ᠬᠡᠷᠡᠯ ᠰᠡᠭᠦᠳᠡᠷ ᠬᠢᠭᠡᠳ ᠥᠩᠭᠡ ᠪᠤᠳᠤᠭ ᠰᠣᠯᠪᠢᠴᠠᠵᠤ᠂ ᠤᠯᠠᠮᠵᠢᠯᠠᠯ ᠬᠢᠭᠡᠳ ᠣᠲᠣ ᠦᠶ᠎ᠡ |
ᠤᠴᠠᠷᠠᠯᠳᠤᠨᠠ᠂ 10 ᠳ᠋ᠤᠭᠠᠷ ᠰᠠᠷ᠎ᠠ ᠶᠢᠨ 15 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ |
ᠤᠯᠠᠭᠠᠨᠮᠥ᠋ᠴᠢᠷ ᠪᠣᠯᠤᠨ ᠥᠪᠥᠷ ᠮᠣᠩᠭᠤᠯ ᠤᠨ ᠤᠷᠠᠯᠢᠭ ᠤᠨ ᠰᠤᠳᠤᠯᠭᠠᠨ ᠤ ᠬᠦᠷᠢᠶᠡᠯᠡᠩ ᠠᠴᠠ ᠭᠤᠤᠯᠯᠠᠨ |
ᠡᠷᠭᠢᠯᠡᠭᠰᠡᠨ ︽ᠤᠯᠠᠭᠠᠨ ᠲᠤᠭ ᠬᠥᠩᠭᠡᠨ ᠮᠣᠷᠢᠲᠤ ᠴᠡᠷᠢᠭ ᠭᠡᠶᠢᠭᠦᠯᠬᠦᠢ— ᠤᠯᠠᠭᠠᠨᠮᠥ᠋ᠴᠢᠷ ᠤᠨ ᠰᠢᠯᠢᠳᠡᠭ |
ᠤᠯᠠᠮᠵᠢᠯᠠᠯ ᠢ ᠪᠠᠳᠠᠷᠠᠭᠤᠯᠬᠤ ᠬᠡᠷᠡᠯ ᠵᠢᠷᠤᠭ ᠤᠨ ᠦᠵᠡᠭᠦᠯᠭᠡ︾ ᠥᠪᠥᠷ ᠮᠣᠩᠭᠤᠯ ᠤᠨ ᠣᠯᠠᠨ ᠲᠦᠮᠡᠨ ᠤ |
ᠤᠷᠠᠯᠢᠭ ᠤᠨ ᠣᠷᠳᠣᠨ ᠤ ᠰᠢᠭᠤᠳ ᠬᠠᠷᠢᠶ᠎ᠠ ᠤᠯᠠᠭᠠᠨᠮᠥ᠋ᠴᠢᠷ ᠤᠨ ᠦᠵᠡᠭᠦᠯᠭᠡ ᠶᠢᠨ ᠲᠢᠩᠬᠢᠮ ᠳᠤ ᠶᠠᠪᠤᠭᠳᠠᠪᠠ᠃ |
ᠦᠵᠡᠭᠦᠯᠭᠡ ᠳᠤ ᠤᠯᠠᠭᠠᠨᠮᠥ᠋ᠴᠢᠷ ᠢ ᠡᠭᠦᠳᠦᠨ ᠪᠠᠶᠢᠭᠤᠯᠤᠭᠰᠠᠨ ᠬᠥᠭᠵᠢᠯᠲᠡ᠂ ᠤᠯᠠᠭᠠᠨᠮᠥ᠋ᠴᠢᠷ ᠤᠨ |
ᠥᠭᠡᠷᠡᠴᠢᠯᠡᠯᠲᠡ ᠶᠢᠨ ᠦᠢᠯᠡᠳᠦᠯᠭᠡ᠂ ᠰᠢᠨ᠎ᠡ ᠴᠠᠭ ᠦᠶ᠎ᠡ ᠶᠢᠨ ᠤᠯᠠᠭᠠᠨᠮᠥ᠋ᠴᠢᠷ ᠭᠡᠬᠦ ᠭᠤᠷᠪᠠᠨ ᠬᠡᠰᠡᠭ ᠢ |
ᠪᠠᠭᠲᠠᠭᠠᠵᠤ᠂ ᠪᠤᠳᠤᠭ ᠦᠭᠡᠢ ᠠᠴᠠ ᠥᠩᠭᠡ ᠪᠤᠳᠤᠭ ᠲᠠᠢ ᠬᠦᠷᠲᠡᠯ᠎ᠡ᠂ ᠪᠠᠯᠠᠷᠬᠠᠶ ᠠᠴᠠ ᠥᠨᠳᠥᠷ ᠲᠣᠳᠣ ᠬᠦᠷᠲᠡᠯ᠎ᠡ |
᠂ ᠬᠡᠷᠡᠯ ᠵᠢᠷᠤᠭ ᠤᠳ ᠨᠢ 60 ᠭᠠᠷᠤᠶ ᠵᠢᠯ ᠤᠨ ᠲᠤᠷᠰᠢᠬᠢ ᠪᠠᠶᠢᠳᠠᠯ ᠢ ᠭᠦᠨ ᠰᠡᠳᠬᠢᠯᠭᠡ ᠲᠠᠢ ᠪᠠᠷ ᠡᠷᠭᠢᠴᠡᠭᠦᠯᠵᠦ᠂ |
ᠤᠯᠠᠭᠠᠨᠮᠥ᠋ᠴᠢᠷ ᠨᠢ ᠨᠠᠮ ᠤᠨ ᠤᠳᠤᠷᠢᠳᠤᠯᠭ᠎ᠠ ᠳᠤᠤᠷ᠎ᠠ᠂ ᠤᠳᠬ᠎ᠠ ᠤᠷᠠᠯᠢᠭ ᠤᠨ ᠹᠷᠣᠨᠲ ᠳᠡᠭᠡᠷᠡᠬᠢ ᠨᠢᠭᠡᠨ ᠲᠤᠭ |
ᠲᠡᠮᠳᠡᠭ ᠪᠣᠯᠤᠭᠰᠠᠨ ᠤ ᠬᠤᠪᠢ ᠳᠤ᠂ ᠬᠠᠷᠢᠴᠠᠯᠠᠰᠢ ᠥᠬᠡᠶ ᠦᠨᠡᠨᠴᠢ ᠰᠢᠳᠤᠷᠭᠤ ᠤᠯᠤᠰ ᠲᠥᠷᠥ ᠶᠢᠨ ᠬᠡᠪ |
ᠴᠢᠨᠠᠷ ᠢᠶᠠᠨ ᠡᠷᠡᠰ ᠭᠤᠶᠢᠪᠢᠰᠢ ᠥᠬᠡᠶ ᠳᠠᠪᠲᠠᠨ ᠪᠣᠯᠪᠠᠰᠤᠷᠠᠭᠤᠯᠵᠤ᠂ ᠦᠨᠳᠦᠰᠦ ᠶᠢ ᠪᠤᠶᠢᠵᠢᠭᠤᠯᠵᠤ ᠰᠦᠭ |
ᠰᠦᠨᠡᠰᠦ ᠶᠢ ᠴᠣᠭᠴᠠᠯᠠᠬᠤ ᠤᠳᠬ᠎ᠠ ᠤᠷᠠᠯᠢᠭ ᠤᠨ ᠡᠭᠦᠷᠭᠡᠯᠡᠯ ᠢᠶᠠᠨ ᠡᠷᠡᠰ ᠭᠤᠶᠢᠪᠢᠰᠢ ᠥᠬᠡᠶ ᠴᠢᠩᠭᠠᠳᠬᠠᠵᠤ᠂ |
ᠠᠮᠢᠳᠤᠷᠠᠯ ᠤᠨ ᠰᠢᠮᠡᠯᠢᠭ ᠬᠥᠷᠥᠰᠥᠨ ᠳᠤ ᠦᠨᠳᠦᠰᠦᠯᠡᠬᠦ᠂ ᠮᠠᠯᠴᠢᠨ ᠲᠠᠷᠢᠶᠠᠴᠢᠨ ᠲᠦᠮᠡᠨ ᠳᠤ ᠦᠢᠯᠡᠴᠢᠯᠡᠬᠦ᠂ |
ᠤᠳᠬ᠎ᠠ ᠤᠷᠠᠯᠢᠭ ᠤᠨ ᠰᠢᠨ᠎ᠡ ᠶᠢ ᠡᠭᠦᠳᠬᠦ ᠶᠢ ᠠᠬᠢᠭᠤᠯᠬᠤ ᠰᠢᠯᠢᠳᠡᠭ ᠤᠯᠠᠮᠵᠢᠯᠠᠯ ᠢ ᠡᠷᠡᠰ ᠭᠤᠶᠢᠪᠢᠰᠢ ᠥᠬᠡᠶ |
ᠪᠠᠳᠠᠷᠠᠭᠤᠯᠤᠭᠰᠠᠨ ᠶᠤᠮ᠃ ᠦᠵᠡᠭᠦᠯᠭᠡ ᠳᠤ ᠨᠡᠶᠢᠲᠡ 100 ᠭᠠᠷᠤᠶ ᠬᠡᠷᠡᠯ ᠵᠢᠷᠤᠭ ᠤᠨ ᠪᠦᠲᠦᠭᠡᠯ ᠢ ᠳᠡᠯᠭᠡᠨ |
ᠦᠵᠡᠭᠦᠯᠵᠦ᠂ ᠤᠯᠠᠭᠠᠨᠮᠥ᠋ᠴᠢᠷ ᠪᠠᠶᠢᠭᠤᠯᠤᠭᠳᠠᠭᠰᠠᠨ ᠠᠴᠠ ᠨᠠᠭᠠᠰᠢᠬᠢ ᠲᠣᠭᠯᠠᠯᠲᠠ᠂ ᠵᠣᠬᠢᠶᠠᠨ ᠪᠦᠲᠦᠭᠡᠯᠭᠡ᠂ |
ᠤᠬᠠᠭᠠᠭᠤᠯᠭᠠ᠂ ᠬᠠᠪᠰᠤᠷᠤᠨ ᠵᠢᠯᠤᠭᠤᠳᠤᠯᠭ᠎ᠠ᠂ ᠦᠢᠯᠡᠴᠢᠯᠡᠭᠡ᠂ ᠤᠯᠠᠮᠵᠢᠯᠠᠯ᠂ ᠰᠢᠨ᠎ᠡ ᠶᠢ ᠡᠭᠦᠳᠬᠦ᠂ |
ᠭᠠᠳᠠᠭᠠᠳᠤ ᠯᠤᠭ᠎ᠠ ᠶᠢᠨ ᠰᠣᠶᠣᠯ ᠤᠨ ᠰᠣᠯᠢᠯᠴᠠᠭ᠎ᠠ ᠵᠡᠷᠭᠡ ᠶᠠᠪᠤᠴᠠ ᠳᠤ ᠦᠯᠡᠳᠡᠭᠳᠡᠵᠦ ᠢᠷᠡᠭᠰᠡᠨ ᠰᠣᠳᠣᠨ |
ᠪᠦᠲᠦᠭᠡᠯ ᠢ ᠡᠮᠬᠢᠳᠬᠡᠨ ᠴᠤᠭᠯᠠᠭᠤᠯᠵᠠᠶ᠃ ᠵᠢᠷᠤᠭ ᠨᠢ ᠣᠨᠴᠠᠭᠠᠢ ᠬᠠᠷᠠᠭᠠᠰᠤ ᠠᠴᠠ ᠤᠯᠠᠭᠠᠨᠮᠥ᠋ᠴᠢᠷ ᠢ ᠠᠵᠢᠭᠯᠠᠵᠤ᠂ |
ᠲᠡᠮᠳᠡᠭᠯᠡᠵᠦ᠂ ᠮᠡᠳᠡᠷᠡᠵᠦ᠂ ᠬᠥᠮᠦᠰ ᠤᠨ ᠰᠡᠳᠬᠢᠯ ᠢ ᠬᠥᠳᠡᠯᠭᠡᠮ᠎ᠡ ᠮᠠᠰᠢ ᠤᠯᠠᠨ ᠰᠠᠶᠢᠨ ᠰᠠᠶᠢᠬᠠᠨ ᠬᠤᠷᠣᠮ ᠢ |
ᠲᠣᠭᠲᠠᠭᠠᠭᠰᠠᠨ ᠪᠠᠶᠢᠨ᠎ᠠ᠃ |
|
|