|
︵ᠰᠤᠷᠪᠤᠯᠵᠢᠯᠠᠭᠴᠢ ᠶᠦᠨ ᠵᠢᠩ︶ 11 ᠳ᠋ᠦ᠋ᠭᠡᠷ ᠰᠠᠷ᠎ᠠ ᠶᠢᠨ 6 ᠤ ᠡᠳᠦᠷ᠂ ᠥᠪᠡᠷᠲᠡᠭᠡᠨ ᠵᠠᠰᠠᠬᠤ ᠣᠷᠣᠨ ᠤ |
ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ |
ᠪᠡᠭᠡᠵᠢᠩ ᠳᠤ ᠰᠣᠶᠣᠯ ᠪᠠ ᠵᠢᠭᠤᠯᠴᠢᠯᠠᠯ ᠤᠨ ᠶᠠᠮᠤᠨ ᠤ ᠳᠡᠳ᠋ ᠳᠠᠷᠤᠭ᠎ᠠ᠂ ᠤᠯᠤᠰ ᠤᠨ ᠲᠡᠤᠬᠡ ᠶᠢᠨ ᠳᠤᠷᠠᠰᠬᠠᠯᠲᠤ |
ᠵᠦᠢᠯ ᠤᠨ ᠲᠣᠪᠴᠢᠶᠠᠨ ᠳᠠᠷᠤᠭ᠎ᠠ ᠯᠢ ᠴᠢᠶᠦ᠋ᠨ ᠲᠠᠢ ᠵᠣᠯᠭᠠᠪᠠ᠃ ᠪᠣᠣ ᠭᠠᠩ ᠬᠤᠳᠠ ᠶᠢᠨ ᠨᠠᠮ ᠤᠨ ᠬᠤᠷᠢᠶ᠎ᠠ᠂ |
ᠬᠤᠳᠠ ᠶᠢᠨ ᠵᠠᠰᠠᠭ ᠤᠨ ᠣᠷᠳᠣᠨ ᠢ ᠲᠥᠯᠥᠭᠡᠯᠡᠨ ᠰᠣᠶᠣᠯ ᠵᠢᠭᠤᠯᠴᠢᠯᠠᠯ ᠤᠨ ᠶᠠᠮᠤᠨ᠂ ᠤᠯᠤᠰ ᠤᠨ ᠲᠡᠦᠬᠡ ᠶᠢᠨ |
ᠳᠤᠷᠠᠰᠬᠠᠯᠲᠤ ᠵᠦᠢᠯᠡᠰ ᠤᠨ ᠲᠣᠪᠴᠢᠶ᠎ᠠ ᠶᠢᠨ ᠤᠷᠳᠤ ᠬᠤᠭᠤᠴᠠᠭᠠᠨ ᠤ ᠲᠤᠷᠰᠢ ᠬᠥᠬᠡᠬᠤᠲᠠ ᠳᠤ ᠦᠵᠡᠭᠦᠯᠦᠭᠰᠡᠨ |
ᠳᠡᠮᠵᠢᠯᠭᠡ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ ᠬᠡᠯᠡᠬᠦ ᠳᠡᠭᠡᠨ᠂ ᠣᠳᠣᠬᠠᠨ ᠳᠤ᠂ ᠬᠥᠬᠡᠬᠤᠲᠠ ᠶᠠᠭ |
ᠶᠡᠷᠦᠩᠬᠡᠢ ᠱᠦᠵᠢ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ |
ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ |
ᠰᠢᠵᠢᠮ ᠤᠨ ᠲᠣᠭᠤᠷᠢᠨ ᠳᠤ᠂ ᠤᠯᠤᠰ ᠤᠨ ᠲᠡᠦᠬᠡ ᠰᠣᠶᠣᠯ ᠤᠨ ᠪᠠᠶᠠᠯᠢᠭ ᠰᠠᠭᠤᠷᠢ ᠳᠤ ᠲᠦᠰᠢᠭᠯᠡᠵᠦ᠂ ᠤᠮᠠᠷᠠᠲᠤ |
ᠬᠢᠯᠢ ᠶᠢᠨ ᠰᠣᠶᠣᠯ ᠤᠨ ᠣᠨᠴᠠᠯᠢᠭ ᠲᠠᠢ ᠮᠦᠽᠧᠢ ᠶᠢᠨ ᠬᠤᠳᠠ᠂ ᠱᠤᠭᠤᠮᠠᠯ ᠤᠨ ᠬᠤᠳᠠ᠂ ᠤᠳᠤ ᠦᠶ᠎ᠡ ᠶᠢᠨ |
ᠪᠣᠯᠪᠠᠰᠤᠨ ᠤ ᠬᠤᠳᠠ ᠶᠢ ᠪᠦᠬᠦ ᠬᠦᠴᠦᠨ ᠢᠶᠠᠷ ᠴᠣᠭᠴᠠᠯᠠᠵᠤ ᠪᠠᠶᠢᠨ᠎ᠠ᠃ ᠰᠣᠶᠣᠯ ᠵᠢᠭᠤᠯᠴᠢᠯᠠᠯ ᠤᠨ ᠶᠠᠮᠤᠨ᠂ |
ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ ᠥᠩᠭᠡᠷᠡᠭᠰᠡᠨ ᠲᠠᠢ ᠠᠳᠠᠯᠢ ᠪᠠᠷ ᠬᠥᠬᠡᠬᠤᠲᠠ ᠶᠢ |
ᠳᠡᠮᠵᠢᠵᠦ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ᠂ ᠬᠠᠭᠤᠴᠢ ᠰᠤᠳᠤᠯᠤᠯ ᠠᠭᠤᠳᠠᠯᠤᠨ ᠰᠤᠳᠤᠯᠬᠤ᠂ |
ᠰᠣᠶᠣᠯ ᠤᠨ ᠥᠪ ᠢ ᠬᠠᠮᠠᠭᠠᠯᠠᠨ ᠤᠯᠠᠮᠵᠢᠯᠠᠬᠤ᠂ ᠮᠦᠽᠧᠶ ᠶᠢᠨ ᠪᠦᠲᠦᠭᠡᠨ ᠪᠠᠶᠢᠭᠤᠯᠤᠯᠲᠠ ᠵᠡᠷᠭᠡ ᠲᠠᠯ᠎ᠠ ᠪᠠᠷ ᠨᠠᠩ |
ᠣᠯᠠᠨ ᠲᠤᠰᠬᠠᠶ ᠮᠡᠷᠭᠡᠵᠢᠯ ᠤᠨ ᠵᠢᠯᠣᠭᠤᠳᠣᠯᠭ᠎ᠠ ᠪᠠ ᠳᠡᠮᠵᠢᠯᠭᠡ ᠦᠵᠡᠭᠦᠯᠵᠦ᠂ ᠣᠷᠣᠨ ᠤ ᠲᠥᠪ ᠬᠤᠲᠠ ᠶᠢᠨ |
ᠰᠣᠶᠣᠯ ᠵᠢᠭᠤᠯᠴᠢᠯᠠᠯ ᠠᠭᠤᠰᠤᠯᠴᠠᠨ ᠴᠢᠨᠠᠷ ᠰᠠᠶᠢᠲᠠᠶ ᠬᠦᠭᠵᠢᠬᠦ ᠶᠢ ᠠᠬᠢᠭᠤᠯᠵᠤ᠂ ᠲᠡᠦᠬᠡ ᠶᠢᠨ ᠳᠤᠷᠠᠰᠬᠠᠯᠲᠤ |
ᠵᠦᠢᠯᠡᠰ ᠪᠠ ᠰᠣᠶᠣᠯ ᠤᠨ ᠥᠪ ᠤᠨ ᠬᠠᠮᠠᠭᠠᠯᠠᠯᠲᠠ ᠶᠢᠨ ᠦᠷ᠎ᠡ ᠪᠦᠲᠦᠭᠡᠯ ᠤᠨ ᠠᠷᠠᠳ ᠣᠯᠠᠨ ᠳᠤ ᠨᠠᠩ ᠶᠡᠭᠡ |
ᠠᠰᠢᠭ ᠬᠦᠷᠲᠡᠭᠡᠬᠦ ᠶᠢ ᠬᠦᠰᠡᠵᠦ ᠪᠠᠶᠢᠨ᠎ᠠ ᠭᠡᠵᠡᠢ᠃ ᠯᠢ ᠴᠢᠶᠦ᠋ᠨ ᠪᠣᠣ ᠭᠠᠩ ᠨᠠᠷ ᠢ ᠪᠠᠶᠠᠷᠯᠠᠨ ᠤᠭᠲᠤᠵᠤ |
ᠪᠠᠶᠢᠬᠤ ᠪᠠᠨ ᠢᠯᠡᠳᠬᠡᠵᠦ᠂ ᠤᠢᠢᠷ᠎ᠠ ᠶᠢᠨ ᠵᠢᠯ ᠠᠴᠠ ᠬᠥᠬᠡᠬᠤᠲᠠ ᠰᠣᠶᠣᠯ ᠤᠨ ᠪᠠᠶᠢᠭᠤᠯᠤᠯᠲᠠ ᠶᠢ ᠳᠡᠭᠡᠳᠦ |
ᠬᠡᠮᠵᠢᠶ᠎ᠡ ᠪᠠᠷ ᠴᠢᠬᠤᠯᠠᠴᠢᠯᠠᠵᠤ᠂ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ᠂ ᠲᠡᠦᠬᠡ ᠶᠢᠨ |
ᠳᠤᠷᠠᠰᠬᠠᠯᠲᠤ ᠵᠦᠢᠯᠡᠰ ᠢ ᠠᠮᠢᠳᠤᠯᠢᠭ ᠢᠶᠠᠷ ᠠᠰᠢᠭᠯᠠᠬᠤ ᠪᠠ ᠰᠣᠶᠣᠯ ᠤᠨ ᠦᠵᠡᠰᠬᠦᠯᠡᠩ ᠤᠨ ᠲᠠᠯᠠᠪᠤᠷ ᠤᠨ |
ᠪᠦᠳᠦᠭᠡᠨ ᠪᠠᠶᠢᠭᠤᠯᠤᠯᠲᠠ ᠵᠢᠴᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠠᠯ᠎ᠠ ᠪᠠᠷ ᠯᠠᠪᠳᠠᠭᠤᠨ ᠪᠠᠲᠤᠲᠠᠢ ᠦᠷ᠎ᠡ |
ᠪᠦᠲᠦᠮᠵᠢ ᠣᠯᠵᠠᠢ᠃ ᠤᠯᠤᠰ ᠤᠨ ᠲᠡᠤᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ ᠬᠥᠬᠡᠬᠤᠲᠠ ᠶᠢᠨ |
ᠬᠥᠭᠵᠢᠯᠲᠡ ᠶᠢ ᠢᠳᠡᠪᠬᠢᠲᠡᠶ ᠳᠡᠮᠵᠢᠵᠦ᠂ ᠲᠡᠤᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠵᠤ ᠠᠰᠢᠭᠯᠠᠬᠤ ᠬᠢᠷᠢ |
ᠲᠦᠪᠰᠢᠨ ᠢ ᠳᠡᠭᠡᠭᠰᠢᠯᠡᠭᠦᠯᠬᠦ᠂ ᠬᠠᠭᠤᠴᠢ ᠰᠤᠳᠤᠯᠤᠯ ᠤᠨ ᠴᠡᠴᠡᠷᠯᠢᠭ ᠤᠨ ᠪᠥᠲᠥᠭᠡᠨ ᠪᠠᠶᠢᠭᠤᠯᠤᠯᠲᠠ᠂ |
ᠮᠦᠽᠧᠶ ᠶᠢᠨ ᠬᠤᠭᠤᠷᠣᠨᠳᠣᠬᠢ ᠰᠣᠯᠢᠯᠴᠠᠭ᠎ᠠ ᠬᠠᠮᠲᠤᠷᠠᠯᠴᠠᠭ᠎ᠠ ᠶᠢ ᠠᠬᠢᠭᠤᠯᠬᠤ᠂ ᠲᠤᠰᠬᠠᠶ ᠮᠡᠷᠭᠡᠵᠢᠯ ᠤᠨ |
ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠠᠬᠢᠭᠤᠯᠬᠤ ᠵᠡᠷᠭᠡ ᠲᠠᠯ᠎ᠠ ᠪᠠᠷ ᠳᠡᠮᠵᠢᠬᠦ ᠡᠷᠴᠢᠮ ᠢᠶᠠᠨ |
ᠴᠢᠩᠭᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ᠂ |
ᠦᠨᠳᠦᠰᠦᠲᠡᠨ ᠤ ᠣᠮᠣᠭᠰᠢᠯᠲᠤ ᠰᠡᠳᠬᠢᠯᠭᠡ ᠪᠠ ᠨᠢᠭᠲᠠᠷᠠᠯ ᠤᠨ ᠬᠦᠴᠦᠨ ᠢ ᠨᠡᠮᠡᠭᠳᠡᠭᠦᠯᠬᠦ ᠳᠤ ᠲᠡᠤᠬᠡ ᠶᠢᠨ |
ᠳᠤᠷᠠᠰᠬᠠᠯᠲᠤ ᠵᠦᠢᠯ ᠪᠠ ᠰᠣᠶᠣᠯ ᠤᠨ ᠦᠢᠯᠡᠳᠦᠯ ᠢ ᠰᠠᠶᠢᠲᠤᠷ ᠪᠠᠳᠠᠷᠠᠭᠤᠯᠤᠨ᠎ᠠ ᠭᠡᠪᠡ᠃ ᠼᠤᠤ ᡁᠢ ᠣᠷᠣᠯᠴᠠᠪᠠ᠃ |
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ |
|
|
|
|
|
|
|
|
|
|
|
᠁ |