|
ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ |
ᠥᠪᠥᠷ ᠵᠠᠰᠠᠭ ᠦᠰᠦᠭ ︹ 2024 ︺ 213 ᠳ᠋ᠤᠭᠠᠷ ᠲᠣᠭᠠᠲᠤ |
︽ᠭᠦᠬᠡᠬᠤᠲᠠ ᠶᠢᠨ ᠢᠦᠢ ᠴᠢᠤᠸᠠᠨ ᠲᠣᠭᠤᠷᠢᠭ ᠤᠨ ᠭᠠᠵᠠᠷ ᠰᠢᠷᠣᠢ ᠶᠢ ᠲᠠᠲᠠᠪᠤᠷᠢᠯᠠᠨ |
ᠬᠤᠷᠢᠶᠠᠵᠤ ᠬᠡᠰᠡᠭ ᠢᠶᠠᠷ ᠨᠡᠭᠡᠭᠡᠨ ᠬᠥᠭᠵᠢᠭᠦᠯᠬᠦ ᠲᠣᠬᠢᠷᠠᠭᠤᠯᠤᠯᠲᠠ ᠶᠢᠨ ᠲᠥᠰᠥᠯ |
︵2022 – 2024 ᠣᠨ︶︾ ᠤᠨ ᠲᠤᠬᠠᠢ ᠥᠪᠥᠷ ᠮᠣᠩᠭᠤᠯ ᠤᠨ ᠥᠪᠡᠷᠲᠡᠭᠡᠨ |
ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠴᠣᠬᠤᠯᠠᠪᠤᠷᠢ |
ᠭᠦᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ᠄ |
ᠲᠠᠨ ᠤ ᠬᠤᠲᠠ ᠶᠢᠨ ︽ᠭᠦᠬᠡᠬᠤᠲᠠ ᠶᠢᠨ ᠢᠦᠢ ᠴᠢᠤᠸᠠᠨ ᠲᠣᠭᠤᠷᠢᠭ ᠤᠨ ᠭᠠᠵᠠᠷ ᠰᠢᠷᠣᠢ ᠶᠢ ᠲᠠᠲᠠᠪᠤᠷᠢᠯᠠᠨ |
ᠬᠤᠷᠢᠶᠠᠵᠤ ᠬᠡᠰᠡᠭ ᠢᠶᠠᠷ ᠨᠡᠭᠡᠭᠡᠨ ᠬᠥᠭᠵᠢᠭᠦᠯᠬᠦ ᠲᠣᠬᠢᠷᠠᠭᠤᠯᠤᠯᠲᠠ ᠶᠢᠨ ᠲᠥᠰᠥᠯ ᠢ ᠵᠥᠪᠰᠢᠶᠡᠷᠡᠭᠦᠯᠬᠦ ᠲᠤᠬᠠᠢ |
ᠡᠰᠢᠯᠡᠯᠲᠡ︾ ︵ᠭᠦᠬᠡᠬᠤᠲᠠ ᠵᠠᠰᠠᠭ ᠲᠠᠷᠬᠠᠭᠠᠭᠰᠠᠨ ︹2024︺ 282 ᠳ᠋ᠤᠭᠠᠷ ᠲᠣᠭᠠᠲᠤ︶ ᠶᠢ ᠭᠥᠯᠢᠶᠡᠨ |
ᠠᠪᠴᠤ ᠣᠶᠢᠯᠠᠭᠠᠯ᠎ᠠ᠃ ᠡᠳᠦᠭᠡ ᠳᠣᠣᠷᠠᠬᠢ ᠮᠡᠲᠦ ᠴᠣᠬᠤᠯᠠᠪᠤᠷᠢᠯᠠᠪᠠ᠄ |
ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠲᠤᠰᠬᠠᠢ ᠮᠡᠷᠭᠡᠵᠢᠯᠲᠡᠨ ᠢ |
ᠵᠣᠬᠢᠶᠠᠨ ᠪᠠᠶᠢᠭᠤᠯᠵᠤ ᠨᠤᠲᠠᠯᠠᠭᠤᠯᠬᠤ ᠪᠠ ᠬᠢᠨᠠᠨ ᠪᠠᠶᠢᠴᠠᠭᠠᠯᠭᠠᠭᠠᠳ᠂ ︽ᠭᠦᠬᠡᠬᠤᠲᠠ ᠶᠢᠨ ᠢᠦᠢ ᠴᠢᠤᠸᠠᠨ |
ᠲᠣᠭᠤᠷᠢᠭ ᠤᠨ ᠭᠠᠵᠠᠷ ᠰᠢᠷᠣᠢ ᠶᠢ ᠲᠠᠲᠠᠪᠤᠷᠢᠯᠠᠨ ᠬᠤᠷᠢᠶᠠᠵᠤ ᠬᠡᠰᠡᠭ ᠢᠶᠠᠷ ᠨᠡᠭᠡᠭᠡᠨ ᠬᠥᠭᠵᠢᠭᠦᠯᠬᠦ |
ᠲᠣᠬᠢᠷᠠᠭᠤᠯᠤᠯᠲᠠ ᠶᠢᠨ ᠲᠥᠰᠥᠯ ︵2022 – 2024 ᠣᠨ︶︾ ᠨᠢ ︽ᠪᠦᠭᠦᠳᠡ ᠨᠠᠶᠢᠷᠠᠮᠳᠠᠬᠤ ᠲᠤᠮᠳᠠᠳᠤ |
ᠠᠷᠠᠳ ᠤᠯᠤᠰ ᠤᠨ ᠭᠠᠵᠠᠷ ᠰᠢᠷᠣᠢ ᠶᠢᠨ ᠬᠠᠮᠢᠶᠠᠷᠤᠯᠲᠠ ᠶᠢᠨ ᠬᠠᠤᠯᠢ︾ ᠪᠠ ︽︿ᠭᠠᠵᠠᠷ ᠰᠢᠷᠣᠢ ᠶᠢ ᠲᠠᠲᠠᠪᠤᠷᠢᠯᠠᠨ |
ᠬᠤᠷᠢᠶᠠᠵᠤ ᠬᠡᠰᠡᠭ ᠢᠶᠠᠷ ᠨᠡᠭᠡᠭᠡᠨ ᠬᠥᠭᠵᠢᠭᠦᠯᠬᠦ ᠪᠠᠷᠢᠮᠵᠢᠶ᠎ᠠ﹀ ᠶᠢ ᠳᠠᠷᠤᠮᠠᠯᠯᠠᠨ ᠶᠠᠪᠤᠭᠤᠯᠬᠤ ᠲᠤᠬᠠᠢ ᠪᠠᠶᠢᠭᠠᠯᠢ ᠶᠢᠨ |
ᠡᠬᠢ ᠪᠠᠶᠠᠯᠢᠭ ᠤᠨ ᠶᠠᠮᠤᠨ ᠤ ᠮᠡᠳᠡᠭᠳᠡᠯ︾ ︵ᠪᠠᠶᠢᠭᠠᠯᠢ ᠡᠬᠢ ᠪᠠᠶᠠᠯᠢᠭ ᠲᠣᠭᠲᠠᠭᠠᠯ ︹2023 ︺ 7 ᠳ᠋ᠤᠭᠠᠷ |
ᠲᠣᠭᠠᠲᠤ︶ ᠵᠢᠴᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠰᠢᠷᠣᠢ ᠶᠢ ᠲᠠᠲᠠᠪᠤᠷᠢᠯᠠᠨ |
ᠬᠤᠷᠢᠶᠠᠵᠤ ᠬᠡᠰᠡᠭ ᠢᠶᠠᠷ ᠨᠡᠭᠡᠭᠡᠨ ᠬᠥᠭᠵᠢᠭᠦᠯᠬᠦ ᠶᠢ ᠬᠡᠷᠡᠭᠵᠢᠭᠦᠯᠬᠦ ᠨᠠᠷᠢᠨ ᠳᠦᠷᠢᠮ ︵ᠲᠤᠷᠰᠢᠨ ᠬᠡᠷᠡᠭᠵᠢᠭᠦᠯᠬᠦ︶︾ |
ᠤᠨ ᠬᠤᠯᠪᠣᠭᠳᠠᠯ ᠪᠦᠬᠦᠢ ᠲᠣᠭᠲᠠᠭᠠᠯ ᠪᠠ ᠱᠠᠭᠠᠷᠳᠠᠯᠭ᠎ᠠ ᠳᠤ ᠨᠡᠶᠢᠴᠡᠵᠦ᠂ ᠤᠯᠤᠰ ᠤᠨ ᠨᠤᠲᠤᠭ ᠳᠡᠪᠢᠰᠬᠡᠷ ᠤᠨ |
ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ᠶᠢᠨ ᠬᠠᠮᠢᠶᠠᠷᠤᠨ ᠡᠵᠡᠮᠳᠡᠬᠦ ᠳᠦᠷᠢᠮ ᠳᠤ ᠨᠡᠶᠢᠴᠡᠵᠦ ᠪᠠᠶᠢᠨ᠎ᠠ᠃ |
ᠡᠶᠢᠨ ᠬᠦ ︽ᠭᠦᠬᠡᠬᠤᠲᠠ ᠶᠢᠨ ᠢᠦᠢ ᠴᠢᠤᠸᠠᠨ ᠲᠣᠭᠤᠷᠢᠭ ᠤᠨ ᠭᠠᠵᠠᠷ ᠰᠢᠷᠣᠢ ᠶᠢ ᠲᠠᠲᠠᠪᠤᠷᠢᠯᠠᠨ ᠬᠤᠷᠢᠶᠠᠵᠤ |
ᠬᠡᠰᠡᠭ ᠢᠶᠠᠷ ᠨᠡᠭᠡᠭᠡᠨ ᠬᠥᠭᠵᠢᠭᠦᠯᠬᠦ ᠲᠣᠬᠢᠷᠠᠭᠤᠯᠤᠯᠲᠠ ᠶᠢᠨ ᠲᠥᠰᠥᠯ ︵2022 – 2024 ᠣᠨ︶︾ ᠢ |
ᠵᠠᠷᠴᠢᠮ ᠳᠡᠭᠡᠷ᠎ᠡ ᠪᠠᠨ ᠵᠥᠪᠰᠢᠶᠡᠷᠡᠪᠡ᠂ ᠡᠯ᠎ᠡ ᠵᠦᠢᠯ ᠤᠨ ᠠᠵᠢᠯ ᠢᠶᠠᠨ ᠬᠠᠤᠯᠢ ᠲᠣᠭᠲᠠᠭᠠᠯ ᠶᠣᠰᠣᠭᠠᠷ ᠰᠠᠶᠢᠲᠤᠷ |
ᠬᠢᠲᠦᠭᠡᠢ᠃ |
2024 ᠣᠨ ᠤ 11 ᠳ᠋ᠦ᠋ᠭᠡᠷ ᠰᠠᠷ᠎ᠠ ᠶᠢᠨ 1 ᠤ ᠡᠳᠦᠷ |
︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ |
|
|
|
|
|
|
|
|
|
|
|
᠁ |