|
ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ |
ᠠᠷᠠᠳ ᠤᠨ ᠵᠠᠰᠠᠭ ᠤᠨ ᠣᠷᠳᠣᠨ ᠤ ᠪᠢᠴᠢᠭ ᠮᠠᠲ᠋ᠧᠷᠢᠶᠠᠯ |
ᠥᠪᠥᠷ ᠵᠠᠰᠠᠭ ᠲᠠᠷᠬᠠᠭᠠᠭᠰᠠᠨ ︹2024 ︺ 26 ᠳ᠋ᠤᠭᠠᠷ ᠲᠣᠭᠠᠲᠤ |
︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠲᠤᠭ ᠤᠨ ᠬᠠᠮᠢᠶᠠᠷᠤᠯᠲᠠ ᠶᠢᠨ |
ᠠᠵᠢᠯ ᠤᠨ ᠲᠣᠭᠲᠠᠭᠠᠯ︾ ᠢ |
ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ |
ᠵᠠᠰᠠᠭ ᠤᠨ ᠣᠷᠳᠣᠨ ᠤ ᠮᠡᠳᠡᠭᠳᠡᠯ |
ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ |
ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ |
ᠦᠢᠯᠡᠰ ᠤᠨ ᠨᠢᠭᠡᠴᠢ ᠳᠤ᠄ |
ᠡᠳᠦᠭᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠲᠤᠭ ᠤᠨ ᠬᠠᠮᠢᠶᠠᠷᠤᠯᠲᠠ ᠶᠢᠨ |
ᠠᠵᠢᠯ ᠤᠨ ᠲᠣᠭᠲᠠᠭᠠᠯ︾ ᠢ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠢ ᠵᠢᠷᠤᠮᠯᠠᠨ ᠬᠡᠷᠡᠭᠵᠢᠭᠦᠯᠲᠦᠭᠡᠢ᠃ |
2024 ᠣᠨ ᠤ 9 ᠳ᠋ᠦ᠋ᠭᠡᠷ ᠰᠠᠷ᠎ᠠ ᠶᠢᠨ 29 ᠤ ᠡᠳᠦᠷ |
︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ |
ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠲᠤᠭ ᠤᠨ ᠬᠠᠮᠢᠶᠠᠷᠤᠯᠲᠠ ᠶᠢᠨ ᠠᠵᠢᠯ ᠤᠨ |
ᠲᠣᠭᠲᠠᠭᠠᠯ |
ᠨᠢᠭᠡᠳᠦᠭᠡᠷ ᠵᠦᠢᠯ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠲᠤᠭ ︵ᠳᠣᠷᠣᠭᠰᠢ |
ᠤᠯᠤᠰ ᠤᠨ ᠲᠤᠭ ᠭᠡᠵᠦ ᠲᠣᠪᠴᠢᠯᠠᠨ᠎ᠠ︶ ᠤᠨ ᠨᠡᠷ᠎ᠡ ᠬᠦᠨᠳᠦ ᠶᠢ ᠬᠠᠮᠠᠭᠠᠯᠠᠵᠤ᠂ ᠤᠯᠤᠰ ᠤᠨ ᠲᠤᠭ ᠤᠨ |
ᠬᠠᠮᠢᠶᠠᠷᠤᠯᠲᠠ ᠶᠢᠨ ᠠᠵᠢᠯᠯᠠᠭ᠎ᠠ ᠶᠢ ᠵᠢᠷᠤᠮᠵᠢᠭᠤᠯᠬᠤ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ |
ᠤᠯᠤᠰ ᠤᠨ ᠤᠯᠤᠰ ᠤᠨ ᠲᠤᠭ ᠤᠨ ᠬᠠᠤᠯᠢ︾ ︵ᠳᠣᠷᠣᠭᠰᠢ ︽ᠤᠯᠤᠰ ᠤᠨ ᠲᠤᠭ ᠤᠨ ᠬᠠᠤᠯᠢ︾ ᠭᠡᠵᠦ |
ᠲᠣᠪᠴᠢᠯᠠᠨ᠎ᠠ︶ ᠬᠢᠭᠡᠳ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ |
ᠪᠣᠳᠠᠲᠠᠢ ᠲᠠᠢ ᠤᠶᠠᠯᠳᠤᠭᠤᠯᠵᠤ᠂ ᠲᠤᠰ ᠲᠣᠭᠲᠠᠭᠠᠯ ᠢ ᠲᠣᠭᠲᠠᠭᠠᠪᠠ᠃ |
ᠬᠤᠶᠠᠳᠤᠭᠠᠷ ᠵᠦᠢᠯ ᠲᠤᠰ ᠲᠣᠭᠲᠠᠭᠠᠯ ᠢ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠳᠠᠬᠢ |
ᠤᠯᠤᠰ ᠤᠨ ᠲᠤᠬ ᠬᠢᠬᠦ᠂ ᠪᠣᠷᠣᠯᠠᠭᠤᠯᠬᠤ᠂ ᠡᠯᠭᠦᠵᠦ ᠮᠠᠨᠳᠤᠭᠤᠯᠬᠤ᠂ ᠬᠡᠷᠡᠭᠯᠡᠬᠦ᠂ ᠬᠤᠷᠢᠶᠠᠨ ᠠᠪᠬᠤ ᠵᠢᠴᠢ |
ᠬᠠᠮᠢᠶᠠᠷᠬᠤ ᠠᠵᠢᠯᠯᠠᠭ᠎ᠠ ᠳᠤ ᠲᠣᠬᠢᠷᠠᠭᠤᠯᠤᠨ ᠬᠡᠷᠡᠭᠯᠡᠨ᠎ᠡ᠃ |
ᠭᠤᠷᠪᠠᠳᠤᠭᠠᠷ ᠵᠦᠢᠯ ᠤᠯᠤᠰ ᠤᠨ ᠲᠤᠬ ᠤᠨ ᠬᠠᠮᠢᠶᠠᠷᠤᠯᠲᠠ ᠶᠢᠨ ᠠᠵᠢᠯ ᠨᠢ ᠳᠤᠮᠳᠠᠳᠤ ᠶᠢᠨ ᠦᠨᠳᠦᠰᠦᠲᠡᠨ ᠤ |
ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠠᠵᠢᠯ ᠤᠨ ᠭᠤᠣᠯ ᠰᠢᠵᠢᠮ ᠪᠣᠯᠭᠠᠬᠤ ᠬᠡᠷᠡᠭᠲᠡᠢ᠃ |
ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ ᠲᠤᠰ ᠵᠠᠰᠠᠭ |
ᠵᠠᠬᠢᠷᠭᠠᠨ ᠤ ᠣᠷᠣᠨ ᠳᠠᠬᠢ ᠤᠯᠤᠰ ᠤᠨ ᠲᠤᠭ ᠤᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠠᠵᠢᠯ ᠢ ᠨᠢᠭᠡᠳᠦᠯᠲᠡᠢ |
ᠲᠥᠯᠥᠪᠯᠡᠨ ᠵᠣᠬᠢᠴᠠᠭᠤᠯᠬᠤ ᠬᠡᠷᠡᠭᠲᠡᠢ᠃ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠨᠢ |
ᠪᠣᠳᠠᠲᠠᠢ ᠰᠠᠯᠠᠭ᠎ᠠ ᠮᠥᠴᠢᠷ ᠢ ᠲᠣᠭᠲᠠᠭᠠᠵᠤ ᠤᠯᠤᠰ ᠤᠨ ᠲᠤᠭ ᠤᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ |
ᠠᠵᠢᠯ ᠢ ᠬᠠᠷᠢᠭᠤᠴᠠᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠪᠠᠶᠢᠭᠤᠯᠭ᠎ᠠ ᠶᠢᠨ ᠶᠠᠪᠤᠳᠠᠯ ᠤᠨ |
ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠪᠥᠬᠦ ᠣᠷᠣᠨ ᠤ ᠤᠯᠤᠰ ᠤᠨ ᠲᠤᠭ ᠤᠨ ᠬᠠᠮᠢᠶᠠᠷᠤᠯᠲᠠ ᠶᠢᠨ ᠬᠤᠯᠪᠣᠭᠳᠠᠯ |
ᠪᠦᠬᠦᠢ ᠠᠵᠢᠯ ᠢ ᠨᠢᠭᠡᠳᠦᠯᠲᠡᠢ ᠲᠥᠯᠥᠪᠯᠡᠨ ᠵᠢᠯᠤᠭᠤᠳᠬᠤ ᠬᠡᠷᠡᠭᠲᠡᠢ᠃ |
ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠭᠰᠠᠨ ᠰᠠᠯᠠᠭ᠎ᠠ ᠮᠥᠴᠢᠷ ᠨᠢ |
ᠲᠣᠰ ᠵᠠᠰᠠᠭ ᠵᠠᠬᠢᠷᠭᠠᠨ ᠤ ᠣᠷᠣᠨ ᠳᠠᠬᠢ ᠤᠯᠤᠰ ᠤᠨ ᠲᠤᠭ ᠡᠯᠭᠦᠵᠦ ᠮᠠᠨᠳᠤᠭᠤᠯᠬᠤ᠂ ᠬᠡᠷᠡᠭᠯᠡᠬᠦ ᠪᠠ ᠬᠤᠷᠢᠶᠠᠨ |
ᠠᠪᠬᠤ ᠵᠡᠷᠭᠡ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠡᠷᠡᠭᠵᠢᠭᠦᠯᠦᠨ᠎ᠡ᠃ |
ᠡᠯ᠎ᠡ ᠱᠠᠲᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠤᠯᠤᠰ ᠤᠨ ᠲᠤᠬ |
ᠬᠢᠬᠦ ᠪᠠ ᠪᠣᠷᠣᠯᠠᠭᠤᠯᠬᠤ ᠠᠵᠢᠯᠯᠠᠭᠠᠨ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ ᠬᠡᠷᠡᠭᠵᠢᠭᠦᠯᠦᠨ᠎ᠡ᠃ |
ᠡᠯ᠎ᠡ ᠱᠠᠲᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ︵ᠬᠤᠲᠠ ᠶᠢᠨ |
ᠬᠠᠮᠢᠶᠠᠷᠤᠯᠲᠠ︶᠂ ᠳᠣᠲᠣᠭᠠᠳᠤ ᠶᠢ ᠬᠠᠮᠠᠭᠠᠯᠠᠬᠤ ᠵᠡᠷᠭᠡ ᠬᠠᠮᠢᠶ᠎ᠠ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ |
ᠪᠠ ᠰᠤᠷᠭᠠᠨ ᠬᠥᠮᠦᠵᠢᠯ᠂ ᠰᠣᠶᠣᠯ ᠪᠠ ᠵᠢᠭᠤᠯᠴᠢᠯᠠᠯ᠂ ᠭᠠᠳᠠᠭᠠᠳᠤ ᠶᠠᠪᠤᠳᠠᠯ᠂ ᠪᠡᠶ᠎ᠡ ᠶᠢᠨ ᠲᠠᠮᠢᠷ ᠵᠡᠷᠭᠡ ᠠᠵᠢᠯ |
ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠪᠠᠨ |
ᠦᠨᠳᠦᠰᠦᠯᠡᠨ᠂ ᠤᠯᠤᠰ ᠤᠨ ᠲᠤᠭ ᠡᠯᠭᠦᠵᠦ ᠮᠠᠨᠳᠤᠭᠤᠯᠬᠤ᠂ ᠬᠡᠷᠡᠭᠯᠡᠬᠦ ᠵᠡᠷᠭᠡ ᠭᠤᠭᠴᠣᠭᠠᠨ ᠳᠤ ᠬᠢᠨᠠᠯᠲᠠ |
ᠲᠠᠯᠪᠢᠵᠤ ᠬᠠᠮᠢᠶᠠᠷᠬᠤ ᠪᠠᠨ ᠴᠢᠩᠭᠠᠳᠬᠠᠬᠤ ᠬᠡᠷᠡᠭᠲᠡᠢ᠃ |
ᠳᠥᠷᠪᠡᠳᠦᠭᠡᠷ ᠵᠦᠢᠯ ︽ᠤᠯᠤᠰ ᠤᠨ ᠲᠤᠬ ᠤᠨ ᠬᠠᠤᠯᠢ︾ ᠶᠢᠨ ᠲᠣᠭᠲᠠᠭᠠᠯ ᠶᠣᠰᠣᠭᠠᠷ ᠤᠯᠤᠰ ᠤᠨ ᠲᠤᠬ |
ᠡᠯᠭᠦᠵᠦ ᠮᠠᠨᠳᠤᠭᠤᠯᠬᠤ ᠴᠢᠬᠤᠯᠠᠲᠠᠢ ᠪᠠᠶᠢᠭᠤᠯᠤᠮᠵᠢ ᠶᠢᠨ ᠪᠠᠶᠢᠭ᠎ᠠ ᠭᠠᠵᠠᠷ ᠨᠢ ᠠᠵᠢᠯᠯᠠᠬᠤ ᠡᠳᠦᠷ ᠲᠤ ᠪᠠᠨ |
ᠤᠯᠤᠰ ᠤᠨ ᠲᠤᠬ ᠡᠯᠭᠦᠵᠦ ᠮᠠᠨᠳᠤᠭᠤᠯᠬᠤ ᠬᠡᠷᠡᠭᠲᠡᠢ᠃ |
ᠰᠤᠷᠭᠠᠭᠤᠯᠢ ᠨᠤᠭᠤᠳ ᠡᠪᠦᠯ ᠤᠨ ᠠᠮᠠᠷᠠᠯᠲᠠ᠂ ᠵᠤᠠ ᠤ ᠠᠮᠠᠷᠠᠯᠲᠠ ᠪᠠ ᠠᠮᠠᠷᠠᠯᠲᠠ ᠶᠢᠨ ᠡᠳᠦᠷ ᠠᠴᠠ ᠭᠠᠳᠠᠨ᠎ᠠ |
᠂ ᠡᠳᠦᠷ ᠪᠦᠷᠢ ᠤᠯᠤᠰ ᠤᠨ ᠲᠤᠬ ᠡᠯᠭᠦᠵᠦ ᠮᠠᠨᠳᠤᠭᠤᠯᠬᠤ ᠬᠡᠷᠡᠭᠲᠡᠢ᠃ ᠨᠥᠬᠦᠴᠡᠯ ᠲᠠᠢ ᠬᠡᠦᠬᠡᠳ ᠤᠨ |
ᠴᠡᠴᠡᠷᠯᠢᠭ ᠨᠢ ᠰᠤᠷᠭᠠᠭᠤᠯᠢ ᠶᠢᠨ ᠲᠣᠭᠲᠠᠭᠠᠯ ᠢᠶᠠᠷ ᠯᠠᠪᠯᠠᠯᠲᠠ ᠪᠣᠯᠭᠠᠵᠤ ᠤᠯᠤᠰ ᠤᠨ ᠲᠤᠬ ᠡᠯᠭᠦᠵᠦ ᠮᠠᠨᠳᠤᠭᠤᠯᠬᠤ |
ᠬᠡᠷᠡᠭᠲᠡᠢ᠃ |
ᠬᠢᠯᠢ ᠠᠴᠠ ᠭᠠᠷᠬᠤ ᠬᠢᠯᠢ ᠪᠠᠷ ᠣᠷᠣᠬᠤ ᠨᠢᠰᠬᠡᠯ ᠤᠨ ᠪᠠᠭᠤᠳᠠᠯ᠂ ᠲᠡᠷᠭᠡᠨ ᠦᠷᠲᠡᠭᠡ᠂ ᠬᠢᠯᠢ ᠶᠢᠨ ᠪᠣᠭᠤᠮᠲᠠ᠂ |
ᠬᠢᠯᠢ ᠶᠢᠨ ᠬᠠᠮᠠᠭᠠᠯᠠᠯᠲᠠ ᠶᠢᠨ ᠬᠠᠷᠠᠭᠤᠯ ᠤᠨ ᠭᠠᠵᠠᠷ ᠵᠡᠷᠭᠡ ᠲᠠᠯᠠᠪᠤᠷ ᠭᠠᠵᠠᠷ ᠲᠤ ᠡᠳᠦᠷ ᠪᠦᠷᠢ ᠤᠯᠤᠰ ᠤᠨ ᠲᠤᠬ |
ᠡᠯᠭᠦᠵᠦ ᠮᠠᠨᠳᠤᠭᠤᠯᠬᠤ ᠬᠡᠷᠡᠭᠲᠡᠢ᠃ |
ᠨᠣᠮ ᠤᠨ ᠰᠠᠩ᠂ ᠮᠦᠽᠧᠢ᠂ ᠰᠣᠶᠣᠯ ᠤᠨ ᠣᠷᠳᠣᠨ᠂ ᠤᠷᠠᠨ ᠵᠢᠷᠤᠭ ᠤᠨ ᠣᠷᠳᠣᠨ᠂ ᠰᠢᠨᠵᠢᠯᠡᠬᠦ ᠤᠬᠠᠭᠠᠨ |
ᠲᠧᠭᠨᠢᠭ ᠮᠡᠷᠭᠡᠵᠢᠯ ᠤᠨ ᠣᠷᠳᠣᠨ᠂ ᠳᠤᠷᠠᠰᠬᠠᠯ ᠤᠨ ᠣᠷᠳᠣᠨ᠂ ᠦᠵᠡᠰᠬᠦᠯᠡᠩ ᠤᠨ ᠣᠷᠳᠣᠨ᠂ ᠪᠡᠶ᠎ᠡ ᠶᠢᠨ |
ᠲᠠᠮᠢᠷ ᠤᠨ ᠣᠷᠳᠣᠨ᠂ ᠵᠠᠯᠠᠭᠤᠴᠤᠳ ᠪᠠᠭᠠᠴᠤᠳ ᠤᠨ ᠣᠷᠳᠣᠨ ᠵᠡᠷᠭᠡ ᠤᠯᠡᠠ ᠨᠡᠶᠢᠲᠡ ᠶᠢᠨ ᠰᠣᠶᠣᠯ ᠪᠡᠶ᠎ᠡ ᠶᠢᠨ |
ᠲᠠᠮᠢᠷ ᠤᠨ ᠪᠡᠯᠡᠳᠬᠡᠮᠵᠢ ᠨᠦᠭᠦᠳ ᠨᠢ ᠨᠡᠭᠡᠭᠡᠯᠲᠡ ᠶᠢᠨ ᠡᠳᠦᠷ ᠲᠤ ᠪᠠᠨ ᠤᠯᠤᠰ ᠤᠨ ᠲᠤᠬ ᠡᠯᠭᠦᠵᠦ ᠮᠠᠨᠳᠤᠭᠤᠯᠬᠤ |
ᠬᠡᠷᠡᠭᠲᠡᠢ᠃ |
ᠲᠠᠪᠤᠳᠤᠭᠠᠷ ᠵᠦᠢᠯ ᠤᠯᠤᠰ ᠤᠨ ᠪᠠᠶᠠᠷ ᠤᠨ ᠡᠳᠦᠷ᠂ ᠳᠡᠯᠡᠬᠡᠢ ᠶᠢᠨ ᠬᠥᠳᠡᠯᠮᠦᠷᠢᠴᠢᠳ ᠤᠨ ᠪᠠᠶᠠᠷ ᠤᠨ ᠡᠳᠦᠷ᠂ |
ᠰᠢᠨ᠎ᠡ ᠵᠢᠯ᠂ ᠴᠠᠭᠠᠨ ᠰᠠᠷ᠎ᠠ ᠪᠠ ᠤᠯᠤᠰ ᠤᠨ ᠦᠨᠳᠦᠰᠦᠨ ᠬᠠᠤᠯᠢ ᠶᠢᠨ ᠡᠳᠦᠷ ᠵᠡᠷᠭᠡ ᠴᠢᠬᠤᠯᠠ ᠪᠠᠶᠠᠷ ᠤᠨ ᠡᠳᠦᠷ᠂ |
ᠳᠤᠷᠠᠰᠬᠠᠯ ᠤᠨ ᠡᠳᠦᠷ᠂ ᠡᠯ᠎ᠡ ᠱᠠᠲᠤᠨ ᠤ ᠲᠦᠷᠦ ᠶᠢᠨ ᠪᠠᠶᠢᠭᠤᠯᠭ᠎ᠠ᠂ ᠡᠯ᠎ᠡ ᠠᠷᠠᠳ ᠤᠨ ᠪᠦᠯᠬᠦᠮ ᠵᠢᠴᠢ ᠲᠣᠮᠣ |
ᠬᠡᠯᠪᠡᠷᠢ ᠶᠢᠨ ᠠᠭᠤᠳᠠᠮ ᠲᠠᠯᠠᠪᠠᠢ᠂ ᠴᠡᠴᠡᠷᠯᠢᠭ ᠵᠡᠷᠭᠡ ᠤᠯᠠᠨ ᠨᠡᠶᠢᠲᠡ ᠶᠢᠨ ᠠᠵᠢᠯᠯᠠᠭᠠᠨ ᠤ ᠲᠠᠯᠠᠪᠤᠷ ᠭᠠᠵᠠᠷ ᠲᠤ |
ᠤᠯᠤᠰ ᠤᠨ ᠲᠤᠭ ᠡᠯᠭᠦᠵᠦ ᠮᠠᠨᠳᠤᠭᠤᠯᠬᠤ ᠬᠡᠷᠡᠭᠲᠡᠢ︔ ᠠᠵᠤ ᠠᠬᠤᠶᠢᠯᠠᠯ ᠠᠵᠢᠯ ᠦᠢᠯᠡᠰ ᠤᠨ ᠵᠣᠬᠢᠶᠠᠨ |
ᠪᠠᠶᠢᠭᠤᠯᠤᠯᠲᠠ᠂ ᠲᠤᠰᠬᠤᠨ ᠤ ᠠᠷᠠᠳ ᠤᠨ ᠵᠥᠪᠯᠡᠯ᠂ ᠰᠠᠭᠤᠭᠠᠯᠢ ᠠᠷᠠᠳ ᠤᠨ ᠵᠥᠪᠯᠡᠯ᠂ ᠰᠠᠭᠤᠭᠠᠯᠢ ᠠᠷᠠᠳ ᠤᠨ |
ᠬᠦᠷᠢᠶ᠎ᠡ ︵ᠠᠰᠠᠷ᠂ ᠲᠣᠭᠤᠷᠢᠭ︶ ᠨᠢ ᠨᠥᠬᠦᠴᠡᠯ ᠲᠠᠢ ᠪᠣᠯ ᠤᠯᠤᠰ ᠤᠨ ᠲᠤᠬ ᠡᠯᠭᠦᠵᠦ ᠮᠠᠨᠳᠤᠭᠤᠯᠬᠤ ᠬᠡᠷᠡᠭᠲᠡᠢ᠃ |
ᠦᠨᠳᠦᠰᠦᠲᠡᠨ ᠤ ᠥᠪᠡᠷᠲᠡᠭᠡᠨ ᠵᠠᠰᠠᠬᠤ ᠭᠠᠵᠠᠷ ᠣᠷᠣᠨ ᠨᠢ ᠦᠨᠳᠦᠰᠦᠲᠡᠨ ᠤ ᠥᠪᠡᠷᠲᠡᠭᠡᠨ ᠵᠠᠰᠠᠬᠤ ᠭᠠᠵᠠᠷ |
ᠣᠷᠣᠨ ᠪᠠᠶᠢᠭᠤᠯᠤᠭᠳᠠᠭᠰᠠᠨ ᠳᠤᠷᠠᠰᠬᠠᠯ ᠤᠨ ᠡᠳᠦᠷ ᠪᠠ ᠦᠨᠳᠦᠰᠦᠲᠡᠨ ᠤ ᠭᠤᠣᠯ ᠤᠯᠠᠮᠵᠢᠯᠠᠯᠲᠤ ᠪᠠᠶᠠᠷ ᠤᠨ |
ᠡᠳᠦᠷ ᠲᠤ ᠤᠯᠤᠰ ᠤᠨ ᠲᠤᠬ ᠢ ᠡᠯᠭᠦᠵᠦ ᠮᠠᠨᠳᠤᠭᠤᠯᠬᠤ ᠬᠡᠷᠡᠭᠲᠡᠢ᠃ |
ᠦᠨᠳᠦᠰᠦᠨ ᠬᠠᠤᠯᠢ ᠳᠤ ᠲᠠᠩᠭᠠᠷᠢᠭᠯᠠᠬᠤ ᠶᠣᠰᠣᠯᠠᠯ ᠶᠠᠪᠤᠭᠤᠯᠬᠤ ᠳᠤ ᠪᠠᠨ ᠲᠠᠩᠭᠠᠷᠢᠭᠯᠠᠬᠤ ᠲᠠᠯᠠᠪᠤᠷ |
ᠭᠠᠵᠠᠷ ᠲᠤ ᠤᠯᠤᠰ ᠤᠨ ᠲᠤᠭ ᠡᠯᠭᠦᠬᠦ ᠬᠡᠷᠡᠭᠲᠡᠢ᠃ |
ᠵᠢᠷᠭᠤᠳᠤᠭᠠᠷ ᠵᠦᠢᠯ ᠴᠢᠬᠤᠯᠠ ᠶᠡᠭᠡ ᠪᠡᠯᠭᠡᠯᠡᠬᠦ᠂ ᠳᠤᠷᠠᠰᠬᠠᠬᠤ ᠠᠵᠢᠯᠯᠠᠭ᠎ᠠ᠂ ᠲᠣᠮᠣ ᠬᠡᠯᠪᠡᠷᠢ ᠶᠢᠨ ᠰᠣᠶᠣᠯ᠂ |
ᠪᠡᠶ᠎ᠡ ᠶᠢᠨ ᠲᠠᠮᠢᠷ ᠤᠨ ᠠᠵᠢᠯᠯᠠᠭ᠎ᠠ᠂ ᠲᠣᠮᠣ ᠬᠡᠯᠪᠡᠷᠢ ᠶᠢᠨ ᠦᠵᠡᠰᠬᠦᠯᠡᠩ ᠥᠷᠨᠢᠭᠦᠯᠬᠦ ᠳᠤ ᠤᠯᠤᠰ ᠤᠨ ᠲᠤᠭ ᠡᠯᠭᠦᠨ |
ᠮᠠᠨᠳᠤᠭᠤᠯᠵᠤ ᠪᠣᠯᠣᠨ᠎ᠠ᠃ |
ᠳᠣᠯᠣᠳᠤᠭᠠᠷ ᠵᠦᠢᠯ ᠤᠯᠤᠰ ᠤᠨ ᠲᠤᠬ ᠡᠯᠭᠦᠵᠦ ᠮᠠᠨᠳᠤᠭᠤᠯᠬᠤ ᠨᠢᠭᠡᠴᠢ ᠨᠦᠭᠦᠳ ᠪᠣᠳᠠᠲᠠᠢ ᠲᠠᠢ ᠪᠠᠨ |
ᠤᠶᠠᠯᠳᠤᠭᠤᠯᠤᠨ᠂ ᠤᠯᠤᠰ ᠤᠨ ᠲᠤᠬ ᠢ ᠲᠣᠪᠤᠶᠢᠮ᠎ᠠ ᠢᠯᠡᠷᠬᠡᠢ ᠭᠠᠵᠠᠷ ᠲᠤ ᠲᠠᠯᠪᠢᠵᠤ᠂ ︽ᠤᠯᠤᠰ ᠤᠨ ᠲᠤᠬ |
ᠡᠯᠭᠦᠵᠦ ᠮᠠᠨᠳᠤᠭᠤᠯᠬᠤ ᠲᠣᠨᠣᠭᠯᠠᠯ ᠤᠨ ᠦᠨᠳᠦᠰᠦᠨ ᠱᠠᠭᠠᠷᠳᠠᠯᠭ᠎ᠠ︾ ᠪᠠᠷ ᠯᠠᠪᠯᠠᠯᠲᠠ ᠪᠣᠯᠭᠠᠨ ᠲᠤᠬ ᠤᠨ |
ᠰᠢᠷᠤᠭ ᠤᠨ ᠣᠷᠣᠨ ᠪᠠᠶᠢᠷᠢ᠂ ᠥᠨᠳᠥᠷ ᠤᠨ ᠬᠡᠮᠵᠢᠶ᠎ᠡ ᠶᠢ ᠵᠦᠢ ᠵᠣᠬᠢᠰᠲᠠᠢ ᠲᠣᠭᠲᠠᠭᠠᠵᠤ᠂ ᠬᠡᠷᠡᠭᠯᠡᠬᠦ ᠵᠣᠷᠢᠯᠭ᠎ᠠ᠂ |
ᠣᠶᠢᠷ᠎ᠠ ᠬᠠᠪᠢ ᠶᠢᠨ ᠪᠠᠷᠢᠯᠭ᠎ᠠ᠂ ᠡᠷᠬᠢᠠ ᠲᠣᠭᠤᠷᠢᠨ ᠤ ᠣᠷᠴᠢᠨ ᠲᠣᠭᠤᠷᠢᠨ ᠲᠠᠢ ᠨᠢ ᠵᠣᠬᠢᠴᠠᠭᠤᠯᠬᠤ ᠬᠡᠷᠡᠭᠲᠡᠢ᠃ |
ᠬᠤᠶᠠᠷ ᠠᠴᠠ ᠳᠡᠭᠡᠭᠰᠢ ᠨᠢᠭᠡᠴᠢ ᠨᠢᠭᠡ ᠪᠠᠷᠢᠯᠭ᠎ᠠ ᠪᠤᠶᠤ ᠨᠢᠭᠡ ᠬᠦᠷᠢᠶᠡᠨ ᠳᠤ ᠪᠠᠶᠢᠪᠠᠯ ᠨᠢᠭᠡ ᠯᠡ ᠤᠯᠤᠰ ᠤᠨ ᠲᠤᠬ |
ᠡᠯᠭᠦᠨ ᠮᠠᠨᠳᠤᠭᠤᠯᠵᠤ ᠪᠣᠯᠣᠨ᠎ᠠ᠃ |
ᠤᠯᠤᠰ ᠤᠨ ᠲᠤᠭ ᠢ ᠶᠡᠷᠦ ᠳᠤ ᠪᠠᠨ ᠬᠥᠨᠳᠡᠯᠡᠨ ᠢᠶᠠᠷ ᠡᠯᠭᠦᠨ ᠮᠠᠨᠳᠤᠭᠤᠯᠵᠤ ᠬᠡᠷᠡᠭᠯᠡᠳᠡᠭ᠃ ᠤᠷᠠᠭᠳᠠᠭᠰᠠᠨ᠂ |
ᠭᠬᠢᠷᠲᠦᠭᠰᠡᠨ᠂ ᠥᠩᠭᠡ ᠨᠢ ᠤᠨᠠᠭᠰᠠᠨ ᠪᠤᠶᠤ ᠬᠡᠪ ᠪᠠᠷᠢᠮᠵᠢᠶ᠎ᠠ ᠳᠤ ᠦᠯᠣ ᠨᠡᠶᠢᠴᠡᠬᠦ ᠤᠯᠤᠰ ᠤᠨ ᠲᠤᠬ ᠢ ᠡᠯᠭᠦᠵᠦ |
ᠮᠠᠨᠳᠤᠭᠤᠯᠬᠤ ᠪᠤᠶᠤ ᠬᠡᠷᠡᠭᠯᠡᠵᠦ ᠪᠣᠯᠬᠤ ᠦᠭᠡᠢ᠂ ᠲᠣᠩᠭᠤᠷᠠᠭᠤ ᠡᠯᠭᠦᠬᠦ᠂ ᠲᠣᠩᠭᠤᠷᠠᠭᠤ ᠬᠠᠳᠬᠤᠬᠤ ᠪᠤᠶᠤ |
ᠤᠯᠤᠰ ᠤᠨ ᠲᠤᠬ ᠤᠨ ᠨᠡᠷ᠎ᠡ ᠬᠦᠨᠳᠦ ᠶᠢ ᠬᠤᠬᠢᠷᠠᠭᠤᠯᠬᠤ ᠪᠤᠰᠤᠳ ᠬᠡᠯᠪᠡᠷᠢ ᠪᠠᠷ ᠤᠯᠤᠰ ᠤᠨ ᠲᠤᠬ ᠢ ᠡᠯᠭᠦᠵᠦ |
ᠮᠠᠨᠳᠤᠭᠤᠯᠬᠤ᠂ ᠬᠡᠷᠡᠭᠯᠡᠵᠦ ᠪᠣᠯᠬᠤ ᠦᠭᠡᠢ᠃ |
ᠨᠠᠢᠮᠠᠳᠤᠭᠠᠷ ᠵᠦᠢᠯ ᠤᠯᠤᠰ ᠤᠨ ᠲᠤᠬ ᠢ ᠡᠯᠭᠦᠬᠦ᠂ ᠬᠠᠳᠬᠤᠬᠤ᠂ ᠡᠭᠴᠡ ᠡᠯᠭᠦᠬᠦ ᠪᠤᠶᠤ ᠳᠡᠯᠭᠡᠨ |
ᠲᠠᠯᠪᠢᠬᠤ ᠳᠤ ᠪᠠᠨ᠂ ᠤᠯᠤᠰ ᠤᠨ ᠲᠤᠬ ᠢ ᠪᠤᠰᠤᠳ ᠡᠳ᠋ ᠪᠣᠳᠠᠰ ᠢᠶᠠᠷ ᠬᠠᠯᠬᠠᠯᠠᠵᠤ ᠪᠣᠯᠬᠤ ᠦᠭᠡᠢ᠃ |
ᠣᠨᠴᠠᠭᠠᠢ ᠬᠡᠷᠡᠭᠴᠡᠭᠡ ᠠᠴᠠ ᠪᠣᠯᠵᠤ ᠡᠭᠴᠡ ᠡᠯᠭᠦᠬᠦ᠂ ᠵᠢᠰᠢᠭᠦᠦ ᠬᠠᠳᠬᠤᠬᠤ ᠵᠡᠷᠭᠡ ᠬᠡᠯᠪᠡᠷᠢ ᠪᠠᠷ ᠤᠯᠤᠰ ᠤᠨ |
ᠲᠤᠭ ᠢ ᠬᠡᠷᠡᠭᠯᠡᠬᠦ ᠳᠤ ᠪᠠᠨ ᠬᠡᠪ ᠪᠠᠷᠢᠮᠵᠢᠶ᠎ᠠ ᠳᠤ ᠨᠡᠶᠢᠴᠡᠭᠰᠡᠨ ᠤᠯᠤᠰ ᠤᠨ ᠲᠤᠭ ᠢ ᠬᠡᠷᠡᠭᠯᠡᠵᠦ᠂ ᠲᠤᠭ ᠤᠨ ᠨᠢᠭᠤᠷ ᠢ |
ᠲᠡᠨᠢᠢᠯᠭᠡᠨ ᠬᠡᠷᠡᠭᠯᠡᠬᠦ᠂ ᠲᠠᠪᠤᠨ ᠣᠳᠣ ᠶᠢ ᠨᠢ ᠳᠡᠭᠡᠷ᠎ᠡ ᠲᠠᠯ᠎ᠠ ᠳᠤ ᠨᠢ ᠪᠠᠶᠢᠯᠭᠠᠬᠤ ᠶᠢ ᠪᠠᠲᠤᠯᠠᠨ᠂ ᠬᠡᠷᠡᠭᠯᠡᠬᠦ ᠣᠷᠣᠨ |
ᠴᠠᠭ᠂ ᠡᠷᠭᠢᠨ ᠲᠣᠭᠤᠷᠢᠨ ᠤ ᠣᠷᠴᠢᠨ ᠲᠣᠭᠤᠷᠢᠨ ᠲᠠᠢ ᠨᠢ ᠵᠣᠬᠢᠴᠠᠯᠳᠤᠭᠤᠯᠬᠤ ᠬᠡᠷᠡᠭᠲᠡᠢ᠃ |
ᠵᠢᠭᠰᠠᠭᠠᠯ ᠵᠢᠭᠰᠠᠵᠤ ᠤᠯᠤᠰ ᠤᠨ ᠲᠤᠬ ᠪᠠ ᠪᠤᠰᠤᠳ ᠲᠤᠬ ᠢ ᠡᠷᠭᠦᠨ ᠤᠷᠤᠭᠰᠢᠯᠠᠬᠤ ᠳᠤ ᠪᠠᠨ ᠤᠯᠤᠰ ᠤᠨ |
ᠲᠤᠬ ᠢ ᠪᠤᠰᠤᠳ ᠲᠤᠬ ᠤᠨ ᠡᠮᠦᠨ᠎ᠡ ᠨᠢ ᠪᠠᠶᠢᠯᠭᠠᠬᠤ ᠬᠡᠷᠡᠭᠲᠡᠢ᠃ |
ᠶᠢᠰᠦᠳᠦᠭᠡᠷ ᠵᠦᠢᠯ ᠲᠤᠰ ᠲᠣᠭᠲᠠᠭᠠᠯ ᠤᠨ ᠳᠥᠷᠪᠡᠳᠦᠭᠡᠷ ᠵᠦᠢᠯ᠂ ᠲᠠᠪᠤᠳᠤᠭᠠᠷ ᠵᠦᠢᠯ ᠤᠨ ᠲᠣᠭᠲᠠᠭᠠᠯ |
ᠶᠣᠰᠣᠭᠠᠷ ᠤᠯᠤᠰ ᠤᠨ ᠲᠤᠬ ᠢ ᠡᠯᠭᠦᠵᠦ ᠮᠠᠨᠳᠤᠭᠤᠯᠬᠤ ᠳᠤ ᠲᠤᠰ ᠡᠳᠦᠷ ᠤᠨ ᠬᠢᠨᠢ ᠥᠷᠯᠥᠭᠡ ᠡᠯᠭᠦᠨ |
ᠮᠠᠨᠳᠤᠭᠤᠯᠵᠤ᠂ ᠲᠤᠰ ᠡᠳᠦᠷ ᠤᠨ ᠬᠢᠨᠢ ᠦᠳᠡᠰᠢ ᠪᠠᠭᠤᠯᠭᠠᠨ ᠬᠤᠷᠢᠶᠠᠬᠤ ᠬᠡᠷᠡᠭᠲᠡᠢ᠂ ᠡᠯᠭᠦᠵᠦ ᠮᠠᠨᠳᠤᠭᠤᠯᠤᠭᠠᠳ |
ᠪᠠᠭᠤᠯᠭᠠᠨ ᠬᠤᠷᠢᠶᠠᠬᠤ ᠦᠭᠡᠢ ᠪᠠᠶᠢᠵᠤ ᠪᠣᠯᠬᠤ ᠦᠭᠡᠢ᠃ |
ᠲᠤᠬ ᠤᠨ ᠰᠢᠷᠤᠭ ᠲᠤ ᠤᠯᠤᠰ ᠤᠨ ᠲᠤᠬ ᠡᠯᠭᠦᠵᠦ ᠮᠠᠨᠳᠤᠭᠤᠯᠵᠤ ᠪᠠ ᠪᠠᠭᠤᠯᠭᠠᠨ ᠬᠤᠷᠢᠶᠠᠬᠤ ᠳᠤ ᠠᠯᠭᠤᠷ |
ᠠᠭᠠᠵᠢᠮ ᠢᠶᠠᠷ ᠡᠯᠭᠦᠵᠦ ᠮᠠᠨᠳᠤᠭᠤᠯᠬᠤ ᠪᠠ ᠪᠠᠭᠤᠯᠭᠠᠨ ᠬᠤᠷᠢᠶᠠᠬᠤ ᠬᠡᠷᠡᠭᠲᠡᠢ᠃ ᠡᠯᠭᠦᠵᠦ ᠮᠠᠨᠳᠤᠭᠤᠯᠬᠤ ᠳᠤ ᠪᠠᠨ |
ᠡᠷᠬᠡᠪᠰᠢ ᠤᠯᠤᠰ ᠤᠨ ᠲᠤᠬ ᠢ ᠪᠠᠭᠠᠨ᠎ᠠ ᠶᠢᠨ ᠣᠷᠣᠢ ᠳᠤ ᠨᠢ ᠲᠤᠯᠲᠠᠯ᠎ᠠ ᠮᠠᠨᠳᠤᠭᠤᠯᠬᠤ ᠬᠡᠷᠡᠭᠲᠡᠢ︔ ᠪᠠᠭᠤᠯᠭᠠᠨ |
ᠬᠤᠷᠢᠶᠠᠬᠤ ᠳᠤ ᠪᠠᠨ ᠤᠯᠤᠰ ᠤᠨ ᠲᠤᠬ ᠢ ᠭᠠᠵᠠᠷ ᠲᠤ ᠬᠦᠷᠭᠡᠵᠦ ᠪᠣᠯᠬᠤ ᠦᠭᠡᠢ᠃ |
ᠤᠯᠡᠠ ᠵᠦᠢᠯ ᠤᠨ ᠲᠤᠬ ᠡᠯᠭᠦᠵᠦ ᠮᠠᠨᠳᠤᠭᠤᠯᠬᠤ ᠳᠤ ᠤᠯᠤᠰ ᠤᠨ ᠲᠤᠬ ᠢ ᠪᠤᠰᠤᠳ ᠲᠤᠬ ᠠᠴᠠ ᠤᠷᠢᠳ ᠢᠶᠠᠷ |
ᠡᠯᠭᠦᠨ ᠮᠠᠨᠳᠤᠭᠤᠯᠵᠤ᠂ ᠪᠤᠰᠤᠳ ᠲᠤᠬ ᠠᠴᠠ ᠬᠤᠶᠢᠨ᠎ᠠ ᠪᠠᠭᠤᠯᠭᠠᠨ ᠬᠤᠷᠢᠶᠠᠬᠤ ᠬᠡᠷᠡᠭᠲᠡᠢ᠃ |
ᠠᠷᠪᠠᠳᠤᠭᠠᠷ ᠵᠦᠢᠯ ᠤᠯᠤᠰ ᠤᠨ ᠲᠤᠬ ᠢ ᠡᠯᠭᠦᠵᠦ ᠮᠠᠨᠳᠤᠭᠤᠯᠬᠤ ᠦᠶ᠎ᠡ ᠳᠤ᠂ ᠲᠤᠬ ᠡᠯᠭᠦᠵᠦ ᠮᠠᠨᠳᠤᠭᠤᠯᠬᠤ |
ᠶᠣᠰᠣᠯᠠᠯ ᠶᠠᠪᠤᠭᠤᠯᠵᠤ ᠪᠣᠯᠣᠨ᠎ᠠ᠃ ᠰᠤᠷᠭᠠᠭᠤᠯᠢ ᠨᠤᠭᠤᠳ ᠠᠮᠠᠷᠠᠯᠲᠠ ᠶᠢᠨ ᠬᠤᠭᠤᠴᠠᠭ᠎ᠠ ᠠᠴᠠ ᠭᠠᠳᠠᠨ᠎ᠠ᠂ ᠭᠠᠷᠠᠭ |
ᠪᠦᠷᠢ ᠳᠤ ᠨᠢᠭᠡ ᠤᠳᠠᠭ᠎ᠠ ᠲᠤᠭ ᠮᠠᠨᠳᠤᠭᠤᠯᠬᠤ ᠶᠣᠰᠣᠯᠠᠯ ᠶᠠᠪᠤᠭᠤᠯᠬᠤ ᠬᠡᠷᠡᠭᠲᠡᠢ᠃ |
ᠴᠢᠬᠤᠯᠠ ᠶᠡᠭᠡ ᠪᠡᠯᠭᠡᠯᠡᠬᠦ᠂ ᠳᠤᠷᠠᠰᠬᠠᠬᠤ ᠠᠵᠢᠯᠯᠠᠭ᠎ᠠ᠂ ᠲᠣᠮᠣ ᠬᠡᠯᠪᠡᠷᠢ ᠶᠢᠨ ᠰᠣᠶᠣᠯ᠂ ᠪᠡᠶ᠎ᠡ ᠶᠢᠨ ᠲᠠᠮᠢᠷ ᠤᠨ |
ᠠᠵᠢᠯᠯᠠᠭ᠎ᠠ᠂ ᠲᠣᠮᠣ ᠬᠡᠯᠪᠡᠷᠢ ᠶᠢᠨ ᠦᠵᠡᠰᠬᠦᠯᠡᠩ ᠤᠨ ᠲᠤᠬ ᠮᠠᠨᠳᠤᠭᠤᠯᠬᠤ ᠶᠣᠰᠣᠯᠠᠯ ᠢ ᠦᠵᠡᠰᠭᠦᠯᠡᠩ |
ᠴᠤᠭᠯᠠᠭᠠᠨ ᠤ ᠶᠣᠰᠣᠯᠠᠯ ᠡᠬᠢᠯᠡᠬᠦ ᠦᠶ᠎ᠡ ᠳᠤ ᠶᠠᠪᠤᠭᠳᠠᠭᠤᠯᠬᠤ ᠬᠡᠷᠡᠭᠲᠡᠢ᠃ |
ᠤᠯᠤᠰ ᠤᠨ ᠲᠤᠭ ᠡᠯᠭᠦᠵᠦ ᠮᠠᠨᠳᠤᠭᠤᠯᠬᠤ ᠶᠣᠰᠣᠯᠠᠯ ᠶᠠᠪᠤᠭᠳᠠᠭᠤᠯᠬᠤ ᠳᠤ ᠪᠠᠨ ᠨᠢᠭᠡ ᠬᠥᠮᠥᠨ ᠤᠯᠤᠰ ᠤᠨ |
ᠲᠤᠭ ᠢ ᠡᠷᠭᠦᠵᠦ᠂ ᠬᠤᠶᠠᠷ ᠬᠥᠮᠥᠨ ᠲᠤᠭ ᠢ ᠬᠠᠮᠠᠭᠠᠯᠠᠨ᠂ ᠲᠤᠭ ᠤᠨ ᠪᠠᠭᠠᠨ᠎ᠠ ᠵᠦᠭ ᠲᠥᠪ ᠶᠡᠬᠡᠮᠰᠦᠭ ᠠᠯᠬᠤᠵᠤ |
ᠣᠴᠢᠨ᠎ᠠ᠃ ᠤᠯᠤᠰ ᠤᠨ ᠲᠤᠬ ᠡᠯᠭᠦᠵᠦ ᠮᠠᠨᠳᠤᠭᠤᠯᠬᠤ ᠶᠠᠪᠤᠴᠠ ᠳᠤ ᠤᠯᠤᠰ ᠤᠨ ᠰᠦᠯᠳᠡ ᠳᠠᠭᠤᠤ ᠶᠢ |
ᠬᠥᠭᠵᠢᠮᠳᠡᠨ ᠳᠠᠭᠤᠯᠠᠵᠤ᠂ ᠲᠤᠬᠠᠢ ᠶᠢᠨ ᠲᠠᠯᠠᠪᠤᠷ ᠤᠨ ᠬᠥᠮᠥᠰ ᠤᠯᠤᠰ ᠤᠨ ᠲᠤᠬ ᠵᠦᠭ ᠬᠠᠨᠳᠤᠨ ᠲᠥᠪ |
ᠵᠣᠭᠰᠣᠬᠤ ᠶᠢᠨ ᠬᠠᠮᠲᠤ᠂ ᠠᠰ ᠰᠢᠷᠳᠡᠨ ᠶᠣᠰᠣ ᠭᠦᠢᠴᠡᠭᠡᠬᠦ ᠪᠤᠶᠤ ᠭᠠᠷ ᠡᠷᠭᠦᠨ ᠶᠣᠰᠣᠯᠠᠬᠤ ᠬᠡᠷᠡᠭᠲᠡᠢ᠃ |
ᠠᠷᠪᠠᠨ ᠨᠢᠭᠡᠳᠦᠭᠡᠷ ᠵᠦᠢᠯ ︽ᠤᠯᠤᠰ ᠤᠨ ᠲᠤᠬ ᠤᠨ ᠬᠠᠤᠯᠢ︾ ᠶᠢᠨ ᠲᠣᠭᠲᠠᠭᠠᠯ ᠶᠣᠰᠣᠭᠠᠷ ᠤᠯᠤᠰ ᠤᠨ |
ᠲᠤᠬ ᠡᠯᠭᠦᠵᠦ ᠮᠠᠨᠳᠤᠭᠤᠯᠬᠤ ᠳᠤ᠂ ᠶᠡᠭᠡ ᠰᠠᠯᠬᠢ᠂ ᠡᠯᠡᠰᠦᠨ ᠰᠢᠭᠤᠷᠭ᠎ᠠ᠂ ᠳᠤᠮᠳᠠ ᠵᠡᠷᠭᠡ ᠶᠢᠨ ᠪᠣᠷᠣᠭᠠᠨ ᠵᠢᠴᠢ |
ᠲᠡᠭᠦᠨ ᠠᠴᠠ ᠳᠡᠭᠡᠭᠰᠢᠬᠢ ᠪᠣᠷᠣᠭᠠᠨ ᠲᠠᠢ ᠡᠳᠦᠷ᠂ ᠳᠤᠮᠳᠠ ᠵᠡᠷᠭᠡ ᠶᠢᠨ ᠴᠠᠰᠤ ᠵᠢᠴᠢ ᠲᠡᠭᠦᠨ ᠠᠴᠠ ᠳᠡᠭᠡᠭᠰᠢᠬᠢ |
ᠴᠠᠰᠤ ᠲᠠᠢ ᠡᠳᠦᠷ᠂ ᠮᠥᠨᠳᠥᠷ ᠵᠡᠷᠭᠡ ᠮᠠᠭᠤᠬᠠᠢ ᠴᠠᠭ ᠠᠭᠤᠷ ᠲᠣᠬᠢᠶᠠᠯᠳᠤᠪᠠᠯ ᠡᠯᠭᠦᠨ ᠮᠠᠨᠳᠤᠭᠤᠯᠬᠤ ᠦᠭᠡᠢ |
ᠪᠠᠶᠢᠵᠤ ᠪᠣᠯᠣᠨ᠎ᠠ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠪᠠ ᠬᠤᠯᠪᠣᠭᠳᠠᠯ ᠪᠦᠬᠦᠢ ᠰᠠᠯᠠᠭ᠎ᠠ |
ᠮᠥᠴᠢᠷ ᠨᠢ ᠴᠠᠭ ᠠᠭᠤᠷ ᠤᠨ ᠭᠠᠮᠰᠢᠭ ᠤᠨ ᠤᠷᠢᠳᠴᠢᠯᠠᠭᠰᠠᠨ ᠰᠡᠷᠡᠮᠵᠢᠯᠡᠭᠦᠯᠦᠯ ᠢ ᠨᠡᠶᠢᠲᠡᠯᠡᠬᠦ ᠳᠤ ᠪᠠᠨ ᠤᠯᠤᠰ ᠤᠨ |
ᠲᠤᠬ ᠡᠯᠭᠦᠵᠦ ᠮᠠᠨᠳᠤᠭᠤᠯᠬᠤ ᠡᠰᠡᠬᠦ ᠳᠤ ᠲᠣᠬᠢᠷᠠᠭᠤᠯᠤᠯᠲᠠ ᠭᠠᠷᠭᠠᠵᠤ ᠪᠣᠯᠣᠨ᠎ᠠ᠃ |
ᠠᠷᠪᠠᠨ ᠬᠤᠶᠠᠳᠤᠭᠠᠷ ᠵᠦᠢᠯ ᠲᠤᠭ ᠢ ᠬᠠᠭᠠᠰ ᠪᠠᠭᠤᠯᠭᠠᠬᠤ ᠴᠢᠬᠤᠯᠠ ᠲᠠᠢ ᠦᠶ᠎ᠡ ᠳᠤ᠂ ᠤᠯᠤᠰ ᠤᠨ |
ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠬᠦ ᠬᠡᠷᠡᠭᠲᠡᠢ᠃ |
ᠠᠷᠪᠠᠨ ᠭᠤᠷᠪᠠᠳᠤᠭᠠᠷ ᠵᠦᠢᠯ ᠤᠷᠠᠭᠳᠠᠭᠰᠠᠨ᠂ ᠭᠬᠢᠷᠲᠦᠭᠰᠡᠨ᠂ ᠥᠩᠭᠡ ᠨᠢ ᠤᠨᠠᠭᠰᠠᠨ ᠪᠤᠶᠤ ᠬᠡᠪ |
ᠪᠠᠷᠢᠮᠵᠢᠶ᠎ᠠ ᠳᠤ ᠦᠯᠦ ᠨᠡᠶᠢᠴᠡᠬᠦ ᠤᠯᠤᠰ ᠤᠨ ᠲᠤᠬ ᠢ ᠡᠭᠡᠭᠦᠯᠦᠨ ᠬᠤᠷᠢᠶᠠᠬᠤ ᠳᠤ ᠨᠢᠭᠡᠴᠢ ᠶᠢᠨ ᠬᠠᠮᠢᠶᠠᠷᠤᠯᠲᠠ |
ᠬᠢᠭᠡᠳ ᠬᠠᠷᠢᠶ᠎ᠠ ᠭᠠᠵᠠᠷ ᠤᠨ ᠬᠠᠮᠢᠶᠠᠷᠤᠯᠲᠠ ᠶᠢ ᠤᠶᠠᠯᠳᠤᠭᠤᠯᠬᠤ ᠵᠠᠷᠴᠢᠮ ᠢᠶᠠᠷ ᠵᠣᠬᠢᠶᠠᠨ ᠪᠠᠶᠢᠭᠤᠯᠵᠤ |
ᠬᠡᠷᠡᠭᠵᠢᠭᠦᠯᠦᠨ᠎ᠡ᠃ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠬᠢ ᠶᠢ ᠲᠤᠰ ᠨᠢᠭᠡᠴᠢ ᠶᠢᠨ |
ᠪᠠᠶᠢᠭᠤᠯᠭ᠎ᠠ ᠶᠢᠨ ᠨᠠᠮ ᠤᠨ ᠬᠤᠷᠢᠶ᠎ᠠ ᠪᠤᠶᠤ ᠠᠵᠢᠯᠴᠢᠨ ᠤ ᠡᠪᠯᠡᠯ ᠬᠠᠷᠢᠭᠤᠴᠠᠨ᠎ᠠ︔ ᠰᠤᠷᠭᠠᠭᠤᠯᠢ ᠶᠢᠨ ᠬᠢ ᠶᠢ |
ᠲᠤᠬᠠᠢ ᠶᠢᠨ ᠭᠠᠵᠠᠷ ᠤᠨ ᠰᠤᠷᠭᠠᠨ ᠬᠥᠮᠦᠵᠢᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠬᠠᠷᠢᠭᠤᠴᠠᠵᠤ᠂ |
ᠲᠠᠷᠢᠶᠠᠯᠠᠬᠤ ᠮᠠᠯᠵᠢᠬᠤ ᠣᠷᠣᠨ ᠤ ᠬᠢ ᠶᠢ ᠪᠠᠶᠢᠭ᠎ᠠ ᠭᠠᠵᠠᠷ ᠤᠨ ᠰᠤᠮᠤ ᠰᠢᠶᠠᠩ ᠪᠠᠯᠭᠠᠰᠤ ᠶᠢᠨ ᠠᠷᠠᠳ ᠤᠨ |
ᠵᠠᠰᠠᠭ ᠤᠨ ᠣᠷᠳᠣᠨ ᠬᠠᠷᠢᠭᠤᠴᠠᠨ᠎ᠠ︔ ᠪᠤᠰᠤᠳ ᠵᠣᠬᠢᠶᠠᠨ ᠪᠠᠶᠢᠭᠤᠯᠤᠯᠲᠠ ᠪᠠ ᠭᠠᠴᠠᠭ᠎ᠠ ᠲᠣᠰᠬᠤᠨ ︵ᠨᠡᠶᠢᠭᠡᠮ |
ᠲᠣᠭᠤᠷᠢᠭ︶ ᠤ ᠬᠢ ᠶᠢ ᠪᠠᠶᠢᠭ᠎ᠠ ᠭᠠᠵᠠᠷ ᠤᠨ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ︵ |
ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠬᠠᠷᠢᠭᠤᠴᠠᠨ᠎ᠠ᠃ |
ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠭᠰᠠᠨ ᠰᠠᠯᠠᠭ᠎ᠠ ᠮᠥᠴᠢᠷ ᠨᠢ |
ᠲᠣᠰ ᠵᠠᠰᠠᠭ ᠵᠠᠬᠢᠷᠭᠠᠨ ᠤ ᠣᠷᠣᠨ ᠤ ᠳᠣᠲᠣᠷ᠎ᠠ ᠪᠠᠨ ᠤᠯᠤᠰ ᠤᠨ ᠲᠤᠭ ᠢ ᠡᠭᠡᠭᠦᠯᠦᠨ ᠬᠤᠷᠢᠶᠠᠵᠤ ᠠᠪᠬᠤ ᠴᠡᠭ ᠢ |
ᠵᠦᠢ ᠵᠣᠬᠢᠰᠲᠠᠢ ᠪᠠᠶᠢᠷᠢᠯᠠᠭᠤᠯᠵᠤ᠂ ᠲᠥᠪᠯᠡᠷᠡᠭᠦᠯᠦᠨ ᠲᠠᠯᠪᠢᠬᠤ ᠲᠠᠯᠠᠪᠤᠷ ᠭᠠᠵᠠᠷ ᠢ ᠲᠣᠳᠣᠷᠬᠠᠶᠢᠯᠠᠨ᠂ ᠤᠯᠤᠰ ᠤᠨ |
ᠲᠤᠭ ᠢ ᠬᠤᠷᠢᠶᠠᠨ ᠠᠪᠴᠤ ᠰᠢᠢᠳᠪᠦᠷᠢᠯᠡᠬᠦ ᠠᠵᠢᠯ ᠢ ᠪᠠᠶᠢᠩᠭᠤᠵᠢᠭᠤᠯᠤᠨ ᠥᠷᠨᠢᠭᠦᠯᠬᠦ ᠬᠡᠷᠡᠭᠲᠡᠢ᠃ ᠬᠤᠪᠢ ᠬᠥᠮᠥᠨ |
ᠪᠠ ᠵᠣᠬᠢᠶᠠᠨ ᠪᠠᠶᠢᠭᠤᠯᠤᠯᠲᠠ ᠶᠢᠨ ᠬᠦᠷᠭᠡᠵᠦ ᠲᠤᠰᠢᠶᠠᠭᠰᠠᠨ ᠤᠷᠠᠭᠳᠠᠭᠰᠠᠨ᠂ ᠭᠬᠢᠷᠲᠦᠭᠰᠡᠨ᠂ ᠥᠩᠭᠡ ᠨᠢ |
ᠤᠨᠠᠭᠰᠠᠨ ᠪᠤᠶᠤ ᠬᠡᠪ ᠪᠠᠷᠢᠮᠵᠢᠶ᠎ᠠ ᠳᠤ ᠦᠯᠤ ᠨᠡᠶᠢᠴᠡᠬᠦ ᠤᠯᠤᠰ ᠤᠨ ᠲᠤᠬ ᠢ ᠬᠤᠷᠢᠶᠠᠪᠠᠰᠤ ᠵᠣᠬᠢᠬᠤ ᠶᠢ ᠨᠢ ᠴᠥᠮ |
ᠬᠤᠷᠢᠶᠠᠵᠤ᠂ ᠰᠠᠶᠢᠲᠤᠷ ᠬᠠᠳᠠᠭᠠᠯᠠᠨ ᠬᠠᠮᠢᠶᠠᠷᠴᠤ᠂ ᠨᠢᠭᠡᠳᠦᠯᠲᠡᠢ ᠰᠢᠢᠳᠪᠦᠷᠢᠯᠡᠬᠦ ᠬᠡᠷᠡᠭᠲᠡᠢ᠂ ᠨᠡᠶᠢᠭᠡᠮ ᠳᠡᠭᠡᠷ᠎ᠡ |
ᠲᠡᠭᠢᠵᠤ ᠭᠠᠷᠭᠠᠵᠤ ᠪᠣᠯᠬᠤ ᠦᠭᠡᠢ᠃ |
ᠠᠷᠪᠠᠨ ᠳᠥᠷᠪᠡᠳᠦᠭᠡᠷ ᠵᠦᠢᠯ ᠣᠯᠠᠨ ᠲᠦᠮᠡᠨᠴᠢ ᠴᠢᠨᠠᠷᠲᠠᠢ ᠲᠣᠮᠣ ᠬᠡᠯᠪᠡᠷᠢ ᠶᠢᠨ ᠠᠵᠢᠯᠯᠠᠭᠠᠨ ᠡᠷᠬᠢᠯᠡᠬᠦ ᠵᠡᠷᠭᠡ |
ᠲᠤᠬᠠᠢ ᠶᠢᠨ ᠭᠠᠵᠠᠷ ᠲᠤ ᠤᠯᠤᠰ ᠤᠨ ᠲᠤᠬ ᠢ ᠬᠡᠷᠡᠭᠯᠡᠬᠦ ᠳᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ |
ᠬᠢᠨᠠᠯᠲᠠ ᠲᠠᠯᠪᠢᠵᠤ ᠵᠢᠭᠠᠨ ᠵᠢᠯᠤᠭᠤᠳᠬᠤ ᠪᠠᠨ ᠴᠢᠩᠭᠠᠳᠬᠠᠵᠤ᠂ ᠭᠤᠣᠯᠯᠠᠨ ᠡᠷᠬᠢᠯᠡᠬᠦ ᠲᠠᠯ᠎ᠠ ᠶᠢ ᠰᠢᠮᠳᠠᠭᠤᠯᠵᠤ |
ᠪᠠᠶᠢᠭᠠᠳ ᠬᠡᠷᠡᠭᠯᠡᠭᠰᠡᠨ ᠤᠯᠤᠰ ᠤᠨ ᠲᠤᠬ ᠢ ᠴᠠᠭ ᠲᠤᠬᠠᠢ ᠳᠤ ᠨᠢ ᠬᠤᠷᠢᠶᠠᠨ ᠠᠪᠤᠭᠤᠯᠬᠤ ᠶᠢᠨ ᠬᠠᠮᠲᠤ ᠬᠠᠤᠯᠢ |
ᠲᠣᠭᠲᠠᠭᠠᠯ ᠶᠣᠰᠣᠭᠠᠷ ᠬᠦᠷᠭᠡᠨ ᠲᠤᠰᠢᠶᠠᠵᠤ ᠰᠢᠢᠳᠪᠦᠷᠢᠯᠡᠭᠦᠯᠬᠦ ᠬᠡᠷᠡᠭᠲᠡᠢ᠃ |
ᠠᠷᠪᠠᠨ ᠲᠠᠪᠤᠳᠤᠭᠠᠷ ᠵᠦᠢᠯ ᠤᠷᠠᠭᠳᠠᠭᠰᠠᠨ᠂ ᠭᠬᠢᠷᠲᠦᠭᠰᠡᠨ᠂ ᠥᠩᠭᠡ ᠨᠢ ᠤᠨᠠᠭᠰᠠᠨ ᠪᠤᠶᠤ ᠬᠡᠪ |
ᠪᠠᠷᠢᠮᠵᠢᠶ᠎ᠠ ᠳᠤ ᠥᠯᠥ ᠨᠡᠶᠢᠴᠡᠬᠦ ᠤᠯᠤᠰ ᠤᠨ ᠲᠤᠭ ᠢ ᠲᠥᠪᠯᠡᠷᠡᠭᠦᠯᠦᠨ ᠰᠢᠢᠳᠪᠦᠷᠢᠯᠡᠬᠦ ᠳᠤ ᠪᠠᠨ ᠣᠷᠴᠢᠨ |
ᠲᠣᠭᠤᠷᠢᠨ ᠢ ᠬᠠᠮᠠᠭᠠᠯᠠᠬᠤ ᠪᠠ ᠣᠷᠴᠢᠯᠳᠤᠭᠤᠯᠤᠨ ᠠᠰᠢᠭᠯᠠᠬᠤ ᠶᠢ ᠴᠢᠬᠤᠯᠠᠴᠢᠯᠠᠵᠤ᠂ ᠰᠢᠢᠳᠪᠦᠷᠢᠯᠡᠬᠦ ᠶᠠᠪᠤᠴᠠ ᠨᠢ |
ᠲᠥᠪ ᠴᠢᠩᠭ᠎ᠠ ᠡᠮᠬᠢ ᠵᠢᠷᠤᠮ ᠲᠠᠢ ᠪᠠᠶᠢᠬᠤ ᠬᠡᠷᠡᠭᠲᠡᠢ᠃ |
ᠠᠷᠪᠠᠨ ᠵᠢᠷᠭᠤᠳᠤᠭᠠᠷ ᠵᠦᠢᠯ ᠠᠷᠠᠳ ᠢᠷᠭᠡᠨ ᠪᠠ ᠵᠣᠬᠢᠶᠠᠨ ᠪᠠᠶᠢᠭᠤᠯᠤᠯᠲᠠ ᠶᠢᠨ ᠲᠣᠬᠢᠷᠠᠮᠵᠢᠲᠠᠢ ᠭᠠᠵᠠᠷ ᠲᠤ |
ᠤᠯᠤᠰ ᠤᠨ ᠲᠤᠬ ᠵᠢᠴᠢ ᠲᠡᠭᠦᠨ ᠤ ᠵᠢᠷᠤᠭ ᠳᠦᠷᠰᠦ ᠶᠢ ᠬᠡᠷᠡᠭᠯᠡᠵᠦ᠂ ᠡᠬᠡ ᠣᠷᠣᠨᠴᠢ ᠰᠡᠳᠬᠢᠯᠭᠡ ᠪᠠᠨ |
ᠢᠯᠡᠳᠬᠡᠬᠦ ᠶᠢ ᠰᠠᠨᠠᠭᠠᠴᠢᠯᠠᠨ᠎ᠠ᠃ ᠤᠯᠤᠰ ᠤᠨ ᠲᠤᠭ ᠵᠢᠴᠢ ᠲᠡᠭᠦᠨ ᠤ ᠵᠢᠷᠤᠭ ᠳᠦᠷᠰᠦ ᠶᠢ ᠬᠡᠷᠡᠭᠯᠡᠬᠦ ᠳᠤ ᠪᠠᠨ ︽ |
ᠤᠯᠤᠰ ᠤᠨ ᠲᠤᠭ ᠤᠨ ᠬᠠᠤᠯᠢ︾ ᠶᠢᠨ ᠬᠤᠯᠪᠣᠭᠳᠠᠯ ᠪᠦᠬᠦᠢ ᠲᠣᠭᠲᠠᠭᠠᠯ ᠢ ᠵᠢᠷᠤᠮᠯᠠᠬᠤ ᠬᠡᠷᠡᠭᠲᠡᠢ᠂ ᠬᠤᠪᠢ |
ᠬᠥᠮᠥᠨ ᠤ ᠣᠷᠣᠰᠢᠭᠤᠯᠭ᠎ᠠ ᠶᠢᠨ ᠠᠵᠢᠯᠯᠠᠭ᠎ᠠ ᠵᠡᠷᠭᠡ ᠵᠣᠬᠢᠰ ᠦᠭᠡᠢ ᠪᠠᠶᠢᠳᠠᠯ ᠳᠤ ᠬᠡᠷᠡᠭᠯᠡᠵᠦ ᠪᠣᠯᠬᠤ ᠦᠭᠡᠢ᠂ |
ᠨᠡᠶᠢᠲᠡ ᠶᠢᠨ ᠡᠮᠬᠢ ᠵᠢᠷᠤᠮ ᠪᠠ ᠰᠠᠶᠢᠨ ᠰᠠᠶᠢᠬᠠᠨ ᠬᠡᠪ ᠵᠠᠩᠰᠢᠯ ᠢ ᠵᠥᠷᠢᠴᠡᠵᠦ ᠪᠣᠯᠬᠤ ᠦᠭᠡᠢ᠃ |
ᠠᠷᠪᠠᠨ ᠳᠣᠯᠣᠳᠤᠭᠠᠷ ᠵᠦᠢᠯ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠬᠢᠨ ᠡᠬᠡ ᠣᠷᠣᠨᠴᠢ |
ᠦᠵᠡᠯ ᠤᠨ ᠬᠥᠮᠦᠵᠢᠯ ᠪᠠ ᠴᠢᠬᠤᠯᠠ ᠶᠡᠭᠡ ᠪᠠᠶᠠᠷ ᠳᠤᠷᠠᠰᠬᠠᠯ ᠤᠨ ᠠᠵᠢᠯᠯᠠᠭ᠎ᠠ ᠲᠠᠢ ᠤᠶᠠᠯᠳᠤᠭᠤᠯᠤᠨ᠂ ︽ |
ᠤᠯᠤᠰ ᠤᠨ ᠲᠤᠬ ᠤᠨ ᠬᠠᠤᠯᠢ︾ ᠶᠢᠨ ᠬᠠᠤᠯᠢ ᠴᠠᠭᠠᠵᠠ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠶᠢ |
ᠵᠣᠬᠢᠶᠠᠨ ᠪᠠᠶᠢᠭᠤᠯᠤᠨ ᠥᠷᠨᠢᠭᠦᠯᠵᠦ᠂ ᠰᠣᠨᠢᠨ᠂ ᠷᠠᠳᠢᠣ᠋ ᠨᠡᠪᠲᠡᠷᠡᠭᠦᠯᠭᠡ ᠲᠧᠯᠸᠢᠰ᠂ ᠰᠢᠨ᠎ᠡ ᠵᠠᠭᠤᠴᠢᠯᠠᠭᠤᠷ ᠵᠡᠷᠭᠡ |
ᠠᠷᠭ᠎ᠠ ᠵᠡᠮ ᠢᠶᠠᠷ ᠳᠠᠮᠵᠢᠭᠤᠯᠤᠨ ᠤᠯᠤᠰ ᠤᠨ ᠲᠤᠬ ᠤᠨ ᠲᠤᠬᠠᠢ ᠮᠡᠳᠡᠯᠭᠡ ᠶᠢ ᠥᠷᠭᠡᠨ ᠢᠶᠠᠷ ᠲᠦᠭᠡᠮᠡᠯᠵᠢᠭᠦᠯᠵᠦ᠂ |
ᠠᠷᠠᠳ ᠢᠷᠭᠡᠳ ᠤᠨ ᠤᠯᠤᠰ ᠤᠨ ᠲᠤᠬᠠᠢ ᠦᠵᠡᠯᠲᠡ ᠶᠢ ᠴᠢᠩᠭᠠᠳᠬᠠᠵᠤ᠂ ᠨᠡᠶᠢᠭᠡᠮ ᠳᠠᠶᠠᠭᠠᠷ ᠲᠤ ᠤᠯᠤᠰ ᠤᠨ |
ᠲᠤᠬ ᠢᠶᠠᠨ ᠬᠦᠨᠳᠦᠳᠬᠡᠬᠦ᠂ ᠤᠯᠤᠰ ᠤᠨ ᠲᠤᠬ ᠢᠶᠠᠨ ᠬᠠᠶᠢᠷᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ |
ᠪᠣᠯᠭᠠᠬᠤ ᠬᠡᠷᠡᠭᠲᠡᠢ᠃ |
ᠠᠷᠪᠠᠨ ᠨᠠᠢᠮᠠᠳᠤᠭᠠᠷ ᠵᠦᠢᠯ ᠡᠯ᠎ᠡ ᠱᠠᠲᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ |
ᠮᠥᠴᠢᠷ ᠨᠢ ᠤᠯᠤᠰ ᠤᠨ ᠲᠤᠬ ᠤᠨ ᠬᠠᠮᠢᠶ᠎ᠠ ᠪᠦᠬᠦᠢ ᠪᠦᠲᠦᠭᠡᠭᠳᠡᠬᠦᠨ ᠤ ᠶᠠᠰᠤ ᠴᠢᠨᠠᠷ ᠲᠤ ᠬᠢᠨᠠᠨ ᠪᠠᠶᠢᠴᠠᠭᠠᠯᠲᠠ |
ᠬᠡᠷᠡᠭᠵᠢᠭᠦᠯᠵᠦ᠂ ᠬᠢᠷᠢ ᠲᠡᠩᠴᠡᠬᠦ ᠦᠭᠡᠢ ᠤᠯᠤᠰ ᠤᠨ ᠲᠤᠬ ᠤᠨ ᠬᠠᠮᠢᠶ᠎ᠠ ᠪᠦᠬᠦᠢ ᠪᠦᠲᠦᠭᠡᠭᠳᠡᠬᠦᠨ ᠢ |
ᠦᠢᠯᠡᠳᠪᠦᠷᠢᠯᠡᠬᠦ᠂ ᠪᠣᠷᠣᠯᠠᠭᠤᠯᠬᠤ ᠵᠡᠷᠭᠡ ᠦᠢᠯᠨ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ |
ᠬᠡᠷᠡᠭᠲᠡᠢ︔ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠤᠯᠤᠰ ᠤᠨ ᠲᠤᠬ ᠵᠢᠴᠢ ᠲᠡᠭᠦᠨ ᠤ ᠵᠢᠷᠤᠭ |
ᠳᠦᠷᠰᠦ ᠲᠠᠢ ᠲᠠᠸᠠᠷ ᠢ ᠬᠡᠷᠡᠭᠯᠡᠵᠦ ᠪᠠᠶᠢᠭ᠎ᠠ ᠦᠢᠯᠡ ᠠᠵᠢᠯᠯᠠᠭ᠎ᠠ ᠶᠢ ᠬᠢᠨᠠᠨ ᠬᠠᠮᠢᠶᠠᠷᠴᠤ᠂ ᠲᠠᠸᠠᠷ ᠤᠨ ᠲᠡᠮᠳᠡᠭ᠂ |
ᠲᠤᠰᠬᠠᠢ ᠠᠰᠢᠭ ᠤᠨ ᠡᠷᠬᠡ ᠣᠯᠭᠤᠭᠰᠠᠨ ᠭᠠᠳᠠᠷ ᠳᠦᠷᠰᠦ ᠶᠢᠨ ᠵᠢᠷᠤᠭ ᠲᠥᠯᠥᠪᠯᠡᠭᠡ ᠪᠤᠶᠤ ᠬᠤᠳᠠᠯᠳᠤᠭᠠᠨ ᠤ |
ᠵᠡᠷ ᠲᠤ ᠤᠯᠤᠰ ᠤᠨ ᠲᠤᠬ ᠵᠢᠴᠢ ᠲᠡᠭᠦᠨ ᠤ ᠵᠢᠷᠤᠭ ᠳᠦᠷᠰᠦ ᠲᠠᠢ ᠲᠠᠸᠠᠷ ᠢ ᠬᠡᠷᠡᠭᠯᠡᠬᠦ ᠵᠡᠷᠭᠡ ᠦᠢᠯᠨ |
ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃ |
ᠠᠷᠪᠠ ᠶᠢᠰᠦᠳᠦᠭᠡᠷ ᠵᠦᠢᠯ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ |
ᠲᠣᠭᠲᠠᠭᠠᠭᠰᠠᠨ ᠰᠠᠯᠠᠭ᠎ᠠ ᠮᠥᠴᠢᠷ ᠨᠢ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠤᠯᠤᠰ ᠤᠨ ᠲᠤᠭ ᠢ |
ᠡᠯᠭᠦᠵᠦ ᠮᠠᠨᠳᠤᠭᠤᠯᠤᠭᠰᠠᠨ᠂ ᠬᠡᠷᠡᠭᠯᠡᠭᠰᠡᠨ᠂ ᠡᠭᠡᠭᠦᠯᠦᠨ ᠬᠤᠷᠢᠶᠠᠭᠰᠠᠨ ᠵᠡᠷᠭᠡ ᠪᠠᠶᠢᠳᠠᠯ ᠢ ᠲᠣᠭᠲᠠᠮᠠᠯ |
ᠬᠤᠭᠤᠴᠠᠭ᠎ᠠ ᠲᠠᠢ ᠪᠠᠷ ᠪᠠᠶᠢᠴᠠᠭᠠᠵᠤ᠂ ᠤᠯᠤᠰ ᠤᠨ ᠲᠤᠭ ᠢ ᠵᠢᠷᠣᠮᠵᠢᠭᠤᠨ ᠪᠤᠰᠤ ᠡᠯᠭᠦᠵᠦ ᠮᠠᠨᠳᠤᠭᠤᠯᠤᠭᠰᠠᠨ᠂ |
ᠬᠡᠷᠡᠭᠯᠡᠭᠰᠡᠨ ᠠᠷᠭ᠎ᠠ ᠬᠢᠳᠡᠯ ᠢ ᠴᠠᠭ ᠲᠤᠬᠠᠢ ᠳᠤ ᠨᠢ ᠵᠠᠯᠠᠷᠠᠭᠤᠯᠵᠤ᠂ ᠤᠯᠤᠰ ᠤᠨ ᠲᠤᠭ ᠤᠨ ᠨᠡᠷ᠎ᠡ ᠬᠦᠨᠳᠦ ᠶᠢ |
ᠬᠤᠬᠢᠷᠠᠭᠤᠯᠤᠭᠰᠠᠨ ᠥᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃ ᠳᠣᠣᠷ᠎ᠠ |
ᠵᠢᠭᠰᠠᠭᠠᠭᠰᠠᠨ ᠪᠠᠶᠢᠳᠠᠯ ᠢ ᠣᠯᠵᠤ ᠮᠡᠳᠡᠪᠡᠯ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠵᠠᠯᠠᠷᠠᠭᠤᠯᠤᠭᠤᠯᠬᠤ |
ᠬᠡᠷᠡᠭᠲᠡᠢ᠄ |
︵ᠨᠢᠭᠡ︶ ᠤᠯᠤᠰ ᠤᠨ ᠲᠤᠬ ᠢ ᠡᠯᠭᠦᠵᠦ ᠮᠠᠨᠳᠤᠭᠤᠯᠬᠤ ᠶᠣᠰᠣᠲᠠᠢ ᠪᠠᠶᠢᠲᠠᠯ᠎ᠠ ᠡᠯᠭᠦᠵᠦ ᠮᠠᠨᠳᠤᠭᠤᠯᠤᠭᠰᠠᠨ |
ᠦᠭᠡᠢ ᠪᠠᠶᠢᠬᠤ︔ |
︵ᠬᠤᠶᠠᠷ︶ ᠤᠯᠤᠰ ᠤᠨ ᠲᠤᠬ ᠢ ᠡᠯᠭᠦᠵᠦ ᠮᠠᠨᠳᠤᠭᠤᠯᠬᠤ ᠣᠷᠣᠨ ᠪᠠᠶᠢᠷᠢ ᠨᠢ ᠵᠣᠬᠢᠰ ᠦᠭᠡᠢ ᠪᠠᠶᠢᠬᠤ︔ |
︵ᠭᠤᠷᠪᠠ︶ ᠲᠣᠭᠲᠠᠭᠠᠯ ᠶᠣᠰᠣᠭᠠᠷ ᠤᠯᠤᠰ ᠤᠨ ᠲᠤᠬ ᠡᠯᠭᠦᠵᠦ ᠮᠠᠨᠳᠤᠭᠤᠯᠤᠭᠰᠠᠨ ᠦᠭᠡᠢ ᠪᠠ ᠪᠠᠭᠤᠯᠭᠠᠨ |
ᠬᠤᠷᠢᠶᠠᠭᠰᠠᠨ ᠦᠭᠡᠢ᠂ ᠲᠤᠬ ᠮᠠᠨᠳᠤᠭᠤᠯᠬᠤ ᠶᠣᠰᠣᠯᠠᠯ ᠶᠠᠪᠤᠭᠳᠠᠭᠤᠯᠤᠭᠰᠠᠨ ᠦᠭᠡᠢ ᠪᠠᠶᠢᠬᠤ︔ |
︵ᠳᠥᠷᠪᠡ︶ ᠤᠯᠤᠰ ᠤᠨ ᠲᠤᠬ ᠢ ᠡᠯᠭᠦᠭᠰᠡᠨ᠂ ᠬᠠᠳᠬᠤᠭᠰᠠᠨ᠂ ᠡᠭᠴᠡ ᠡᠯᠭᠦᠭᠰᠡᠨ ᠪᠤᠶᠤ ᠳᠡᠯᠭᠡᠵᠦ |
ᠲᠠᠯᠪᠢᠭᠰᠠᠨ ᠨᠢ ᠲᠣᠭᠲᠠᠭᠠᠯ ᠳᠤ ᠨᠡᠶᠢᠴᠡᠬᠦ ᠦᠭᠡᠢ ᠪᠠᠶᠢᠬᠤ︔ |
︵ᠲᠠᠪᠤ︶ ᠲᠣᠭᠲᠠᠭᠠᠯ ᠠᠴᠠ ᠵᠥᠷᠢᠴᠡᠵᠦ ᠤᠯᠤᠰ ᠤᠨ ᠲᠤᠬ ᠵᠢᠴᠢ ᠲᠡᠭᠦᠨ ᠤ ᠵᠢᠷᠤᠭ ᠳᠦᠷᠰᠦ ᠶᠢ |
ᠬᠡᠷᠡᠭᠯᠡᠭᠰᠡᠨ︔ |
︵ᠵᠢᠷᠭᠤᠭ᠎ᠠ︶ ᠤᠷᠠᠭᠳᠠᠭᠰᠠᠨ᠂ ᠭᠬᠢᠷᠲᠦᠭᠰᠡᠨ᠂ ᠥᠩᠭᠡ ᠨᠢ ᠤᠨᠠᠭᠰᠠᠨ ᠪᠤᠶᠤ ᠬᠡᠪ ᠪᠠᠷᠢᠮᠵᠢᠶ᠎ᠠ ᠳᠤ ᠦᠯᠦ |
ᠨᠡᠶᠢᠴᠡᠬᠦ ᠤᠯᠤᠰ ᠤᠨ ᠲᠤᠬ ᠢ ᠡᠯᠭᠦᠵᠦ ᠮᠠᠨᠳᠤᠭᠤᠯᠤᠭᠰᠠᠨ ᠪᠠ ᠬᠡᠷᠡᠭᠯᠡᠭᠰᠡᠨ︔ |
︵ᠲᠤᠯᠤᠭ᠎ᠠ︶ ᠲᠣᠭᠲᠠᠭᠠᠯ ᠠᠴᠠ ᠵᠥᠷᠢᠴᠡᠵᠦ ᠤᠯᠤᠰ ᠤᠨ ᠲᠤᠬ ᠢ ᠡᠭᠡᠭᠦᠯᠦᠨ ᠬᠤᠷᠢᠶᠠᠵᠤ ᠠᠪᠤᠭᠰᠠᠨ ᠪᠠ |
ᠰᠢᠢᠳᠪᠦᠷᠢᠯᠡᠭᠰᠡᠨ︔ |
︵ᠨᠠᠢᠮᠠ︶ ᠤᠯᠤᠰ ᠤᠨ ᠲᠤᠬ ᠢ ᠡᠯᠭᠦᠵᠦ ᠮᠠᠨᠳᠤᠭᠤᠯᠬᠤ ᠪᠠ ᠬᠡᠷᠡᠭᠯᠡᠬᠦ ᠵᠡᠷᠭᠡ ᠠᠵᠢᠯᠯᠠᠭ᠎ᠠ ᠶᠢᠨ |
ᠬᠠᠮᠢᠶᠠᠷᠤᠯᠲᠠ ᠶᠢᠨ ᠲᠣᠭᠲᠠᠭᠠᠯ ᠠᠴᠠ ᠵᠥᠷᠢᠴᠡᠭᠰᠡᠨ ᠪᠤᠰᠤᠳ ᠪᠠᠶᠢᠳᠠᠯ᠃ |
ᠬᠤᠷᠢᠳᠤᠭᠠᠷ ᠵᠦᠢᠯ ᠲᠤᠰ ᠲᠣᠭᠲᠠᠭᠠᠯ ᠠᠴᠠ ᠵᠥᠷᠢᠴᠡᠵᠦ ᠤᠯᠤᠰ ᠤᠨ ᠲᠤᠬ ᠢ ᠡᠯᠭᠦᠵᠦ ᠮᠠᠨᠳᠤᠭᠤᠯᠤᠭᠰᠠᠨ᠂ |
ᠬᠡᠷᠡᠭᠯᠡᠭᠰᠡᠨ ᠥᠢᠯᠡ ᠠᠵᠢᠯᠯᠠᠭ᠎ᠠ ᠶᠢ ᠣᠯᠵᠤ ᠮᠡᠳᠡᠪᠡᠯ᠂ ᠶᠠᠮᠠᠷᠪᠠ ᠨᠢᠭᠡᠴᠢ ᠪᠠ ᠬᠤᠪᠢ ᠬᠥᠮᠥᠨ ᠭᠡᠳ ᠵᠠᠯᠠᠷᠠᠭᠤᠯᠬᠤ |
ᠰᠠᠨᠠᠭᠤᠯᠭ᠎ᠠ ᠳᠤᠷᠠᠳᠬᠤ ᠪᠤᠶᠤ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ |
ᠲᠣᠭᠲᠠᠭᠠᠭᠰᠠᠨ ᠰᠠᠯᠠᠭ᠎ᠠ ᠮᠥᠴᠢᠷ ᠲᠤ ᠮᠡᠳᠡᠭᠦᠯᠬᠦ ᠡᠷᠬᠡ ᠲᠠᠢ᠃ ᠬᠤᠰᠢᠭᠤ ᠰᠢᠶᠠᠨ ᠤ ᠱᠠᠲᠤᠨ ᠤ ᠠᠷᠠᠳ ᠤᠨ |
ᠵᠠᠰᠠᠭ ᠤᠨ ᠣᠷᠳᠣᠨ ᠤ ᠲᠣᠭᠲᠠᠭᠠᠭᠰᠠᠨ ᠰᠠᠯᠠᠭ᠎ᠠ ᠮᠥᠴᠢᠷ ᠨᠢ ᠮᠡᠳᠡᠭᠦᠯᠦᠯᠲᠡ ᠶᠢ ᠳᠤᠰᠤᠭᠰᠠᠨ ᠤ ᠳᠠᠷᠠᠭ᠎ᠠ᠂ |
ᠬᠠᠤᠯᠢ ᠲᠣᠭᠲᠠᠭᠠᠯ ᠶᠣᠰᠣᠭᠠᠷ ᠰᠢᠢᠳᠪᠦᠷᠢᠯᠡᠬᠦ ᠬᠡᠷᠡᠭᠲᠡᠢ᠃ |
ᠬᠤᠷᠢᠨ ᠨᠢᠭᠡᠳᠦᠭᠡᠷ ᠵᠦᠢᠯ ᠲᠣᠰ ᠲᠣᠭᠲᠠᠭᠠᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ |
ᠬᠡᠷᠡᠭᠵᠢᠭᠦᠯᠵᠦ᠂ ︽ᠥᠪᠡᠷᠲᠡᠭᠡᠨ ᠵᠠᠰᠠᠬᠤ ᠣᠷᠣᠨ ᠤ ᠤᠯᠤᠰ ᠤᠨ ᠲᠤᠭ ᠡᠯᠭᠦᠵᠦ ᠮᠠᠨᠳᠤᠭᠤᠯᠬᠤ ᠪᠠ ᠬᠡᠷᠡᠭᠯᠡᠬᠦ |
ᠬᠠᠮᠢᠶᠠᠷᠤᠯᠲᠠ ᠶᠢᠨ ᠲᠣᠭᠲᠠᠭᠠᠯ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ |
ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ ︹ 2020 ︺ |
11 ᠳ᠋ᠦ᠋ᠭᠡᠷ ᠲᠣᠭᠠᠲᠤ︶ ᠢ ᠬᠠᠮᠲᠤ ᠳᠤ ᠨᠢ ᠬᠦᠴᠦᠨ ᠦᠭᠡᠢ ᠪᠣᠯᠭᠠᠨ᠎ᠠ᠃ |
ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ |
2024 ᠣᠨ ᠤ 9 ᠳ᠋ᠦ᠋ᠭᠡᠷ ᠰᠠᠷ᠎ᠠ ᠶᠢᠨ 30 ᠤ ᠡᠳᠦᠷ ᠳᠠᠷᠤᠮᠠᠯᠯᠠᠨ ᠲᠠᠷᠬᠠᠭᠠᠪᠠ |
|