|
ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ |
ᠥᠪᠥᠷ ᠵᠠᠰᠠᠭ ᠦᠰᠦᠭ ︹ 2024 ︺ 189 ᠳ᠋ᠦ᠋ᠭᠡᠷ ᠲᠣᠭᠠᠲᠤ |
︽ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠫᠢᠩᠵᠤᠸᠠᠩ ᠬᠡᠰᠡᠭ ᠭᠠᠵᠠᠷ ᠵᠡᠷᠭᠡ |
ᠳᠥᠷᠪᠡᠨ ᠬᠡᠰᠡᠭ ᠭᠠᠵᠠᠷ ᠤᠨ ᠭᠠᠵᠠᠷ ᠰᠢᠷᠣᠢ ᠶᠢ ᠲᠠᠲᠠᠪᠤᠷᠢᠯᠠᠨ ᠬᠤᠷᠢᠶᠠᠵᠤ ᠬᠡᠰᠡᠭ ᠢᠶᠠᠷ ᠨᠡᠭᠡᠭᠡᠨ ᠬᠥᠭᠵᠢᠭᠦᠯᠬᠦ |
ᠲᠣᠬᠢᠷᠠᠭᠤᠯᠤᠯᠲᠠ ᠶᠢᠨ ᠲᠥᠰᠥᠯ ︵2022 - 2023 ᠣᠨ︶︾ ᠤᠨ ᠲᠤᠬᠠᠢ ᠥᠪᠥᠷ ᠮᠣᠩᠭᠤᠯ ᠤᠨ |
ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠴᠣᠬᠤᠯᠠᠪᠤᠷᠢ |
ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ᠄ |
ᠲᠠᠨ ᠤ ᠬᠤᠲᠠ ᠶᠢᠨ ︽ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠫᠢᠩᠵᠤᠸᠠᠩ ᠬᠡᠰᠡᠭ |
ᠭᠠᠵᠠᠷ ᠵᠡᠷᠭᠡ ᠳᠥᠷᠪᠡᠨ ᠬᠡᠰᠡᠭ ᠭᠠᠵᠠᠷ ᠤᠨ ᠭᠠᠵᠠᠷ ᠰᠢᠷᠣᠢ ᠶᠢ ᠲᠠᠲᠠᠪᠤᠷᠢᠯᠠᠨ ᠬᠤᠷᠢᠶᠠᠵᠤ ᠬᠡᠰᠡᠭ ᠢᠶᠠᠷ ᠨᠡᠭᠡᠭᠡᠨ |
ᠬᠥᠭᠵᠢᠭᠦᠯᠬᠦ ᠲᠣᠬᠢᠷᠠᠭᠤᠯᠤᠯᠲᠠ ᠶᠢᠨ ᠲᠥᠰᠥᠯ ︵2022 - 2023 ᠣᠨ︶ ᠤᠨ ᠲᠤᠬᠠᠢ ᠡᠰᠢᠯᠡᠯᠲᠡ︾ ︵ |
ᠤᠯᠠᠭᠠᠨᠬᠠᠳᠠ ᠵᠠᠰᠠᠭ ᠮᠡᠳᠡᠭᠦᠯᠦᠯᠲᠡ ︹ 2024 ︺ 121 ᠳ᠋ᠦ᠋ᠭᠡᠷ ᠲᠣᠭᠠᠲᠤ︶ ᠶᠢ ᠭᠥᠯᠢᠶᠡᠨ ᠠᠪᠴᠤ |
ᠣᠶᠢᠯᠠᠭᠠᠯ᠎ᠠ᠃ ᠡᠳᠦᠭᠡ ᠳᠣᠣᠷᠠᠬᠢ ᠮᠡᠲᠦ ᠴᠣᠬᠤᠯᠠᠪᠤᠷᠢᠯᠠᠪᠠ᠄ |
ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠲᠤᠰᠬᠠᠢ ᠮᠡᠷᠭᠡᠵᠢᠯᠲᠡᠨ ᠢ |
ᠵᠣᠬᠢᠶᠠᠨ ᠪᠠᠶᠢᠭᠤᠯᠵᠤ ᠨᠤᠲᠠᠯᠠᠭᠤᠯᠬᠤ ᠪᠠ ᠬᠢᠨᠠᠨ ᠪᠠᠶᠢᠴᠠᠭᠠᠯᠭᠠᠭᠠᠳ᠂ ︽ᠤᠯᠠᠭᠠᠨᠬᠠᠳᠠ ᠬᠤᠲᠠ ᠶᠢᠨ ᠶᠤᠸᠠᠨ ᠪᠦᠦ |
ᠱᠠᠨ ᠲᠣᠭᠤᠷᠢᠭ ᠤᠨ ᠫᠢᠩᠵᠤᠸᠠᠩ ᠬᠡᠰᠡᠭ ᠭᠠᠵᠠᠷ ᠵᠡᠷᠭᠡ ᠳᠥᠷᠪᠡᠨ ᠬᠡᠰᠡᠭ ᠭᠠᠵᠠᠷ ᠤᠨ ᠭᠠᠵᠠᠷ ᠰᠢᠷᠣᠢ ᠶᠢ |
ᠲᠠᠲᠠᠪᠤᠷᠢᠯᠠᠨ ᠬᠤᠷᠢᠶᠠᠵᠤ ᠬᠡᠰᠡᠭ ᠢᠶᠠᠷ ᠨᠡᠭᠡᠭᠡᠨ ᠬᠥᠭᠵᠢᠭᠦᠯᠬᠦ ᠲᠣᠬᠢᠷᠠᠭᠤᠯᠤᠯᠲᠠ ᠶᠢᠨ ᠲᠥᠰᠥᠯ ︵2022 - |
2023 ᠣᠨ︶︾ ᠨᠢ ︽ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠭᠠᠵᠠᠷ ᠰᠢᠷᠣᠢ ᠶᠢᠨ |
ᠬᠠᠮᠢᠶᠠᠷᠤᠯᠲᠠ ᠶᠢᠨ ᠬᠠᠤᠯᠢ︾ ᠪᠠ ︽︿ᠭᠠᠵᠠᠷ ᠰᠢᠷᠣᠢ ᠶᠢ ᠲᠠᠲᠠᠪᠤᠷᠢᠯᠠᠨ ᠬᠤᠷᠢᠶᠠᠵᠤ ᠬᠡᠰᠡᠭ ᠢᠶᠠᠷ ᠨᠡᠭᠡᠭᠡᠨ |
ᠬᠥᠭᠵᠢᠭᠦᠯᠬᠦ ᠪᠠᠷᠢᠮᠵᠢᠶ᠎ᠠ﹀ ᠶᠢ ᠳᠠᠷᠤᠮᠠᠯᠯᠠᠨ ᠶᠠᠪᠤᠭᠤᠯᠬᠤ ᠲᠤᠬᠠᠢ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ |
ᠮᠡᠳᠡᠭᠳᠡᠯ︾ ︵ᠪᠠᠶᠢᠭᠠᠯᠢ ᠡᠬᠢ ᠪᠠᠶᠠᠯᠢᠭ ᠲᠣᠭᠲᠠᠭᠠᠯ ︹ 2023︺ 7 ᠳ᠋ᠤᠭᠠᠷ ᠲᠣᠭᠠᠲᠤ︶ ᠵᠢᠴᠢ ︽ᠥᠪᠥᠷ |
ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠰᠢᠷᠣᠢ ᠶᠢ ᠲᠠᠲᠠᠪᠤᠷᠢᠯᠠᠨ ᠬᠤᠷᠢᠶᠠᠵᠤ ᠬᠡᠰᠡᠭ ᠢᠶᠠᠷ ᠨᠡᠭᠡᠭᠡᠨ |
ᠬᠥᠭᠵᠢᠭᠦᠯᠬᠦ ᠶᠢ ᠬᠡᠷᠡᠭᠵᠢᠭᠦᠯᠬᠦ ᠨᠠᠷᠢᠨ ᠳᠦᠷᠢᠮ ︵ᠲᠤᠷᠰᠢᠨ ᠬᠡᠷᠡᠭᠵᠢᠭᠦᠯᠬᠦ︶︾ ᠤᠨ ᠬᠤᠯᠪᠣᠭᠳᠠᠯ ᠪᠦᠬᠦᠢ |
ᠲᠣᠭᠲᠠᠭᠠᠯ ᠪᠠ ᠱᠠᠭᠠᠷᠳᠠᠯᠭ᠎ᠠ ᠳᠤ ᠨᠡᠶᠢᠴᠡᠵᠦ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠶᠡᠷᠦᠩᠬᠡᠢ |
ᠲᠥᠯᠦᠪᠵᠢᠭᠦᠯᠭᠡ ᠶᠢᠨ ᠬᠠᠮᠢᠶᠠᠷᠤᠨ ᠡᠵᠡᠮᠳᠡᠬᠦ ᠳᠦᠷᠢᠮ ᠳᠤ ᠨᠡᠶᠢᠴᠡᠬᠦ ᠪᠣᠯᠬᠤᠷ᠂ ︽ᠤᠯᠠᠭᠠᠨᠬᠠᠳᠠ ᠬᠤᠲᠠ ᠶᠢᠨ |
ᠶᠤᠸᠠᠨ ᠪᠦᠦ ᠱᠠᠨ ᠲᠣᠭᠤᠷᠢᠭ ᠤᠨ ᠫᠢᠩᠵᠤᠸᠠᠩ ᠬᠡᠰᠡᠭ ᠭᠠᠵᠠᠷ ᠵᠡᠷᠭᠡ ᠳᠥᠷᠪᠡᠨ ᠬᠡᠰᠡᠭ ᠭᠠᠵᠠᠷ ᠤᠨ ᠭᠠᠵᠠᠷ |
ᠰᠢᠷᠣᠢ ᠶᠢ ᠲᠠᠲᠠᠪᠤᠷᠢᠯᠠᠨ ᠬᠤᠷᠢᠶᠠᠵᠤ ᠬᠡᠰᠡᠭ ᠢᠶᠠᠷ ᠨᠡᠭᠡᠭᠡᠨ ᠬᠥᠭᠵᠢᠭᠦᠯᠬᠦ ᠲᠣᠬᠢᠷᠠᠭᠤᠯᠤᠯᠲᠠ ᠶᠢᠨ ᠲᠥᠰᠥᠯ ︵ |
2022 - 2023 ᠣᠨ︶︾ ᠢ ᠵᠠᠷᠴᠢᠮ ᠳᠡᠭᠡᠷ᠎ᠡ ᠪᠠᠨ ᠵᠥᠪᠰᠢᠶᠡᠷᠡᠪᠡ᠂ ᠡᠯ᠎ᠡ ᠵᠦᠢᠯ ᠤᠨ ᠠᠵᠢᠯ ᠢᠶᠠᠨ ᠬᠠᠤᠯᠢ |
ᠲᠣᠭᠲᠠᠭᠠᠯ ᠶᠣᠰᠣᠭᠠᠷ ᠰᠠᠶᠢᠲᠤᠷ ᠬᠢᠲᠦᠭᠡᠢ᠃ |
2024 ᠣᠨ ᠤ 10 ᠳ᠋ᠤᠭᠠᠷ ᠰᠠᠷ᠎ᠠ ᠶᠢᠨ 8 ᠤ ᠡᠳᠦᠷ |
︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ |
|
|
|
|
|
|
|
|
|
|
|
|
|
|
|
|
|
|
|
|
|
|
|
|
|
|
|
|
|
|
|
|
|
᠁ |