| 
                   12 ᠰᠠᠷᠠ ᠶᠢᠨ 14 ᠤ ᠡᠳᠦᠷ᠂ ︽ᠡᠯᠡᠰᠦᠨ ᠴᠥᠯ ᠤᠨ ᠲᠠᠯᠠᠢ ᠡᠪᠦᠯ ᠤᠯᠠᠷᠢᠯ ᠳᠤ ᠨᠠᠩ ᠭᠤᠶᠢᠳᠠ | 
                   ᠰᠠᠶᠢᠬᠠᠨ︾ 2024 — 2025 ᠦᠬᠠᠶ ᠶᠢᠨ ᠡᠪᠦᠯ ᠤᠨ ᠤᠯᠠᠷᠢᠯ ᠤᠨ ᠨᠠᠭᠠᠳᠤᠮ ᠤᠨ ᠰᠣᠶᠣᠯ ᠲᠠᠮᠢᠷ | 
                   ᠵᠢᠭᠤᠯᠴᠢᠯᠠᠯ ᠤᠨ ᠰᠢᠷᠢᠰ ᠠᠵᠢᠯᠯᠠᠭᠠ ᠶᠣᠸᠡᠢ ᠢᠦᠢ ᠨᠤᠮ ᠤᠨ ᠪᠠᠭᠠᠷ ᠤᠨ ᠤᠷᠠᠨ ᠪᠢᠴᠢᠯᠭᠡ ᠶᠢᠨ ᠠᠭᠤᠳᠠᠮ | 
                   ᠲᠠᠯᠠᠪᠠᠶ ᠳᠤ ᠶᠠᠪᠤᠭᠳᠠᠵᠤ᠂ ᠡᠪᠦᠯ ᠤᠨ ᠤᠯᠠᠷᠢᠯ ᠤᠨ ᠮᠥᠰᠥ ᠴᠠᠰᠤᠨ ᠤ ᠵᠢᠭᠤᠯᠴᠢᠯᠠᠯ ᠤᠨ ᠬᠠᠯᠠᠭᠤᠨ ᠥᠷᠨᠢᠯᠲᠡ ᠶᠢ | 
                   ᠪᠣᠶ ᠪᠣᠯᠭᠠᠪᠠ᠃ ᠠᠵᠢᠯᠯᠠᠭᠠ ᠶᠢᠨ ᠲᠤᠬᠠᠢ ᠶᠢᠨ ᠲᠠᠯᠠᠪᠠᠢ ᠳᠤ᠂ ᠦᠬᠠᠢ ᠨᠠᠭᠤᠷ ᠤᠨ ︽ᠷᠢᠳᠢ ᠰᠢᠳᠢᠲᠤ ᠶᠢᠷᠲᠢᠨᠴᠦ | 
                   · ᠮᠦᠰᠦ ᠴᠠᠰᠣᠨ ᠳᠠᠬᠢ ᠵᠢᠭᠤᠯᠴᠢᠯᠠᠯ︾ ᠤᠨ ᠪᠡᠶᠡᠴᠢᠯᠡᠨ ᠣᠶᠢᠯᠠᠭᠠᠬᠤ ᠭᠠᠵᠠᠷ᠂ ᠦᠬᠠᠢ ᠶᠢᠨ ︽ᠣᠳᠣᠳ ᠤᠨ | 
                   ᠲᠠᠨᠢᠯᠴᠠᠭᠤᠯᠭᠠ︾ ᠶᠢᠨ ᠶᠡᠭᠡ ᠲᠠᠪᠴᠠᠩ᠂ ᠦᠨᠦᠷ ᠠᠮᠲᠠ ᠪᠠᠷ ᠡᠪᠦᠯ ᠢ ᠳᠤᠯᠠᠭᠠᠴᠠᠭᠤᠯᠬᠤ · ᠶᠡᠭᠡ ᠲᠣᠭᠤᠭᠠᠨ ᠤ | 
                   ᠠᠮᠲᠠᠲᠤ ᠢᠳᠡᠭᠡᠨ ᠤ ᠦᠪᠡᠳᠡᠭᠰᠢ ᠨᠠᠶᠢᠷ ᠵᠡᠷᠭᠡ ᠤᠯᠠᠨ ᠵᠦᠢᠯ ᠤᠨ ᠠᠵᠢᠯᠯᠠᠭᠠ ᠵᠡᠷᠭᠡᠪᠡᠷ ᠡᠬᠢᠯᠡᠵᠦ᠂ ᠮᠥᠰᠥ | 
                   ᠴᠠᠰᠤᠨ ᠤ ᠰᠢᠨᠡ ᠲᠦᠷᠦᠯ ᠵᠦᠢᠯ᠂ ᠰᠢᠨᠡ ᠨᠠᠭᠠᠳᠬᠤ ᠠᠷᠭᠠ ᠨᠢ ᠮᠠᠰᠢ ᠤᠯᠠᠨ ᠬᠤᠳᠠ ᠶᠢᠨ ᠠᠷᠠᠳ᠂ | 
                   ᠵᠤᠭᠠᠴᠠᠭᠰᠠᠳ ᠤᠨ ᠠᠩᠬᠠᠷᠤᠯ ᠢ ᠲᠠᠲᠠᠵᠤ᠂ ᠮᠥᠰᠥ ᠴᠠᠰᠤᠨ ᠤ ᠪᠠᠶᠠᠰᠤᠯ ᠢ ᠬᠠᠮᠲᠤᠪᠠᠷ ᠡᠳ᠋ᠯᠡᠪᠡ᠃ ᠦᠬᠠᠶ ᠶᠢᠨ | 
                   ᠡᠪᠦᠯ ᠤᠨ ᠤᠯᠠᠷᠢᠯ ᠤᠨ ᠨᠠᠭᠠᠳᠤᠮ ᠤᠨ ᠰᠣᠶᠣᠯ ᠲᠠᠮᠢᠷ ᠵᠢᠭᠤᠯᠴᠢᠯᠠᠯ ᠤᠨ ᠰᠢᠷᠢᠰ ᠠᠵᠢᠯᠯᠠᠭᠠ ᠨᠢ 2025 ᠣᠨ ᠤ | 
                   1 ᠰᠠᠷᠠ ᠶᠢᠨ 11 ᠤ ᠡᠳᠦᠷ ᠪᠣᠯᠲᠠᠯᠠ ᠦᠷᠭᠦᠯᠵᠢᠯᠡᠵᠦ᠂ ᠪᠠᠰᠠ ᠪᠥᠬᠦ ᠠᠷᠠᠳ ᠤᠨ ᠪᠡᠶᠡ ᠴᠢᠭᠢᠷᠠᠭᠵᠢᠭᠤᠯᠬᠤ | 
                   ᠣᠯᠠᠨ ᠨᠡᠶᠢᠲᠡ ᠶᠢᠨ ᠮᠥᠰᠥ ᠴᠠᠰᠤᠨ ᠤ ᠤᠯᠠᠷᠢᠯ ᠤᠨ ᠫᠢᠩᠫᠠᠩ ᠪᠥᠮᠪᠦᠭᠡ ᠶᠢᠨ ᠢᠯᠡ ᠤᠷᠤᠯᠳᠤᠭᠠᠨ᠂ ᠪᠥᠬᠦ | 
                   ᠠᠷᠠᠳ ᠤᠨ ᠪᠡᠶᠡ ᠴᠢᠭᠢᠷᠠᠭᠵᠢᠭᠤᠯᠬᠤ ᠣᠯᠠᠨ ᠨᠡᠶᠢᠲᠡ ᠶᠢᠨ ᠮᠥᠰᠥ ᠴᠠᠰᠤᠨ ᠤ ᠤᠯᠠᠷᠢᠯ ᠤᠨ ᠵᠢᠯ ᠠᠯᠤᠰᠯᠠᠨ | 
                   ᠭᠦᠶᠦᠬᠦ ᠠᠵᠢᠯᠯᠠᠭᠠ᠂ ᠪᠥᠬᠦ ᠠᠷᠠᠳ ᠤᠨ ᠪᠡᠶᠡ ᠴᠢᠭᠢᠷᠠᠭᠵᠢᠭᠤᠯᠬᠤ ᠣᠯᠠᠨ ᠨᠡᠶᠢᠲᠡ ᠶᠢᠨ ᠮᠥᠰᠥ ᠴᠠᠰᠤᠨ ᠤ | 
                   ᠤᠯᠠᠷᠢᠯ ᠤᠨ ᠯᠤᠤᠲᠤ ᠣᠩᠭᠤᠴᠠ ᠶᠢᠨ ᠠᠵᠢᠯᠯᠠᠭᠠ ᠵᠡᠷᠭᠡ ᠶᠢ ᠡᠷᠭᠢᠯᠡᠵᠦ᠂ ᠬᠤᠲᠠ ᠶᠢᠨ ᠠᠷᠠᠳ᠂ | 
                   ᠵᠤᠭᠠᠴᠠᠭᠰᠠᠳ ᠲᠤ ᠡᠪᠦᠯ ᠤᠨ ᠤᠯᠠᠷᠢᠯ ᠤᠨ ᠵᠢᠭᠤᠯᠴᠢᠯᠠᠯ ᠤᠨ ᠪᠠᠶᠠᠷ ᠪᠠᠭ᠋ᠠᠳᠤᠯ ᠢ ᠡᠳ᠋ᠯᠡᠭᠦᠯᠵᠦ᠂ ︽ᠬᠦᠢᠲᠡᠨ︾ | 
                   ᠡᠬᠢ ᠪᠠᠶᠠᠯᠢᠭ ᠢᠶᠠᠷ ︽ᠬᠠᠯᠠᠮᠰᠢᠯ︾ ᠦᠷᠡ ᠨᠥᠯᠥᠭᠡ ᠦᠵᠡᠭᠦᠯᠬᠦ ᠶᠢ ᠦᠷᠭᠦᠯᠵᠢᠯᠡᠨ ᠠᠬᠢᠭᠤᠯᠤᠨᠠ᠃ | 
                    | 
                    | 
                    | 
                    | 
                    | 
                    | 
                    | 
                    | 
                    | 
                    | 
                    | 
                    | 
                   ᠁ |