| 
                   ᠪᠣᠣ ᠭᠠᠩ ᠬᠤᠷᠠᠯ ᠡᠷᠬᠢᠯᠡᠪᠡ ︵ᠰᠤᠷᠪᠤᠯᠵᠢᠯᠠᠭᠴᠢ ᠶᠦᠨ ᠵᠢᠩ︶ 12 ᠳ᠋ᠤᠭᠠᠷ ᠰᠠᠷᠠ ᠶᠢᠨ 9 ᠤ ᠡᠳᠦᠷ᠂ | 
                   ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ | 
                   ᠰᠢ ᠶᠢᠨ ᠫᠢᠩ ᠤᠨ ᠣᠶᠢᠷᠠ ᠶᠢᠨ ᠬᠤᠭᠤᠴᠠᠭᠠᠨ ᠤ ᠬᠤᠯᠪᠣᠭᠳᠠᠯ ᠪᠥᠬᠦᠶ ᠴᠢᠬᠤᠯᠠ ᠶᠠᠷᠢᠶᠠᠨ ᠤ ᠵᠣᠷᠢᠭ ᠰᠠᠨᠠᠭᠠ ᠶᠢ | 
                   ᠤᠯᠠᠮᠵᠢᠯᠠᠨ ᠰᠤᠷᠤᠯᠴᠠᠵᠤ᠂ ᠮᠠᠨ ᠤ ᠬᠤᠲᠠ ᠶᠢᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ | 
                   ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠ ᠶᠢᠨ ᠪᠠᠶᠢᠩᠭᠤ ᠶᠢᠨ ᠭᠡᠰᠢᠭᠦᠨ᠂ | 
                   ᠬᠤᠳᠠ ᠶᠢᠨ ᠨᠠᠮ ᠤᠨ ᠬᠤᠷᠢᠶᠠ ᠶᠢᠨ ᠱᠦᠵᠢ ᠪᠦᠦ ᠭᠠᠩ ᠬᠤᠷᠠᠯ ᠢ ᠡᠷᠬᠢᠯᠡᠪᠡ᠃ ᠬᠤᠷᠠᠯ ᠠᠴᠠ | 
                   ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠳᠥᠷᠪᠡᠳᠦᠭᠡᠷ ᠤᠳᠠᠭᠠ ᠶᠢᠨ ︽ᠨᠢᠭᠡ ᠪᠦᠰᠡ | 
                   ᠨᠢᠭᠡ ᠵᠠᠮ︾ ᠤᠨ ᠪᠦᠳᠦᠬᠡᠨ ᠪᠠᠶᠢᠭᠤᠯᠤᠯᠲᠠ ᠶᠢᠨ ᠠᠵᠢᠯ ᠤᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ | 
                   ᠵᠣᠷᠢᠭ ᠰᠠᠨᠠᠭᠠ ᠶᠢ ᠭᠦᠨᠵᠡᠭᠡᠢ ᠲᠤᠭᠤᠰᠢᠯᠠᠭᠤᠯᠵᠤ᠂ ︽ᠮᠠᠨ ᠤ ᠤᠯᠤᠰ ᠤᠨ ᠤᠮᠠᠷᠠᠰᠢ ᠨᠡᠬᠡᠬᠡᠯᠳᠡ ᠬᠢᠬᠦ ᠴᠢᠬᠤᠯᠠ | 
                   ᠪᠠᠬᠢᠯᠡᠯᠲᠡ ᠶᠢ ᠪᠠᠶᠢᠭᠤᠯᠬᠤ︾ ᠴᠢᠬᠤᠯᠠ ᠱᠠᠭᠠᠷᠳᠠᠯᠭᠠ ᠶᠢ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ᠂ ︽ | 
                   ᠭᠤᠷᠪᠠᠨ ᠣᠷᠣᠨ ᠭᠤᠷᠪᠠᠨ ᠭᠠᠷᠠᠮ ᠨᠠᠢᠮᠠᠨ ᠲᠠᠯᠠᠪᠤᠷ︾ ᠤᠨ ᠪᠦᠳᠦᠬᠡᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ | 
                   ︽ᠵᠢᠷᠭᠤᠭᠠᠨ ᠶᠡᠭᠡ ᠠᠵᠤ ᠦᠢᠯᠡᠰ ᠤᠨ ᠪᠥᠭᠡᠮᠨᠡᠷᠡᠯ︾ ᠤᠨ ᠭᠠᠳᠠᠭᠠᠳᠤ ᠠᠷᠠᠯᠵᠢᠶᠠᠨ ᠤ ᠳᠠᠯᠳᠠ ᠬᠦᠴᠦᠨ ᠢ | 
                   ᠭᠦᠢᠴᠡᠳ ᠠᠭᠤᠳᠠᠯᠵᠤ᠂ ᠬᠢᠯᠢ ᠠᠯᠤᠰᠯᠠᠭᠰᠠᠨ ᠡᠯᠧᠺᠳ᠋ᠷᠣᠨ ᠬᠤᠳᠠᠯᠳᠤᠭᠠᠨ ᠤ ᠭᠠᠳᠠᠭᠠᠳᠤ ᠠᠷᠠᠯᠵᠢᠶᠠᠨ ᠤ | 
                   ᠶᠡᠷᠦᠩᠬᠡᠶᠢᠯᠡᠭᠰᠡᠨ ᠠᠵᠤ ᠠᠬᠤᠶᠢᠯᠠᠯ ᠤᠨ ᠪᠤᠶᠢᠵᠢᠯᠲᠠ ᠶᠢ ᠴᠢᠩᠭᠠᠳᠬᠠᠵᠤ᠂ ᠡᠯᠡ ᠬᠦᠷᠢᠶᠡᠨ ᠤ ᠭᠠᠳᠠᠭᠠᠳᠤ | 
                   ᠶᠠᠪᠤᠯᠴᠠᠭᠠ ᠰᠣᠯᠢᠯᠴᠠᠭᠠ ᠶᠢ ᠭᠦᠨᠵᠡᠭᠡᠶᠢᠷᠡᠭᠦᠯᠵᠦ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠳᠦᠬᠡᠨ | 
                   ᠪᠠᠶᠢᠭᠤᠯᠬᠤ ᠴᠢᠨᠠᠷ ᠰᠠᠶᠢᠲᠠᠢ ᠬᠥᠭᠵᠢᠯᠲᠡ ᠳᠤ ᠨᠡᠩ ᠰᠠᠶᠢᠲᠤᠷ ᠦᠢᠯᠡᠴᠢᠯᠡᠬᠦ ᠪᠠ ᠠᠭᠤᠰᠤᠯᠴᠠᠬᠤ ᠬᠡᠷᠡᠭᠲᠡᠢ ᠭᠡᠵᠡᠢ᠃ | 
                   ᠬᠤᠷᠠᠯ ᠠᠴᠠ ᠮᠠᠨ ᠤ ᠬᠤᠲᠠ ᠶᠢᠨ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ | 
                   ᠨᠠᠶᠢᠷᠠᠭᠤᠯᠤᠨ ᠵᠣᠬᠢᠶᠠᠬᠤ ᠪᠡᠯᠡᠳᠬᠡᠯ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠶᠡᠷᠦᠩᠬᠡᠶ ᠱᠦᠵᠢ | 
                   ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭᠠ ᠶᠢ | 
                   ᠲᠥᠯᠥᠪᠵᠢᠭᠦᠯᠭᠡ ᠳᠡᠭᠡᠨ ᠲᠡᠷᠡ ᠶᠣᠰᠣᠭᠠᠷ ᠨᠢ ᠨᠠᠶᠢᠳᠠᠪᠤᠷᠢᠵᠢᠭᠤᠯᠵᠤ᠂ ᠪᠠᠷᠠᠭᠠᠯᠬᠢᠯᠠᠯᠲᠤ ᠴᠢᠨᠠᠷ ᠲᠠᠢ᠂ ᠶᠡᠭᠡ | 
                   ᠪᠠᠶᠢᠷᠢᠰᠢᠯᠲᠠ ᠪᠦᠬᠦᠢ᠂ ᠥᠨᠳᠥᠷ ᠡᠬᠢᠯᠡᠯᠲᠡ ᠠᠴᠠ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠬᠡᠷᠡᠭᠲᠡᠶ᠃ | 
                   ᠠᠵᠤ ᠦᠢᠯᠡᠰ ᠤᠨ ᠬᠥᠭᠵᠢᠯᠲᠡ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨᠡ ᠡᠭᠦᠳᠦᠯᠲᠡ᠂ ᠭᠠᠳᠠᠭᠠᠳᠤ | 
                   ᠨᠡᠭᠡᠭᠡᠯᠲᠡ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ᠂ ᠰᠠᠭᠤᠷᠢ ᠲᠥᠬᠦᠭᠡᠷᠦᠮᠵᠢ ᠵᠡᠷᠭᠡ | 
                   ᠭᠤᠣᠯᠳᠠᠯᠭᠠ ᠲᠠᠢ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠠᠯᠤᠰ ᠬᠡᠳᠤ ᠶᠢᠨ ᠬᠥᠭᠵᠢᠯᠲᠡ ᠶᠢᠨ | 
                   ᠬᠡᠷᠡᠭᠴᠡᠭᠡ ᠳᠤ ᠠᠰᠢᠭᠲᠠᠢ ᠨᠢᠭᠡ ᠪᠦᠯᠦᠭ ᠭᠤᠣᠯᠳᠠᠯᠭᠠ ᠲᠠᠢ ᠠᠵᠢᠯ ᠢ ᠤᠯᠤᠰ ᠪᠠ ᠥᠪᠡᠷᠲᠡᠭᠡᠨ ᠵᠠᠰᠠᠬᠤ ᠣᠷᠣᠨ ᠤ | 
                   ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ︽ᠶᠡᠭᠡ ᠲᠠᠯᠠ︾ ᠳᠤ ᠣᠷᠣᠭᠤᠯᠬᠤ ᠶᠢ | 
                   ᠲᠥᠯᠥᠪᠵᠢᠭᠦᠯᠦᠨ ᠠᠬᠢᠭᠤᠯᠬᠤ ᠬᠡᠷᠡᠭᠲᠡᠢ᠃ ᠪᠣᠳᠠᠲᠠᠢ ᠶᠢ ᠡᠷᠬᠢᠮᠯᠡᠨ ᠲᠤᠰᠠᠲᠠᠢ ᠪᠠᠶᠢᠬᠤ ᠶᠢ ᠪᠠᠷᠢᠮᠲᠠᠯᠠᠵᠤ᠂ ︽ | 
                   ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠣᠷᠣᠨ ᠤ ᠲᠥᠪ ᠬᠤᠲᠠ ᠶᠢᠨ ᠢᠷᠡᠭᠡᠳᠦᠢ ᠶᠢᠨ | 
                   ᠲᠠᠪᠤᠨ ᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠥᠲᠥᠯᠥᠨ ᠳᠠᠭᠠᠭᠤᠯᠬᠤ ᠴᠢᠨᠠᠷᠲᠠᠢ ᠪᠢᠴᠢᠭ | 
                   ᠮᠠᠲ᠋ᠧᠷᠢᠶᠠᠯ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ ᠬᠤᠷᠠᠯ ᠠᠴᠠ ᠮᠠᠨ ᠤ ᠬᠤᠳᠠ ᠶᠢᠨ ︽ᠵᠢᠷᠭᠤᠭᠠᠨ | 
                   ᠣᠷᠣᠨ ᠪᠦᠰᠡ ᠶᠢᠨ ᠲᠥᠪ︾ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠤᠭᠰᠠᠨ ᠪᠠᠶᠢᠳᠠᠯ ᠤᠨ ᠬᠠᠷᠢᠭᠤ | 
                   ᠮᠡᠳᠡᠭᠦᠯᠦᠯᠲᠡ ᠶᠢ ᠰᠣᠨᠣᠰᠴᠤ᠂ ᠡᠨᠡ ᠪᠣᠯ ᠣᠷᠣᠨ ᠤ ᠲᠥᠪ ᠬᠤᠳᠠ ᠶᠢᠨ ᠳᠠᠭᠠᠭᠠᠴᠠ ᠶᠢ ᠳᠡᠭᠡᠭᠰᠢᠯᠡᠭᠦᠯᠬᠦ᠂ | 
                   ᠣᠳᠣᠬᠢᠴᠢᠯᠠᠭᠰᠠᠨ ᠣᠷᠣᠨ ᠪᠦᠰᠡ ᠶᠢᠨ ᠲᠥᠪ ᠬᠤᠳᠠ ᠶᠢ ᠪᠦᠳᠦᠭᠡᠨ ᠪᠠᠶᠢᠭᠤᠯᠬᠤ ᠴᠢᠬᠤᠯᠠ ᠭᠠᠷᠳᠠᠴᠠ ᠪᠣᠯᠤᠨᠠ᠃ | 
                   ᠣᠷᠣᠨ ᠪᠦᠰᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨᠡ ᠶᠢ ᠡᠭᠦᠳᠬᠦ ᠲᠥᠪ ᠢ ᠪᠥᠬᠦ ᠬᠦᠴᠦᠨ ᠢᠶᠠᠷ ᠢᠶᠠᠨ | 
                   ᠴᠣᠭᠴᠠᠯᠠᠵᠤ᠂ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠢ ᠨᠢᠭᠡ ᠴᠤᠭᠴᠠᠵᠢᠭᠤᠯᠬᠤ | 
                   ᠥᠭᠡᠷᠡᠴᠢᠯᠡᠯᠲᠡ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ︽ | 
                   ᠪᠦᠰᠡᠯᠡᠯᠲᠡ ᠰᠢᠪᠲᠤᠯᠬᠤ︾ ᠢᠨᠵᠧᠨᠧᠷᠢᠩ ᠢ ᠯᠠᠪᠳᠠᠭᠤᠨ ᠪᠠᠲᠤᠲᠠᠶ ᠠᠬᠢᠭᠤᠯᠵᠤ᠂ ᠰᠦ ᠶᠢᠨ ᠦᠢᠯᠡᠰ᠂ ᠡᠪᠡᠰᠦᠨ ᠤ | 
                   ᠦᠢᠯᠡᠰ ᠵᠡᠷᠭᠡ ᠰᠢᠨᠡ ᠶᠢ ᠡᠭᠦᠳᠬᠦ ᠲᠥᠪ ᠤᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ᠨᠢᠭᠡ ᠪᠦᠯᠦᠭ | 
                   ᠭᠤᠤᠯᠯᠠᠬᠤ ᠥᠷᠢᠰᠦᠯᠳᠦᠬᠦ ᠬᠦᠴᠦᠨ ᠲᠠᠢ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠢ | 
                   ᠪᠤᠶᠢᠵᠢᠭᠤᠯᠵᠤ᠂ ᠤᠯᠤᠰ ᠤᠨ ᠮᠡᠳᠡᠯᠭᠡ ᠶᠢᠨ ᠥᠮᠴᠢᠯᠡᠬᠦ ᠡᠷᠬᠡ ᠪᠠᠷ ᠬᠤᠲᠠ ᠪᠠᠨ ᠬᠦᠴᠦᠷᠬᠡᠭᠵᠢᠭᠦᠯᠦᠨ ᠪᠥᠲᠥᠭᠡᠨ | 
                   ᠪᠠᠶᠢᠭᠤᠯᠬᠤ ᠵᠢᠱᠢᠶᠡ ᠦᠵᠡᠭᠦᠯᠬᠦ ᠬᠤᠲᠠ ᠶᠢ ᠢᠳᠡᠪᠬᠢᠲᠡᠶ ᠡᠭᠦᠳᠦᠨ ᠪᠠᠶᠢᠭᠤᠯᠬᠤ ᠬᠡᠷᠡᠭᠲᠡᠶ᠃ ᠣᠷᠣᠨ ᠪᠦᠰᠡ ᠶᠢᠨ | 
                   ᠵᠠᠮ ᠬᠠᠷᠢᠯᠴᠠᠭᠠ ᠪᠠᠷᠠᠭᠠᠨ ᠤ ᠭᠦᠢᠯᠭᠡᠭᠡᠨ ᠤ ᠲᠥᠪ ᠢ ᠪᠥᠬᠦ ᠬᠦᠴᠦᠨ ᠢᠶᠠᠷ ᠪᠠᠶᠢᠭᠤᠯᠵᠤ᠂ ᠤᠮᠠᠷᠠᠲᠤ ᠣᠷᠣᠨ ᠤ | 
                   ᠴᠢᠬᠤᠯᠠ ᠲᠥᠪ ᠬᠤᠲᠠ ᠪᠠ ᠪᠥᠬᠦ ᠤᠯᠤᠰ ᠤᠨ ᠴᠢᠨᠠᠷᠲᠠᠶ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠬᠦᠢᠰᠦ | 
                   ᠬᠤᠲᠠ ᠶᠢᠨ ᠪᠠᠶᠢᠷᠢ ᠲᠣᠭᠲᠠᠭᠠᠯᠲᠠ ᠶᠢᠨ ᠲᠣᠭᠤᠷᠢᠨ ᠳᠤ᠂ ᠱᠧᠩ ᠯᠧ ᠣᠯᠠᠨ ᠤᠯᠤᠰ ᠤᠨ ᠨᠢᠰᠬᠡᠯ ᠤᠨ | 
                   ᠪᠠᠭᠤᠳᠠᠯ ᠤᠨ ᠲᠥᠷᠥᠯ ᠵᠦᠢᠯ ᠵᠡᠷᠭᠡ ᠵᠠᠮ ᠬᠠᠷᠢᠯᠴᠠᠭᠠᠨ ᠤ ᠰᠠᠭᠤᠷᠢ ᠲᠥᠬᠦᠭᠡᠷᠦᠮᠵᠢ ᠶᠢᠨ ᠪᠥᠲᠥᠭᠡᠨ | 
                   ᠪᠠᠶᠢᠭᠤᠯᠤᠯᠲᠠ ᠶᠢ ᠲᠦᠷᠭᠡᠳᠬᠡᠵᠦ᠂ ᠳᠤᠮᠳᠠᠳᠤ ᠧᠦ᠋ᠷᠣᠫᠠ ᠳᠤᠮᠳᠠᠳᠤ ᠠᠽᠢᠶᠠ ᠶᠢᠨ ᠵᠢᠰᠢᠶᠡᠨ ᠤ ᠭᠠᠯᠲᠤ | 
                   ᠲᠡᠷᠭᠡ ᠶᠢᠨ ᠶᠠᠰᠤ ᠴᠢᠨᠠᠷ ᠪᠠ ᠪᠠᠭᠲᠠᠭᠠᠮᠵᠢ ᠶᠢ ᠶᠡᠭᠡ ᠪᠠᠷ ᠳᠡᠭᠡᠭᠰᠢᠯᠡᠭᠦᠯᠵᠦ᠂ ᠪᠠᠷᠠᠭᠠᠨ ᠤ ᠭᠦᠢᠯᠭᠡᠭᠡᠨ ᠤ ᠲᠥᠪ ᠤᠨ | 
                   ᠪᠥᠲᠥᠭᠡᠨ ᠪᠠᠶᠢᠭᠤᠯᠤᠯᠲᠠ ᠪᠠ ᠬᠠᠩᠭᠠᠯᠭᠠ ᠶᠢᠨ ᠬᠡᠯᠬᠢᠶᠡ ᠶᠢᠨ ᠠᠵᠤ ᠠᠬᠤᠶᠢᠯᠠᠯ ᠢ ᠦᠷᠭᠦᠯᠵᠢᠯᠡᠨ ᠣᠷᠣᠭᠤᠯᠤᠨ | 
                   ᠠᠪᠴᠢᠷᠠᠵᠤ᠂ ᠨᠡᠶᠢᠭᠡᠮ ᠤᠨ ᠪᠠᠷᠠᠭᠠᠨ ᠤ ᠭᠦᠢᠯᠭᠡᠭᠡᠨ ᠤ ᠥᠪᠡᠷ ᠤᠨ ᠥᠷᠲᠡᠭ ᠢ ᠪᠠᠭᠤᠷᠠᠭᠤᠯᠬᠤ ᠬᠡᠷᠡᠭᠲᠡᠶ᠃ ᠣᠷᠣᠨ | 
                   ᠪᠦᠰᠡ ᠶᠢᠨ ᠣᠲᠣ ᠦᠶᠡ ᠶᠢᠨ ᠬᠡᠷᠡᠭᠯᠡᠭᠡᠨ ᠤ ᠲᠥᠪ ᠢ ᠪᠥᠬᠦ ᠬᠦᠴᠦᠨ ᠢᠶᠠᠷ ᠢᠶᠠᠨ ᠪᠠᠶᠢᠭᠤᠯᠵᠤ᠂ ᠬᠤᠳᠠᠯᠳᠤᠭᠠᠨ ᠤ | 
                   ᠲᠣᠭᠤᠷᠢᠭ ᠤᠨ ᠶᠠᠰᠤ ᠴᠢᠨᠠᠷ ᠢ ᠤᠯᠠᠮ ᠨᠢᠭᠡ ᠠᠯᠬᠤᠮ ᠥᠭᠡᠷᠡᠴᠢᠯᠡᠨ ᠳᠡᠭᠡᠭᠰᠢᠯᠡᠭᠦᠯᠵᠦ᠂ ᠬᠢᠯᠢ ᠠᠯᠤᠰᠯᠠᠭᠰᠠᠨ | 
                   ᠡᠯᠧᠺᠳ᠋ᠷᠣᠨ ᠬᠤᠳᠠᠯᠳᠤᠭᠠ᠂ ᠬᠦᠢᠳᠡᠨ ᠬᠡᠯᠬᠢᠶᠡᠲᠦ ᠡᠯᠧᠺᠳ᠋ᠷᠣᠨ ᠬᠤᠳᠠᠯᠳᠤᠭᠠ ᠵᠡᠷᠭᠡ ᠰᠢᠨᠡ ᠡᠵᠡᠩᠨᠡᠯᠲᠡ ᠶᠢᠨ | 
                   ᠬᠡᠯᠪᠡᠷᠢ ᠶᠢ ᠬᠥᠭᠵᠢᠭᠦᠯᠵᠦ᠂ ᠤᠨᠴᠠᠯᠢᠬᠳᠤ ᠠᠷᠠᠯᠵᠢᠶᠠ ᠬᠤᠳᠠᠯᠳᠤᠭᠠᠨ ᠤ ᠰᠢᠨᠡ ᠪᠠᠶᠢᠳᠠᠯ ᠢ ᠪᠠᠶᠢᠭᠤᠯᠬᠤ ᠬᠡᠷᠡᠭᠲᠡᠶ᠃ | 
                   ᠰᠣᠶᠣᠯ ᠵᠢᠭᠤᠯᠴᠢᠯᠠᠯ ᠬᠤᠳᠠᠯᠳᠤᠭᠠᠨ ᠤ ᠠᠭᠤᠰᠤᠯᠴᠠᠨ ᠬᠥᠭᠵᠢᠬᠦ ᠶᠢ ᠶᠡᠬᠡᠪᠡᠷ ᠠᠬᠢᠭᠤᠯᠵᠤ᠂ ᠬᠡᠷᠡᠭᠯᠡᠭᠡᠨ ᠤ | 
                   ᠠᠮᠢᠵᠢᠷᠠᠯ ᠤᠨ ᠬᠦᠴᠦᠨ ᠢ ᠲᠠᠰᠤᠷᠠᠯᠲᠠ ᠦᠭᠡᠢ ᠪᠠᠳᠠᠷᠠᠭᠤᠯᠬᠤ ᠬᠡᠷᠡᠭᠲᠡᠢ᠃ ᠰᠢᠨᠡ ᠵᠢᠯ᠂ ᠴᠠᠭᠠᠨ ᠰᠠᠷᠠ ᠵᠡᠷᠭᠡ | 
                   ᠬᠡᠷᠡᠭᠯᠡᠭᠡᠨ ᠤ ᠬᠠᠯᠠᠮᠰᠢᠯ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠡᠯᠡ ᠲᠦᠷᠦᠯ ᠤᠨ ᠪᠣᠷᠣᠯᠠᠭᠤᠯᠭᠠ ᠶᠢ | 
                   ᠠᠬᠢᠭᠤᠯᠬᠤ ᠠᠵᠢᠯᠯᠠᠭᠠ ᠶᠢ ᠢᠳᠡᠪᠬᠢᠲᠡᠢ ᠲᠥᠯᠥᠪᠵᠢᠭᠦᠯᠵᠦ᠂ ᠬᠡᠷᠡᠭᠯᠡᠭᠡᠨ ᠤ ᠳᠠᠯᠳᠠ ᠬᠦᠴᠦᠨ ᠢ ᠨᠡᠩ ᠰᠠᠶᠢᠲᠤᠷ | 
                   ᠬᠦᠭᠵᠢᠭᠡᠬᠦ ᠬᠡᠷᠡᠭᠲᠡᠢ᠃ ᠣᠷᠣᠨ ᠪᠦᠰᠡ ᠶᠢᠨ ᠰᠡᠯᠡᠭᠦᠴᠡᠯ ᠠᠮᠠᠷᠠᠯᠲᠠ ᠶᠢᠨ ᠲᠥᠪ ᠢ ᠪᠥᠬᠦ ᠬᠦᠴᠦᠨ ᠢᠶᠠᠷ ᠢᠶᠠᠨ | 
                   ᠪᠠᠶᠢᠭᠤᠯᠵᠤ᠂ ︽ᠨᠢᠭᠡ ᠬᠤᠩᠬᠢᠯ ᠬᠤᠶᠠᠷ ᠲᠡᠩᠭᠡᠯᠢᠭ ᠲᠠᠪᠤᠨ ᠪᠦᠰᠡ︾ ᠶᠢᠨ ᠰᠣᠶᠣᠯ ᠵᠢᠭᠤᠯᠴᠢᠯᠠᠯ ᠤᠨ | 
                   ᠬᠥᠭᠵᠢᠯᠲᠡ ᠶᠢᠨ ᠪᠠᠶᠢᠷᠢᠰᠢᠭᠤᠯᠤᠯᠲᠠ ᠶᠣᠰᠣᠭᠠᠷ᠂ ᠵᠢᠭᠤᠯᠴᠢᠯᠠᠯ ᠤᠨ ᠡᠵᠡᠩᠨᠡᠯᠲᠡ ᠶᠢᠨ ᠬᠡᠯᠪᠡᠷᠢ ᠶᠢ ᠲᠠᠰᠤᠷᠠᠯᠲᠠ | 
                   ᠥᠬᠡᠶ ᠪᠠᠶᠠᠯᠢᠭᠵᠢᠭᠤᠯᠵᠤ᠂ 4A᠂ 5A ᠲᠠᠰ ᠤᠨ ᠦᠵᠡᠮᠵᠢ ᠶᠢᠨ ᠣᠷᠣᠨ ᠢ ᠡᠭᠦᠳᠦᠨ ᠪᠠᠶᠢᠭᠤᠯᠬᠤ ᠡᠷᠴᠢᠮ ᠢᠶᠠᠨ | 
                   ᠴᠢᠩᠭᠠᠷᠠᠭᠤᠯᠵᠤ᠂ ᠲᠣᠭᠯᠠᠯᠲᠠ ᠶᠢᠨ ᠠᠵᠤ ᠠᠬᠤᠶ᠂ ᠡᠪᠦᠯ ᠤᠨ ᠤᠯᠠᠷᠢᠯ ᠤᠨ ᠮᠥᠰᠥ ᠴᠠᠰᠤᠨ ᠤ ᠵᠢᠭᠤᠯᠴᠢᠯᠠᠯ ᠢ | 
                   ᠰᠠᠶᠢᠲᠤᠷ ᠬᠢᠵᠦ᠂ ᠪᠥᠬᠦ ᠣᠷᠣᠨ ᠪᠦᠰᠡ ᠪᠥᠬᠦ ᠤᠯᠠᠷᠢᠯ ᠤᠨ ᠵᠢᠭᠤᠯᠴᠢᠯᠠᠯ ᠢ ᠶᠡᠭᠡ ᠪᠠᠷ ᠬᠥᠭᠵᠢᠭᠦᠯᠬᠦ ᠬᠡᠷᠡᠭᠲᠡᠶ᠃ | 
                   ᠣᠷᠣᠨ ᠪᠦᠰᠡ ᠶᠢᠨ ᠰᠤᠷᠭᠠᠨ ᠬᠥᠮᠦᠵᠢᠯ ᠡᠮᠴᠢᠯᠡᠭᠡᠨ ᠤ ᠲᠥᠪ ᠢ ᠪᠥᠬᠦ ᠬᠦᠴᠦᠨ ᠢᠶᠠᠷ ᠪᠠᠶᠢᠭᠤᠯᠵᠤ᠂ ᠰᠤᠷᠭᠠᠨ | 
                   ᠬᠥᠮᠦᠵᠢᠯ ᠤᠨ ᠪᠠᠶᠢᠷᠢᠰᠢᠭᠤᠯᠤᠯᠲᠠ ᠶᠢ ᠦᠷᠭᠦᠯᠵᠢᠯᠡᠨ ᠰᠢᠯᠢᠳᠡᠭᠵᠢᠭᠦᠯᠵᠦ᠂ ᠰᠤᠷᠭᠠᠨ ᠬᠥᠮᠦᠵᠢᠯ ᠤᠨ | 
                   ᠬᠠᠮᠲᠤᠷᠠᠯᠴᠠᠭᠠ ᠶᠢ ᠭᠦᠨᠵᠡᠭᠡᠶᠢᠷᠡᠭᠦᠯᠵᠦ᠂ ᠨᠢᠭᠡ ᠪᠦᠯᠦᠭ ᠵᠢᠱᠢᠶᠡ ᠦᠵᠡᠭᠦᠯᠬᠦ ᠴᠢᠨᠠᠷ ᠰᠠᠶᠢᠲᠠᠶ ᠰᠤᠷᠭᠠᠭᠤᠯᠢ | 
                   ᠪᠠᠶᠢᠭᠤᠯᠵᠤ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠠᠵᠢᠯ ᠮᠡᠷᠭᠡᠵᠢᠯ ᠤᠨ ᠰᠤᠷᠭᠠᠨ | 
                   ᠬᠥᠮᠦᠵᠢᠯ ᠤᠨ ᠲᠦᠪᠰᠢᠨ ᠢ ᠳᠡᠭᠡᠭᠰᠢᠯᠡᠭᠦᠯᠬᠦ ᠬᠡᠷᠡᠭᠲᠡᠶ᠃ ᠴᠢᠨᠠᠷ ᠰᠠᠶᠢᠲᠠᠢ ᠡᠮᠴᠢᠯᠡᠭᠡᠨ ᠤ ᠡᠬᠢ ᠪᠠᠶᠠᠯᠢᠭ ᠢ ᠵᠦᠢ | 
                   ᠵᠣᠬᠢᠰᠲᠠᠢ ᠪᠠᠶᠢᠷᠢᠰᠢᠭᠤᠯᠵᠤ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠥᠭᠡᠷᠡᠴᠢᠯᠡᠯᠲᠡ ᠪᠣᠯᠤᠨ | 
                   ᠴᠢᠨᠠᠷ ᠰᠠᠶᠢᠲᠠᠢ ᠬᠥᠭᠵᠢᠯᠲᠡ ᠶᠢ ᠭᠦᠨᠵᠡᠭᠡᠢ ᠠᠬᠢᠭᠤᠯᠬᠤ ᠬᠡᠷᠡᠭᠲᠡᠢ᠃ ᠣᠷᠣᠨ ᠪᠦᠰᠡ ᠶᠢᠨ ᠪᠣᠬᠢᠷᠳᠤᠯ ᠦᠭᠡᠢ | 
                   ᠮᠥᠩᠭᠦᠨ ᠭᠦᠢᠯᠭᠡᠭᠡᠨ ᠤ ᠲᠥᠪ ᠢ ᠪᠥᠬᠦ ᠬᠦᠴᠦᠨ ᠢᠶᠠᠷ ᠪᠠᠶᠢᠭᠤᠯᠵᠤ᠂ ᠮᠥᠩᠭᠦᠨ ᠭᠦᠢᠯᠭᠡᠭᠡᠨ ᠤ ᠠᠮᠢᠵᠢᠷᠠᠯ ᠤᠨ | 
                   ᠬᠦᠴᠦᠨ ᠶᠢ ᠰᠠᠶᠢᠲᠤᠷ ᠠᠰᠢᠭᠯᠠᠵᠤ᠂ ᠮᠥᠩᠭᠦᠨ ᠭᠦᠢᠯᠭᠡᠭᠡᠨ ᠤ ᠪᠣᠳᠠᠲᠤ ᠴᠣᠭᠴᠠ ᠶᠢᠨ ᠠᠵᠤ ᠠᠬᠤᠢ ᠶᠢᠨ | 
                   ᠬᠥᠭᠵᠢᠯᠲᠡ᠂ ᠴᠢᠬᠤᠯᠠ ᠶᠡᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ᠂ ᠠᠷᠠᠳ ᠤᠨ ᠠᠮᠢᠳᠤᠷᠠᠯ ᠤᠨ | 
                   ᠢᠨᠵᠧᠨᠧᠷᠢᠩ ᠵᠡᠷᠭᠡ ᠲᠠᠯᠠ ᠶᠢᠨ ᠶᠠᠰᠤ ᠴᠢᠨᠠᠷ ᠦᠷᠡ ᠪᠦᠲᠦᠮᠵᠢ ᠶᠢ ᠳᠡᠭᠡᠭᠰᠢᠯᠡᠭᠦᠯᠵᠦ᠂ ᠬᠤᠷᠢᠨᠭᠡᠷ ᠮᠥᠩᠭᠦᠨ | 
                   ᠭᠦᠢᠯᠭᠡᠭᠡᠨ ᠤ ᠲᠤᠭᠠ ᠪᠠᠷᠢᠮᠲᠠ ᠶᠢᠨ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ | 
                   ᠲᠦᠷᠭᠡᠳᠬᠡᠨ ᠠᠬᠢᠭᠤᠯᠵᠤ᠂ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠮᠥᠩᠭᠦᠨ | 
                   ᠭᠦᠢᠯᠭᠡᠭᠡᠨ ᠤ ᠠᠮᠤᠷ ᠲᠦᠪᠰᠢᠨ ᠤ ᠬᠤᠷᠢᠭᠠ ᠱᠤᠭᠤᠮ ᠢ ᠡᠷᠡᠰ ᠰᠠᠬᠢᠬᠤ ᠬᠡᠷᠡᠭᠲᠡᠢ ᠭᠡᠵᠦ ᠴᠢᠬᠤᠯᠠᠴᠢᠯᠠᠵᠠᠢ᠃ | 
                   ᠬᠤᠷᠠᠯ ᠠᠴᠠ ᠮᠠᠨ ᠤ ᠬᠤᠲᠠ ᠶᠢᠨ ᠬᠤᠲᠠ ᠶᠢᠨ ᠶᠡᠭᠡ ᠲᠠᠷᠢᠬᠢᠨ ᠤ ᠡᠵᠡᠩᠨᠡᠯᠲᠡ ᠬᠠᠮᠢᠶᠠᠷᠤᠯᠲᠠ ᠪᠠ ᠰᠠᠯᠠᠭᠠ | 
                   ᠮᠥᠴᠢᠷ ᠤᠨ ᠲᠤᠭᠠ ᠪᠠᠷᠢᠮᠲᠠ ᠶᠢ ᠬᠡᠷᠡᠭᠯᠡᠭᠰᠡᠨ ᠪᠠᠶᠢᠳᠠᠯ ᠢ ᠰᠣᠨᠣᠰᠴᠤ᠂ ᠲᠤᠭᠠ ᠪᠠᠷᠢᠮᠲᠠ ᠶᠢ ᠬᠠᠮᠲᠤ ᠪᠠᠷ ᠡᠳ᠋ᠯᠡᠬᠦ | 
                   ᠪᠠ ᠵᠠᠳᠠᠯᠤᠨ ᠠᠰᠢᠭᠯᠠᠬᠤ ᠶᠢ ᠪᠥᠬᠦ ᠲᠠᠯᠠ ᠪᠠᠷ ᠠᠬᠢᠭᠤᠯᠵᠤ᠂ ᠨᠠᠩ ᠣᠯᠠᠨ ᠬᠡᠷᠡᠭᠯᠡᠭᠡᠨ ᠤ ᠠᠬᠤᠢ ᠶᠢ ᠨᠡᠭᠡᠭᠡᠵᠦ᠂ | 
                   ᠲᠤᠭᠠ ᠪᠠᠷᠢᠮᠲᠠ ᠶᠢᠨ ᠰᠠᠭᠤᠷᠢ ᠡᠬᠢ ᠪᠠᠶᠠᠯᠢᠭ ᠤᠨ ᠳᠠᠪᠠᠭᠤᠯᠢᠭ ᠢ ᠠᠵᠤ ᠠᠬᠤᠶ ᠶᠢᠨ ᠬᠥᠭᠵᠢᠯᠲᠡ᠂ ᠬᠤᠲᠠ ᠶᠢᠨ | 
                   ᠵᠠᠰᠠᠯᠲᠠ ᠶᠢᠨ ᠳᠠᠪᠠᠭᠤᠯᠢᠭ ᠪᠣᠯᠭᠠᠨ ᠬᠤᠪᠢᠷᠠᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃ | 
                    | 
                    | 
                    | 
                    | 
                    | 
                    | 
                    | 
                    | 
                    | 
                    | 
                    | 
                    | 
                   ᠁ |