|
ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ |
ᠲᠢᠩᠬᠢᠮ ᠬᠢᠭᠡᠳ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ |
ᠥᠭᠡᠷᠡᠴᠢᠯᠡᠯᠲᠡ ᠶᠢᠨ ᠵᠥᠪᠯᠡᠯ ᠬᠠᠮᠲᠤᠷᠠᠨ ︽ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ |
ᠵᠢᠭᠤᠯᠴᠢᠯᠠᠯ ᠤᠨ ᠳᠥᠷᠪᠡᠳᠦᠭᠡᠷ ᠪᠦᠯᠦᠭ ᠤᠨ ᠭᠤᠤᠯᠳᠠᠯᠭ᠎ᠠ ᠪᠣᠯᠬᠤ ᠲᠣᠰᠬᠤᠨ ᠪᠠᠯᠭᠠᠰᠤ ᠶᠢᠨ ᠨᠡᠷᠡᠰ ᠢ ᠨᠡᠶᠢᠲᠡᠯᠡᠬᠦ |
ᠲᠤᠬᠠᠶ ᠮᠡᠳᠡᠭᠳᠡᠯ︾ ᠢ ᠨᠡᠶᠢᠲᠡᠯᠡᠵᠦ᠂ ᠮᠠᠨ ᠤ ᠬᠤᠲᠠ ᠶᠢᠨ ᠲᠦᠮᠡᠳ ᠪᠠᠷᠠᠭᠤᠨ ᠬᠤᠰᠢᠭᠤᠨ ᠤ ᠮᠧᠶ ᠳ᠋ᠠᠶ ᠴᠢᠶᠣᠤ |
ᠲᠣᠰᠬᠤᠨ᠂ ᠳ᠋ᠦᠩ ᠾᠧ ᠲᠣᠭᠤᠷᠢᠭ ᠤᠨ ᠠᠳᠤᠭᠤᠴᠢᠨ ᠠᠶᠢᠯ ᠲᠣᠰᠬᠤᠨ ᠳᠥᠷᠪᠡᠳᠦᠭᠡᠷ ᠪᠦᠯᠦᠭ ᠤᠨ |
ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠵᠢᠭᠤᠯᠴᠢᠯᠠᠯ ᠤᠨ ᠭᠤᠤᠯᠳᠠᠯᠭ᠎ᠠ ᠪᠣᠯᠬᠤ ᠲᠣᠰᠬᠤᠨ |
ᠪᠠᠯᠭᠠᠰᠤᠨ ᠳᠤ ᠠᠮᠵᠢᠯᠲᠠ ᠲᠠᠢ ᠰᠣᠩᠭᠤᠭᠳᠠᠪᠠ᠃ 1. ᠮᠧᠢ ᠳ᠋ᠠᠢ ᠴᠢᠶᠣᠣ ᠲᠣᠰᠬᠤᠨ ᠮᠧᠢ ᠳ᠋ᠠᠢ ᠴᠢᠶᠣᠤ ᠲᠣᠰᠬᠤᠨ |
ᠳᠠᠯᠠᠨ ᠬᠠᠷ᠎ᠠ ᠠᠭᠤᠯᠠ ᠶᠢᠨ ᠤᠯᠤᠰ ᠤᠨ ᠠᠩᠬᠠᠨ ᠤ ᠠᠮᠢ ᠠᠬᠤᠶ ᠶᠢᠨ ᠣᠶ ᠶᠢᠨ ᠬᠠᠮᠠᠭᠠᠯᠠᠯᠲᠠ ᠶᠢᠨ ᠣᠷᠣᠨ ᠤ |
ᠡᠮᠦᠨ᠎ᠡ ᠬᠡᠰᠡᠭ ᠲᠤ ᠪᠠᠶᠢᠷᠢᠯᠠᠵᠤ᠂ ᠲᠣᠰᠬᠤᠨ ᠤ ᠬᠤᠶᠢᠲᠤ ᠵᠠᠬ᠎ᠠ ᠶᠢᠨ ᠵᠢᠦ ᠹᠧᠩ ᠱᠠᠨ ᠪᠠᠶᠢᠭᠠᠯᠢ ᠶᠢᠨ |
ᠬᠠᠮᠠᠭᠠᠯᠠᠯᠲᠠ ᠶᠢᠨ ᠣᠷᠣᠨ ᠥᠪᠥᠷ ᠮᠣᠩᠭᠤᠯ ᠤᠨ ᠠᠷᠪᠠᠨ ᠶᠡᠭᠡ ᠪᠠᠶᠢᠭᠠᠯᠢ ᠶᠢᠨ ᠦᠵᠡᠮᠵᠢ ᠪᠠᠷ ᠰᠣᠩᠭᠤᠭᠳᠠᠵᠤ᠂ |
ᠵᠡᠭᠦᠨ ᠪᠠᠷᠠᠭᠤᠨ ᠲᠠᠯ᠎ᠠ ᠨᠢ ᠴᠡᠯᠡᠭᠡᠷ ᠲᠠᠯ᠎ᠠ ᠶᠢᠨ ᠰᠣᠶᠣᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠪᠣᠯᠤᠨ |
ᠰᠢᠨ᠎ᠡ ᠬᠡᠯᠪᠡᠷᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠠᠢ ᠲᠤᠰ ᠲᠤᠰ ᠵᠠᠯᠭᠠᠯᠳᠤᠵᠤ᠂ ᠲᠦᠮᠡᠳ |
ᠪᠠᠷᠠᠭᠤᠨ ᠬᠤᠰᠢᠭᠤᠨ ᠤ ᠭᠠᠳᠠᠭᠠᠳᠤ ᠳᠤ ᠳᠡᠯᠭᠡᠨ ᠦᠵᠡᠭᠦᠯᠬᠦ ᠴᠢᠬᠤᠯᠠ ᠴᠣᠩᠬᠤ ᠪᠣᠯᠤᠨ᠎ᠠ᠃ ᠣᠲᠣ ᠶᠢᠨ ᠪᠠᠶᠢᠭ᠎ᠠ |
ᠪᠠᠶᠢᠭᠠᠯᠢ ᠶᠢᠨ ᠣᠷᠴᠢᠨ ᠲᠣᠭᠤᠷᠢᠨ ᠪᠠ ᠭᠠᠵᠠᠷ ᠵᠦᠶ ᠶᠢᠨ ᠳᠠᠪᠠᠭᠤᠯᠢᠭ ᠢᠶᠠᠨ ᠠᠰᠢᠭᠯᠠᠨ 5000 ᠺᠦᠸᠠᠲ ᠮᠧᠳ᠋ᠷ |
ᠭᠠᠵᠠᠷ ᠡᠵᠡᠯᠡᠭᠰᠡᠨ ᠡᠷᠲᠡᠨ ᠤ ᠲᠣᠰᠬᠤᠨ ᠤ ᠬᠡᠭᠡᠷ᠎ᠡ ᠪᠠᠭᠤᠳᠠᠯᠯᠠᠬᠤ ᠭᠠᠵᠠᠷ ᠢ ᠪᠠᠶᠢᠭᠤᠯᠵᠤ᠂ ᠤᠯᠠᠮᠵᠢᠯᠠᠯᠲᠤ |
ᠡᠷᠲᠡᠨ ᠤ ᠲᠣᠰᠬᠤᠨ ᠤ ᠦᠵᠡᠮᠵᠢ ᠳᠤ ᠪᠦᠷᠢᠨ ᠲᠡᠭᠦᠯᠳᠡᠷ ᠠᠭᠤᠰᠤᠯᠴᠠᠵᠤ᠂ ᠡᠷᠬᠢᠨ ᠲᠣᠭᠤᠷᠢᠨ ᠨᠢ ᠵᠠᠯᠭᠠᠯᠳᠤᠵᠤ |
ᠪᠠᠶᠢᠭ᠎ᠠ ᠵᠠᠭᠤᠨ ᠵᠢᠯ ᠤᠨ ᠲᠡᠦᠬᠡ ᠲᠠᠢ ᠡᠷᠲᠡᠨ ᠤ ᠰᠦᠮ᠎ᠡ ᠶᠢᠨ ᠠᠭᠤᠳᠠᠮ ᠲᠠᠯᠠᠪᠠᠶ ᠲᠠᠢ ᠬᠥᠷᠰᠢᠯᠡᠵᠦ᠂ ᠡᠷᠲᠡᠨ ᠤ |
ᠰᠢ ᠶᠢᠨ ᠲᠠᠪᠴᠠᠩ᠂ ᠡᠷᠲᠡᠨ ᠤ ᠠᠯᠪᠠᠨ ᠵᠠᠮ ᠲᠠᠢ ᠬᠡᠷᠡᠯ ᠭᠢᠯᠪᠠᠭ᠎ᠠ ᠪᠠᠨ ᠰᠠᠴᠤᠷᠠᠭᠤᠯᠤᠨ᠎ᠠ᠃ ᠣᠨᠴᠠᠯᠢᠭᠲᠤ |
ᠠᠷᠠᠳ ᠤᠨ ᠣᠷᠣᠨ ᠰᠠᠭᠤᠴᠠ᠂ ᠰᠢᠷᠠᠮᠠᠯ ᠠᠭᠤᠳᠠᠮ ᠲᠠᠯᠠᠪᠠᠢ ᠳᠤ᠂ ᠥᠪᠡᠷᠲᠡᠭᠡᠨ ᠲᠡᠷᠭᠡ ᠵᠢᠯᠣᠭᠤᠳᠴᠤ ᠲᠡᠷᠭᠡ |
ᠵᠣᠭᠰᠣᠭᠠᠬᠤ 50 ᠭᠠᠷᠤᠶ ᠪᠠᠶᠢᠷᠢ᠂ ᠥᠪᠡᠷᠲᠡᠭᠡᠨ ᠲᠡᠷᠭᠡ ᠵᠢᠯᠣᠭᠤᠳᠴᠤ ᠲᠡᠷᠭᠡ ᠵᠣᠭᠰᠣᠭᠠᠬᠤ 10 ᠬᠤᠸᠠᠷᠠᠨ᠂ |
ᠣᠯᠠᠨ ᠮᠠᠶᠢᠬᠠᠨ ᠤ ᠬᠤᠸᠠᠷᠠᠨ᠂ ᠲᠡᠭᠦᠬᠦ᠂ ᠵᠤᠭ᠎ᠠ ᠴᠡᠩᠭᠡᠯ᠂ ᠨᠣᠭᠤᠭᠠᠷᠠᠭᠤᠯᠤᠯᠲᠠ ᠵᠡᠷᠭᠡ ᠢᠵᠢ ᠪᠥᠷᠢᠳᠦᠭᠰᠡᠨ |
ᠲᠥᠬᠦᠭᠡᠷᠦᠮᠵᠢ ᠬᠠᠪᠰᠤᠷᠤᠯᠴᠠᠵᠤ᠂ ᠰᠠᠭᠤᠷᠢ ᠲᠥᠬᠦᠭᠡᠷᠦᠮᠵᠢ ᠪᠦᠷᠢᠨ ᠲᠡᠭᠦᠯᠳᠡᠷ ᠪᠠᠶᠢᠳᠠᠭ᠃ 2 ᠠᠳᠤᠭᠤᠴᠢᠨ |
ᠠᠶᠢᠯ ᠲᠣᠰᠬᠤᠨ ᠳᠠᠯᠠᠨ ᠬᠠᠷ᠎ᠠ ᠠᠭᠤᠯᠠ ᠶᠢᠨ ᠬᠤᠷᠮᠤᠢ ᠳᠤ ᠪᠠᠶᠢᠷᠢᠰᠢᠵᠦ᠂ ᠲᠤᠰᠬᠤᠨ ᠤ ᠳᠠᠯᠠᠪᠠᠢ ᠨᠢ 0.89 |
ᠺᠦᠸᠠᠲ ᠺᠢᠯᠤᠮᠧᠳ᠋ᠷ᠂ ᠲᠠᠷᠢᠶᠠᠨ ᠭᠠᠵᠠᠷ ᠤᠨ ᠳᠠᠯᠠᠪᠠᠢ ᠨᠢ 610 ᠮᠦ ᠪᠠᠶᠢᠳᠠᠭ᠃ ᠠᠳᠤᠭᠤᠴᠢᠨ ᠠᠶᠢᠯ ᠲᠣᠰᠬᠤᠨ |
ᠬᠤᠪᠢᠰᠬᠠᠯ ᠤᠨ ᠰᠣᠶᠣᠯ ᠤᠨ ᠡᠬᠢ ᠪᠠᠶᠠᠯᠢᠭ ᠪᠣᠯᠤᠨ ᠪᠠᠶᠢᠭᠠᠯᠢ ᠶᠢᠨ ᠠᠮᠢ ᠠᠬᠤᠢ ᠶᠢᠨ ᠣᠷᠴᠢᠨ |
ᠲᠣᠭᠤᠷᠢᠨ ᠳᠤ ᠪᠠᠨ ᠲᠦᠰᠢᠭᠯᠡᠵᠦ᠂ ᠲᠣᠭᠤᠷᠢᠨ ᠵᠤᠭᠠᠴᠠᠬᠤ᠂ ᠬᠠᠷᠢᠯᠴᠠᠨ ᠣᠶᠢᠯᠠᠭᠠᠯᠴᠠᠬᠤ ᠶᠢ ᠨᠢᠭᠡ |
ᠴᠤᠬᠴᠠᠵᠢᠭᠤᠯᠤᠬᠰᠠᠨ ︽ᠪᠢᠴᠢᠯ ᠵᠢᠭᠤᠯᠴᠢᠯᠠᠯ︾ ᠤᠨ ᠠᠮᠠᠷᠠᠯᠲᠠ ᠶᠢᠨ ᠨᠡᠷᠡᠲᠦ ᠲᠡᠮᠳᠡᠭᠲᠦ ᠶᠢ ᠡᠭᠦᠳᠴᠦ᠂ ᠤᠷᠢᠳ |
ᠬᠤᠵᠢᠳ ᠳᠤᠮᠳᠠᠳᠤ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠤᠨᠴᠠᠯᠢᠬᠳᠤ ᠲᠣᠰᠬᠤᠨ᠂ ᠭᠤᠷᠪᠠᠳᠤᠭᠠᠷ |
ᠪᠦᠯᠦᠭ ᠤᠨ ᠪᠦᠬᠦ ᠤᠯᠤᠰ ᠤᠨ ᠬᠥᠳᠡᠭᠡ ᠲᠣᠰᠬᠤᠨ ᠤ ᠵᠠᠰᠠᠯᠲᠠ ᠶᠢᠨ ᠵᠢᠱᠢᠶ᠎ᠡ ᠦᠵᠡᠭᠦᠯᠬᠦ ᠲᠣᠰᠬᠤᠨ᠂ |
ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠲᠣᠰᠬᠤᠨ᠂ |
ᠪᠤᠭᠤᠲᠤ ᠬᠤᠳᠠ ᠶᠢᠨ ᠨᠠᠮ ᠤᠨ ᠪᠠᠶᠢᠭᠤᠯᠤᠯᠲᠠ ᠶᠢ ᠠᠳᠬᠤᠨ ᠬᠥᠳᠡᠭᠡ ᠲᠣᠰᠬᠤᠨ ᠢ ᠬᠥᠭᠵᠢᠭᠦᠯᠦᠨ |
ᠮᠠᠨᠳᠤᠭᠤᠯᠬᠤ ᠶᠢ ᠠᠬᠢᠭᠤᠯᠬᠤ ᠵᠢᠱᠢᠶ᠎ᠡ ᠦᠵᠡᠭᠦᠯᠬᠦ ᠲᠣᠰᠬᠤᠨ ᠵᠡᠷᠭᠡ ᠢᠷᠠᠭᠤ ᠠᠯᠳᠠᠷ ᠢ ᠬᠦᠷᠲᠡᠪᠡ᠃ |
|
|
|
|
|
|
|
|
|
|
|
᠁ |