠳᠡᠭᠡᠭᠰᠢᠯᠡᠭᠦᠯᠪᠡ᠃ 2024 ᠣᠨ ᠠᠴᠠ | 
                   ᠡᠬᠢᠯᠡᠨ᠂ ᠵᠢᠩᠬᠢᠨᠢ ᠠᠩᠭᠢ ᠲᠤᠰᠬᠠᠢ ᠮᠡᠷᠭᠡᠵᠢᠯ ᠤᠨ ᠠᠩᠭᠢ ᠶᠢᠨ ᠰᠣᠷᠣᠭᠴᠢᠳ ᠢ ᠤᠯᠤᠰ ᠤᠨ ᠤᠷᠮᠠᠰᠢᠭᠤᠯᠤᠨ | 
                   ᠵᠣᠷᠢᠭᠵᠢᠭᠤᠯᠬᠤ ᠰᠤᠷᠤᠯᠭᠠ ᠶᠢᠨ ᠱᠠᠩᠨᠠᠯ ᠤᠨ ᠮᠥᠩᠭᠦ ᠪᠠᠷ ᠱᠠᠩᠨᠠᠬᠤ ᠪᠠᠷᠢᠮᠵᠢᠶᠠ ᠶᠢ ᠰᠣᠷᠣᠭᠴᠢ ᠨᠢᠵᠡᠭᠡᠳ ᠲᠤ ᠵᠢᠯ | 
                   ᠪᠦᠷᠢ 5000 ᠲᠥᠭᠦᠷᠢᠭ ᠣᠯᠭᠤᠳᠠᠭ ᠪᠠᠶᠢᠭᠰᠠᠨ ᠠᠴᠠ ᠨᠡᠮᠡᠭᠳᠡᠭᠦᠯᠦᠭᠡᠳ 6000 ᠲᠥᠭᠦᠷᠢᠭ ᠣᠯᠭᠤᠬᠤ | 
                   ᠪᠣᠯᠭᠠᠵᠠᠢ᠃ ᠳᠥᠷᠪᠡ ᠳᠤ ᠵᠢᠩᠬᠢᠨᠢ ᠠᠩᠭᠢ ᠲᠤᠰᠬᠠᠢ ᠮᠡᠷᠭᠡᠵᠢᠯ ᠤᠨ ᠠᠩᠭᠢ ᠶᠢᠨ ᠰᠤᠷᠤᠭᠴᠢᠳ ᠢ ᠤᠯᠤᠰ ᠤᠨ | 
                   ᠰᠤᠷᠤᠯᠭᠠ ᠶᠢᠨ ᠳᠡᠳᠬᠦᠪᠦᠷᠢ ᠶᠢᠨ ᠮᠥᠩᠭᠦ ᠪᠠᠷ ᠲᠤᠰᠠᠯᠠᠬᠤ ᠪᠠᠷᠢᠮᠵᠢᠶᠠ ᠶᠢ ᠳᠡᠭᠡᠭᠰᠢᠯᠡᠭᠦᠯᠪᠡ᠃ 2024 ᠣᠨ ᠤ | 
                   ᠨᠠᠮᠤᠷ ᠤᠨ ᠤᠯᠠᠷᠢᠯ ᠤᠨ ᠰᠤᠷᠤᠯᠭᠠ ᠶᠢᠨ ᠬᠤᠭᠤᠴᠠᠭᠠ ᠠᠴᠠ ᠡᠬᠢᠯᠡᠨ᠂ ᠵᠢᠩᠬᠢᠨᠢ ᠠᠩᠭᠢ ᠲᠤᠰᠬᠠᠢ ᠮᠡᠷᠭᠡᠵᠢᠯ ᠤᠨ | 
                   ᠠᠩᠭᠢ ᠶᠢᠨ ᠰᠣᠷᠣᠭᠴᠢᠳ ︵ᠪᠡᠯᠡᠳᠬᠡᠯ ᠠᠩᠭᠢ ᠶᠢᠨ ᠰᠣᠷᠣᠭᠴᠢ ᠶᠢ ᠪᠠᠭᠲᠠᠭᠠᠨᠠ᠂ ᠴᠡᠷᠢᠭ ᠤᠨ ᠠᠯᠪᠠᠨ ᠠᠴᠠ | 
                   ᠬᠠᠯᠠᠭᠳᠠᠭᠰᠠᠨ ᠪᠠᠶᠢᠯᠳᠤᠭᠴᠢ ᠰᠣᠷᠣᠭᠴᠢ ᠶᠢ ᠪᠠᠭᠲᠠᠭᠠᠬᠤ ᠦᠭᠡᠢ︶ ᠢ ᠤᠯᠤᠰ ᠤᠨ ᠰᠤᠷᠤᠯᠭᠠ ᠶᠢᠨ | 
                   ᠳᠡᠳᠬᠦᠪᠦᠷᠢ ᠶᠢᠨ ᠮᠥᠩᠭᠦ ᠪᠠᠷ ᠲᠤᠰᠠᠯᠠᠬᠤ ᠳᠤᠮᠳᠠᠴᠢ ᠪᠠᠷᠢᠮᠵᠢᠶᠠ ᠶᠢ ᠰᠣᠷᠣᠭᠴᠢ ᠨᠢᠵᠡᠭᠡᠳ ᠲᠤ ᠵᠢᠯ ᠪᠦᠷᠢ | 
                   3300 ᠲᠥᠭᠦᠷᠢᠭ ᠣᠯᠭᠤᠳᠠᠭ ᠪᠠᠶᠢᠭᠰᠠᠨ ᠠᠴᠠ ᠨᠡᠮᠡᠭᠳᠡᠭᠦᠯᠦᠭᠡᠳ 3700 ᠲᠥᠭᠦᠷᠢᠭ ᠣᠯᠭᠤᠬᠤ ᠪᠣᠯᠭᠠᠪᠠ᠂ | 
                   ᠪᠣᠳᠠᠲᠠᠢ ᠪᠠᠷᠢᠮᠵᠢᠶᠠ ᠶᠢ ᠰᠣᠷᠣᠭᠴᠢ ᠨᠢᠵᠡᠭᠡᠳ ᠲᠤ ᠵᠢᠯ ᠪᠦᠷᠢ 2500 ᠠᠴᠠ 5000 ᠲᠥᠭᠦᠷᠢᠭ ᠤᠨ ᠬᠡᠪᠴᠢᠶᠡᠨ | 
                   ᠳᠣᠲᠣᠷᠠ ᠶᠡᠭᠡ ᠳᠡᠭᠡᠳᠦ ᠰᠤᠷᠭᠠᠭᠤᠯᠢ ᠨᠤᠭᠤᠳ ᠥᠪᠡᠰᠦᠪᠡᠨ ᠲᠣᠭᠲᠠᠭᠠᠬᠤ ᠪᠥᠭᠡᠳ 2 ᠠᠴᠠ 3 ᠲᠠᠰ | 
                   ᠬᠤᠪᠢᠶᠠᠵᠤ ᠪᠣᠯᠣᠨᠠ᠃ ᠪᠦᠬᠦᠯᠢ ᠡᠳᠦᠷ ᠤᠨ ᠳᠦᠷᠢᠮᠲᠦ ᠰᠤᠷᠭᠠᠭᠤᠯᠢ ᠳᠤ ᠪᠠᠶᠢᠭᠠ ᠴᠡᠷᠢᠭ ᠤᠨ ᠠᠯᠪᠠᠨ ᠠᠴᠠ | 
                   ᠬᠠᠯᠠᠭᠳᠠᠭᠰᠠᠨ ᠪᠠᠶᠢᠯᠳᠤᠭᠴᠢ ᠰᠣᠷᠣᠭᠴᠢᠳ ᠴᠥᠮ ᠵᠢᠩᠬᠢᠨᠢ ᠠᠩᠭᠢ ᠲᠤᠰᠬᠠᠢ ᠮᠡᠷᠭᠡᠵᠢᠯ ᠤᠨ ᠠᠩᠭᠢ ᠶᠢᠨ | 
                   ᠰᠣᠷᠣᠭᠴᠢᠳ ᠲᠤ ᠣᠯᠭᠤᠬᠤ ᠤᠯᠤᠰ ᠤᠨ ᠰᠤᠷᠤᠯᠭᠠ ᠶᠢᠨ ᠳᠡᠳᠬᠦᠪᠦᠷᠢ ᠶᠢᠨ ᠮᠥᠩᠭᠦ ᠶᠢ ᠬᠦᠷᠲᠡᠨᠡ᠂ ᠲᠤᠰᠠᠯᠠᠬᠤ | 
                   ᠪᠠᠷᠢᠮᠵᠢᠶᠠ ᠶᠢ ᠰᠣᠷᠣᠭᠴᠢ ᠨᠢᠵᠡᠭᠡᠳ ᠲᠤ ᠵᠢᠯ ᠪᠦᠷᠢ 3300 ᠲᠥᠭᠦᠷᠢᠭ ᠣᠯᠭᠤᠳᠠᠭ ᠪᠠᠶᠢᠭᠰᠠᠨ ᠠᠴᠠ | 
                   ᠨᠡᠮᠡᠭᠳᠡᠭᠦᠯᠦᠭᠡᠳ 3700 ᠲᠥᠭᠦᠷᠢᠭ ᠣᠯᠭᠤᠬᠤ ᠪᠣᠯᠭᠠᠪᠠ᠃ ᠲᠠᠪᠤ ᠳᠤ ᠰᠤᠳᠤᠯᠬᠤ ᠰᠣᠷᠣᠭᠴᠢᠳ ᠢ | 
                   ᠰᠤᠷᠤᠯᠭᠠ ᠶᠢᠨ ᠱᠠᠩᠨᠠᠯ ᠤᠨ ᠮᠥᠩᠭᠦ ᠪᠠᠷ ᠳᠡᠮᠵᠢᠬᠦ ᠪᠠᠷᠢᠮᠵᠢᠶᠠ ᠶᠢ ᠳᠡᠭᠡᠭᠰᠢᠯᠡᠭᠦᠯᠪᠡ᠃ 2025 ᠣᠨ ᠠᠴᠠ ᠡᠬᠢᠯᠡᠨ | 
                   ᠂ ᠲᠥᠪ ᠤᠨ ᠰᠢᠭᠤᠳ ᠬᠠᠷᠢᠶᠠᠲᠤ ᠶᠡᠭᠡ ᠳᠡᠭᠡᠳᠦ ᠰᠤᠷᠭᠠᠭᠤᠯᠢ ᠨᠤᠭᠤᠳ ᠤᠨ ᠰᠤᠳᠤᠯᠬᠤ ᠰᠣᠷᠣᠭᠴᠢᠳ ᠲᠤ | 
                   ᠣᠯᠭᠤᠬᠤ ᠰᠤᠷᠤᠯᠭᠠ ᠶᠢᠨ ᠱᠠᠩᠨᠠᠯ ᠤᠨ ᠮᠥᠩᠭᠦ ᠳᠠᠬᠢ ᠲᠥᠪ ᠤᠨ ᠡᠳ᠋ ᠤᠨ ᠵᠠᠰᠠᠭ ᠤᠨ ᠳᠡᠮᠵᠢᠯᠭᠡ ᠶᠢᠨ | 
                   ᠪᠠᠷᠢᠮᠵᠢᠶᠠ ᠶᠢ ᠳᠡᠭᠡᠭᠰᠢᠯᠡᠭᠦᠯᠪᠡ᠂ ᠡᠭᠦᠨ ᠳᠤ᠄ ᠠᠰᠫᠢᠷᠠᠨᠲ ᠨᠢᠵᠡᠭᠡᠳ ᠲᠤ ᠵᠢᠯ ᠪᠦᠷᠢ 8000 ᠲᠥᠭᠦᠷᠢᠭ | 
                   ᠣᠯᠭᠤᠳᠠᠭ ᠪᠠᠶᠢᠭᠰᠠᠨ ᠠᠴᠠ ᠨᠡᠮᠡᠭᠳᠡᠭᠦᠯᠦᠭᠡᠳ 10000 ᠲᠥᠭᠦᠷᠢᠭ᠂ ᠳ᠋ᠣᠺᠲ᠋ᠣᠷᠠᠨᠲ ᠨᠢᠵᠡᠭᠡᠳ ᠲᠤ ᠵᠢᠯ ᠪᠦᠷᠢ | 
                   10000 ᠲᠥᠭᠦᠷᠢᠭ ᠣᠯᠭᠤᠳᠠᠭ ᠪᠠᠶᠢᠭᠰᠠᠨ ᠠᠴᠠ ᠨᠡᠮᠡᠭᠳᠡᠭᠦᠯᠦᠭᠡᠳ 12000 ᠲᠥᠭᠦᠷᠢᠭ ᠣᠯᠭᠤᠬᠤ ᠪᠣᠯᠭᠠᠪᠠ᠃ | 
                   ᠲᠥᠪ ᠤᠨ ᠰᠢᠭᠤᠳ ᠬᠠᠷᠢᠶᠠᠲᠤ ᠶᠡᠭᠡ ᠳᠡᠭᠡᠳᠦ ᠰᠤᠷᠭᠠᠭᠤᠯᠢ ᠨᠤᠭᠤᠳ ᠰᠤᠳᠤᠯᠬᠤ ᠰᠣᠷᠣᠭᠴᠢᠳ ᠤᠨ | 
                   ᠰᠤᠷᠤᠯᠭᠠ ᠶᠢᠨ ᠬᠢᠷᠢ ᠪᠦᠲᠦᠮᠵᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠦᠷᠡ ᠪᠦᠲᠦᠭᠡᠯ᠂ ᠨᠡᠶᠢᠭᠡᠮ ᠤᠨ | 
                   ᠦᠢᠯᠡᠴᠢᠯᠡᠭᠡ ᠵᠡᠷᠭᠡ ᠬᠦᠴᠦᠨ ᠵᠦᠢᠯ ᠢ ᠦᠨᠳᠦᠰᠦᠯᠡᠨ᠂ ᠠᠰᠫᠢᠷᠠᠨᠲ ᠤᠨ ᠰᠤᠷᠤᠯᠭᠠ ᠶᠢᠨ ᠱᠠᠩᠨᠠᠯ ᠤᠨ | 
                   ᠮᠥᠩᠭᠦ ᠶᠢᠨ ᠬᠠᠮᠤᠷᠬᠤ ᠬᠡᠪᠴᠢᠶᠡ᠂ ᠵᠡᠷᠭᠡ ᠲᠠᠰ᠂ ᠱᠠᠩᠨᠠᠯ ᠤᠨ ᠪᠠᠷᠢᠮᠵᠢᠶᠠ ᠶᠢ ᠳᠣᠭᠲᠠᠭᠠᠨᠠ᠂ ᠱᠠᠩᠨᠠᠯ ᠤᠨ | 
                   ᠪᠠᠷᠢᠮᠵᠢᠶᠠ ᠶᠢ ᠲᠠᠰ ᠬᠤᠪᠢᠶᠠᠨ ᠲᠣᠭᠲᠠᠭᠠᠵᠤ ᠪᠣᠯᠣᠨᠠ᠂ ᠲᠡᠭᠡᠬᠦ ᠳᠤ ᠪᠠᠨ ᠠᠰᠫᠢᠷᠠᠨᠲ ᠨᠢᠵᠡᠭᠡᠳ ᠲᠤ ᠵᠢᠯ ᠪᠦᠷᠢ | 
                   20000 ᠲᠥᠭᠦᠷᠢᠭ᠂ ᠳ᠋ᠣᠺᠲ᠋ᠣᠷᠠᠨᠲ ᠨᠢᠵᠡᠭᠡᠳ ᠲᠤ ᠵᠢᠯ ᠪᠦᠷᠢ 30000 ᠲᠥᠭᠦᠷᠢᠭ ᠠᠴᠠ ᠬᠡᠲᠦᠷᠡᠭᠦᠯᠵᠦ | 
                   ᠪᠣᠯᠬᠤ ᠦᠭᠡᠢ᠃ ᠰᠤᠳᠤᠯᠬᠤ ᠰᠣᠷᠣᠭᠴᠢᠳ ᠢ ᠰᠤᠷᠤᠯᠭᠠ ᠶᠢᠨ ᠱᠠᠩᠨᠠᠯ ᠤᠨ ᠮᠥᠩᠭᠦ ᠪᠠᠷ ᠱᠠᠩᠨᠠᠬᠤ ᠣᠷᠣᠨ | 
                   ᠲᠤᠭᠠ ᠶᠢᠨ ᠬᠤᠪᠢᠶᠠᠷᠢᠯᠠᠯᠲᠠ ᠶᠢ ᠰᠠᠭᠤᠷᠢ ᠰᠢᠨᠵᠢᠯᠡᠭᠡᠨ ᠤ ᠰᠠᠯᠠᠭᠠ ᠪᠠ ᠤᠯᠤᠰ ᠤᠨ ᠪᠠᠴᠢᠮ ᠱᠠᠭᠠᠷᠳᠠᠭᠳᠠᠬᠤ | 
                   ᠰᠢᠨᠵᠢᠯᠡᠭᠡᠨ ᠤ ᠰᠠᠯᠠᠭᠠ ︵ᠲᠤᠰᠬᠠᠢ ᠮᠡᠷᠭᠡᠵᠢᠯ᠂ ᠴᠢᠭᠯᠡᠯ︶ ᠲᠡᠶᠢᠰᠢ᠂ ᠰᠢᠨᠡ ᠶᠢ ᠡᠭᠦᠳᠬᠦ ᠣᠷᠦ᠋ᠢᠯᠠᠭᠰᠠᠨ | 
                   ᠴᠢᠳᠠᠪᠤᠷᠢᠲᠠᠨ᠂ ᠪᠠᠴᠢᠮ ᠱᠠᠭᠠᠷᠳᠠᠭᠳᠠᠬᠤ ᠪᠠ ᠳᠤᠲᠠᠭᠳᠠᠵᠤ ᠪᠠᠶᠢᠭᠠ ᠴᠢᠳᠠᠪᠤᠷᠢᠲᠠᠨ ᠲᠡᠶᠢᠰᠢ᠂ ᠡᠷᠳᠡᠮ | 
                   ᠰᠢᠨᠵᠢᠯᠡᠭᠡᠨ ᠤ ᠬᠡᠯᠪᠡᠷᠢ ᠶᠢᠨ ᠰᠤᠳᠤᠯᠬᠤ ᠰᠣᠷᠣᠭᠴᠢ ᠲᠡᠶᠢᠰᠢ ᠬᠡᠯᠪᠠᠶᠢᠯᠭᠡᠬᠦ ᠬᠡᠷᠡᠭᠲᠡᠢ᠃ | 
                   ᠳᠥᠷᠪᠡ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠣᠷᠣᠭᠴᠢᠳ ᠢ ᠡᠳ᠋ ᠮᠥᠩᠭᠦ ᠪᠠᠷ | 
                   ᠲᠤᠰᠠᠯᠠᠬᠤ ᠲᠥᠷᠥ ᠶᠢᠨ ᠪᠣᠳᠣᠯᠭᠠ ᠳᠤ ᠲᠣᠬᠢᠷᠠᠭᠤᠯᠤᠯᠲᠠ ᠬᠢᠭᠰᠡᠨ ᠤ ᠭᠤᠣᠯ ᠠᠭᠤᠯᠭᠠ ᠨᠢ ᠶᠠᠭᠤ ᠶᠠᠭᠤ ᠪᠠᠶᠢᠬᠤ | 
                   ᠪᠣᠶ︖ | 
                   ᠬᠠᠷᠢᠭᠤᠯᠲᠠ᠄ ᠨᠢᠭᠡ ᠳᠤ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠣᠷᠣᠭᠴᠢᠳ ᠲᠤ | 
                   ᠣᠯᠭᠤᠬᠤ ᠤᠯᠤᠰ ᠤᠨ ᠰᠤᠷᠤᠯᠭᠠ ᠶᠢᠨ ᠳᠡᠳᠬᠦᠪᠦᠷᠢ ᠶᠢᠨ ᠮᠥᠩᠭᠦᠨ ᠤ ᠪᠠᠷᠢᠮᠵᠢᠶᠠ ᠶᠢ ᠳᠡᠭᠡᠭᠰᠢᠯᠡᠭᠦᠯᠪᠡ᠃ | 
                   2025 ᠣᠨ ᠤ ᠬᠠᠪᠤᠷ ᠤᠨ ᠤᠯᠠᠷᠢᠯ ᠤᠨ ᠰᠤᠷᠤᠯᠭᠠ ᠶᠢᠨ ᠬᠤᠭᠤᠴᠠᠭᠠ ᠠᠴᠠ ᠡᠬᠢᠯᠡᠨ᠂ ᠡᠩ ᠤᠨ ᠥᠨᠳᠥᠷ | 
                   ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠣᠷᠣᠭᠴᠢᠳ ᠲᠤ ᠣᠯᠭᠤᠬᠤ ᠤᠯᠤᠰ ᠤᠨ ᠰᠤᠷᠤᠯᠭᠠ ᠶᠢᠨ | 
                   ᠳᠡᠳᠬᠦᠪᠦᠷᠢ ᠶᠢᠨ ᠮᠥᠩᠭᠦ ᠶᠢᠨ ᠳᠤᠮᠳᠠᠴᠢ ᠲᠤᠰᠠᠯᠠᠬᠤ ᠪᠠᠷᠢᠮᠵᠢᠶᠠ ᠶᠢ ᠰᠣᠷᠣᠭᠴᠢ ᠨᠢᠵᠡᠭᠡᠳ ᠲᠤ ᠵᠢᠯ ᠪᠦᠷᠢ | 
                   2000 ᠲᠥᠭᠦᠷᠢᠭ ᠣᠯᠭᠤᠳᠠᠭ ᠪᠠᠶᠢᠭᠰᠠᠨ ᠠᠴᠠ ᠨᠡᠮᠡᠭᠳᠡᠭᠦᠯᠦᠭᠡᠳ 2300 ᠲᠥᠭᠦᠷᠢᠭ ᠣᠯᠭᠤᠬᠤ ᠪᠣᠯᠭᠠᠪᠠ᠂ | 
                   ᠪᠣᠳᠠᠲᠠᠢ ᠪᠠᠷᠢᠮᠵᠢᠶᠠ ᠶᠢ ᠡᠯᠡ ᠭᠠᠵᠠᠷ ᠤᠨ ᠬᠢᠨ ᠪᠣᠳᠠᠲᠠᠢ ᠪᠠᠶᠢᠳᠠᠯ ᠲᠠᠢ ᠪᠠᠨ ᠤᠶᠠᠯᠳᠤᠭᠤᠯᠤᠨ 1200 ᠠᠴᠠ | 
                   3500 ᠲᠥᠭᠦᠷᠢᠭ ᠤᠨ ᠬᠡᠪᠴᠢᠶᠡᠨ ᠳᠤ ᠲᠣᠭᠲᠠᠭᠠᠬᠤ ᠪᠥᠭᠡᠳ 2 ᠠᠴᠠ 3 ᠲᠠᠰ ᠬᠤᠪᠢᠶᠠᠵᠤ ᠪᠣᠯᠣᠨᠠ᠃ | 
                   ᠬᠤᠶᠠᠷ ᠲᠤ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠣᠷᠣᠭᠴᠢᠳ ᠲᠤ ᠣᠯᠭᠤᠬᠤ | 
                   ᠤᠯᠤᠰ ᠤᠨ ᠰᠤᠷᠤᠯᠭᠠ ᠶᠢᠨ ᠳᠡᠳᠬᠦᠪᠦᠷᠢ ᠶᠢᠨ ᠮᠥᠩᠭᠦᠨ ᠤ ᠬᠠᠮᠤᠷᠬᠤ ᠬᠡᠪᠴᠢᠶᠡ ᠶᠢ ᠥᠷᠭᠡᠳᠬᠡᠨ᠂ ᠲᠤᠰᠠᠯᠠᠬᠤ | 
                   ᠪᠠᠷᠢᠮᠵᠢᠶᠠ ᠶᠢ ᠳᠡᠭᠡᠭᠰᠢᠯᠡᠭᠦᠯᠪᠡ᠃ 2025 ᠣᠨ ᠤ ᠬᠠᠪᠤᠷ ᠤᠨ ᠤᠯᠠᠷᠢᠯ ᠤᠨ ᠰᠤᠷᠤᠯᠭᠠ ᠶᠢᠨ ᠬᠤᠭᠤᠴᠠᠭᠠ ᠠᠴᠠ | 
                   ᠡᠬᠢᠯᠡᠨ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠪᠦᠬᠦᠯᠢ ᠡᠳᠦᠷ ᠤᠨ ᠳᠦᠷᠢᠮᠲᠦ | 
                   ᠰᠤᠷᠤᠯᠭᠠ ᠶᠢᠨ ᠨᠠᠮᠲᠠᠷ ᠲᠠᠢ ᠰᠤᠷᠭᠠᠨ ᠬᠥᠮᠦᠵᠢᠯ ᠤᠨ ᠵᠢᠩᠬᠢᠨᠢ ᠰᠤᠷᠤᠯᠭᠠ ᠶᠢᠨ ᠬᠠᠷᠢᠶᠠ ᠪᠦᠬᠦᠢ ᠭᠤᠷᠪᠠᠳᠤᠭᠠᠷ | 
                   ᠣᠨ ᠤ ᠰᠤᠷᠭᠠᠭᠤᠯᠢ ᠳᠤ ᠪᠠᠶᠢᠭᠠ ᠮᠥᠷᠲᠡᠭᠡᠨ ᠲᠠᠷᠢᠶᠠᠯᠠᠩ ᠳᠤ ᠬᠤᠯᠪᠣᠭᠳᠠᠬᠤ ᠲᠤᠰᠬᠠᠢ ᠮᠡᠷᠭᠡᠵᠢᠯ ᠲᠠᠢ | 
                   ᠰᠣᠷᠣᠭᠴᠢᠳ ᠬᠢᠭᠡᠳ ᠲᠠᠷᠢᠶᠠᠯᠠᠩ ᠳᠤ ᠡᠰᠡ ᠬᠤᠯᠪᠣᠭᠳᠠᠬᠤ ᠲᠤᠰᠬᠠᠢ ᠮᠡᠷᠭᠡᠵᠢᠯ ᠲᠠᠢ ᠭᠡᠷ ᠪᠦᠯᠢ ᠶᠢᠨ ᠠᠵᠤ | 
                   ᠠᠬᠤᠢ ᠨᠢ ᠬᠦᠴᠢᠷᠳᠡᠯᠲᠡᠢ ᠰᠣᠷᠣᠭᠴᠢᠳ ᠢ ᠤᠯᠤᠰ ᠤᠨ ᠰᠤᠷᠤᠯᠭᠠ ᠶᠢᠨ ᠳᠡᠳᠬᠦᠪᠦᠷᠢ ᠶᠢᠨ ᠮᠥᠩᠭᠦ ᠪᠠᠷ ᠲᠤᠰᠠᠯᠠᠬᠤ | 
                   ᠬᠡᠪᠴᠢᠶᠡᠨ ᠣᠷᠣᠭᠤᠯᠤᠨᠠ᠃ ᠯᠢᠦ ᠫᠠᠨ ᠱᠠᠨ ᠠᠭᠤᠯᠠᠷᠬᠠᠭ ᠣᠷᠣᠨ ᠵᠡᠷᠭᠡ ᠤᠤᠯ ᠤᠨ ᠵᠠᠯᠭᠠᠯᠳᠤᠭᠰᠠᠨ ᠣᠨᠴᠠ | 
                   ᠬᠦᠴᠢᠷᠳᠡᠯᠲᠡᠢ 11 ᠭᠠᠵᠠᠷ ᠣᠷᠣᠨ ᠪᠠ ᠲᠥᠪᠡᠳ ᠤᠨ ᠥᠪᠡᠷᠲᠡᠭᠡᠨ ᠵᠠᠰᠠᠬᠤ ᠣᠷᠣᠨ᠂ ᠰᠧᠴᠤᠸᠠᠨ ᠶᠦᠨᠨᠠᠨ | 
                   ᠭᠠᠨᠰᠤ ᠬᠥᠬᠡᠨᠠᠭᠤᠷ ᠳᠥᠷᠪᠡᠨ ᠮᠤᠵᠢ ᠶᠢᠨ ᠲᠥᠪᠡᠳ ᠦᠨᠳᠦᠰᠦᠲᠡᠨ ᠬᠢᠭᠡᠳ ᠪᠤᠰᠤᠳ ᠦᠨᠳᠦᠰᠦᠲᠡᠨ ᠤ | 
                   ᠬᠠᠮᠲᠤ ᠪᠠᠷ ᠰᠠᠭᠤᠷᠢᠰᠢᠵᠤ ᠪᠠᠶᠢᠭᠠ ᠥᠪᠡᠷᠲᠡᠭᠡᠨ ᠵᠠᠰᠠᠬᠤ ᠵᠧᠦ ᠰᠢᠶᠠᠨ᠂ ᠰᠢᠨᠵᠢᠶᠠᠩ ᠤᠨ ᠡᠮᠦᠨᠡᠲᠦ ᠬᠡᠰᠡᠭ ᠤᠨ | 
                   ᠳᠦᠷᠪᠡᠨ ᠲᠤᠰᠬᠠᠢ ᠣᠷᠣᠨ ᠤ ᠳᠡᠰ ᠤᠨ ᠣᠷᠣᠨ ᠵᠧᠦ ᠶᠢᠨ ᠳᠤᠮᠳᠠ ᠵᠡᠷᠭᠡ ᠶᠢᠨ ᠠᠵᠢᠯ ᠮᠡᠷᠭᠡᠵᠢᠯ ᠤᠨ | 
                   ᠰᠤᠷᠭᠠᠭᠤᠯᠢ ᠶᠢᠨ ᠭᠤᠷᠪᠠᠳᠤᠭᠠᠷ ᠣᠨ ᠤ ᠬᠥᠳᠡᠭᠡ ᠲᠣᠰᠬᠤᠨ ᠠᠴᠠ ᠢᠷᠡᠯᠲᠡᠢ ᠰᠣᠷᠣᠭᠴᠢᠳ ︵ᠰᠢᠶᠠᠨ ᠤ | 
                   ᠬᠤᠲᠠ ᠶᠢ ᠪᠠᠭᠲᠠᠭᠠᠬᠤ ᠦᠭᠡᠢ︶ ᠢ ᠴᠥᠮ ᠤᠯᠤᠰ ᠤᠨ ᠰᠤᠷᠤᠯᠭᠠ ᠶᠢᠨ ᠳᠡᠳᠬᠦᠪᠦᠷᠢ ᠶᠢᠨ ᠮᠥᠩᠭᠦ ᠪᠠᠷ ᠲᠤᠰᠠᠯᠠᠬᠤ | 
                   ᠬᠡᠪᠴᠢᠶᠡᠨ ᠳᠤ ᠣᠷᠣᠭᠤᠯᠪᠠ᠃ ᠡᠳ᠋ ᠮᠥᠩᠭᠦ ᠪᠠᠷ ᠲᠤᠰᠠᠯᠠᠬᠤ ᠳᠤᠮᠳᠠᠴᠢ ᠪᠠᠷᠢᠮᠵᠢᠶᠠ ᠶᠢ ᠰᠣᠷᠣᠭᠴᠢ ᠨᠢᠵᠡᠭᠡᠳ ᠲᠤ | 
                   ᠵᠢᠯ ᠪᠦᠷᠢ 2000 ᠲᠥᠭᠦᠷᠢᠭ ᠣᠯᠭᠤᠳᠠᠭ ᠪᠠᠶᠢᠭᠰᠠᠨ ᠠᠴᠠ ᠨᠡᠮᠡᠭᠳᠡᠭᠦᠯᠦᠭᠡᠳ 2300 ᠲᠥᠭᠦᠷᠢᠭ ᠣᠯᠭᠤᠬᠤ | 
                   ᠪᠣᠯᠭᠠᠵᠠᠢ᠂ ᠪᠣᠳᠠᠲᠠᠢ ᠪᠠᠷᠢᠮᠵᠢᠶᠠ ᠶᠢ ᠡᠯᠡ ᠭᠠᠵᠠᠷ ᠤᠨ ᠬᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ | 
                   1200 ᠠᠴᠠ 3500 ᠲᠥᠭᠦᠷᠢᠭ ᠤᠨ ᠬᠡᠪᠴᠢᠶᠡᠨ ᠳᠣᠲᠣᠷᠠ ᠳᠣᠭᠲᠠᠭᠠᠬᠤ ᠪᠥᠭᠡᠳ 2 ᠠᠴᠠ 3 ᠲᠠᠰ | 
                   ᠬᠤᠪᠢᠶᠠᠵᠤ ᠪᠣᠯᠣᠨᠠ᠃ | 
                   ᠲᠠᠪᠤ᠂ ︽ᠮᠡᠳᠡᠭᠳᠡᠯ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠠᠨ ᠬᠡᠷᠬᠢᠨ ᠪᠠᠲᠤᠯᠠᠬᠤ ᠪᠤᠢ︖ | 
                   ᠬᠠᠷᠢᠭᠤᠯᠲᠠ᠄ ᠰᠢᠨᠡ ᠲᠥᠷᠥ ᠶᠢᠨ ᠪᠣᠳᠣᠯᠭᠠ ᠶᠢ ᠨᠠᠶᠢᠳᠠᠪᠤᠷᠢᠵᠢᠭᠤᠯᠤᠨ ᠪᠣᠲᠠᠲᠠᠶᠢᠵᠢᠭᠤᠯᠬᠤ ᠶᠢ ᠦᠨᠡᠨ ᠬᠦ | 
                   ᠪᠠᠲᠤᠯᠠᠬᠤ ᠶᠢᠨ ᠲᠥᠯᠥᠭᠡ᠂ ᠡᠳ᠋ ᠤᠨ ᠵᠠᠰᠠᠭ ᠤᠨ ᠶᠠᠮᠤᠨ ᠨᠢ ᠰᠤᠷᠭᠠᠨ ᠬᠥᠮᠦᠵᠢᠯ ᠤᠨ ᠶᠠᠮᠤᠨ᠂ ᠬᠥᠮᠥᠨ ᠤ | 
                   ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭᠠ ᠶᠢᠨ ᠶᠠᠮᠤᠨ ᠵᠡᠷᠭᠡ ᠰᠠᠯᠠᠭᠠ ᠮᠥᠴᠢᠷ ᠲᠠᠢ ᠬᠠᠮᠲᠤᠷᠠᠨ | 
                   ᠳᠥᠷᠪᠡᠨ ᠲᠠᠯᠠ ᠶᠢᠨ ᠠᠵᠢᠯ ᠢ ᠭᠤᠣᠯᠳᠠᠯᠭᠠ ᠲᠠᠢ ᠥᠷᠨᠢᠭᠦᠯᠬᠦ ᠪᠣᠯᠣᠨᠠ᠄ ᠨᠢᠭᠡ ᠳᠤ ᠵᠣᠬᠢᠶᠠᠨ ᠪᠠᠶᠢᠭᠤᠯᠵᠤ | 
                   ᠤᠳᠤᠷᠢᠳᠬᠤ ᠪᠠᠨ ᠴᠢᠩᠭᠠᠳᠬᠠᠨᠠ᠃ ᠡᠯᠡ ᠭᠠᠵᠠᠷ ᠤᠨ ᠡᠳ᠋ ᠤᠨ ᠵᠠᠰᠠᠭ᠂ ᠰᠤᠷᠭᠠᠨ ᠬᠥᠮᠦᠵᠢᠯ᠂ ᠬᠥᠮᠥᠨ ᠤ | 
                   ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭᠠ ᠵᠡᠷᠭᠡ ᠬᠤᠯᠪᠣᠭᠳᠠᠯ ᠪᠦᠬᠦᠢ ᠰᠠᠯᠠᠭᠠ ᠮᠥᠴᠢᠷ ᠪᠠ | 
                   ᠰᠤᠷᠭᠠᠭᠤᠯᠢ ᠨᠤᠭᠤᠳ ᠤᠨ ᠵᠣᠬᠢᠶᠠᠨ ᠪᠠᠶᠢᠭᠤᠯᠵᠤ ᠤᠳᠤᠷᠢᠳᠬᠤ ᠪᠠᠨ ᠦᠨᠡᠨ ᠬᠦ ᠴᠢᠩᠭᠠᠳᠬᠠᠬᠤ ᠶᠢ ᠨᠢ | 
                   ᠠᠬᠢᠭᠤᠯᠵᠤ᠂ ᠡᠨᠡ ᠬᠦ ᠲᠥᠷᠥ ᠶᠢᠨ ᠪᠣᠳᠣᠯᠭᠠ ᠶᠢᠨ ᠲᠣᠬᠢᠷᠠᠭᠤᠯᠤᠯᠲᠠ ᠶᠢᠨ ᠠᠵᠢᠯ ᠢ ᠴᠠᠭ ᠲᠤᠬᠠᠢ ᠳᠤ ᠨᠢ | 
                   ᠲᠦᠯᠬᠢᠨ ᠠᠬᠢᠭᠤᠯᠵᠤ᠂ ᠲᠣᠰ ᠭᠠᠵᠠᠷ ᠣᠷᠣᠨ ᠲᠣᠰ ᠰᠤᠷᠭᠠᠭᠤᠯᠢ ᠶᠢᠨ ᠢᠶᠠᠨ ᠰᠤᠷᠤᠯᠭᠠ ᠶᠢᠨ ᠱᠠᠩᠨᠠᠯ ᠤᠨ ᠮᠥᠩᠭᠦ | 
                   ᠪᠠ ᠰᠤᠷᠤᠯᠭᠠ ᠶᠢᠨ ᠳᠡᠳᠬᠦᠪᠦᠷᠢ ᠶᠢᠨ ᠮᠥᠩᠭᠦ ᠶᠢᠨ ᠲᠥᠷᠥ ᠶᠢᠨ ᠪᠣᠳᠣᠯᠭᠠ ᠳᠤ ᠵᠠᠰᠠᠪᠤᠷᠢ ᠣᠷᠣᠭᠤᠯᠤᠨ᠂ | 
                   2024 ᠣᠨ ᠳᠠᠬᠢ ᠤᠯᠤᠰ ᠤᠨ ᠰᠤᠷᠤᠯᠭᠠ ᠶᠢᠨ ᠱᠠᠩᠨᠠᠯ ᠤᠨ ᠮᠥᠩᠭᠦ ᠪᠠᠷ ᠱᠠᠩᠨᠠᠬᠤ ᠣᠷᠣᠨ ᠲᠤᠭᠠ ᠶᠢ ᠨᠡᠮᠡᠵᠦ | 
                   ᠨᠥᠬᠦᠪᠦᠷᠢᠯᠡᠬᠦ ᠪᠠ ᠤᠯᠤᠰ ᠤᠨ ᠰᠤᠷᠤᠯᠭᠠ ᠶᠢᠨ ᠲᠡᠳᠬᠦᠮᠵᠢ ᠶᠢᠨ ᠮᠥᠩᠭᠦ ᠶᠢ ᠣᠯᠭᠤᠬᠤ ᠠᠵᠢᠯ ᠢ ᠦᠨᠡᠨ ᠬᠦ | 
                   ᠰᠠᠶᠢᠲᠤᠷ ᠬᠢᠨᠡ᠃ ᠬᠤᠶᠠᠷ ᠲᠤ ᠪᠡᠯᠡ ᠮᠥᠩᠭᠦᠨ ᠤ ᠪᠠᠲᠤᠯᠠᠭᠠ ᠶᠢ ᠴᠢᠩᠭᠠᠷᠠᠭᠤᠯᠤᠨᠠ᠃ ᠲᠣᠰ ᠤᠳᠠᠭᠠᠨ ᠤ | 
                   ᠲᠥᠷᠥ ᠶᠢᠨ ᠪᠣᠳᠣᠯᠭᠠ ᠶᠢᠨ ᠲᠣᠬᠢᠷᠠᠭᠤᠯᠤᠯᠲᠠ ᠳᠤ ᠬᠡᠷᠡᠭᠰᠡᠬᠦ ᠪᠡᠯᠡ ᠮᠥᠩᠭᠦ ᠶᠢ ᠲᠥᠪ ᠤᠨ ᠡᠳ᠋ ᠤᠨ ᠵᠠᠰᠠᠭ ᠪᠠ | 
                   ᠣᠷᠣᠨ ᠨᠤᠲᠤᠭ ᠤᠨ ᠡᠳ᠋ ᠤᠨ ᠵᠠᠰᠠᠭ ᠠᠴᠠ ᠣᠲᠣ ᠶᠢᠨ ᠬᠡᠷᠡᠭᠵᠢᠭᠦᠯᠵᠦ ᠪᠠᠶᠢᠭᠠ ᠠᠷᠭᠠ ᠵᠠᠮ ᠪᠠ ᠬᠤᠪᠢᠳᠠᠨ | 
                   ᠡᠭᠦᠷᠭᠡᠯᠡᠬᠦ ᠠᠷᠭᠠ ᠮᠠᠶ᠋ᠢᠭ ᠢᠶᠠᠷ ᠦᠷᠭᠦᠯᠵᠢᠯᠡᠨ ᠬᠠᠮᠲᠤ ᠳᠤ ᠪᠠᠨ ᠡᠭᠦᠷᠭᠡᠯᠡᠨᠡ᠃ ᠭᠤᠷᠪᠠᠨ ᠰᠠᠯᠠᠭᠠ ᠮᠥᠴᠢᠷ ᠠᠴᠠ | 
                   ᠡᠯᠡ ᠭᠠᠵᠠᠷ ᠤᠨ ᠬᠢᠨ ᠤ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠨ ᠳᠣᠬᠢᠷᠠᠭᠤᠯᠬᠤ ᠶᠢ ᠰᠢᠮᠳᠠᠭᠤᠯᠵᠤ ᠂ | 
                   ᠲᠥᠰᠥᠪ ᠢ ᠴᠠᠭ ᠲᠤᠬᠠᠢ ᠳᠤ ᠨᠢ ᠪᠠᠭᠤᠯᠭᠠᠨ᠂ ᠪᠡᠯᠡ ᠮᠥᠩᠭᠦ ᠶᠢ ᠬᠡᠷᠡᠭᠯᠡᠭᠰᠡᠨ ᠪᠠ ᠲᠦᠷᠦ ᠶᠢᠨ ᠪᠣᠳᠣᠯᠭᠠ ᠶᠢ | 
                   ᠬᠡᠷᠡᠭᠵᠢᠭᠦᠯᠦᠭᠰᠡᠨ ᠪᠠᠶᠢᠳᠠᠯ ᠳᠤ ᠬᠢᠨᠠᠯᠲᠠ ᠬᠠᠮᠢᠶᠠᠷᠤᠯᠲᠠ ᠬᠢᠨᠡ᠃ ᠭᠤᠷᠪᠠ ᠳᠤ ᠪᠣᠯᠪᠠᠰᠤᠷᠠᠭᠤᠯᠬᠤ ᠵᠢᠭᠠᠨ | 
                   ᠵᠢᠯᠤᠭᠤᠳᠬᠤ ᠶᠢ ᠴᠢᠩᠭᠠᠳᠬᠠᠨᠠ᠃ ᠪᠥᠬᠦ ᠤᠯᠤᠰ ᠤᠨ ᠰᠣᠷᠣᠭᠴᠢᠳ ᠢ ᠡᠳ᠋ ᠮᠥᠩᠭᠦ ᠪᠠᠷ ᠲᠤᠰᠠᠯᠠᠬᠤ | 
                   ᠬᠠᠮᠢᠶᠠᠷᠤᠯᠲᠠ ᠶᠢᠨ ᠲᠥᠪ ᠪᠠ ᠪᠥᠬᠦ ᠤᠯᠤᠰ ᠤᠨ ᠮᠡᠷᠭᠡᠵᠢᠯ ᠤᠨ ᠠᠵᠢᠯᠴᠢᠨ ᠤ ᠳᠡᠭᠡᠳᠦ ᠰᠤᠷᠭᠠᠭᠤᠯᠢ ᠨᠤᠭᠤᠳ ᠤᠨ | 
                   ᠰᠣᠷᠣᠭᠴᠢᠳ ᠢ ᠡᠳ᠋ ᠮᠥᠩᠭᠦ ᠪᠠᠷ ᠲᠤᠰᠠᠯᠠᠬᠤ ᠬᠠᠮᠢᠶᠠᠷᠤᠯᠲᠠ ᠶᠢᠨ ᠠᠵᠢᠯ ᠤᠨ ᠠᠯᠪᠠᠨ ᠭᠡᠷ ᠠᠴᠠ ᠡᠯᠡ ᠭᠠᠵᠠᠷ | 
                   ᠡᠯᠡ ᠰᠤᠷᠭᠠᠭᠤᠯᠢ ᠳᠤ ᠬᠠᠨᠳᠤᠭᠤᠯᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠢ ᠥᠷᠭᠡᠨ ᠢᠶᠠᠷ ᠥᠷᠨᠢᠭᠦᠯᠵᠦ᠂ | 
                   ᠲᠥᠷᠥ ᠶᠢᠨ ᠪᠣᠳᠣᠯᠭᠠ ᠶᠢᠨ ᠲᠠᠯᠠ ᠪᠠᠷ ᠬᠢ ᠪᠣᠯᠪᠠᠰᠤᠷᠠᠯ ᠬᠢᠬᠦ ᠠᠷᠭᠠ ᠵᠠᠮ ᠢ ᠥᠷᠭᠡᠳᠬᠡᠨ᠂ ᠲᠥᠷᠥ ᠶᠢᠨ | 
                   ᠪᠣᠳᠣᠯᠭᠠ ᠶᠢᠨ ᠠᠭᠤᠯᠭᠠ ᠶᠢ ᠨᠠᠷᠢᠯᠢᠭ ᠲᠠᠶᠢᠯᠪᠤᠷᠢᠯᠠᠵᠤ᠂ ᠲᠥᠷᠥ ᠶᠢᠨ ᠪᠣᠳᠣᠯᠭᠠ ᠶᠢᠨ ᠬᠡᠷᠡᠭᠵᠢᠭᠦᠯᠦᠯᠲᠡ ᠶᠢ | 
                   ᠵᠢᠷᠤᠮᠵᠢᠭᠤᠯᠤᠨ ᠪᠣᠲᠠᠲᠠᠶᠢᠵᠢᠭᠤᠯᠬᠤ ᠶᠢ ᠪᠠᠲᠤᠯᠠᠨᠠ᠃ ᠳᠥᠷᠪᠡ ᠳᠤ ᠤᠬᠠᠭᠤᠯᠬᠤ ᠡᠷᠴᠢᠮ ᠢᠶᠠᠨ ᠴᠢᠩᠭᠠᠷᠠᠭᠤᠯᠤᠨᠠ | 
                   ᠃ ᠲᠥᠷᠥ ᠶᠢᠨ ᠪᠣᠳᠣᠯᠭᠠ ᠶᠢ ᠤᠬᠠᠭᠤᠯᠬᠤ ᠠᠷᠭᠠ ᠮᠠᠶ᠋ᠢᠭ ᠲᠤ ᠰᠢᠨᠡ ᠶᠢ ᠡᠭᠦᠳᠴᠦ᠂ ᠭᠤᠣᠯ ᠵᠠᠭᠤᠴᠢᠯᠠᠭᠤᠷ᠂ | 
                   ᠫᠤᠷᠲ᠋ᠧᠯ ᠰᠦᠯᠵᠢᠶᠡ᠂ ᠸᠢᠴᠠᠲ ᠣᠯᠠᠨ ᠨᠡᠶᠢᠲᠠ ᠶᠢᠨ ᠲᠠᠪᠴᠠᠩ ᠵᠡᠷᠭᠡ ᠣᠯᠠᠨ ᠠᠷᠭᠠ ᠵᠠᠮ ᠢᠶᠠᠷ ᠤᠬᠠᠭᠤᠯᠤᠨ | 
                   ᠲᠠᠶᠢᠯᠪᠤᠷᠢᠯᠠᠵᠤ᠂ ᠲᠥᠷᠥ ᠶᠢᠨ ᠪᠣᠳᠣᠯᠭᠠ ᠪᠠᠷ ᠥᠷᠭᠡᠨ ᠣᠯᠠᠨ ᠰᠣᠷᠣᠭᠴᠢᠳ ᠲᠤ ᠳᠠᠷᠦ᠋ᠢᠬᠠᠨ ᠠᠰᠢᠭ ᠬᠦᠷᠲᠡᠭᠡᠨ᠂ | 
                   ᠰᠣᠷᠣᠭᠴᠢᠳ ᠢ ᠡᠳ᠋ ᠮᠥᠩᠭᠦ ᠪᠠᠷ ᠲᠤᠰᠠᠯᠠᠬᠤ ᠲᠥᠷᠥ ᠶᠢᠨ ᠪᠣᠳᠣᠯᠭᠠ ᠪᠠᠷ ᠬᠦᠴᠢᠷᠳᠡᠯᠲᠡᠢ ᠶᠢ ᠲᠤᠰᠠᠯᠠᠬᠤ᠂ | 
                   ᠰᠢᠯᠢᠳᠡᠭ ᠢ ᠱᠠᠩᠨᠠᠬᠤ᠂ ᠬᠥᠲᠥᠯᠥᠨ ᠵᠢᠯᠤᠭᠤᠳᠬᠤ᠂ ᠬᠥᠮᠥᠨ ᠬᠥᠮᠥᠵᠢᠭᠦᠯᠬᠦ ᠴᠢᠳᠠᠮᠵᠢ ᠶᠢ ᠨᠢ ᠦᠨᠡᠨ ᠬᠦ ᠰᠠᠶᠢᠲᠤᠷ | 
                   ᠪᠠᠳᠠᠷᠠᠭᠤᠯᠤᠨᠠ᠃ | 
                    |