᠊᠊᠊᠊᠊᠊ ᠮᠠᠨ ᠤ ᠬᠤᠲᠠ ᠶᠢᠨ ᠰᠣᠶᠣᠯ ᠤᠳᠬ᠎ᠠ ᠤᠷᠠᠯᠢᠭ ᠤᠨ ᠦᠢᠯᠡᠰ ᠤᠨ ᠴᠢᠨᠠᠷ ᠰᠠᠶᠢᠲᠠᠢ |
ᠬᠥᠭᠵᠢᠯᠲᠡ ᠶᠢᠨ ᠲᠤᠬᠠᠢ ᠪᠣᠳᠠᠲᠤ ᠲᠡᠮᠳᠡᠭᠯᠡᠯ |
ᠴᠡᠴᠡᠷᠯᠢᠭ᠂ ᠠᠭᠤᠳᠠᠮ ᠲᠠᠯᠠᠪᠠᠶ ᠪᠠᠷ ᠬᠥᠮᠥᠰ ᠳᠠᠭᠤᠯᠠᠨ ᠪᠦᠵᠢᠭᠯᠡᠵᠡᠭᠡᠨᠠ᠃ ᠨᠣᠮ ᠤᠨ ᠰᠠᠩ ᠳᠤ |
ᠪᠢᠴᠢᠭ ᠤᠨ ᠦᠨᠦᠷ ᠬᠠᠩᠬᠤᠯᠵᠤ᠂ ᠡᠯᠪᠡᠭ ᠪᠠᠶᠠᠯᠢᠭ ᠭᠤᠸ᠎ᠠ ᠰᠠᠶᠢᠬᠠᠨ ᠤ ᠬᠥᠮᠦᠵᠢᠯ ᠤᠨ ᠬᠢᠴᠢᠶᠡᠯ ᠤᠨ ᠲᠠᠩᠬᠢᠮ᠂ |
ᠰᠣᠶᠣᠯ ᠨᠡᠶᠢᠲᠡ ᠶᠢᠨ ᠠᠰᠠᠷᠠᠮᠵᠢ ᠶᠢᠨ ᠲᠠᠶᠢᠯᠤᠮᠵᠢ ᠦᠷᠨᠢᠭᠦᠯᠤᠨ᠎ᠠ᠃ ᠬᠠᠳᠬᠤᠮᠠᠯ᠂ ᠴᠠᠭᠠᠰᠤᠨ ᠬᠠᠶᠢᠴᠢᠯᠠᠮᠠᠯ᠂ ᠪᠠᠷ |
ᠵᠢᠷᠤᠭ ᠵᠡᠷᠭᠡ ᠪᠣᠳᠠᠰ ᠤᠨ ᠪᠤᠰᠤ ᠰᠣᠶᠣᠯ ᠤᠨ ᠥᠪ ᠡᠩ ᠤᠨ ᠠᠷᠠᠳ ᠤᠨ ᠭᠡᠷ ᠲᠤ ᠣᠷᠣᠪᠠ ᠁ |
ᠡᠳᠦᠷ ᠢᠷᠡᠬᠦᠶ᠎ᠡ ᠥᠳᠬᠡᠨ ᠵᠤᠵᠠᠭᠠᠨ ᠪᠣᠯᠵᠤ ᠪᠠᠶᠢᠭ᠎ᠠ ᠰᠣᠶᠣᠯ ᠤᠨ ᠠᠭᠤᠷ ᠠᠮᠢᠰᠬᠤᠯ᠂ ᠲᠠᠰᠤᠷᠠᠯᠳᠡ |
ᠦᠭᠡᠢ ᠲᠡᠭᠦᠯᠳᠡᠷᠵᠢᠵᠦ ᠪᠠᠶᠢᠭ᠎ᠠ ᠰᠣᠶᠣᠯ ᠤᠨ ᠵᠢᠭᠰᠠᠭᠠᠯ ᠤᠨ ᠭᠠᠵᠠᠷ ᠤᠨ ᠪᠦᠲᠦᠭᠡᠨ ᠪᠠᠶᠢᠭᠤᠯᠤᠯᠲᠠ ᠪᠣᠯ |
ᠲᠦᠩᠯᠢᠶᠣᠣ ᠶᠢᠨ ᠬᠠᠮᠤᠭ ᠤᠨ ᠦᠵᠡᠰᠬᠦᠯᠡᠩᠲᠦ ᠰᠠᠶᠢᠬᠠᠨ ᠦᠵᠡᠮᠵᠢ ᠪᠣᠯᠣᠨ᠎ᠠ᠃ |
ᠰᠣᠶᠣᠯ ᠢᠶᠠᠷ ᠬᠥᠮᠥᠨ ᠢ ᠰᠣᠶᠣᠯᠵᠢᠭᠤᠯᠵᠤ᠂ ᠰᠣᠶᠣᠯ ᠢᠶᠠᠷ ᠦᠢᠯᠡᠰ ᠢ ᠬᠥᠭᠵᠢᠭᠦᠯᠵᠦ᠂ ᠰᠣᠶᠣᠯ ᠢᠶᠠᠷ |
ᠬᠤᠲᠠ ᠶᠢ ᠱᠤᠭᠤᠨ᠎ᠠ᠃ ᠣᠶᠢᠷ᠎ᠠ ᠶᠢᠨ ᠵᠢᠯ᠂ ᠮᠠᠨ ᠤ ᠬᠤᠲᠠ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ |
ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ |
ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠣᠯ ᠰᠢᠵᠢᠮ ᠲᠠᠢ ᠨᠢᠭᠲᠠ ᠤᠶᠠᠯᠳᠤᠭᠤᠯᠤᠨ᠂ ᠥᠪᠥᠷ ᠮᠣᠩᠭᠤᠯ ᠤᠨ |
ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠰᠣᠶᠣᠯ ᠢᠶᠠᠷ ᠬᠤᠲᠠ ᠪᠠᠨ ᠮᠠᠨᠳᠤᠭᠤᠯᠬᠤ |
ᠪᠠᠶᠢᠯᠳᠤᠬᠤ ᠪᠣᠳᠣᠯᠭ᠎ᠠ ᠪᠠᠷ ᠬᠥᠲᠥᠯᠥᠮᠵᠢ ᠪᠤᠯᠭᠠᠵᠤ᠂ ᠰᠣᠶᠣᠯ ᠤᠳᠬ᠎ᠠ ᠤᠷᠠᠯᠢᠭ ᠤᠨ ᠦᠢᠯᠡᠰ ᠤᠨ ᠴᠢᠨᠠᠷ |
ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠪᠠ᠃ |
ᠲᠡᠦᠬᠡ ᠰᠣᠶᠣᠯ ᠤᠨ ᠰᠤᠳᠠᠰᠤ ᠶᠢ ᠦᠷᠭᠦᠯᠵᠢᠯᠡᠭᠦᠯᠵᠦ ᠰᠣᠶᠣᠯ ᠤᠨ ᠨᠡᠷ᠎ᠡ ᠶᠢᠨ ᠬᠠᠭᠤᠳᠠᠰᠤ ᠶᠢ |
ᠭᠡᠷᠡᠯᠲᠦᠭᠦᠯᠪᠡ |
ᠪᠠᠷᠠᠭᠤᠨ ᠯᠢᠶᠣᠤ ᠾᠧ ᠭᠤᠣᠯ ᠤᠨ ᠬᠥᠪᠡᠭᠡᠨ ᠳᠤ ᠴᠤᠭᠯᠠᠷᠠᠵᠤ᠂ ᠡᠷᠲᠡᠨ ᠤ ᠪᠣᠯᠪᠠᠰᠤᠨ ᠤ ᠲᠤᠬᠠᠢ |
ᠶᠠᠷᠢᠯᠴᠠᠨ᠎ᠠ᠃ 7 ᠰᠠᠷ᠎ᠠ ᠶᠢᠨ 18 ᠤ ᠡᠳᠦᠷ᠂ ᠲᠦᠩᠯᠢᠶᠣᠣ ᠶᠢᠨ ᠬᠤᠶᠠᠳᠤᠭᠠᠷ ᠬᠤᠭᠤᠴᠠᠭᠠᠨ ᠤ ᠪᠠᠷᠠᠭᠤᠨ ᠯᠢᠶᠣᠤ |
ᠾᠧ ᠭᠤᠣᠯ ᠤᠨ ᠰᠣᠶᠣᠯ ᠤᠨ ᠨᠠᠶᠢᠷ ᠭᠤᠶᠢᠳᠠ ᠰᠠᠶᠢᠬᠠᠨ ᠡᠬᠢᠯᠡᠵᠦ᠂ ᠪᠦᠭᠦ ᠤᠯᠤᠰ ᠤᠨ ᠡᠯ᠎ᠡ ᠭᠠᠵᠠᠷ ᠠᠴᠠ |
ᠬᠦᠷᠦᠯᠴᠡᠨ ᠢᠷᠡᠭᠰᠡᠨ ᠲᠤᠰᠬᠠᠢ ᠮᠡᠷᠭᠡᠵᠢᠯᠲᠡᠨ ᠡᠷᠳᠡᠮᠲᠡᠨ ᠪᠣᠯᠣᠨ ᠰᠣᠶᠣᠯ ᠤᠨ ᠡᠲᠡᠭᠡᠳ ᠤᠨ ᠰᠣᠳᠣᠨ ᠬᠥᠮᠥᠰ |
ᠲᠦᠩᠯᠢᠶᠣᠣ ᠳᠤ ᠴᠤᠭᠯᠠᠷᠠᠵᠤ᠂ ᠦᠵᠡᠯ ᠰᠠᠨᠠᠭ᠎ᠠ ᠪᠣᠯᠣᠨ ᠰᠣᠶᠣᠯ ᠤᠨ ᠦᠪᠡᠳᠡᠭᠰᠢ ᠳᠠᠶᠢᠯᠠᠯᠭ᠎ᠠ ᠳᠤ ᠣᠷᠣᠯᠴᠠᠵᠠᠢ᠃ |
|
ᠨᠢᠭᠡ ᠰᠠᠷ᠎ᠠ ᠶᠢᠨ ᠬᠤᠭᠤᠴᠠᠭᠠᠨ ᠳᠤ᠂ ᠲᠦᠷᠪᠡᠨ ᠶᠡᠭᠡ ᠭᠤᠣᠯ ᠰᠡᠳᠦᠪ᠂ ᠠᠷᠪᠠᠨ ᠲᠠᠪᠤᠨ ᠵᠦᠢᠯ ᠤᠨ ᠰᠣᠶᠣᠯ |
ᠪᠡᠶ᠎ᠡ ᠶᠢᠨ ᠲᠠᠮᠢᠷ ᠤᠨ ᠠᠵᠢᠯᠯᠠᠭ᠎ᠠ ᠨᠢ ᠪᠠᠷᠠᠭᠤᠨ ᠯᠢᠶᠣᠤ ᠾᠧ ᠭᠤᠣᠯ ᠤᠨ ᠪᠣᠯᠪᠠᠰᠤᠨ ᠤ ᠭᠦᠨ ᠵᠤᠵᠠᠭᠠᠨ |
ᠠᠭᠤᠯᠤᠭᠳᠠᠬᠤᠨ ᠪᠠ ᠦᠵᠡᠰᠬᠦᠯᠡᠩᠲᠦ ᠰᠠᠶᠢᠬᠠᠨ ᠴᠤᠭ ᠵᠢᠪᠬᠤᠭ᠎ᠠ ᠶᠢ ᠳᠡᠯᠭᠡᠨ ᠦᠵᠡᠭᠦᠯᠪᠡ᠃ ᠡᠨᠡ ᠪᠣᠯ ᠮᠠᠨ ᠤ |
ᠬᠤᠲᠠ ᠶᠢᠨ ︽ᠪᠠᠷᠠᠭᠤᠨ ᠯᠢᠶᠣᠤ ᠾᠧ ᠭᠤᠣᠯ ᠤᠨ ᠰᠣᠶᠣᠯ︾ ᠤᠨ ᠲᠦᠷᠤᠯ ᠲᠡᠮᠳᠡᠭ ᠢ ᠴᠢᠷᠮᠠᠶᠢᠨ ᠪᠤᠶ ᠪᠤᠯᠭᠠᠵᠤ᠂ |
ᠪᠠᠷᠠᠭᠤᠨ ᠯᠢᠶᠣᠤ ᠾᠧ ᠭᠤᠣᠯ ᠤᠨ ᠪᠣᠯᠪᠠᠰᠤᠨ ᠤ ᠭᠦᠨ ᠠᠭᠤᠯᠤᠭᠳᠠᠬᠤᠨ ᠪᠠ ᠴᠠᠭ ᠦᠶ᠎ᠡ ᠶᠢᠨ ᠷᠢᠳᠢ ᠰᠢᠳᠢ ᠶᠢ |
ᠪᠦᠭᠦ ᠲᠠᠯ᠎ᠠ ᠪᠠᠷ ᠢᠯᠡᠷᠡᠭᠦᠯᠦᠭᠰᠡᠨ ᠤ ᠬᠦᠴᠦᠲᠡᠢ ᠭᠡᠷᠡᠴᠢ ᠮᠥᠨ᠂ ᠨᠠᠩ ᠴᠤ ᠳᠤᠮᠳᠠᠳᠤ ᠶᠢᠨ ᠰᠢᠯᠢᠳᠡᠭ |
ᠤᠯᠠᠮᠵᠢᠯᠠᠯᠲᠤ ᠰᠣᠶᠣᠯ ᠢ ᠤᠯᠠᠮᠵᠢᠯᠠᠨ ᠵᠠᠯᠭᠠᠮᠵᠢᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ |
ᠴᠣᠭᠴᠠ ᠶᠢᠨ ᠤᠬᠠᠮᠰᠠᠷ ᠢ ᠪᠠᠲᠤ ᠴᠣᠭᠴᠠᠯᠠᠭᠰᠠᠨ ᠠᠮᠢᠳᠤᠯᠢᠭ ᠦᠢᠯᠡᠳᠦᠯᠭᠡ ᠮᠥᠨ᠃ |
ᠮᠠᠨ ᠤ ᠬᠤᠲᠠ ᠪᠠᠷᠠᠭᠤᠨ ᠯᠢᠶᠣᠤ ᠾᠧ ᠭᠤᠣᠯ ᠤᠨ ᠪᠣᠯᠪᠠᠰᠤᠨ ᠢ ᠤᠯᠠᠮᠵᠢᠯᠠᠨ ᠵᠠᠯᠭᠠᠮᠵᠢᠯᠠᠬᠤ ᠵᠢᠴᠢ |
ᠪᠦᠲᠦᠭᠡᠯᠴᠢ ᠴᠢᠨᠠᠷᠲᠠᠢ ᠪᠠᠷ ᠤᠯᠠᠷᠢᠭᠤᠯᠬᠤ᠂ ᠰᠢᠨ᠎ᠡ ᠶᠢ ᠡᠭᠦᠳᠬᠦ ᠴᠢᠨᠠᠷᠲᠠᠢ ᠬᠥᠭᠵᠢᠯᠲᠡ ᠶᠢᠨ ᠠᠷᠭ᠎ᠠ ᠵᠠᠮ ᠢ |
ᠢᠳᠡᠪᠬᠢᠲᠡᠢ ᠰᠦᠪᠡᠭᠴᠢᠯᠡᠵᠦ᠂ ᠪᠠᠷᠠᠭᠤᠨ ᠯᠢᠶᠣᠤ ᠾᠧ ᠭᠤᠣᠯ ᠢᠶᠠᠷ ᠭᠤᠣᠯ ᠰᠡᠳᠦᠪ ᠪᠤᠯᠭᠠᠬᠰᠠᠨ ᠣᠶᠣᠨ ᠤ |
ᠰᠣᠶᠣᠯ ᠤᠨ ᠪᠦᠲᠦᠭᠡᠭᠳᠡᠬᠦᠨ ᠪᠠ ᠤᠳᠬ᠎ᠠ ᠤᠷᠠᠯᠢᠭ ᠤᠨ ᠪᠦᠲᠦᠭᠡᠯ ᠢ ᠢᠳᠡᠪᠬᠢᠲᠡᠢ ᠵᠣᠬᠢᠶᠠᠨ ᠪᠦᠲᠦᠭᠡᠵᠦ᠂ |
ᠥᠪᠡᠷᠮᠢᠴᠡ ᠣᠨᠴᠠᠯᠢᠭ ᠲᠠᠢ ᠰᠣᠶᠣᠯ ᠤᠨ ᠭᠠᠵᠠᠷ ᠤᠨ ᠲᠡᠮᠳᠡᠭ ᠪᠠ ᠣᠶᠣᠨ ᠰᠠᠨᠠᠭᠠᠨ ᠤ ᠲᠡᠮᠳᠡᠭ ᠢ ᠡᠭᠦᠳᠴᠦ᠂ |
ᠪᠠᠷᠠᠭᠤᠨ ᠯᠢᠶᠣᠤ ᠾᠧ ᠭᠤᠣᠯ ᠤᠨ ᠰᠣᠶᠣᠯ ᠤᠨ ᠠᠮᠢᠵᠢᠷᠠᠯ ᠤᠨ ᠬᠦᠴᠦᠨ᠂ ᠤᠷᠢᠶᠠᠯᠠᠬᠤ ᠬᠦᠴᠦᠨ᠂ ᠨᠥᠯᠥᠭᠡᠯᠡᠬᠦ |
ᠬᠦᠴᠦᠨ ᠢ ᠲᠠᠰᠤᠷᠠᠯᠲᠠ ᠦᠭᠡᠢ ᠨᠡᠮᠡᠭᠳᠡᠭᠦᠯᠪᠡ᠃ ᠣᠳᠣᠬᠠᠨ ᠳᠤ᠂ ︽ᠪᠠᠷᠠᠭᠤᠨ ᠯᠢᠶᠣᠤ ᠾᠧ ᠭᠤᠣᠯ ᠤᠨ |
ᠪᠣᠯᠪᠠᠰᠤᠨ ᠤ ᠰᠤᠳᠤᠯᠤᠯ︾ ᠤᠨ ᠲᠥᠷᠥᠯ ᠵᠦᠢᠯ ᠳᠤ ᠨᠡᠶᠢᠲᠡ 240 ᠲᠦᠮᠡᠨ ᠲᠥᠭᠦᠷᠢᠭ ᠤᠨ ᠳᠡᠮᠵᠢᠯᠭᠡ ᠶᠢᠨ |
ᠪᠡᠯᠡ ᠮᠥᠩᠭᠦ ᠣᠯᠵᠤ᠂ ᠲᠤᠰᠬᠠᠢ ᠪᠦᠲᠦᠭᠡᠯ 2᠂ ᠰᠤᠷᠪᠤᠯᠵᠢ ᠪᠢᠴᠢᠭ ︵ᠬᠤᠷᠴᠢᠨ ᠤ ᠲᠤᠤᠯᠢᠰ︶ ᠢ ᠡᠮᠬᠢᠳᠬᠡᠭᠰᠡᠨ |
ᠪᠠ ᠰᠤᠳᠤᠯᠤᠭᠰᠠᠨ 2᠂ ᠰᠤᠳᠤᠯᠭᠠᠨ ᠤ ᠮᠡᠳᠡᠭᠦᠯᠦᠯᠲᠡ 4᠂ ᠰᠤᠳᠤᠯᠭᠠᠨ ᠤ ᠦᠷ᠎ᠡ ᠪᠦᠲᠦᠭᠡᠯ 200 ᠲᠦᠮᠡ |
ᠰᠢᠬᠠᠮ ᠥᠰᠥᠭ ᠲᠠᠢ᠃ |
ᠰᠣᠶᠣᠯ ᠪᠣᠯ ᠨᠢᠭᠡᠨ ᠬᠤᠳᠠ ᠶᠢᠨ ᠬᠠᠮᠤᠭ ᠤᠨ ᠭᠤᠶᠤ ᠰᠠᠶᠢᠬᠠᠨ ᠨᠡᠷ᠎ᠡ ᠶᠢᠨ ᠬᠠᠭᠤᠳᠠᠰᠤ ᠮᠥᠨ᠂ ᠰᠣᠶᠣᠯ |
ᠪᠣᠯ ᠨᠢᠭᠡᠨ ᠬᠤᠳᠠ ᠶᠢᠨ ︽ᠰᠦᠭ ᠰᠦᠨᠡᠰᠦ︾ ᠮᠥᠨ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ |
ᠬᠥᠭᠵᠢᠯᠲᠡ ᠶᠢᠨ ᠬᠠᠮᠤᠭ ᠤᠨ ᠬᠦᠴᠦᠷᠬᠡᠭ ᠬᠥᠳᠡᠯᠭᠡᠭᠦᠷ ᠮᠥᠨ᠃ |
ᠨᠠᠢᠮᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠠᠵᠤ |
ᠦᠢᠯᠡᠰ ᠤᠨ ᠦᠵᠡᠰᠭᠦᠯᠡᠩ ᠤᠨ ᠠᠷᠠᠯᠵᠢᠶᠠᠨ ᠤ ᠴᠤᠭᠯᠠᠭᠠᠨ ᠳᠡᠭᠡᠷ᠎ᠡ᠂ ᠲᠦᠩᠯᠢᠶᠣᠣ ᠶᠢᠨ ︽ᠪᠠᠷᠠᠭᠤᠨ ᠯᠢᠶᠣᠤ ᠾᠧ |
ᠭᠤᠣᠯ ᠠᠴᠠ ᠶᠡᠭᠡ ᠳᠤᠮᠳᠠᠳᠤ ᠤᠯᠤᠰ ᠭᠦᠷᠲᠡᠯ᠎ᠡ︾ ᠭᠡᠬᠦ ᠲᠣᠭᠠᠴᠢᠯᠠᠭᠰᠠᠨ ᠦᠵᠡᠭᠦᠯᠭᠡ ᠶᠢᠨ ᠣᠷᠳᠣᠨ ᠨᠢ |
ᠪᠠᠷᠠᠭᠤᠨ ᠯᠢᠶᠣᠤ ᠾᠧ ᠭᠤᠣᠯ ᠤᠨ ᠤᠰᠤ ᠰᠢᠨ᠎ᠡ ᠡᠷᠢᠨ ᠵᠠᠭᠤᠨ ᠤ ᠶᠡᠭᠡ ᠬᠥᠭᠦᠷᠭᠡ ᠶᠢ ᠤᠷᠤᠰᠤᠨ ᠥᠩᠭᠡᠷᠡᠬᠦ |
ᠬᠥᠳᠡᠯᠭᠡᠭᠡᠨᠲᠦ ᠵᠢᠷᠤᠭᠠᠰᠤ ᠪᠠᠷ ᠵᠢᠷᠤᠭ ᠲᠥᠯᠥᠪᠯᠡᠭᠡ ᠶᠢᠨ ᠰᠡᠷᠡᠯ ᠪᠤᠯᠭᠠᠵᠤ᠂ ᠲᠦᠩᠯᠢᠶᠣᠣ ᠶᠢᠨ ᠪᠠᠶᠢᠭᠠᠯᠢ ᠶᠢᠨ |
ᠥᠩᠭᠡ ᠦᠵᠡᠮᠵᠢ ᠶᠢ ᠬᠥᠮᠥᠨ ᠨᠡᠶᠢᠭᠡᠮ ᠤᠨ ᠲᠡᠦᠬᠡ ᠲᠠᠢ ᠤᠷᠠᠨ ᠢᠶᠠᠷ ᠤᠶᠠᠯᠳᠤᠭᠤᠯᠵᠠᠢ᠃ ᠪᠠᠷᠠᠭᠤᠨ ᠯᠢᠶᠣᠤ ᠾᠧ |
ᠭᠤᠣᠯ ᠤᠨ ᠪᠣᠯᠪᠠᠰᠤᠨ ᠤ ᠡᠭᠦᠰᠦᠯ᠂ ᠪᠦᠷᠢᠯᠳᠦᠯ ᠪᠠ ᠬᠥᠭᠵᠢᠯᠲᠡ ᠪᠠᠷ ᠲᠡᠦᠬᠡ ᠶᠢᠨ ᠰᠤᠳᠠᠰᠤ ᠪᠤᠯᠭᠠᠵᠤ᠂ ᠮᠠᠨ ᠤ |
ᠤᠯᠤᠰ ᠤᠨ ︽ᠵᠠᠭᠤᠨ ᠲᠦᠮᠡᠨ ᠵᠢᠯ ᠤᠨ ᠬᠥᠮᠥᠨ ᠲᠥᠷᠥᠯᠬᠢᠲᠡᠨ ᠤ ᠲᠡᠦᠬᠡ᠂ ᠨᠢᠭᠡ ᠲᠦᠮᠡᠨ ᠵᠢᠯ ᠤᠨ ᠰᠣᠶᠣᠯ ᠤᠨ |
ᠲᠡᠦᠬᠡ᠂ ᠲᠠᠪᠤᠨ ᠮᠢᠩᠭ᠎ᠠ ᠢᠯᠡᠭᠦᠦ ᠵᠢᠯ ᠤᠨ ᠪᠣᠯᠪᠠᠰᠤᠨ ᠤ ᠲᠡᠦᠬᠡ︾ ᠭᠡᠬᠦ ᠭᠤᠷᠪᠠᠨ ᠶᠡᠭᠡ ᠬᠠᠭᠤᠳᠠᠰᠤ ᠶᠢᠨ |
ᠲᠣᠭᠤᠷᠢᠨ ᠳᠤ ᠳᠡᠯᠭᠡᠭᠳᠡᠵᠦ᠂ ᠮᠠᠰᠢ ᠤᠯᠠᠨ ᠵᠤᠭᠠᠴᠠᠭᠰᠠᠳ ᠤᠨ ᠠᠩᠬᠠᠷᠤᠯ ᠢ ᠲᠠᠲᠠᠭᠰᠠᠨ ᠪᠠᠶᠢᠨ᠎ᠠ᠃ |
ᠲᠦᠩᠯᠢᠶᠣᠣ ᠶᠢᠨ ᠦᠵᠡᠭᠦᠯᠭᠡ ᠶᠢᠨ ᠲᠢᠩᠬᠢᠮ ᠨᠢ ︽ᠬᠠᠶᠢᠷ᠎ᠠ ᠰᠡᠳᠬᠢᠯ ᠤᠨ ᠠᠷᠭᠠᠮᠵᠢᠭᠰᠠᠨ ᠤᠮᠠᠷᠠᠲᠤ |
ᠬᠢᠯᠢ·ᠲᠦᠩᠯᠢᠶᠣᠣ ᠪᠠᠷ ᠵᠤᠭᠠᠯᠠᠶ᠎ᠠ︾ ᠭᠡᠬᠦ ᠪᠠᠷ ᠭᠤᠣᠯ ᠰᠡᠳᠦᠪ ᠪᠤᠯᠭᠠᠵᠤ᠂ ᠰᠣᠶᠣᠯ ᠤᠨ ᠲᠣᠭᠠᠴᠢᠯᠠᠭᠰᠠᠨ ᠭᠤᠣᠯ |
ᠰᠡᠳᠦᠪᠲᠦ ᠦᠵᠡᠭᠦᠯᠭᠡ ᠶᠢᠨ ᠪᠠᠶᠢᠷᠢ᠂ ᠲᠤᠬᠠᠢ ᠶᠢᠨ ᠲᠠᠯᠠᠪᠠᠢ ᠶᠢᠨ ᠲᠣᠬᠯᠠᠯᠲᠠ ᠵᠢᠴᠢ ᠦᠢᠯᠡᠳᠦᠯᠴᠡᠨ ᠣᠶᠢᠯᠠᠭᠠᠬᠤ |
ᠦᠵᠡᠭᠦᠯᠭᠡ ᠶᠢᠨ ᠪᠠᠶᠢᠷᠢ᠂ ᠰᠣᠶᠣᠯ ᠤᠨ ᠠᠵᠤ ᠦᠢᠯᠡᠰ ᠤᠨ ᠬᠡᠷᠡᠭᠯᠡᠭᠡᠨ ᠤ ᠦᠵᠡᠭᠦᠯᠭᠡ ᠶᠢᠨ ᠪᠠᠶᠢᠷᠢ ᠵᠡᠷᠭᠡ ᠭᠤᠷᠪᠠᠨ |
ᠲᠣᠮᠣ ᠬᠡᠰᠡᠭ ᠢ ᠲᠣᠬᠢᠷᠠᠭᠤᠯᠵᠤ᠂ ᠰᠢᠨ᠎ᠡ ᠵᠠᠭᠤᠴᠢᠯᠠᠭᠤᠷ ᠤᠨ ᠲᠠᠨᠢᠯᠴᠠᠭᠤᠯᠭ᠎ᠠ᠂ ᠦᠵᠡᠭᠦᠯᠭᠡ ᠶᠢᠨ ᠲᠣᠬᠯᠠᠯᠲᠠ ᠶᠢᠨ |
ᠦᠢᠯᠡᠳᠦᠯᠴᠡᠯ᠂ ᠦᠵᠡᠭᠦᠯᠭᠡ ᠶᠢᠨ ᠪᠣᠷᠤᠯᠠᠭᠤᠯᠭ᠎ᠠ ᠶᠢ ᠤᠶᠠᠯᠳᠤᠭᠤᠯᠬᠤ ᠵᠡᠷᠭᠡ ᠤᠯᠠᠨ ᠵᠦᠢᠯ ᠤᠨ ᠭᠡᠯᠪᠡᠷᠢ ᠪᠠᠷ |
ᠳᠠᠮᠵᠢᠭᠤᠯᠤᠨ᠂ ᠮᠠᠨ ᠤ ᠬᠤᠳᠠ ᠶᠢᠨ ᠭᠦᠨ ᠵᠤᠵᠠᠭᠠᠨ ᠰᠣᠶᠣᠯ ᠤᠨ ᠠᠭᠤᠯᠬᠤᠨ ᠪᠠ ᠥᠷᠨᠢᠭᠦᠨ ᠪᠠᠳᠠᠷᠠᠩᠭᠤᠢ |
ᠰᠣᠶᠣᠯ ᠤᠨ ᠠᠵᠤ ᠦᠢᠯᠡᠰ ᠤᠨ ᠬᠥᠭᠵᠢᠯᠲᠡ ᠶᠢᠨ ᠦᠷ᠎ᠡ ᠪᠦᠲᠦᠭᠡᠯ ᠢ ᠪᠦᠭᠦ ᠲᠠᠯ᠎ᠠ ᠪᠠᠷ ᠳᠡᠯᠭᠡᠨ ᠦᠵᠡᠭᠦᠯᠵᠦ᠂ |
ᠨᠡᠶᠢᠳᠡ 10 ᠲᠦᠮᠡ ᠰᠢᠬᠠᠮ ᠬᠥᠮᠥᠨ ᠤᠳᠠᠭ᠎ᠠ ᠰᠦᠯᠵᠢᠶᠡᠨ ᠠᠴᠠ ᠭᠠᠳᠠᠭᠤᠷᠬᠢ ᠦᠵᠡᠭᠦᠯᠭᠡ ᠶᠢ ᠰᠣᠨᠢᠷᠬᠠᠪᠠ᠃ |
ᠮᠠᠨ ᠤ ᠬᠤᠳᠠ ᠶᠢᠨ ᠦᠵᠡᠰᠭᠦᠯᠡᠩ ᠳᠤ ᠣᠷᠣᠯᠴᠠᠬᠰᠠᠨ 18 ᠠᠵᠤ ᠠᠬᠤᠶᠢᠯᠠᠯ ᠤᠨ ᠮᠢᠩᠭ᠎ᠠ ᠭᠠᠷᠤᠢ ᠲᠦᠷᠦᠯ ᠤᠨ |
ᠦᠢᠯᠡᠳᠬᠦᠨ ᠤ ᠲᠤᠬᠠᠢ ᠶᠢᠨ ᠲᠠᠯᠠᠪᠠᠢ ᠶᠢᠨ ᠠᠷᠠᠯᠵᠢᠶᠠᠨ ᠤ ᠨᠤᠷᠮ᠎ᠠ 20 ᠭᠠᠷᠤᠢ ᠲᠦᠮᠡᠨ ᠲᠥᠭᠦᠷᠢᠭ ᠲᠤ ᠬᠦᠷᠴᠦ᠂ |
ᠲᠤᠬᠠᠢ ᠶᠢᠨ ᠲᠠᠯᠠᠪᠠᠢ ᠶᠢᠨ ᠭᠠᠷ ᠤᠨ ᠦᠰᠦᠭ ᠵᠢᠷᠤᠭᠰᠠᠨ ᠬᠠᠮᠲᠤᠷᠠᠯᠴᠠᠭᠠᠨ ᠤ ᠰᠠᠨᠠᠮᠵᠢ ᠶᠢᠨ ᠵᠠᠬᠢᠶᠠᠯᠠᠭ᠎ᠠ ᠶᠢᠨ |
ᠬᠠᠭᠤᠳᠠᠰᠤ 100 ᠲᠦᠮᠡᠨ ᠲᠥᠭᠦᠷᠢᠭ ᠢ ᠳᠠᠪᠠᠭᠰᠠᠨ ᠪᠠᠶᠢᠨ᠎ᠠ᠃ |
ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠵᠦ ᠤᠯᠠᠨ ᠲᠦᠮᠡᠨᠴᠢ |
ᠰᠣᠶᠣᠯ ᠤᠨ ᠠᠵᠢᠯᠯᠠᠭ᠎ᠠ ᠶᠢ ᠢᠳᠡᠪᠬᠢᠲᠡᠢ ᠥᠷᠨᠢᠭᠦᠯᠪᠡ |
ᠤᠯᠤᠰ ᠤᠨ ᠪᠠᠶᠠᠷ ᠤᠨ ᠬᠤᠭᠤᠴᠠᠭᠠᠨ ᠳᠤ᠂ ᠪᠦᠭᠦ ᠬᠤᠲᠠ ᠶᠢᠨ ᠤᠯᠠᠭᠠᠨᠮᠥ᠋ᠴᠢᠷ ᠤᠨ ᠲᠣᠭᠯᠠᠭᠴᠢᠳ |
ᠨᠡᠭᠡᠭᠡᠯᠲᠡ ᠶᠢᠨ ᠲᠣᠭᠤᠷᠢᠭ ᠤᠨ ᠶᠤᠸᠠᠢ ᠯᠠᠢ ᠾᠧ ᠵᠢᠭᠤᠯᠴᠢᠯᠠᠵᠤ ᠰᠡᠯᠡᠭᠦᠴᠡᠨ ᠲᠣᠭᠤᠷᠢᠬᠤ ᠵᠡᠭᠡᠯᠢ |
ᠲᠣᠭᠤᠷᠢᠭ ᠲᠤ ᠣᠯᠠᠨ ᠲᠦᠮᠡᠨ ᠳᠤ ᠮᠣᠷᠢᠨ ᠬᠤᠭᠤᠷ ᠤᠨ ᠬᠥᠭᠵᠢᠮ ︽ᠮᠠᠭᠲᠠᠭᠠᠯ ᠳᠠᠭᠤᠤ︾᠂ ᠪᠥᠵᠢᠭ ︽ |
ᠬᠤᠷᠴᠢᠨ ᠤ ᠳᠠᠶᠢᠯᠠᠯᠭ᠎ᠠ︾᠂ ᠳᠠᠭᠤᠤ︽ᠮᠠᠭᠲᠠᠭᠠᠯ ᠳᠠᠭᠤᠤ ᠶᠢ ᠬᠠᠶᠢᠷᠠᠲᠤ ᠨᠠᠮ ᠳᠠᠭᠠᠨ ᠡᠷᠭᠦᠶ᠎ᠡ︾ ᠵᠡᠷᠭᠡ ᠭᠤᠶᠢᠳᠠ |
ᠰᠠᠶᠢᠬᠠᠨ ᠲᠣᠬᠯᠠᠯᠲᠠ ᠭᠠᠷᠭᠠᠵᠤ᠂ ᠲᠤᠬᠠᠢ ᠶᠢᠨ ᠲᠠᠯᠠᠪᠤᠷ ᠤᠨ ᠦᠵᠡᠭᠴᠢᠳ ᠤᠨ ᠮᠠᠭᠲᠠᠭᠠᠯ ᠰᠠᠶᠢᠰᠢᠶᠠᠯ ᠢ ᠣᠯᠪᠠ᠃ |
|
ᠣᠶᠢᠷ᠎ᠠ ᠶᠢᠨ ᠵᠢᠯ᠂ ᠮᠠᠨ ᠤ ᠬᠤᠲᠠ ᠶᠢᠨ ᠥᠷᠭᠡᠨ ᠣᠯᠠᠨ ᠤᠳᠬ᠎ᠠ ᠤᠷᠠᠯᠢᠭ ᠤᠨ ᠠᠵᠢᠯᠲᠠᠨ ᠤᠳᠬ᠎ᠠ |
ᠤᠷᠠᠯᠢᠭ ᠢᠶᠠᠷ ᠠᠷᠠᠳ ᠲᠤ ᠦᠢᠯᠡᠴᠢᠯᠡᠬᠦ᠂ ᠤᠳᠬ᠎ᠠ ᠤᠷᠠᠯᠢᠭ ᠢᠶᠠᠷ ᠠᠷᠠᠳ ᠲᠤ ᠠᠰᠢᠭ ᠬᠦᠷᠲᠡᠭᠡᠬᠦ᠂ ᠤᠳᠬ᠎ᠠ |
ᠤᠷᠠᠯᠢᠭ ᠢᠶᠠᠷ ᠠᠷᠠᠳ ᠢ ᠪᠠᠶᠠᠰᠬᠠᠬᠤ ᠶᠢ ᠪᠠᠷᠢᠮᠲᠠᠯᠠᠵᠤ᠂ ᠰᠣᠶᠣᠯ ᠢᠶᠠᠷ ᠣᠯᠠᠨ ᠲᠦᠮᠡᠨ ᠤ ᠰᠠᠶᠢᠨ ᠰᠠᠶᠢᠬᠠᠨ |
ᠠᠮᠢᠳᠤᠷᠠᠯ ᠢ ᠭᠡᠷᠡᠯᠲᠦᠭᠦᠯᠪᠡ᠃ ᠬᠤᠳᠠ ᠬᠥᠳᠡᠭᠡ ᠶᠢᠨ ᠰᠣᠶᠣᠯ ᠤᠨ ᠬᠥᠭᠵᠢᠯᠲᠡ ᠶᠢ ᠨᠢᠭᠡᠳᠦᠯᠲᠡᠢ ᠲᠥᠯᠥᠪᠯᠡᠨ᠂ |
ᠲᠦᠷᠪᠡᠨ ᠱᠠᠲᠤᠨ ᠤ ᠰᠦᠯᠵᠢᠶ᠎ᠡ ᠶᠢ ᠲᠡᠭᠦᠯᠳᠡᠷᠵᠢᠭᠦᠯᠵᠦ᠂ 2167 ᠶᠡᠷᠦᠩᠬᠡᠶᠢᠯᠡᠭᠰᠡᠨ ᠰᠣᠶᠣᠯ ᠤᠨ ᠠᠵᠢᠯᠯᠠᠭᠠᠨ ᠤ |
ᠲᠥᠪ᠂ 51 ᠨᠣᠮ ᠤᠨ ᠰᠠᠩ ᠤᠨ ᠬᠤᠪᠢᠶᠠᠷᠢ ᠣᠷᠳᠣᠨ᠂ 35 ᠰᠣᠶᠣᠯ ᠤᠨ ᠣᠷᠳᠣᠨ ᠤ ᠬᠤᠪᠢᠶᠠᠷᠢ ᠣᠷᠳᠣᠨ ᠢᠶᠠᠷ |
ᠪᠦᠷᠢᠯᠳᠦᠭᠰᠡᠨ ᠤᠯᠠᠨ ᠨᠡᠶᠢᠲᠡ ᠶᠢᠨ ᠰᠣᠶᠣᠯ ᠤᠨ ᠲᠥᠬᠦᠭᠡᠷᠦᠮᠵᠢ ᠶᠢᠨ ᠰᠦᠯᠵᠢᠶ᠎ᠡ ᠪᠦᠭᠦ ᠬᠤᠳᠠ ᠶᠢ ᠪᠦᠷᠬᠦᠬᠦ ᠶᠢ |
ᠪᠡᠶᠡᠯᠡᠭᠦᠯᠪᠡ᠃ ᠤᠯᠠᠭᠠᠨᠮᠥ᠋ᠴᠢᠷ ᠤᠨ ︽ᠰᠤᠷᠤᠯᠴᠠᠬᠤ· ᠡᠭᠦᠳᠬᠦ· ᠲᠣᠭᠯᠠᠬᠤ︾ ︽ᠪᠠᠶᠠᠷ ᠪᠠᠶᠠᠰᠤᠯ ᠬᠦᠷᠭᠡᠬᠦ᠂ |
ᠪᠣᠯᠪᠠᠰᠤᠨ ᠢ ᠬᠦᠷᠭᠡᠬᠦ︾ ᠵᠡᠷᠭᠡ ᠦᠨᠳᠦᠰᠦᠨ ᠱᠠᠲᠤᠨ ᠤ ᠦᠢᠯᠡᠴᠢᠯᠡᠭᠡᠨ ᠤ ᠠᠵᠢᠯᠯᠠᠭ᠎ᠠ ᠶᠢ ᠪᠠᠶᠢᠩᠭᠤᠵᠢᠭᠤᠯᠤᠨ |
ᠥᠷᠨᠢᠭᠦᠯᠵᠦ᠂ ᠪᠦᠭᠦ ᠬᠤᠲᠠ ᠶᠢᠨ 9 ᠤᠯᠠᠭᠠᠨᠮᠥ᠋ᠴᠢᠷ ᠤᠨ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ |
ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠤᠯᠠᠭᠠᠨᠮᠥ᠋ᠴᠢᠷ ᠤᠨ ᠲᠦᠮᠡᠨ ᠲᠣᠰᠬᠤᠨ ᠳᠠᠬᠢ ᠲᠣᠬᠯᠠᠯᠲᠠ︾ ᠶᠢ |
ᠢᠳᠡᠪᠬᠢᠲᠡᠢ ᠥᠷᠨᠢᠭᠦᠯᠦᠨ ᠨᠢᠭᠡᠳᠦᠯᠲᠡᠢ ᠲᠥᠯᠥᠪᠯᠡᠨ ᠵᠢᠯᠤᠭᠤᠳᠴᠤ᠂ ᠰᠠᠭᠤᠭ᠎ᠠ ᠴᠡᠷᠢᠭ ᠠᠩᠭᠢ ᠪᠠᠷ ᠭᠦᠨᠵᠡᠭᠡᠶᠢᠷᠡᠨ |
︽ᠬᠢᠯᠢ ᠬᠢᠵᠠᠭᠠᠷ ᠢ ᠰᠠᠬᠢᠵᠤ ᠬᠠᠮᠠᠭᠠᠯᠠᠯᠲᠠ ᠶᠢ ᠪᠠᠬᠢᠵᠢᠭᠦᠯᠬᠦ︾ ᠲᠣᠬᠯᠠᠯᠲᠠ᠂ ︽ᠤᠯᠠᠭᠠᠨᠮᠥ᠋ᠴᠢᠷ ᠤᠨ ᠠᠵᠢᠯᠯᠠᠭ᠎ᠠ ᠶᠢᠨ |
ᠰᠠᠷ᠎ᠠ︾ ᠶᠢᠨ ᠡᠭᠢᠯᠡᠯᠲᠡ ᠶᠢᠨ ᠶᠣᠰᠣᠯᠠᠯ ᠵᠡᠷᠭᠡ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠡᠯ᠎ᠡ ᠲᠥᠷᠥᠯ ᠤᠨ |
ᠠᠵᠢᠯᠯᠠᠭ᠎ᠠ ᠶᠢ 270 ᠭᠠᠷᠤᠢ ᠲᠠᠯᠠᠪᠡᠢ ᠤᠳᠠᠭ᠎ᠠ ᠥᠷᠨᠢᠭᠦᠯᠵᠦ᠂ ᠰᠢᠯᠢᠳᠡᠭ ᠤᠷᠠᠨ ᠰᠠᠶᠢᠬᠠᠨ ᠤ ᠪᠦᠲᠦᠭᠡᠯ ᠢ |
ᠠᠷᠠᠳ ᠲᠦᠮᠡᠨ ᠤ ᠳᠤᠮᠳᠠ ᠬᠦᠷᠭᠡᠪᠡ᠃ |
ᠰᠣᠶᠣᠯ ᠤᠨ ᠠᠵᠤ ᠦᠢᠯᠡᠰ ᠢ ᠶᠡᠬᠡᠪᠡᠷ ᠬᠥᠭᠵᠢᠭᠦᠯᠵᠦ ᠰᠣᠶᠣᠯ ᠤᠨ ᠵᠥᠭᠡᠯᠡᠨ ᠪᠣᠳᠠᠲᠤ ᠬᠦᠴᠦᠨ ᠢ |
ᠳᠡᠭᠡᠭᠰᠢᠯᠡᠭᠦᠯᠪᠡ |
ᠵᠢᠯ ᠤᠨ ᠡᠬᠢᠨ ᠳᠤ᠂ ᠲᠦᠩᠯᠢᠶᠣᠣ ᠬᠤᠳᠠ ᠶᠢᠨ ᠰᠣᠶᠣᠯ ᠵᠢᠭᠤᠯᠴᠢᠯᠠᠯ ᠠᠷᠠᠯᠵᠢᠶ᠎ᠠ ᠬᠤᠳᠠᠯᠳᠤᠭ᠎ᠠ ᠶᠢᠨ |
ᠬᠤᠳᠠᠯᠳᠤᠭᠠᠴᠢᠨ ᠤᠷᠢᠬᠤ ᠶᠡᠭᠡ ᠬᠤᠷᠠᠯ ᠳᠡᠭᠡᠷ᠎ᠡ᠂ ᠲᠤᠬᠠᠢ ᠶᠢᠨ ᠲᠠᠯᠠᠪᠠᠢ ᠳᠤ 18 ᠲᠦᠷᠦᠯ ᠵᠦᠢᠯ ᠳᠤ |
ᠲᠥᠪᠯᠡᠷᠡᠭᠦᠯᠦᠨ ᠭᠠᠷ ᠤᠨ ᠦᠰᠦᠭ ᠵᠢᠷᠤᠪᠠ᠃ ᠡᠭᠦᠨ ᠳᠤ᠂ 8 ᠡᠷᠦᠭᠡ ᠰᠣᠶᠣᠯ ᠵᠢᠭᠤᠯᠴᠢᠯᠠᠯ ᠤᠨ ᠠᠵᠤ |
ᠠᠬᠤᠶᠢᠯᠠᠯ ᠨᠢ ᠪᠡᠭᠡᠵᠢᠩ᠂ ᠴᠠᠩᠴᠦ᠋ᠨ᠂ ᠳ᠋ᠠᠯᠢᠶᠠᠨ ᠵᠡᠷᠭᠡ ᠭᠠᠵᠠᠷ ᠤᠨ ᠰᠣᠶᠣᠯ ᠵᠢᠭᠤᠯᠴᠢᠯᠠᠯ ᠤᠨ ᠠᠵᠤ |
ᠠᠬᠤᠶᠢᠯᠠᠯ ᠲᠠᠢ ᠵᠤᠭᠠᠴᠠᠭᠰᠠᠳ ᠢ ᠬᠠᠷᠢᠯᠴᠠᠨ ᠬᠦᠷᠭᠡᠬᠦ ᠵᠥᠪᠳᠡᠯᠴᠡᠭᠡᠷ ᠲᠤ ᠭᠠᠷ ᠤᠨ ᠦᠰᠦᠭ ᠵᠢᠷᠤᠵᠠᠢ᠃ |
ᠣᠶᠢᠷ᠎ᠠ ᠶᠢᠨ ᠵᠢᠯ᠂ ᠮᠠᠨ ᠤ ᠬᠤᠲᠠ ᠰᠣᠶᠣᠯ ᠵᠢᠭᠤᠯᠴᠢᠯᠠᠯ ᠤᠨ ᠠᠵᠤ ᠦᠢᠯᠡᠰ ᠢᠶᠠᠷ ᠪᠦᠭᠦ ᠬᠤᠲᠠ ᠶᠢᠨ |
ᠴᠢᠨᠠᠷ ᠰᠠᠶᠢᠲᠠᠢ ᠬᠥᠭᠵᠢᠯᠲᠡ ᠶᠢ ᠲᠤᠯᠭᠠᠭᠤᠷᠢᠯᠠᠬᠤ ᠴᠢᠬᠤᠯᠠ ᠠᠵᠤ ᠦᠢᠯᠡᠰ ᠪᠣᠯᠭᠠᠨ ᠪᠣᠶᠢᠵᠢᠭᠤᠯᠬᠤ ᠶᠢ |
ᠪᠠᠷᠢᠮᠲᠠᠯᠠᠵᠤ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠪᠠᠶᠢᠳᠠᠯ᠂ ᠰᠢᠨ᠎ᠡ |
ᠡᠵᠡᠩᠨᠡᠯᠲᠡ ᠶᠢᠨ ᠭᠡᠯᠪᠡᠷᠢ᠂ ᠰᠢᠨ᠎ᠡ ᠵᠠᠭᠪᠤᠷ ᠢ ᠢᠳᠡᠪᠬᠢᠲᠡᠢ ᠬᠠᠶᠢᠨ ᠰᠦᠪᠡᠭᠴᠢᠯᠡᠵᠦ᠂ ︽ᠲᠦᠩᠯᠢᠶᠣᠣ ᠪᠠᠷ ᠵᠤᠭᠠᠯᠠᠶ᠎ᠠ︾ |
ᠭᠡᠬᠦ ᠰᠣᠶᠣᠯ ᠵᠢᠭᠤᠯᠴᠢᠯᠠᠯ ᠤᠨ ᠨᠠᠷᠠᠲᠤ ᠲᠡᠮᠳᠡᠭᠲᠦ ᠶᠢ ᠳᠠᠭᠤᠷᠢᠰᠤᠭᠤᠯᠵᠤ᠂ ᠰᠣᠶᠣᠯ ᠵᠢᠭᠤᠯᠴᠢᠯᠠᠯ ᠤᠨ ᠠᠵᠤ |
ᠦᠢᠯᠡᠰ ᠤᠨ ᠭᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠶᠢ ᠠᠬᠢᠭᠤᠯᠵᠤ᠂ ᠲᠠᠪᠠᠯᠳᠠᠳᠤ ᠬᠥᠭᠵᠢᠯᠲᠡ ᠶᠢ |
ᠪᠡᠶᠡᠯᠡᠭᠦᠯᠪᠡ᠃ |
ᠡᠨᠡ ᠵᠢᠯ᠂ ᠪᠦᠭᠦ ᠬᠤᠲᠠ ᠰᠣᠶᠣᠯ ᠵᠢᠭᠤᠯᠴᠢᠯᠠᠯ ᠤᠨ ᠮᠢᠩᠭᠠᠨ ᠲᠦᠮᠡᠨ ᠲᠥᠭᠦᠷᠢᠭ ᠠᠴᠠ ᠳᠡᠭᠡᠭᠰᠢᠬᠢ |
ᠭᠤᠣᠯᠳᠠᠯᠭ᠎ᠠ ᠲᠠᠢ ᠲᠦᠷᠦᠯ ᠵᠦᠢᠯ ᠢ 22 ᠬᠡᠷᠡᠭᠵᠢᠭᠦᠯᠵᠦ᠂ ᠨᠡᠶᠢᠲᠡ 89.99 ᠳ᠋ᠦᠩᠰᠢᠭᠤᠷ ᠲᠥᠭᠦᠷᠢᠭ ᠤᠨ |
ᠪᠡᠯᠡ ᠣᠷᠣᠭᠤᠯᠬᠤ ᠪᠠᠷ ᠲᠥᠯᠥᠪᠯᠡᠵᠦ᠂ ᠣᠳᠣᠬᠠᠨ ᠳᠤ ᠨᠢᠭᠡᠨᠲᠡ19.33 ᠳ᠋ᠦᠩᠰᠢᠭᠤᠷ ᠲᠥᠭᠦᠷᠢᠭ ᠤᠨ ᠪᠡᠯᠡ |
ᠣᠷᠣᠭᠤᠯᠤᠯᠲᠠ ᠶᠢ ᠪᠡᠶᠡᠯᠡᠭᠦᠯᠵᠦ᠂ ᠶᠤᠸᠠᠢ ᠯᠠᠢ ᠾᠧ ᠵᠢᠭᠤᠯᠴᠢᠯᠠᠵᠤ ᠰᠡᠯᠡᠭᠦᠴᠡᠨ ᠲᠣᠭᠤᠷᠢᠬᠤ ᠵᠡᠭᠡᠯᠢ |
ᠲᠣᠭᠤᠷᠢᠭ ᠤᠨ ᠲᠦᠷᠦᠭᠦᠦ ᠬᠤᠭᠤᠴᠠᠭ᠎ᠠ᠂ ᠬᠦᠷᠢᠶ᠎ᠡ ᠶᠢᠨ ᠮᠥᠩᠭᠦᠨ ᠲᠣᠬᠤᠢ ᠦᠵᠡᠮᠵᠢ ᠶᠢᠨ ᠣᠷᠣᠨ ᠤ |
ᠰᠡᠯᠡᠭᠦᠴᠡᠨ ᠠᠮᠠᠷᠠᠬᠤ ᠶᠡᠷᠦᠩᠬᠡᠶᠢᠯᠡᠭᠰᠡᠨ ᠰᠠᠭᠤᠷᠢ ᠲᠥᠬᠦᠭᠡᠷᠦᠮᠵᠢ ᠶᠢ ᠳᠡᠭᠡᠭᠰᠢᠯᠡᠭᠦᠯᠭᠦ ᠵᠡᠷᠭᠡ 10 ᠲᠥᠷᠥᠯ |
ᠵᠦᠢᠯ ᠢ ᠨᠢᠭᠡᠨᠲᠡ ᠠᠵᠢᠯ ᠡᠬᠢᠯᠡᠭᠦᠯᠦᠭᠰᠡᠨ ᠪᠤᠶᠤ ᠠᠵᠢᠯ ᠰᠡᠷᠭᠦᠭᠡᠵᠦ᠂ ᠬᠤᠷᠴᠢᠨ ᠠᠷᠠᠳ ᠤᠨ ᠵᠠᠩ ᠦᠶᠯᠡ ᠲᠡᠦᠬᠡ |
ᠰᠣᠶᠣᠯ ᠤᠨ ᠬᠦᠷᠢᠶᠡᠯᠡᠩ ᠢ ᠨᠢᠭᠡᠨᠲᠡ ᠨᠡᠭᠡᠭᠡᠨ ᠠᠰᠢᠭᠯᠠᠯᠲᠠ ᠳᠤ ᠣᠷᠣᠭᠤᠯᠪᠠ᠃ ᠰᠣᠶᠣᠯ ᠵᠢᠭᠤᠯᠴᠢᠯᠠᠯ ᠤᠨ |
ᠲᠦᠷᠦᠯ ᠵᠦᠢᠯ ᠤᠨ ᠬᠤᠳᠠᠯᠳᠤᠭᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠶᠢ ᠯᠠᠪᠳᠠᠭᠤᠨ ᠢᠶᠠᠷ |
ᠠᠬᠢᠭᠤᠯᠵᠤ᠂ ᠰᠣᠶᠣᠯ ᠵᠢᠭᠤᠯᠴᠢᠯᠠᠯ ᠤᠨ ᠲᠦᠷᠦᠯ ᠵᠦᠢᠯ ᠤᠨ ᠬᠤᠳᠠᠯᠳᠤᠭᠠᠴᠢᠨ ᠤᠷᠢᠬᠤ ᠡᠷᠴᠢᠮ ᠢ |
ᠴᠢᠩᠭᠠᠷᠠᠭᠤᠯᠤᠨ᠂ 2024 ᠣᠨ ᠳᠤ ᠨᠢᠭᠡᠨᠲᠡ ᠰᠣᠶᠣᠯ ᠵᠢᠭᠤᠯᠴᠢᠯᠠᠯ ᠤᠨ 24 ᠲᠦᠷᠦᠯ ᠵᠦᠢᠯ ᠳᠤ ᠵᠥᠪᠳᠡᠯᠴᠡᠭᠡᠷ |
ᠲᠣᠭᠲᠠᠵᠤ᠂ ᠵᠥᠪᠳᠡᠯᠴᠡᠭᠡᠷ ᠲᠣᠭᠲᠠᠭᠰᠠᠨ ᠵᠣᠭᠤᠰ ᠤᠨ ᠲᠤᠭ᠎ᠠ 9 ᠳ᠋ᠦᠩᠰᠢᠭᠤᠷ ᠲᠥᠭᠦᠷᠢᠭ ᠢ ᠳᠠᠪᠠᠪᠠ᠃ |
ᠰᠢᠨ᠎ᠡ ᠶᠢ ᠡᠭᠦᠳᠦᠨ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ᠂ ᠰᠡᠳᠬᠢᠯ ᠢᠶᠠᠨ ᠨᠢᠭᠡᠳᠬᠡᠨ ᠬᠦᠴᠦ ᠪᠠᠨ |
ᠬᠠᠮᠲᠤᠳᠬᠠᠵᠤ ᠰᠢᠨ᠎ᠡ ᠬᠠᠭᠤᠳᠠᠰᠤ ᠶᠢ ᠪᠢᠴᠢᠭᠯᠡᠨ᠎ᠡ᠃ ᠮᠠᠨ ᠤ ᠬᠤᠲᠠ ᠶᠢᠨ ᠥᠷᠭᠡᠨ ᠣᠯᠠᠨ ᠰᠣᠶᠣᠯ ᠤᠳᠬ᠎ᠠ |
ᠤᠷᠠᠯᠢᠭ ᠤᠨ ᠠᠵᠢᠯᠲᠠᠨ ᠰᠢ ᠶᠢᠨ ᠫᠢᠩ ᠤᠨ ᠰᠣᠶᠣᠯ ᠤᠨ ᠦᠵᠡᠯ ᠰᠠᠨᠠᠭᠠᠨ ᠤ ᠵᠢᠯᠣᠭᠤᠳᠤᠯᠭ᠎ᠠ ᠳᠣᠣᠷ᠎ᠠ᠂ |
ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠢᠵᠢᠮ ᠢ |
ᠪᠦᠭᠦ ᠲᠠᠯ᠎ᠠ ᠪᠠᠷ ᠲᠤᠭᠤᠰᠢᠯᠠᠭᠤᠯᠵᠤ᠂ ᠰᠣᠶᠣᠯ ᠤᠨ ᠰᠢᠨ᠎ᠡ ᠡᠭᠦᠷᠭᠡ ᠶᠢ ᠡᠭᠦᠷᠭᠡᠯᠡᠨ᠂ ᠪᠠᠷᠠᠭᠤᠨ ᠯᠢᠶᠣᠤ ᠾᠧ |
ᠭᠤᠣᠯ ᠤᠨ ᠰᠣᠶᠣᠯ ᠤᠨ ᠨᠡᠷᠡᠲᠦ ᠲᠡᠮᠳᠡᠭ ᠢ ᠡᠭᠦᠳᠴᠦ᠂ ᠲᠦᠩᠯᠢᠶᠣᠣ ᠶᠢᠨ ᠦᠯᠢᠭᠡᠷ ᠢ ᠰᠠᠶᠢᠲᠤᠷ ᠶᠠᠷᠢᠵᠤ᠂ |
ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠳᠤ ᠬᠦᠴᠦᠨ ᠨᠡᠮᠡᠷᠢᠯᠡᠵᠦ᠂ ᠨᠡᠩ ᠭᠤᠶᠢᠳᠠ ᠰᠠᠶᠢᠬᠠᠨ |
ᠰᠣᠶᠣᠯ ᠤᠨ ᠰᠢᠨ᠎ᠡ ᠬᠠᠭᠤᠳᠠᠰᠤ ᠶᠢ ᠪᠢᠴᠢᠭᠯᠡᠵᠦ ᠪᠠᠶᠢᠨ᠎ᠠ᠃ |
|
|
|
|
|
|
|
|
|
|
᠁ |