|     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ |     ᠠᠷᠠᠳ ᠤᠨ ᠵᠠᠰᠠᠭ ᠤᠨ ᠣᠷᠳᠣᠨ ᠤ ᠪᠢᠴᠢᠭ ᠮᠠᠲ᠋ᠧᠷᠢᠶᠠᠯ |     ᠥᠪᠥᠷ ᠵᠠᠰᠠᠭ ᠲᠠᠷᠬᠠᠭᠠᠭᠰᠠᠨ ︹2024︺ 27 ᠳ᠋ᠤᠭᠠᠷ ᠲᠣᠭᠠᠲᠤ |     ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠵᠠᠭᠤᠷᠠᠯᠳᠤᠭᠠᠨ ᠢ ᠰᠡᠷᠭᠡᠶᠢᠯᠡᠬᠦ ᠪᠠ ᠰᠢᠢᠳᠪᠦᠷᠢᠯᠡᠬᠦ ᠠᠷᠭᠠ ᠶᠢ  | ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ  | ᠣᠷᠳᠣᠨ ᠤ ᠮᠡᠳᠡᠭᠳᠡᠯ |     ᠡᠯᠡ ᠠᠶᠢᠮᠠᠭ ᠤᠨ ᠵᠠᠬᠢᠷᠭᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ  | ᠣᠷᠣᠨ ᠤ ᠡᠯᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶᠠ᠂ ᠡᠯᠡ ᠲᠣᠮᠣ ᠠᠵᠤ ᠠᠬᠤᠶᠢᠯᠠᠯ᠂ ᠠᠵᠢᠯ  | ᠦᠢᠯᠡᠰ ᠤᠨ ᠨᠢᠭᠡᠴᠢ ᠳᠤ᠄ |     ᠡᠳᠦᠭᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠵᠠᠭᠤᠷᠠᠯᠳᠤᠭᠠᠨ ᠢ  | ᠰᠡᠷᠭᠡᠶᠢᠯᠡᠬᠦ ᠪᠠ ᠰᠢᠢᠳᠪᠦᠷᠢᠯᠡᠬᠦ ᠠᠷᠭᠠ︾ ᠶᠢ ᠲᠠ ᠨᠠᠷ ᠲᠤ ᠳᠠᠷᠤᠮᠠᠯᠯᠠᠨ ᠶᠠᠪᠤᠭᠤᠯᠤᠯᠠ᠂ ᠪᠣᠳᠠᠲᠠᠢ ᠲᠠᠢ ᠪᠠᠨ  | ᠤᠶᠠᠯᠳᠤᠭᠤᠯᠤᠨ᠂ ᠬᠢᠨᠠᠮᠠᠭᠠᠢ ᠵᠢᠷᠤᠮᠯᠠᠨ ᠬᠡᠷᠡᠭᠵᠢᠭᠦᠯᠲᠦᠭᠡᠢ᠃ |     2024 ᠣᠨ ᠤ 10 ᠳ᠋ᠤᠭᠠᠷ ᠰᠠᠷᠠ ᠶᠢᠨ 16 ᠤ ᠡᠳᠦᠷ |     ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨᠡ︶ |     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ |     ᠵᠠᠭᠤᠷᠠᠯᠳᠤᠭᠠᠨ ᠢ ᠰᠡᠷᠭᠡᠶᠢᠯᠡᠬᠦ ᠪᠠ ᠰᠢᠢᠳᠪᠦᠷᠢᠯᠡᠬᠦ ᠠᠷᠭᠠ |     ᠨᠢᠭᠡᠳᠦᠭᠡᠷ ᠪᠦᠯᠦᠭ ᠶᠡᠷᠦᠩᠬᠡᠢ ᠳᠦᠷᠢᠮ |     ᠨᠢᠭᠡᠳᠦᠭᠡᠷ ᠵᠦᠢᠯ ᠡᠮᠴᠢᠯᠡᠭᠡᠨ ᠤ ᠵᠠᠭᠤᠷᠠᠯᠳᠤᠭᠠᠨ ᠢ ᠪᠦᠲᠦᠮᠵᠢᠲᠡᠶ ᠰᠡᠷᠭᠡᠶᠢᠯᠡᠬᠦ ᠪᠠ ᠲᠣᠬᠢᠲᠠᠢ ᠰᠢᠢᠳᠪᠦᠷᠢᠯᠡᠵᠦ  | ᠂ ᠡᠮᠴᠢ ᠪᠠ ᠡᠪᠡᠳᠴᠢᠲᠡᠨ ᠬᠤᠶᠠᠷ ᠲᠠᠯᠠ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠂ ᠡᠮᠴᠢ ᠪᠠ  | ᠡᠪᠡᠳᠴᠢᠲᠡᠨ ᠤ ᠡᠶᠡ ᠵᠣᠬᠢᠴᠠᠯ ᠤᠨ ᠬᠠᠷᠢᠴᠠᠭᠠ ᠪᠠ ᠡᠮᠴᠢᠯᠡᠭᠡᠨ ᠤ ᠡᠮᠬᠢ ᠵᠢᠷᠤᠮ ᠢ ᠬᠠᠮᠠᠭᠠᠯᠠᠵᠤ᠂ ᠡᠮᠴᠢᠯᠡᠭᠡᠨ ᠤ  | ᠠᠮᠤᠷ ᠲᠦᠪᠰᠢᠨ ᠢ ᠪᠠᠲᠤᠯᠠᠬᠤ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ  | ᠠᠷᠠᠳ ᠤᠨ ᠡᠶᠡᠳᠡᠭᠦᠯᠭᠡ ᠶᠢᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ  | ᠡᠮᠴᠢᠯᠡᠭᠡ ᠡᠷᠡᠭᠦᠯ ᠬᠠᠮᠠᠭᠠᠯᠠᠯ ᠬᠢᠭᠡᠳ ᠡᠷᠡᠭᠦᠯ ᠮᠡᠨᠳᠦ ᠶᠢ ᠠᠬᠢᠭᠤᠯᠬᠤ ᠬᠠᠤᠯᠢ︾᠂ ︽ᠡᠮᠴᠢᠯᠡᠭᠡᠨ ᠤ  | ᠵᠠᠭᠤᠷᠠᠯᠳᠤᠭᠠᠨ ᠢ ᠰᠡᠷᠭᠡᠶᠢᠯᠡᠬᠦ ᠪᠠ ᠰᠢᠢᠳᠪᠦᠷᠢᠯᠡᠬᠦ ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ  | ᠣᠷᠣᠨ ᠤ ᠵᠥᠷᠢᠴᠡᠯ ᠵᠠᠭᠤᠷᠠᠯᠳᠤᠭᠠᠨ ᠢ ᠣᠯᠠᠨ ᠡᠰᠢᠵᠢᠭᠦᠯᠦᠨ ᠰᠢᠢᠳᠪᠦᠷᠢᠯᠡᠬᠦ ᠳᠦᠷᠢᠮ︾ ᠵᠡᠷᠭᠡ ᠬᠠᠤᠯᠢ ᠴᠠᠭᠠᠵᠠ  | ᠬᠠᠤᠯᠢ ᠲᠣᠭᠲᠠᠭᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠵᠤ᠂ ᠲᠣᠰ  | ᠠᠷᠭᠠ ᠶᠢ ᠲᠣᠭᠲᠠᠭᠠᠪᠠ᠃ |     ᠬᠤᠶᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠳᠣᠲᠣᠷᠠᠬᠢ  | ᠡᠮᠴᠢᠯᠡᠭᠡᠨ ᠤ ᠵᠠᠭᠤᠷᠠᠯᠳᠤᠭᠠᠨ ᠢ ᠰᠡᠷᠭᠡᠶᠢᠯᠡᠬᠦ ᠪᠠ ᠰᠢᠢᠳᠪᠦᠷᠢᠯᠡᠬᠦ ᠳᠤ ᠲᠣᠰ ᠠᠷᠭᠠ ᠬᠡᠷᠡᠭᠯᠡᠭᠳᠡᠨᠡ᠃ |     ᠲᠣᠰ ᠠᠷᠭᠠ ᠳᠤ ᠬᠡᠯᠡᠵᠦ ᠪᠠᠶᠢᠭᠠ ᠡᠮᠴᠢᠯᠡᠭᠡᠨ ᠤ ᠵᠠᠭᠤᠷᠠᠯᠳᠤᠭᠠᠨ ᠭᠡᠳᠡᠭ ᠨᠢ ᠡᠮᠴᠢ ᠪᠠ ᠡᠪᠡᠳᠴᠢᠲᠡᠨ  | ᠬᠤᠶᠠᠷ ᠲᠠᠯᠠ ᠶᠢᠨ ᠣᠨᠣᠰᠢᠯᠠᠨ ᠡᠮᠨᠡᠬᠦ ᠠᠵᠢᠯᠯᠠᠭᠠ ᠠᠴᠠ ᠪᠣᠯᠣᠭᠰᠠᠨ ᠮᠠᠷᠭᠤᠭᠠᠨ ᠢ ᠵᠢᠭᠠᠵᠤ ᠪᠣᠢ᠃ |     ᠡᠮᠴᠢ ᠶᠢᠨ ᠲᠠᠯᠠ ᠭᠡᠳᠡᠭ ᠨᠢ ᠡᠮᠴᠢᠯᠡᠭᠡᠨ ᠤ ᠪᠠᠶᠢᠭᠤᠯᠤᠮᠵᠢ ᠵᠢᠴᠢ ᠲᠡᠭᠦᠨ ᠤ ᠡᠮᠨᠡᠯᠭᠡ ᠶᠢᠨ ᠠᠵᠢᠯᠲᠠᠨ ᠢ  | ᠵᠢᠭᠠᠵᠤ ᠪᠣᠢ᠂ ᠡᠪᠡᠳᠴᠢᠲᠡᠨ ᠤ ᠲᠠᠯᠠ ᠭᠡᠳᠡᠭ ᠨᠢ ᠭᠤᠣᠯᠳᠠᠭᠤ ᠡᠪᠡᠳᠴᠢᠲᠡᠨ ᠵᠢᠴᠢ ᠲᠡᠭᠦᠨ ᠤ ᠣᠶᠢᠷᠠ ᠲᠥᠷᠥᠯ  | ᠰᠠᠳᠤᠨ᠂ ᠨᠠᠶᠢᠳᠠᠭᠰᠠᠨ ᠣᠷᠣᠯᠠᠭᠴᠢ ᠪᠤᠶᠤ ᠬᠠᠤᠯᠢ ᠳᠤ ᠲᠣᠭᠲᠠᠭᠠᠭᠰᠠᠨ ᠣᠷᠣᠯᠠᠭᠴᠢ ᠵᠡᠷᠭᠡ ᠬᠠᠮᠢᠶᠠ ᠪᠦᠬᠦᠢ  | ᠬᠥᠮᠥᠰ ᠢ ᠵᠢᠭᠠᠵᠤ ᠪᠣᠢ᠃ |     ᠭᠤᠷᠪᠠᠳᠤᠭᠠᠷ ᠵᠦᠢᠯ ᠡᠮᠴᠢᠯᠡᠭᠡᠨ ᠤ ᠵᠠᠭᠤᠷᠠᠯᠳᠤᠭᠠᠨ ᠢ ᠰᠡᠷᠭᠡᠶᠢᠯᠡᠬᠦ ᠪᠠ ᠰᠢᠢᠳᠪᠦᠷᠢᠯᠡᠬᠦ ᠠᠵᠢᠯ ᠨᠢ  | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠠᠵᠢᠯ ᠤᠨ ᠭᠤᠣᠯ  | ᠰᠢᠵᠢᠮ ᠪᠣᠯᠭᠠᠬᠤ ᠶᠢ ᠪᠠᠷᠢᠮᠲᠠᠯᠠᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭᠠ ᠶᠢ  | ᠪᠠᠷᠢᠮᠲᠠᠯᠠᠨ᠂ ᠰᠢᠨᠡ ᠴᠠᠭ ᠦᠶᠡ ᠶᠢᠨ ︽ᠹᠧᠩᠴᠢᠶᠣᠣ ᠶᠢᠨ ᠲᠤᠷᠰᠢᠯᠭᠠ︾ ᠶᠢ ᠪᠠᠷᠢᠮᠲᠠᠯᠠᠨ ᠬᠥᠭᠵᠢᠭᠦᠯᠬᠦ ᠬᠡᠷᠡᠭᠲᠡᠢ  | ᠃ |     ᠳᠥᠷᠪᠡᠳᠦᠭᠡᠷ ᠵᠦᠢᠯ ᠡᠮᠴᠢ ᠶᠢᠨ ᠲᠠᠯᠠ ᠶᠢᠨ ᠬᠢᠨ ᠵᠠᠩᠭᠢᠯᠠᠭᠠ ᠶᠢᠨ ᠠᠵᠢᠯ ᠢᠶᠠᠨ ᠤᠷᠢᠳᠴᠢᠯᠠᠨ ᠭᠦᠢᠴᠡᠳᠬᠡᠵᠦ  | ᠂ ᠣᠨᠣᠰᠢᠯᠠᠨ ᠡᠮᠨᠡᠬᠦ ᠠᠵᠢᠯᠯᠠᠭᠠ ᠪᠠᠨ ᠵᠢᠷᠤᠮᠵᠢᠭᠤᠯᠤᠨ᠂ ᠡᠮᠴᠢᠯᠡᠭᠡᠨ ᠤ ᠦᠢᠯᠡᠴᠢᠯᠡᠭᠡ ᠪᠠᠨ ᠰᠠᠶᠢᠵᠢᠷᠠᠭᠤᠯᠵᠤ᠂  | ᠡᠮᠴᠢᠯᠡᠭᠡᠨ ᠤ ᠶᠠᠰᠤ ᠴᠢᠨᠠᠷ ᠢᠶᠠᠨ ᠳᠡᠭᠡᠭᠰᠢᠯᠡᠭᠦᠯᠦᠨ᠂ ᠲᠦᠭᠰᠢᠭᠦᠷᠢ ᠶᠢᠨ ᠬᠠᠮᠢᠶᠠᠷᠤᠯᠲᠠ ᠪᠠᠨ ᠴᠢᠩᠭᠠᠳᠬᠠᠵᠤ᠂  | ᠲᠦᠭᠰᠢᠭᠦᠷᠢ ᠶᠢᠨ ᠭᠡᠮ ᠰᠣᠭᠤᠭ ᠢ ᠴᠠᠭ ᠲᠤᠬᠠᠢ ᠳᠤ ᠨᠢ ᠠᠷᠢᠯᠭᠠᠨ᠂ ᠡᠮᠴᠢᠯᠡᠭᠡᠨ ᠤ ᠵᠠᠭᠤᠷᠠᠯᠳᠤᠭᠠᠨ ᠢ ᠰᠡᠷᠭᠡᠶᠢᠯᠡᠨ  | ᠪᠠᠭᠠᠰᠬᠠᠬᠤ ᠬᠡᠷᠡᠭᠲᠡᠢ᠃ |     ᠲᠠᠪᠤᠳᠤᠭᠠᠷ ᠵᠦᠢᠯ ᠡᠮᠴᠢᠯᠡᠭᠡᠨ ᠤ ᠵᠠᠭᠤᠷᠠᠯᠳᠤᠭᠠᠨ ᠢ ᠰᠢᠢᠳᠪᠦᠷᠢᠯᠡᠬᠦ ᠳᠤ ᠬᠠᠷᠢᠶᠠ ᠭᠠᠵᠠᠷ ᠬᠠᠷᠢᠭᠤᠴᠠᠬᠤ᠂  | ᠡᠷᠬᠡ ᠲᠡᠭᠰᠢ ᠲᠥᠪ ᠭᠤᠤᠯᠴᠢ᠂ ᠴᠠᠭ ᠲᠤᠬᠠᠢ ᠳᠤ ᠨᠢ ᠮᠥᠷᠲᠡᠭᠡᠨ ᠠᠷᠠᠳ ᠲᠤ ᠳᠥᠭᠦᠮ ᠦᠵᠡᠭᠦᠯᠬᠦ ᠵᠠᠷᠴᠢᠮ ᠢ  | ᠵᠢᠷᠤᠮᠯᠠᠵᠤ᠂ ᠪᠣᠳᠠᠲᠤ ᠬᠡᠷᠡᠭ ᠢ ᠨᠢ ᠲᠣᠳᠣᠷᠬᠠᠢ ᠪᠣᠯᠭᠠᠬᠤ᠂ ᠴᠢᠨᠠᠷ ᠲᠣᠭᠲᠠᠭᠠᠯᠲᠠ ᠶᠢ ᠨᠢ ᠣᠨᠣᠪᠴᠢᠲᠠᠢ ᠪᠠᠶᠢᠯᠭᠠᠬᠤ  | ᠂ ᠬᠠᠷᠢᠭᠤᠴᠠᠯᠭᠠ ᠶᠢ ᠨᠢ ᠲᠣᠳᠣᠷᠬᠠᠢ ᠪᠠᠶᠢᠯᠭᠠᠬᠤ᠂ ᠬᠠᠤᠯᠢ ᠶᠣᠰᠣᠭᠠᠷ ᠰᠢᠢᠳᠪᠦᠷᠢᠯᠡᠬᠦ ᠶᠢ ᠪᠡᠶᠡᠯᠡᠭᠦᠯᠬᠦ ᠬᠡᠷᠡᠭᠲᠡᠢ᠃ |     ᠵᠢᠷᠭᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠵᠠᠰᠠᠭ ᠤᠨ ᠣᠷᠳᠣᠨ ᠢᠶᠠᠷ ᠭᠤᠣᠯᠯᠠᠨ  | ᠵᠢᠯᠣᠭᠤᠳᠤᠭᠤᠯᠤᠭᠰᠠᠨ᠂ ᠰᠠᠯᠠᠭᠠ ᠮᠥᠴᠢᠷ ᠤᠳ ᠬᠠᠮᠵᠢᠯᠴᠠᠨ ᠠᠵᠢᠯᠯᠠᠭᠰᠠᠨ᠂ ᠨᠡᠶᠢᠭᠡᠮ ᠤᠨ ᠬᠢᠨ ᠬᠠᠮᠲᠤᠷᠠᠨ  | ᠬᠠᠮᠵᠢᠯᠴᠠᠭᠰᠠᠨ ᠡᠮᠴᠢᠯᠡᠭᠡᠨ ᠤ ᠵᠠᠭᠤᠷᠠᠯᠳᠤᠭᠠᠨ ᠢ ᠰᠢᠢᠳᠪᠦᠷᠢᠯᠡᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂  | ᠡᠮᠴᠢᠯᠡᠭᠡᠨ ᠤ ᠵᠠᠭᠤᠷᠠᠯᠳᠤᠭᠠᠨ ᠢ ᠰᠡᠷᠭᠡᠶᠢᠯᠡᠬᠦ ᠪᠠ ᠰᠢᠢᠳᠪᠦᠷᠢᠯᠡᠬᠦ ᠠᠵᠢᠯ ᠢ ᠠᠮᠤᠭᠤᠯᠠᠩᠲᠤ ᠪᠠᠶᠢᠭᠤᠯᠤᠯᠲᠠ ᠶᠢᠨ  | ᠰᠢᠯᠭᠠᠨ ᠬᠢᠨᠠᠵᠤ ᠦᠨᠡᠯᠡᠬᠦ ᠲᠣᠭᠲᠠᠯᠴᠠᠭᠠ ᠳᠤ ᠣᠷᠣᠭᠤᠯᠬᠤ ᠬᠡᠷᠡᠭᠲᠡᠢ᠃ |     ᠳᠣᠯᠣᠳᠤᠭᠠᠷ ᠵᠦᠢᠯ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭᠠ ᠮᠥᠴᠢᠷ ᠤᠳ  | ᠡᠮᠴᠢᠯᠡᠭᠡᠨ ᠤ ᠶᠠᠰᠤ ᠴᠢᠨᠠᠷ ᠪᠠ ᠠᠮᠤᠷ ᠲᠦᠪᠰᠢᠨ ᠢ ᠬᠢᠨᠠᠨ ᠬᠠᠮᠢᠶᠠᠷᠬᠤ᠂ ᠡᠮᠴᠢᠯᠡᠭᠡᠨ ᠤ ᠵᠠᠭᠤᠷᠠᠯᠳᠤᠭᠠᠨ ᠳᠤ ᠵᠠᠰᠠᠭ  | ᠵᠠᠬᠢᠷᠭᠠᠨ ᠤ ᠡᠶᠡᠳᠡᠭᠦᠯᠭᠡ ᠬᠢᠬᠦ᠂ ᠡᠮᠴᠢᠯᠡᠭᠡᠨ ᠤ ᠠᠳᠡᠯ ᠤᠨ ᠵᠠᠰᠠᠭ ᠵᠠᠬᠢᠷᠭᠠᠨ ᠤ ᠪᠠᠶᠢᠴᠠᠭᠠᠨ ᠰᠢᠢᠳᠪᠦᠷᠢᠯᠡᠬᠦ  | ᠡᠭᠦᠷᠭᠡ ᠴᠢᠳᠠᠪᠤᠷᠢ ᠪᠠᠨ ᠭᠦᠢᠴᠡᠳᠬᠡᠵᠦ᠂ ᠡᠮᠴᠢᠯᠡᠭᠡᠨ ᠤ ᠪᠠᠶᠢᠭᠤᠯᠤᠮᠵᠢ ᠶᠢ ᠵᠢᠭᠠᠨ ᠵᠢᠯᠤᠭᠤᠳᠬᠤ ᠪᠠ ᠬᠢᠨᠠᠯᠲᠠ  | ᠲᠠᠯᠪᠢᠵᠤ ᠪᠠᠶᠢᠭᠠᠳ ᠡᠮᠴᠢᠯᠡᠭᠡᠨ ᠤ ᠵᠠᠭᠤᠷᠠᠯᠳᠤᠭᠠᠨ ᠢ ᠰᠡᠷᠭᠡᠶᠢᠯᠡᠬᠦ ᠪᠠ ᠰᠢᠢᠳᠪᠦᠷᠢᠯᠡᠬᠦ ᠠᠵᠢᠯ ᠢ ᠰᠠᠶᠢᠲᠤᠷ ᠬᠢᠯᠭᠡᠵᠦ  | ᠂ ᠡᠮᠴᠢ ᠪᠠ ᠡᠪᠡᠳᠴᠢᠲᠡᠨ ᠬᠤᠶᠠᠷ ᠲᠠᠯᠠ ᠶᠢ ᠬᠥᠲᠥᠯᠥᠨ ᠵᠢᠯᠤᠭᠤᠳᠴᠤ ᠪᠠᠶᠢᠭᠠᠳ ᠡᠮᠴᠢᠯᠡᠭᠡᠨ ᠤ  | ᠵᠠᠭᠤᠷᠠᠯᠳᠤᠭᠠᠨ ᠢ ᠬᠠᠤᠯᠢ ᠶᠣᠰᠣᠭᠠᠷ ᠰᠢᠢᠳᠪᠦᠷᠢᠯᠡᠭᠦᠯᠬᠦ ᠬᠡᠷᠡᠭᠲᠡᠢ᠃ |     ᠨᠠᠢᠮᠠᠳᠤᠭᠠᠷ ᠵᠦᠢᠯ ᠳᠣᠲᠣᠭᠠᠳᠤ ᠶᠢ ᠬᠠᠮᠠᠭᠠᠯᠠᠬᠤ ᠪᠠᠶᠢᠭᠤᠯᠭᠠ ᠨᠤᠭᠤᠳ ᠭᠤᠷᠪᠠᠳᠤᠭᠠᠷ ᠲᠠᠰ ᠤᠨ ᠡᠮᠨᠡᠯᠭᠡ ᠶᠢᠨ  | ᠬᠤᠷᠢᠶᠠ ᠪᠠ ᠨᠥᠬᠦᠴᠡᠯ ᠲᠠᠢ ᠬᠤᠶᠠᠳᠤᠭᠠᠷ ᠲᠠᠰ ᠤᠨ ᠡᠮᠨᠡᠯᠭᠡ ᠶᠢᠨ ᠬᠤᠷᠢᠶᠠᠨ ᠳᠤ ᠴᠠᠭᠳᠠᠭᠠᠨ ᠤ ᠶᠠᠪᠤᠳᠠᠯ ᠤᠨ  | ᠲᠠᠰᠤᠭ ᠲᠣᠬᠢᠷᠠᠭᠤᠯᠵᠤ᠂ ᠴᠢᠬᠤᠯᠠ ᠪᠦᠬᠦᠢ ᠴᠠᠭᠳᠠᠭᠠᠨ ᠤ ᠬᠦᠴᠦᠨ ᠲᠣᠬᠢᠷᠠᠭᠤᠯᠬᠤ ᠬᠡᠷᠡᠭᠲᠡᠢ︔ ᠨᠥᠬᠦᠴᠡᠯ  | ᠪᠦᠷᠢᠳᠦᠭᠦᠯᠦᠭᠡᠳᠦᠢ ᠬᠤᠶᠠᠳᠤᠭᠠᠷ ᠲᠠᠰ ᠤᠨ ᠡᠮᠨᠡᠯᠭᠡ ᠶᠢᠨ ᠬᠤᠷᠢᠶᠠᠨ ᠤ ᠡᠷᠭᠢᠨ ᠲᠣᠭᠤᠷᠢᠨ ᠳᠤ ᠠᠮᠤᠷ ᠢ  | ᠬᠠᠮᠠᠭᠠᠯᠠᠬᠤ ᠬᠠᠷᠠᠭᠤᠯ ᠤᠨ ᠭᠠᠵᠠᠷ ︵ᠴᠠᠭᠳᠠᠨ ᠪᠠᠶᠢᠴᠠᠭᠠᠬᠤ ᠳᠤ ᠡᠷᠬᠡᠪᠰᠢ ᠬᠦᠷᠬᠦ ᠴᠡᠭ︶ ᠲᠣᠬᠢᠷᠠᠭᠤᠯᠬᠤ  | ᠬᠡᠷᠡᠭᠲᠡᠢ᠃ ᠡᠮᠴᠢᠯᠡᠭᠡᠨ ᠤ ᠪᠠᠶᠢᠭᠤᠯᠤᠮᠵᠢ ᠶᠢᠨ ᠠᠮᠤᠷ ᠢ ᠬᠠᠮᠠᠭᠠᠯᠠᠬᠤ ᠲᠠᠯᠠ ᠪᠠᠷ ᠬᠢ ᠡᠮᠬᠢ ᠵᠢᠷᠤᠮ ᠢ ᠬᠠᠤᠯᠢ  | ᠶᠣᠰᠣᠭᠠᠷ ᠬᠠᠮᠠᠭᠠᠯᠠᠵᠤ᠂ ᠡᠮᠴᠢᠯᠡᠭᠡᠨ ᠤ ᠡᠮᠬᠢ ᠳᠢᠭᠯᠢᠮ ᠢ ᠰᠠᠮᠠᠭᠤᠷᠠᠭᠤᠯᠬᠤ ᠵᠡᠷᠭᠡ ᠬᠠᠤᠯᠢ ᠠᠴᠠ ᠵᠥᠷᠢᠴᠡᠭᠰᠡᠨ  | ᠶᠠᠯᠠᠲᠤ ᠠᠵᠢᠯᠯᠠᠭᠠ ᠶᠢ ᠪᠠᠶᠢᠴᠠᠭᠠᠨ ᠰᠢᠢᠳᠪᠦᠷᠢᠯᠡᠬᠦ ᠪᠠ ᠴᠣᠬᠢᠯᠲᠠ ᠥᠭᠬᠦ ᠬᠡᠷᠡᠭᠲᠡᠢ᠃ |     ᠶᠢᠰᠦᠳᠦᠭᠡᠷ ᠵᠦᠢᠯ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭᠠ ᠮᠥᠴᠢᠷ ᠤᠳ ᠡᠮᠴᠢᠯᠡᠭᠡᠨ ᠤ  | ᠵᠠᠭᠤᠷᠠᠯᠳᠤᠭᠠᠨ ᠤ ᠠᠷᠠᠳ ᠤᠨ ᠡᠶᠡᠳᠡᠭᠦᠯᠭᠡ ᠶᠢᠨ ᠠᠵᠢᠯ ᠢ ᠬᠠᠷᠢᠭᠤᠴᠠᠨ ᠵᠢᠯᠤᠭᠤᠳᠴᠤ᠂ ᠡᠮᠴᠢᠯᠡᠭᠡᠨ ᠤ  | ᠵᠠᠭᠤᠷᠠᠯᠳᠤᠭᠠᠨ ᠢ ᠡᠶᠡᠳᠡᠭᠦᠯᠬᠦ ᠠᠵᠢᠯ ᠤᠨ ᠵᠢᠷᠤᠮᠵᠢᠭᠤᠯᠤᠯᠲᠠ᠂ ᠲᠤᠰᠬᠠᠶᠢᠵᠢᠯᠲᠠ ᠶᠢ ᠠᠬᠢᠭᠤᠯᠬᠤ ᠬᠡᠷᠡᠭᠲᠡᠢ᠃ |     ᠡᠯᠡ ᠭᠠᠵᠠᠷ ᠣᠷᠣᠨ ᠨᠢ ᠬᠡᠷᠡᠭᠴᠡᠭᠡ ᠪᠠᠨ ᠦᠨᠳᠦᠰᠦᠯᠡᠨ ᠡᠮᠴᠢᠯᠡᠭᠡᠨ ᠤ ᠵᠠᠭᠤᠷᠠᠯᠳᠤᠭᠠᠨ ᠤ ᠠᠷᠠᠳ ᠤᠨ  | ᠡᠶᠡᠳᠡᠭᠦᠯᠭᠡ ᠶᠢᠨ ᠺᠣᠮᠢᠰ ᠢ ᠪᠠᠶᠢᠭᠤᠯᠵᠤ᠂ ᠲᠤᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠡᠮᠴᠢᠯᠡᠭᠡᠨ ᠤ  | ᠵᠠᠭᠤᠷᠠᠯᠳᠤᠭᠠᠨ ᠤ ᠠᠷᠠᠳ ᠤᠨ ᠡᠶᠡᠳᠡᠭᠦᠯᠭᠡ ᠶᠢᠨ ᠠᠵᠢᠯ ᠢ ᠬᠠᠷᠢᠭᠤᠴᠠᠭᠤᠯᠤᠨ᠂ ᠮᠡᠳᠡᠭᠡ ᠵᠠᠩᠭᠢ ᠨᠡᠪᠲᠡᠷᠡᠯᠴᠡᠬᠦ  | ᠲᠣᠭᠲᠠᠴᠠ ᠶᠢ ᠪᠠᠶᠢᠭᠤᠯᠵᠤ᠂ ᠡᠮᠴᠢᠯᠡᠭᠡᠨ ᠤ ᠵᠠᠭᠤᠷᠠᠯᠳᠤᠭᠠᠨ ᠢ ᠣᠯᠠᠨ ᠡᠰᠢᠵᠢᠭᠦᠯᠦᠨ ᠰᠢᠢᠳᠪᠦᠷᠢᠯᠡᠬᠦ ᠠᠷᠭᠠ ᠵᠠᠮ ᠢ  | ᠰᠢᠯᠤᠭᠤᠳᠬᠠᠬᠤ ᠬᠡᠷᠡᠭᠲᠡᠢ᠃ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ ᠪᠤᠶᠤ ᠨᠡᠶᠢᠭᠡᠮ ᠤᠨ  | ᠬᠦᠴᠦᠨ ᠢ ᠣᠷᠣᠭᠤᠯᠤᠨ ᠠᠪᠴᠢᠷᠠᠵᠤ ᠡᠮᠴᠢᠯᠡᠭᠡᠨ ᠤ ᠵᠠᠭᠤᠷᠠᠯᠳᠤᠭᠠᠨ ᠤ ᠠᠷᠠᠳ ᠤᠨ ᠡᠶᠡᠳᠡᠭᠦᠯᠭᠡ ᠶᠢᠨ ᠵᠣᠬᠢᠶᠠᠨ  | ᠪᠠᠶᠢᠭᠤᠯᠤᠯᠲᠠ ᠶᠢ ᠨᠡᠭᠡᠭᠡᠨ ᠡᠷᠬᠢᠯᠡᠬᠦ ᠵᠡᠷᠭᠡ ᠠᠷᠭᠠ ᠮᠠᠶ᠋ᠢᠭ ᠢᠶᠠᠷ ᠳᠠᠮᠵᠢᠭᠤᠯᠤᠨ᠂ ᠡᠮᠴᠢᠯᠡᠭᠡᠨ ᠤ ᠵᠠᠭᠤᠷᠠᠯᠳᠤᠭᠠᠨ ᠤ  | ᠠᠷᠠᠳ ᠤᠨ ᠡᠶᠡᠳᠡᠭᠦᠯᠭᠡ ᠶᠢᠨ ᠠᠵᠢᠯ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠦᠨᠡᠨ ᠬᠦ ᠪᠠᠲᠤᠯᠠᠬᠤ  | ᠬᠡᠷᠡᠭᠲᠡᠢ᠃ |     ᠠᠷᠪᠠᠳᠤᠭᠠᠷ ᠵᠦᠢᠯ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠰᠠᠯᠠᠭᠠ ᠮᠥᠴᠢᠷ ᠪᠠ  | ᠳᠠᠭᠠᠳᠬᠠᠯ ᠤᠨ ᠪᠠᠶᠢᠭᠤᠯᠤᠮᠵᠢ ᠨᠤᠭᠤᠳ ᠡᠮᠴᠢᠯᠡᠭᠡᠨ ᠤ ᠲᠦᠭᠰᠢᠭᠦᠷᠢ ᠶᠢ ᠬᠤᠪᠢᠶᠠᠷᠢᠯᠠᠨ ᠡᠭᠦᠷᠭᠡᠯᠡᠬᠦ  | ᠲᠣᠭᠲᠠᠴᠠ ᠶᠢᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠳᠠᠭᠠᠳᠬᠠᠯ ᠤᠨ ᠪᠠᠲᠤᠯᠠᠭᠠ ᠶᠢᠨ ᠠᠷᠭᠠ  | ᠬᠡᠮᠵᠢᠶᠡ ᠪᠠᠨ ᠪᠠᠶᠠᠯᠢᠭᠵᠢᠭᠤᠯᠬᠤ ᠬᠡᠷᠡᠭᠲᠡᠢ᠃ |     ᠠᠷᠪᠠᠨ ᠨᠢᠭᠡᠳᠦᠭᠡᠷ ᠵᠦᠢᠯ ᠡᠳ᠋ ᠤᠨ ᠵᠠᠰᠠᠭ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ  | ᠪᠠᠲᠤᠯᠠᠭᠠ᠂ ᠵᠠᠬᠢᠳᠠᠯ ᠰᠤᠷᠪᠤᠯᠵᠢᠯᠠᠯ᠂ ᠡᠮᠴᠢᠯᠡᠭᠡᠨ ᠤ ᠪᠠᠲᠤᠯᠠᠭᠠ ᠵᠡᠷᠭᠡ ᠰᠠᠯᠠᠭᠠ ᠮᠥᠴᠢᠷ ᠤᠳ ᠲᠤᠰ  | ᠲᠤᠰ ᠤᠨ ᠢᠶᠠᠨ ᠡᠭᠦᠷᠭᠡ ᠬᠠᠷᠢᠭᠤᠴᠠᠯᠭᠠ ᠶᠣᠰᠣᠭᠠᠷ ᠡᠮᠴᠢᠯᠡᠭᠡᠨ ᠤ ᠵᠠᠭᠤᠷᠠᠯᠳᠤᠭᠠᠨ ᠢ ᠰᠡᠷᠭᠡᠶᠢᠯᠡᠬᠦ ᠬᠢᠭᠡᠳ  | ᠰᠢᠢᠳᠪᠦᠷᠢᠯᠡᠬᠦ ᠬᠠᠮᠢᠶᠠ ᠪᠦᠬᠦᠢ ᠠᠵᠢᠯ ᠢ ᠰᠠᠶᠢᠲᠤᠷ ᠬᠢᠬᠦ ᠬᠡᠷᠡᠭᠲᠡᠢ᠃ |     ᠠᠷᠠᠳ ᠤᠨ ᠶᠠᠪᠤᠳᠠᠯ ᠤᠨ ᠰᠠᠯᠠᠭᠠ ᠮᠥᠴᠢᠷ ᠤᠳ ᠣᠷᠣᠰᠢᠭᠤᠯᠭᠠ ᠶᠢᠨ ᠦᠢᠯᠡᠴᠢᠯᠡᠭᠡᠨ ᠤ ᠪᠠᠶᠢᠭᠤᠯᠤᠮᠵᠢ ᠶᠢ  | ᠵᠢᠯᠤᠭᠤᠳᠴᠤ ᠪᠠᠶᠢᠭᠠᠳ ᠡᠪᠡᠳᠴᠢᠲᠡᠨ ᠤ ᠴᠢᠨᠳᠠᠷ ᠢ ᠬᠦᠯᠢᠶᠡᠨ ᠠᠪᠴᠤ ᠲᠡᠭᠡᠭᠡᠪᠦᠷᠢᠯᠡᠬᠦ ᠠᠵᠢᠯ ᠢ ᠬᠠᠤᠯᠢ ᠶᠣᠰᠣᠭᠠᠷ  | ᠰᠠᠶᠢᠲᠤᠷ ᠬᠢᠯᠭᠡᠬᠦ ᠶᠢ ᠬᠠᠷᠢᠭᠤᠴᠠᠨᠠ᠃ |     ᠡᠮᠴᠢᠯᠡᠭᠡᠨ ᠤ ᠪᠠᠶᠢᠭᠤᠯᠤᠮᠵᠢ ᠶᠢᠨ ᠪᠠᠶᠢᠭᠠ ᠭᠠᠵᠠᠷ᠂ ᠡᠪᠡᠳᠴᠢᠲᠡᠨ ᠤ ᠡᠷᠦᠬᠡ ᠠᠮᠠ ᠶᠢᠨ ᠪᠠᠶᠢᠭᠠ ᠭᠠᠵᠠᠷ  | ᠪᠤᠶᠤ ᠰᠠᠭᠤᠭᠠ ᠭᠠᠵᠠᠷ ᠤᠨ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠵᠡᠭᠡᠯᠢ  | ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠠ ᠭᠠᠴᠠᠭᠠ ᠲᠣᠰᠬᠤᠨ ︵ᠰᠠᠭᠤᠭᠠᠯᠢ︶ ᠤ ᠠᠷᠠᠳ ᠤᠨ ᠵᠥᠪᠯᠡᠯ ᠵᠢᠴᠢ  | ᠬᠠᠮᠢᠶᠠ ᠪᠦᠬᠦᠢ ᠨᠢᠭᠡᠴᠢ ᠨᠦᠭᠦᠳ ᠡᠮᠴᠢᠯᠡᠭᠡᠨ ᠤ ᠵᠠᠭᠤᠷᠠᠯᠳᠤᠭᠠᠨ ᠢ ᠰᠡᠷᠭᠡᠶᠢᠯᠡᠬᠦ ᠪᠠ ᠰᠢᠢᠳᠪᠦᠷᠢᠯᠡᠬᠦ ᠠᠵᠢᠯ ᠢ  | ᠢᠳᠡᠪᠬᠢᠲᠡᠢ ᠰᠠᠶᠢᠲᠤᠷ ᠬᠢᠬᠦ ᠬᠡᠷᠡᠭᠲᠡᠢ᠃ |     ᠠᠷᠪᠠᠨ ᠬᠤᠶᠠᠳᠤᠭᠠᠷ ᠵᠦᠢᠯ ᠡᠮᠨᠡᠯᠭᠡ ᠶᠢᠨ ᠬᠤᠷᠢᠶᠠ ᠨᠤᠭᠤᠳ ᠤᠨ ᠨᠡᠶᠢᠭᠡᠮᠯᠢᠭ᠂ ᠡᠮᠴᠢ ᠨᠠᠷ ᠤᠨ ᠨᠡᠶᠢᠭᠡᠮᠯᠢᠭ  | ᠵᠡᠷᠭᠡ ᠬᠤᠯᠪᠣᠭᠳᠠᠯ ᠪᠦᠬᠦᠢ ᠠᠵᠢᠯ ᠲᠥᠷᠥᠯ ᠤᠨ ᠵᠣᠬᠢᠶᠠᠨ ᠪᠠᠶᠢᠭᠤᠯᠤᠯᠲᠠ ᠪᠠ ᠡᠮᠴᠢᠯᠡᠭᠡᠨ ᠤ  | ᠪᠠᠶᠢᠭᠤᠯᠤᠮᠵᠢ ᠨᠤᠭᠤᠳ ᠠᠵᠢᠯ ᠲᠥᠷᠥᠯ ᠤᠨ ᠱᠠᠭᠠᠷᠳᠠᠯᠭᠠ ᠪᠠᠨ ᠴᠢᠩᠭᠠᠳᠬᠠᠨ᠂ ᠡᠮᠨᠡᠯᠭᠡ ᠶᠢᠨ ᠠᠵᠢᠯᠲᠠᠨ ᠤ ᠠᠵᠢᠯ  | ᠡᠷᠬᠢᠯᠡᠬᠦ ᠦᠢᠯᠡ ᠠᠵᠢᠯᠯᠠᠭᠠ ᠶᠢ ᠴᠢᠩᠭᠠ ᠵᠢᠷᠤᠮᠵᠢᠭᠤᠯᠵᠤ᠂ ᠡᠮᠨᠡᠯᠭᠡ ᠶᠢᠨ ᠠᠵᠢᠯᠲᠠᠳ ᠤᠨ ᠡᠮᠴᠢ ᠶᠢᠨ ᠮᠣᠷᠠᠯ  | ᠰᠤᠷᠲᠠᠯ ᠤᠨ ᠬᠥᠮᠦᠵᠢᠯ ᠢ ᠴᠢᠩᠭᠠᠳᠬᠠᠬᠤ ᠬᠡᠷᠡᠭᠲᠡᠢ᠃ |     ᠠᠷᠪᠠᠨ ᠭᠤᠷᠪᠠᠳᠤᠭᠠᠷ ᠵᠦᠢᠯ ᠰᠣᠨᠢᠨ ᠮᠡᠳᠡᠭᠡᠨ ᠤ ᠵᠠᠭᠤᠴᠢᠯᠠᠭᠤᠷ ᠨᠢ ᠡᠮᠴᠢᠯᠡᠭᠡ ᠡᠷᠡᠭᠦᠯ ᠬᠠᠮᠠᠭᠠᠯᠠᠯ ᠤᠨ  | ᠬᠠᠤᠯᠢ ᠴᠠᠭᠠᠵᠠ᠂ ᠬᠠᠤᠯᠢ ᠲᠣᠭᠲᠠᠭᠠᠯ ᠪᠠ ᠡᠮᠴᠢᠯᠡᠭᠡ ᠡᠷᠡᠭᠦᠯ ᠬᠠᠮᠠᠭᠠᠯᠠᠯ ᠤᠨ ᠮᠡᠳᠡᠯᠭᠡ ᠶᠢᠨ ᠤᠬᠠᠭᠤᠯᠭᠠ  | ᠥᠷᠨᠢᠭᠦᠯᠵᠦ᠂ ᠣᠯᠠᠨ ᠨᠡᠶᠢᠲᠡ ᠶᠢᠨ ᠡᠮᠴᠢ ᠪᠠ ᠡᠪᠡᠳᠴᠢᠲᠡᠨ ᠤ ᠬᠠᠷᠢᠴᠠᠭᠠ᠂ ᠡᠮᠴᠢᠯᠡᠭᠡᠨ ᠤ ᠲᠦᠭᠰᠢᠭᠦᠷᠢ ᠳᠤ  | ᠤᠬᠠᠮᠵᠢ ᠲᠠᠢ ᠬᠠᠨᠳᠤᠬᠤ ᠶᠢ ᠬᠥᠲᠥᠯᠥᠨ ᠵᠢᠯᠤᠭᠤᠳᠬᠤ ᠬᠡᠷᠡᠭᠲᠡᠢ︔ ᠡᠮᠴᠢᠯᠡᠭᠡᠨ ᠤ ᠵᠠᠭᠤᠷᠠᠯᠳᠤᠭᠠᠨ ᠢ  | ᠮᠡᠳᠡᠭᠡᠯᠡᠬᠦ ᠳᠤ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠢ ᠵᠢᠷᠤᠮᠯᠠᠵᠤ᠂ ᠦᠨᠡᠨ  | ᠪᠣᠳᠠᠲᠠᠢ᠂ ᠪᠤᠰᠤᠳᠴᠢ᠂ ᠲᠥᠪ ᠭᠤᠤᠯᠴᠢ᠂ ᠠᠵᠢᠯ ᠤᠨ ᠮᠣᠷᠠᠯ ᠢ ᠬᠢᠴᠢᠶᠡᠩᠭᠦ᠋ᠢᠯᠡᠨ ᠰᠠᠬᠢᠬᠤ ᠶᠢ ᠪᠡᠶᠡᠯᠡᠭᠦᠯᠬᠦ  | ᠬᠡᠷᠡᠭᠲᠡᠢ᠃ |     ᠠᠷᠠᠳ ᠢᠷᠭᠡᠨ᠂ ᠬᠠᠤᠯᠢ ᠶᠢᠨ ᠡᠷᠬᠡᠲᠡᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠡᠮᠴᠢᠯᠡᠭᠡᠨ ᠤ  | ᠵᠠᠭᠤᠷᠠᠯᠳᠤᠭᠠᠨ ᠤ ᠬᠠᠮᠢᠶᠠ ᠪᠦᠬᠦᠢ ᠶᠠᠷᠢᠶᠠ ᠬᠡᠯᠡᠯᠴᠡᠭᠡ ᠶᠢ ᠨᠡᠶᠢᠲᠡᠯᠡᠬᠦ ᠳᠤ ᠪᠠᠨ᠂ ᠬᠠᠮᠢᠶᠠ ᠪᠦᠬᠦᠢ ᠬᠠᠤᠯᠢ ᠴᠠᠭᠠᠵᠠ  | ᠬᠠᠤᠯᠢ ᠲᠣᠭᠲᠠᠭᠠᠯ ᠢ ᠵᠢᠷᠤᠮᠯᠠᠵᠤ᠂ ᠪᠣᠳᠠᠲᠤ ᠶᠠᠪᠤᠳᠠᠯ ᠢᠶᠠᠷ ᠦᠨᠳᠦᠰᠦᠯᠡᠯ ᠪᠣᠯᠭᠠᠬᠤ ᠬᠡᠷᠡᠭᠲᠡᠢ᠃ |     ᠠᠷᠪᠠᠨ ᠳᠥᠷᠪᠡᠳᠦᠭᠡᠷ ᠵᠦᠢᠯ ᠨᠡᠶᠢᠭᠡᠮ ᠨᠡᠶᠢᠲᠡ ᠪᠠᠷ ᠢᠶᠠᠨ ᠡᠮᠨᠡᠯᠭᠡ ᠶᠢᠨ ᠠᠵᠢᠯᠲᠠᠨ ᠢ ᠬᠦᠨᠳᠦᠳᠬᠡᠨ᠂  | ᠡᠮᠨᠡᠯᠭᠡ ᠶᠢᠨ ᠠᠵᠢᠯᠲᠠᠨ ᠳᠤ ᠬᠥᠮᠥᠨᠴᠢ ᠬᠠᠯᠠᠮᠵᠢᠯᠠᠯ ᠥᠭᠬᠦ ᠪᠠᠨ ᠴᠢᠩᠭᠠᠳᠬᠠᠵᠤ᠂ ᠡᠮᠨᠡᠯᠭᠡ ᠶᠢᠨ ᠠᠵᠢᠯᠲᠠᠨ ᠤ  | ᠠᠵᠢᠯ ᠢ ᠳᠡᠮᠵᠢᠬᠦ ᠬᠡᠷᠡᠭᠲᠡᠢ᠃ ᠶᠠᠮᠠᠷᠪᠠ ᠨᠢᠭᠡᠴᠢ ᠪᠠ ᠬᠤᠪᠢ ᠬᠥᠮᠥᠨ ᠭᠡᠳ ᠡᠮᠴᠢᠯᠡᠭᠡᠨ ᠤ ᠪᠠᠶᠢᠭᠤᠯᠤᠮᠵᠢ ᠵᠢᠴᠢ  | ᠲᠡᠭᠦᠨ ᠤ ᠡᠮᠨᠡᠯᠭᠡ ᠶᠢᠨ ᠠᠵᠢᠯᠲᠠᠨ ᠤ ᠬᠠᠤᠯᠢ ᠶᠣᠰᠣᠭᠠᠷ ᠡᠭᠦᠷᠭᠡ ᠬᠠᠷᠢᠭᠤᠴᠠᠯᠭᠠ ᠪᠠᠨ ᠭᠦᠢᠴᠡᠳᠬᠡᠬᠦ ᠶᠢ  | ᠬᠠᠷᠰᠢᠯᠠᠨ ᠰᠠᠭᠠᠲᠠᠭᠠᠬᠤ ᠪᠠ ᠨᠥᠯᠥᠭᠡᠯᠡᠵᠦ ᠪᠣᠯᠬᠤ ᠦᠭᠡᠢ᠂ ᠡᠮᠨᠡᠯᠭᠡ ᠶᠢᠨ ᠠᠵᠢᠯᠲᠠᠨ ᠤ ᠬᠥᠮᠥᠨ ᠮᠥᠰᠥ ᠨᠡᠷᠡ  | ᠬᠦᠨᠳᠦ᠂ ᠪᠡᠶᠡ ᠶᠢᠨ ᠠᠮᠤᠷ ᠲᠦᠪᠰᠢᠨ ᠳᠤ ᠬᠠᠯᠳᠠᠵᠤ ᠪᠣᠯᠬᠤ ᠦᠭᠡᠢ᠃ ᠡᠮᠴᠢ ᠪᠠ ᠡᠪᠡᠳᠴᠢᠲᠡᠨ ᠬᠤᠶᠠᠷ  | ᠲᠠᠯᠠ ᠪᠠᠷ ᠢᠶᠠᠨ ᠬᠠᠷᠢᠯᠴᠠᠨ ᠬᠦᠨᠳᠦᠳᠭᠡᠵᠦ᠂ ᠣᠶᠢᠯᠠᠭᠠᠯᠴᠠᠵᠤ᠂ ᠢᠲᠡᠭᠡᠯᠴᠡᠵᠦ᠂ ᠡᠮᠴᠢ ᠪᠠ ᠡᠪᠡᠳᠴᠢᠲᠡᠨ ᠤ ᠡᠶᠡ  | ᠵᠣᠬᠢᠴᠠᠯ ᠤᠨ ᠬᠠᠷᠢᠴᠠᠭᠠ ᠶᠢ ᠬᠠᠮᠲᠤ ᠪᠠᠷ ᠪᠠᠶᠢᠭᠤᠯᠬᠤ ᠬᠡᠷᠡᠭᠲᠡᠢ᠃ |     ᠬᠤᠶᠠᠳᠤᠭᠠᠷ ᠪᠦᠯᠦᠭ ᠡᠮᠴᠢᠯᠡᠭᠡᠨ ᠤ ᠵᠠᠭᠤᠷᠠᠯᠳᠤᠭᠠᠨ ᠢ ᠰᠡᠷᠭᠡᠶᠢᠯᠡᠬᠦ |     ᠠᠷᠪᠠᠨ ᠲᠠᠪᠤᠳᠤᠭᠠᠷ ᠵᠦᠢᠯ ᠡᠮᠴᠢᠯᠡᠭᠡᠨ ᠤ ᠪᠠᠶᠢᠭᠤᠯᠤᠮᠵᠢ ᠵᠢᠴᠢ ᠲᠡᠭᠦᠨ ᠤ ᠡᠮᠨᠡᠯᠭᠡ ᠶᠢᠨ ᠠᠵᠢᠯᠲᠠᠨ  | ᠣᠨᠣᠰᠢᠯᠠᠨ ᠡᠮᠨᠡᠬᠦ ᠠᠵᠢᠯᠯᠠᠭᠠ ᠳᠤ ᠪᠠᠨ ᠡᠪᠡᠳᠴᠢᠲᠡᠨ ᠢᠶᠠᠷ ᠭᠤᠣᠯ ᠪᠣᠯᠭᠠᠵᠤ᠂ ᠬᠥᠮᠥᠨᠴᠢ ᠬᠠᠯᠠᠮᠵᠢᠯᠠᠯ ᠢᠶᠠᠨ  | ᠴᠢᠩᠭᠠᠳᠬᠠᠨ᠂ ᠡᠮᠴᠢᠯᠡᠭᠡ ᠡᠷᠡᠭᠦᠯ ᠬᠠᠮᠠᠭᠠᠯᠠᠯ ᠤᠨ ᠬᠠᠤᠯᠢ ᠴᠠᠭᠠᠵᠠ᠂ ᠬᠠᠤᠯᠢ ᠲᠣᠭᠲᠠᠭᠠᠯ᠂ ᠲᠣᠭᠲᠠᠭᠠᠯ ᠳᠦᠷᠢᠮ  | ᠪᠠ ᠣᠨᠣᠰᠢᠯᠠᠨ ᠡᠮᠨᠡᠬᠦ ᠬᠠᠮᠢᠶᠠ ᠪᠦᠬᠦᠢ ᠵᠢᠷᠤᠮᠵᠢᠯ᠂ ᠵᠤᠷᠰᠢᠯ ᠢ ᠴᠢᠩᠭᠠ ᠵᠢᠷᠤᠮᠯᠠᠨ ᠰᠠᠬᠢᠵᠤ᠂ ᠠᠵᠢᠯ ᠤᠨ ᠮᠣᠷᠠᠯ ᠢ  | ᠬᠢᠴᠢᠶᠡᠩᠭᠦ᠋ᠢᠯᠡᠨ ᠰᠠᠬᠢᠬᠤ ᠬᠡᠷᠡᠭᠲᠡᠢ᠃ ᠡᠮᠴᠢᠯᠡᠭᠡᠨ ᠤ ᠪᠠᠶᠢᠭᠤᠯᠤᠮᠵᠢ ᠨᠤᠭᠤᠳ ᠲᠡᠭᠦᠨ ᠤ ᠡᠮᠨᠡᠯᠭᠡ ᠶᠢᠨ  | ᠠᠵᠢᠯᠲᠠᠨ ᠳᠤ ᠡᠮᠴᠢᠯᠡᠭᠡ ᠡᠷᠡᠭᠦᠯ ᠬᠠᠮᠠᠭᠠᠯᠠᠯ ᠤᠨ ᠬᠠᠤᠯᠢ ᠴᠠᠭᠠᠵᠠ᠂ ᠬᠠᠤᠯᠢ ᠲᠣᠭᠲᠠᠭᠠᠯ᠂ ᠲᠣᠭᠲᠠᠭᠠᠯ ᠳᠦᠷᠢᠮ  | ᠪᠠ ᠣᠨᠣᠰᠢᠯᠠᠨ ᠡᠮᠨᠡᠬᠦ ᠬᠠᠮᠢᠶᠠ ᠪᠦᠬᠦᠢ ᠵᠢᠷᠤᠮᠵᠢᠯ᠂ ᠵᠤᠷᠰᠢᠯ ᠤᠨ ᠲᠠᠯᠠ ᠪᠠᠷ ᠬᠢ ᠪᠣᠯᠪᠠᠰᠤᠷᠠᠯ ᠬᠢᠬᠦ ᠶᠢᠨ ᠬᠠᠮᠲᠤ  | ᠠᠵᠢᠯ ᠤᠨ ᠮᠣᠷᠠᠯ ᠤᠨ ᠬᠥᠮᠥᠵᠢᠯ ᠬᠢᠬᠦ ᠪᠠᠨ ᠴᠢᠩᠭᠠᠳᠬᠠᠬᠤ ᠬᠡᠷᠡᠭᠲᠡᠢ᠃ |     ᠠᠷᠪᠠᠨ ᠵᠢᠷᠭᠤᠳᠤᠭᠠᠷ ᠵᠦᠢᠯ ᠡᠮᠴᠢᠯᠡᠭᠡᠨ ᠤ ᠪᠠᠶᠢᠭᠤᠯᠤᠮᠵᠢ ᠨᠤᠭᠤᠳ ᠡᠮᠴᠢᠯᠡᠭᠡᠨ ᠤ ᠶᠠᠰᠤ ᠴᠢᠨᠠᠷ ᠤᠨ  | ᠬᠠᠮᠢᠶᠠᠷᠤᠯᠲᠠ ᠶᠢᠨ ᠵᠣᠬᠢᠶᠠᠨ ᠪᠠᠶᠢᠭᠤᠯᠤᠯᠲᠠ ᠶᠢ ᠪᠠᠶᠢᠭᠤᠯᠤᠨ ᠪᠦᠷᠢᠨᠰᠢᠭᠦᠯᠵᠦ᠂ ᠡᠮᠴᠢᠯᠡᠭᠡᠨ ᠤ ᠶᠠᠰᠤ ᠴᠢᠨᠠᠷ ᠤᠨ  | ᠬᠠᠮᠢᠶᠠᠷᠤᠯᠲᠠ ᠶᠢᠨ ᠳᠦᠷᠢᠮ ᠢ ᠲᠣᠭᠲᠠᠭᠠᠬᠤ ᠶᠢᠨ ᠬᠠᠮᠲᠤ ᠬᠡᠷᠡᠭᠵᠢᠭᠦᠯᠵᠦ᠂ ᠣᠨᠣᠰᠢᠯᠠᠨ ᠡᠮᠨᠡᠬᠦ ᠠᠵᠢᠯᠯᠠᠭᠠ ᠳᠠᠬᠢ  | ᠵᠢᠷᠤᠮᠵᠢᠭᠰᠠᠨ ᠬᠠᠮᠢᠶᠠᠷᠤᠯᠲᠠ ᠶᠢ ᠴᠢᠩᠭᠠᠳᠬᠠᠨ᠂ ᠦᠢᠯᠡᠴᠢᠯᠡᠭᠡᠨ ᠤ ᠴᠤᠪᠤᠷᠠᠯ ᠢᠶᠠᠨ ᠰᠢᠯᠢᠳᠡᠭᠵᠢᠭᠦᠯᠵᠦ᠂  | ᠦᠢᠯᠡᠴᠢᠯᠡᠭᠡᠨ ᠤ ᠬᠢᠷᠢ ᠲᠦᠪᠰᠢᠨ ᠢᠶᠠᠨ ᠳᠡᠭᠡᠭᠰᠢᠯᠡᠭᠦᠯᠬᠦ ᠬᠡᠷᠡᠭᠲᠡᠢ᠃ |     ᠡᠮᠴᠢᠯᠡᠭᠡᠨ ᠤ ᠪᠠᠶᠢᠭᠤᠯᠤᠮᠵᠢ ᠨᠤᠭᠤᠳ ᠡᠮᠴᠢᠯᠡᠭᠡᠨ ᠤ ᠠᠮᠤᠷ ᠲᠦᠪᠰᠢᠨ ᠬᠢᠭᠡᠳ ᠲᠦᠭᠰᠢᠭᠦᠷᠢ ᠶᠢᠨ  | ᠬᠠᠮᠢᠶᠠᠷᠤᠯᠲᠠ ᠶᠢᠨ ᠳᠦᠷᠢᠮ ᠢ ᠪᠠᠶᠢᠭᠤᠯᠵᠤ᠂ ᠡᠮᠴᠢᠯᠡᠭᠡᠨ ᠤ ᠲᠦᠭᠰᠢᠭᠦᠷᠢ ᠶᠢ ᠢᠯᠭᠠᠨ ᠲᠠᠨᠢᠬᠤ᠂ ᠦᠨᠡᠯᠡᠨ ᠵᠢᠱᠢᠬᠦ  | ᠪᠠ ᠰᠡᠷᠭᠡᠶᠢᠯᠡᠨ ᠡᠵᠡᠮᠳᠡᠬᠦ ᠠᠷᠭᠠ ᠬᠡᠮᠵᠢᠶᠡ ᠪᠠᠨ ᠲᠡᠭᠦᠯᠳᠡᠷᠵᠢᠭᠦᠯᠦᠨ᠂ ᠡᠮᠴᠢᠯᠡᠭᠡᠨ ᠤ ᠲᠦᠭᠰᠢᠭᠦᠷᠢ ᠶᠢᠨ  | ᠬᠠᠮᠢᠶᠠᠷᠤᠯᠲᠠ ᠪᠠᠨ ᠴᠢᠩᠭᠠᠳᠬᠠᠵᠤ᠂ ᠠᠷᠭᠠ ᠬᠡᠮᠵᠢᠶᠡ ᠪᠠᠨ ᠨᠠᠶᠢᠳᠠᠪᠤᠷᠢᠵᠢᠭᠤᠯᠵᠤ ᠪᠠᠶᠢᠭᠠ ᠪᠠᠶᠢᠳᠠᠯ ᠢ ᠲᠣᠭᠲᠠᠮᠠᠯ  | ᠬᠤᠭᠤᠴᠠᠭᠠ ᠲᠠᠢ ᠪᠠᠷ ᠪᠠᠶᠢᠴᠠᠭᠠᠵᠤ᠂ ᠭᠡᠮ ᠰᠣᠭᠤᠭ ᠢ ᠴᠠᠭ ᠲᠤᠬᠠᠢ ᠳᠤ ᠨᠢ ᠠᠷᠢᠯᠭᠠᠬᠤ ᠬᠡᠷᠡᠭᠲᠡᠢ᠃ |     ᠠᠷᠪᠠᠨ ᠳᠣᠯᠣᠳᠤᠭᠠᠷ ᠵᠦᠢᠯ ᠡᠮᠴᠢᠯᠡᠭᠡᠨ ᠤ ᠪᠠᠶᠢᠭᠤᠯᠤᠮᠵᠢ ᠨᠤᠭᠤᠳ ᠡᠮᠴᠢ ᠪᠠ ᠡᠪᠡᠳᠴᠢᠲᠡᠨ ᠤ  | ᠣᠶᠢᠯᠠᠭᠠᠯᠴᠠᠨ ᠨᠡᠪᠲᠡᠷᠡᠯᠴᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠡᠮᠴᠢ ᠪᠠ ᠡᠪᠡᠳᠴᠢᠲᠡᠨ ᠤ  | ᠣᠶᠢᠯᠠᠭᠠᠯᠴᠠᠨ ᠨᠡᠪᠲᠡᠷᠡᠯᠴᠡᠬᠦ ᠠᠭᠤᠯᠭᠠ ᠶᠢ ᠲᠡᠭᠦᠯᠳᠡᠷᠵᠢᠭᠦᠯᠦᠨ᠂ ᠡᠪᠡᠳᠴᠢᠲᠡᠨ ᠢ ᠣᠨᠣᠰᠢᠯᠠᠨ ᠡᠮᠨᠡᠬᠦ ᠶᠠᠪᠤᠴᠠ ᠳᠤ  | ᠳᠤᠷᠠᠳᠤᠭᠰᠠᠨ ᠯᠠᠪᠯᠠᠯᠲᠠ᠂ ᠰᠠᠨᠠᠯ ᠰᠠᠨᠠᠭᠤᠯᠭᠠ ᠳᠤ ᠬᠦᠯᠢᠴᠡᠩᠭᠦᠢ ᠪᠠᠷ ᠲᠠᠶᠢᠯᠪᠤᠷᠢᠯᠠᠨ ᠲᠣᠳᠣᠷᠬᠠᠶᠢᠯᠠᠬᠤ ᠶᠢᠨ  | ᠬᠠᠮᠲᠤ ᠲᠣᠭᠲᠠᠭᠠᠯ ᠶᠣᠰᠣᠭᠠᠷ ᠰᠢᠢᠳᠪᠦᠷᠢᠯᠡᠬᠦ ᠬᠡᠷᠡᠭᠲᠡᠢ︔ ᠡᠪᠡᠳᠴᠢᠲᠡᠨ ᠤ ᠳᠤᠷᠠᠳᠤᠭᠰᠠᠨ ᠮᠠᠳᠠᠭ ᠲᠠᠢ ᠵᠦᠢᠯ ᠢ  | ᠴᠠᠭ ᠲᠤᠬᠠᠢ ᠳᠤ ᠨᠢ ᠬᠠᠷᠭᠤᠭᠤᠯᠬᠤ ᠪᠠ ᠥᠪᠡᠷ ᠤᠨ ᠪᠠᠶᠢᠴᠠᠭᠠᠯᠲᠠ ᠬᠢᠬᠦ ᠶᠢᠨ ᠬᠠᠮᠲᠤ ᠡᠪᠡᠳᠴᠢᠲᠡᠨ ᠪᠤᠶᠤ  | ᠲᠡᠭᠦᠨ ᠤ ᠣᠶᠢᠷᠠ ᠲᠥᠷᠥᠯ ᠰᠠᠳᠤᠨ ᠯᠤᠭᠠ ᠣᠶᠢᠯᠠᠭᠠᠯᠴᠠᠨ ᠨᠡᠪᠲᠡᠷᠡᠯᠴᠡᠵᠦ᠂ ᠪᠠᠶᠢᠳᠠᠯ ᠢ ᠦᠨᠡᠨ ᠪᠣᠳᠠᠲᠠᠢ ᠪᠠᠷ  | ᠲᠣᠳᠣᠷᠬᠠᠶᠢᠯᠠᠨ᠂ ᠵᠠᠭᠤᠷᠠᠯᠳᠤᠭᠠᠨ ᠤ ᠭᠡᠮ ᠰᠣᠭᠤᠭ ᠢ ᠴᠠᠭ ᠲᠤᠬᠠᠢ ᠳᠤ ᠨᠢ ᠵᠢᠭᠰᠠᠭᠠᠨ ᠪᠠᠶᠢᠴᠠᠭᠠᠵᠤ  | ᠢᠯᠡᠷᠡᠭᠦᠯᠬᠦ ᠶᠢᠨ ᠬᠠᠮᠲᠤ ᠰᠡᠷᠭᠡᠶᠢᠯᠡᠨ ᠰᠢᠢᠳᠪᠦᠷᠢᠯᠡᠬᠦ ᠠᠵᠢᠯ ᠢ ᠰᠠᠶᠢᠲᠤᠷ ᠬᠢᠬᠦ ᠬᠡᠷᠡᠭᠲᠡᠢ᠃ |     ᠡᠮᠴᠢᠯᠡᠭᠡᠨ ᠤ ᠪᠠᠶᠢᠭᠤᠯᠤᠮᠵᠢ ᠨᠤᠭᠤᠳ ᠵᠠᠭᠠᠯᠳᠤᠯᠭᠠ ᠶᠢ ᠭᠥᠯᠢᠶᠡᠨ ᠠᠪᠬᠤ ᠳᠦᠷᠢᠮ ᠢ ᠪᠠᠶᠢᠭᠤᠯᠤᠨ  | ᠪᠦᠷᠢᠨᠰᠢᠭᠦᠯᠵᠦ᠂ ᠵᠠᠭᠠᠯᠳᠤᠯᠭᠠ ᠶᠢᠨ ᠨᠢᠭᠡᠳᠦᠯᠲᠡᠢ ᠬᠠᠮᠢᠶᠠᠷᠤᠯᠲᠠ ᠶᠢᠨ ᠰᠠᠯᠠᠭᠠ ᠮᠥᠴᠢᠷ ᠪᠤᠶᠤ ᠲᠤᠰᠬᠠᠢ ︵ | ᠲᠤᠰᠢᠶᠠᠯ ᠬᠠᠪᠰᠤᠷᠭᠠᠭᠰᠠᠨ︶ ᠠᠵᠢᠯᠲᠠᠨ ᠲᠣᠬᠢᠷᠠᠭᠤᠯᠬᠤ ᠬᠡᠷᠡᠭᠲᠡᠢ᠂ ᠬᠤᠶᠠᠳᠤᠭᠠᠷ ᠳᠡᠰ ᠠᠴᠠ ᠳᠡᠭᠡᠭᠰᠢᠬᠢ  | ᠡᠮᠴᠢᠯᠡᠭᠡᠨ ᠤ ᠪᠠᠶᠢᠭᠤᠯᠤᠮᠵᠢ ᠨᠢ ᠲᠤᠰᠬᠠᠢ ᠲᠠᠯᠠᠪᠤᠷ ᠲᠣᠬᠢᠷᠠᠭᠤᠯᠵᠤ᠂ ᠡᠪᠡᠳᠴᠢᠲᠡᠨ ᠤ ᠵᠠᠭᠠᠯᠳᠤᠯᠭᠠ ᠪᠤᠶᠤ  | ᠯᠠᠪᠯᠠᠯᠲᠠ ᠶᠢ ᠭᠥᠯᠢᠶᠡᠨ ᠠᠪᠴᠤ᠂ ᠵᠠᠭᠠᠯᠳᠤᠯᠭᠠ ᠶᠢᠨ ᠰᠢᠭᠤᠳ ᠰᠢᠯᠤᠭᠤᠬᠠᠨ᠂ ᠳᠥᠭᠦᠮ ᠳᠥᠲᠡ ᠠᠷᠭᠠ ᠮᠥᠷ ᠢ  | ᠪᠠᠶᠢᠭᠤᠯᠵᠤ᠂ ᠡᠮᠴᠢᠯᠡᠭᠡᠨ ᠤ ᠪᠠᠶᠢᠭᠤᠯᠤᠮᠵᠢ ᠶᠢᠨ ᠢᠯᠡᠷᠬᠡᠢ ᠣᠷᠣᠨ ᠪᠠᠶᠢᠷᠢ ᠳᠤ ᠵᠠᠭᠠᠯᠳᠤᠯᠭᠠ ᠶᠢ ᠰᠢᠢᠳᠪᠦᠷᠢᠯᠡᠬᠦ  | ᠲᠠᠰ ᠳᠠᠷᠠᠭᠠᠯᠠᠯ᠂ ᠣᠷᠣᠨ ᠭᠠᠵᠠᠷ᠂ ᠭᠥᠯᠢᠶᠡᠨ ᠠᠪᠬᠤ ᠴᠠᠭ ᠬᠤᠭᠤᠴᠠᠭᠠ ᠪᠠ ᠬᠠᠷᠢᠯᠴᠠᠬᠤ ᠠᠷᠭᠠ ᠮᠠᠶ᠋ᠢᠭ  | ᠵᠡᠷᠭᠡ ᠶᠢ ᠨᠡᠶᠢᠲᠡᠯᠡᠵᠦ᠂ ᠡᠪᠡᠳᠴᠢᠲᠡᠨ ᠤ ᠵᠠᠭᠠᠯᠳᠤᠬᠤ᠂ ᠯᠠᠪᠯᠠᠬᠤ ᠳᠤ ᠲᠥᠬᠦᠮ ᠦᠵᠡᠭᠦᠯᠬᠦ ᠬᠡᠷᠡᠭᠲᠡᠢ᠃ |     ᠠᠷᠪᠠᠨ ᠨᠠᠢᠮᠠᠳᠤᠭᠠᠷ ᠵᠦᠢᠯ ᠡᠮᠴᠢᠯᠡᠭᠡᠨ ᠤ ᠪᠠᠶᠢᠭᠤᠯᠤᠮᠵᠢ ᠨᠢ ᠡᠮᠴᠢᠯᠡᠭᠡᠨ ᠤ ᠮᠡᠷᠭᠡᠵᠢᠯ ᠤᠨ ᠦᠢᠯᠡᠴᠢᠯᠡᠭᠡ  | ᠥᠷᠨᠢᠭᠦᠯᠬᠦ ᠳᠤ ᠪᠠᠨ ᠲᠣᠰ ᠪᠡᠶᠡ ᠶᠢᠨ ᠢᠶᠠᠨ ᠮᠡᠷᠭᠡᠵᠢᠯ ᠤᠨ ᠴᠢᠳᠠᠪᠤᠷᠢ ᠯᠤᠭᠠ ᠬᠠᠷᠢᠯᠴᠠᠨ ᠵᠣᠬᠢᠴᠠᠭᠰᠠᠨ ᠪᠠᠶᠢᠬᠤ  | ᠬᠡᠷᠡᠭᠲᠡᠢ᠂ ᠬᠢᠵᠠᠭᠠᠷᠯᠠᠬᠤ ᠲᠥᠷᠥᠯ ᠤᠨ ᠮᠡᠷᠭᠡᠵᠢᠯ ᠤᠨ ᠬᠡᠷᠡᠭᠯᠡᠭᠡᠨ ᠥᠷᠨᠢᠭᠦᠯᠬᠦ ᠳᠤ ᠪᠠᠨ᠂ ᠬᠠᠮᠢᠶᠠ ᠪᠦᠬᠦᠢ  | ᠡᠮᠴᠢᠯᠡᠭᠡᠨ ᠤ ᠮᠡᠷᠭᠡᠵᠢᠯ ᠤᠨ ᠡᠮᠴᠢᠯᠡᠭᠡᠨ ᠤ ᠬᠡᠷᠡᠭᠯᠡᠭᠡᠨ ᠤ ᠬᠠᠮᠢᠶᠠᠷᠤᠯᠲᠠ ᠶᠢᠨ ᠵᠢᠷᠤᠮᠵᠢᠯ ᠶᠣᠰᠣᠭᠠᠷ ᠥᠪᠡᠷ ᠢ ᠪᠠᠨ  | ᠦᠨᠡᠯᠡᠨ ᠵᠢᠱᠢᠬᠦ ᠬᠡᠷᠡᠭᠲᠡᠢ᠂ ᠨᠥᠬᠦᠴᠡᠯ ᠳᠤ ᠨᠡᠶᠢᠴᠡᠬᠦ ᠨᠢ ᠡᠮᠴᠢᠯᠡᠭᠡᠨ ᠤ ᠬᠡᠷᠡᠭᠯᠡᠭᠡᠨ ᠥᠷᠨᠢᠭᠦᠯᠵᠦ ᠪᠣᠯᠬᠤ ᠶᠢᠨ  | ᠬᠠᠮᠲᠤ᠂ ᠬᠠᠷᠠᠭᠠᠯᠵᠠᠭᠰᠠᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭᠠ ᠮᠥᠴᠢᠷ ᠲᠤ  | ᠳᠠᠩᠰᠠᠯᠠᠭᠤᠯᠬᠤ ᠬᠡᠷᠡᠭᠲᠡᠢ᠂ ᠴᠠᠭᠠᠵᠠᠯᠠᠬᠤ ᠲᠥᠷᠥᠯ ᠤᠨ ᠮᠡᠷᠭᠡᠵᠢᠯ ᠤᠨ ᠬᠡᠷᠡᠭᠯᠡᠭᠡᠨ ᠥᠷᠨᠢᠭᠦᠯᠬᠦ ᠶᠢ ᠴᠢᠩᠭᠠ  | ᠴᠠᠭᠠᠵᠠᠯᠠᠨᠠ᠃ ᠡᠮᠴᠢᠯᠡᠭᠡᠨ ᠤ ᠰᠢᠨᠡ ᠮᠡᠷᠭᠡᠵᠢᠯ ᠢ ᠬᠡᠷᠡᠭᠯᠡᠬᠦ ᠳᠤ᠂ ᠮᠡᠷᠭᠡᠵᠢᠯ ᠤᠨ ᠦᠨᠡᠯᠡᠨ ᠵᠢᠱᠢᠯᠲᠡ ᠪᠠ ᠡᠰᠢ  | ᠶᠣᠰᠣᠨ ᠤ ᠬᠢᠨᠠᠨ ᠪᠠᠶᠢᠴᠠᠭᠠᠯᠲᠠ ᠶᠢ ᠥᠷᠨᠢᠭᠦᠯᠵᠦ᠂ ᠠᠮᠤᠷ ᠲᠦᠪᠰᠢᠨ ᠪᠥᠭᠡᠳ ᠪᠦᠲᠦᠮᠵᠢᠲᠡᠶ᠂ ᠡᠰᠢ ᠶᠣᠰᠣᠨ ᠳᠤ  | ᠨᠡᠶᠢᠴᠡᠬᠦ ᠶᠢ ᠦᠨᠡᠨ ᠬᠦ ᠪᠠᠲᠤᠯᠠᠬᠤ ᠬᠡᠷᠡᠭᠲᠡᠢ᠃ |     ᠠᠷᠪᠠ ᠶᠢᠰᠦᠳᠦᠭᠡᠷ ᠵᠦᠢᠯ ᠡᠮᠴᠢᠯᠡᠭᠡᠨ ᠤ ᠪᠠᠶᠢᠭᠤᠯᠤᠮᠵᠢ ᠵᠢᠴᠢ ᠲᠡᠭᠦᠨ ᠤ ᠡᠮᠨᠡᠯᠬᠡ ᠶᠢᠨ ᠠᠵᠢᠯᠲᠠᠨ ᠨᠢ  | ᠣᠨᠣᠰᠢᠯᠠᠨ ᠡᠮᠨᠡᠬᠦ ᠠᠵᠢᠯᠯᠠᠭᠠ ᠳᠤ ᠪᠠᠨ ᠳᠣᠣᠷᠠ ᠵᠢᠭᠰᠠᠭᠠᠭᠰᠠᠨ ᠡᠭᠦᠷᠭᠡ ᠬᠠᠷᠢᠭᠤᠴᠠᠯᠭᠠ ᠶᠢ ᠭᠦᠢᠴᠡᠳᠬᠡᠬᠦ  | ᠬᠡᠷᠡᠭᠲᠡᠢ᠄ |     ︵ᠨᠢᠭᠡ︶ ᠡᠮᠴᠢᠯᠡᠭᠡ ᠡᠷᠡᠭᠦᠯ ᠬᠠᠮᠠᠭᠠᠯᠠᠯ ᠤᠨ ᠬᠠᠤᠯᠢ ᠴᠠᠭᠠᠵᠠ᠂ ᠬᠠᠤᠯᠢ ᠲᠣᠭᠲᠠᠭᠠᠯ᠂ ᠲᠣᠭᠲᠠᠭᠠᠯ ᠳᠦᠷᠢᠮ  | ᠪᠠ ᠣᠨᠣᠰᠢᠯᠠᠨ ᠡᠮᠨᠡᠬᠦ ᠬᠠᠮᠢᠶᠠ ᠪᠦᠬᠦᠢ ᠵᠢᠷᠤᠮᠵᠢᠯ᠂ ᠵᠤᠷᠰᠢᠯ ᠢ ᠴᠢᠩᠭᠠ ᠵᠢᠷᠤᠮᠯᠠᠬᠤ ᠬᠡᠷᠡᠭᠲᠡᠢ᠃ |     ︵ᠬᠤᠶᠠᠷ︶ ᠡᠪᠡᠳᠴᠢᠲᠡᠨ ᠢ ᠬᠠᠯᠠᠮᠵᠢᠯᠠᠨ ᠬᠠᠶᠢᠷᠠᠯᠠᠵᠤ ᠬᠦᠨᠳᠦᠳᠬᠡᠵᠦ᠂ ᠡᠪᠡᠳᠴᠢᠲᠡᠨ ᠤ ᠨᠢᠭᠤᠴᠠ ᠪᠠ  | ᠬᠤᠪᠢ ᠬᠥᠮᠥᠨ ᠤ ᠮᠡᠳᠡᠭᠡ ᠵᠠᠩᠭᠢ ᠶᠢ ᠬᠠᠮᠠᠭᠠᠯᠠᠬᠤ ᠬᠡᠷᠡᠭᠲᠡᠢ᠃ |     ︵ᠭᠤᠷᠪᠠ︶ ᠡᠪᠡᠳᠴᠢᠨ ᠳᠤ ᠨᠢ ᠵᠣᠬᠢᠴᠠᠭᠤᠯᠤᠨ ᠵᠠᠰᠠᠯᠲᠠ ᠬᠢᠵᠦ᠂ ᠵᠦᠢ ᠵᠣᠬᠢᠰᠲᠠᠢ ᠪᠠᠶᠢᠴᠠᠭᠠᠵᠤ᠂ ᠵᠦᠢ  | ᠵᠣᠬᠢᠰᠲᠠᠢ ᠡᠮ ᠬᠡᠷᠡᠭᠯᠡᠵᠦ᠂ ᠵᠦᠢ ᠵᠣᠬᠢᠰᠲᠠᠢ ᠡᠮᠨᠡᠨ ᠵᠠᠰᠠᠵᠤ᠂ ᠬᠠᠤᠯᠢ ᠳᠤ ᠨᠡᠶᠢᠴᠡᠭᠰᠡᠨ᠂ ᠲᠣᠭᠲᠠᠭᠠᠯ ᠳᠤ  | ᠨᠡᠶᠢᠴᠡᠭᠰᠡᠨ᠂ ᠰᠢᠨᠵᠢᠯᠡᠬᠦ ᠤᠬᠠᠭᠠᠨᠴᠢ ᠣᠨᠣᠰᠢᠯᠠᠨ ᠡᠮᠨᠡᠬᠦ ᠠᠷᠭᠠ ᠶᠢ ᠬᠡᠷᠡᠭᠯᠡᠬᠦ ᠬᠡᠷᠡᠭᠲᠡᠢ᠃ |     ︵ᠳᠥᠷᠪᠡ︶ ᠡᠪᠡᠳᠴᠢᠨ ᠤ ᠪᠠᠶᠢᠳᠠᠯ᠂ ᠡᠮᠴᠢᠯᠡᠭᠡᠨ ᠤ ᠠᠷᠭᠠ ᠬᠡᠮᠵᠢᠶᠡ᠂ ᠡᠮᠴᠢᠯᠡᠭᠡᠨ ᠤ ᠲᠦᠭᠰᠢᠭᠦᠷᠢ ᠵᠡᠷᠭᠡ  | ᠪᠠᠶᠢᠳᠠᠯ ᠢ ᠡᠪᠡᠳᠴᠢᠲᠡᠨ ᠳᠤ ᠦᠨᠡᠨ ᠮᠥᠨ ᠢᠶᠠᠷ ᠨᠢ ᠮᠡᠳᠡᠭᠳᠡᠵᠦ᠂ ᠮᠡᠰᠡ ᠵᠠᠰᠠᠯ᠂ ᠣᠨᠴᠠᠭᠠᠢ ᠪᠠᠶᠢᠴᠠᠭᠠᠯᠲᠠ᠂  | ᠣᠨᠴᠠᠭᠠᠢ ᠵᠠᠰᠠᠯᠭᠠ ᠬᠢᠬᠦ ᠴᠢᠬᠤᠯᠠᠲᠠᠢ ᠪᠠᠶᠢᠪᠠᠯ᠂ ᠡᠪᠡᠳᠴᠢᠲᠡᠨ ᠳᠤ ᠡᠮᠴᠢᠯᠡᠭᠡᠨ ᠤ ᠲᠦᠭᠰᠢᠭᠦᠷᠢ᠂ ᠣᠷᠣᠯᠠᠭᠤᠯᠬᠤ  | ᠡᠮᠴᠢᠯᠡᠭᠡᠨ ᠤ ᠲᠥᠰᠥᠯ ᠵᠡᠷᠭᠡ ᠪᠠᠶᠢᠳᠠᠯ ᠢ ᠴᠠᠭ ᠲᠤᠬᠠᠢ ᠳᠤ ᠨᠢ ᠪᠣᠳᠠᠲᠠᠢ ᠲᠣᠳᠣᠷᠬᠠᠶᠢᠯᠠᠬᠤ ᠶᠢᠨ ᠬᠠᠮᠲᠤ ᠲᠡᠭᠦᠨ ᠤ  | ᠲᠣᠳᠣᠷᠬᠠᠢ ᠵᠥᠪᠰᠢᠶᠡᠷᠡᠯ ᠢ ᠣᠯᠬᠤ ᠬᠡᠷᠡᠭᠲᠡᠢ︔ ᠡᠪᠡᠳᠴᠢᠲᠡᠨ ᠳᠤ ᠲᠣᠳᠣᠷᠬᠠᠶᠢᠯᠠᠵᠤ ᠪᠣᠯᠬᠤ ᠦᠭᠡᠢ ᠪᠤᠶᠤ  | ᠡᠪᠡᠳᠴᠢᠲᠡᠨ ᠳᠤ ᠲᠣᠳᠣᠷᠬᠠᠶᠢᠯᠠᠬᠤ ᠳᠤ ᠲᠣᠬᠢᠷᠠᠮᠵᠢ ᠦᠭᠡᠢ ᠪᠠᠶᠢᠪᠠᠯ᠂ ᠡᠪᠡᠳᠴᠢᠲᠡᠨ ᠤ ᠣᠶᠢᠷᠠ ᠲᠥᠷᠥᠯ  | ᠰᠠᠳᠤᠨ ᠳᠤ ᠲᠠᠶᠢᠯᠪᠤᠷᠢᠯᠠᠵᠤ ᠥᠭᠬᠦ ᠶᠢᠨ ᠬᠠᠮᠲᠤ ᠲᠡᠭᠦᠨ ᠤ ᠲᠣᠳᠣᠷᠬᠠᠢ ᠵᠥᠪᠰᠢᠶᠡᠷᠡᠯ ᠢ ᠣᠯᠬᠤ ᠬᠡᠷᠡᠭᠲᠡᠢ᠃ |     ︵ᠲᠠᠪᠤ︶ ᠪᠠᠴᠢᠮ ᠠᠪᠤᠷᠠᠨ ᠵᠠᠰᠠᠬᠤ ᠴᠢᠬᠤᠯᠠᠲᠠᠢ ᠡᠪᠡᠳᠴᠢᠲᠡᠨ ᠳᠤ ᠪᠠᠴᠢᠮ ᠠᠷᠭᠠ ᠬᠡᠮᠵᠢᠶᠡ ᠠᠪᠴᠤ  | ᠪᠠᠶᠢᠭᠠᠳ ᠣᠨᠣᠰᠢᠯᠠᠨ ᠡᠮᠨᠡᠬᠦ ᠬᠡᠷᠡᠭᠲᠡᠢ᠂ ᠲᠦᠷᠭᠡᠨ ᠠᠪᠤᠷᠠᠵᠤ ᠡᠮᠴᠢᠯᠡᠨ ᠰᠢᠢᠳᠪᠦᠷᠢᠯᠡᠬᠦ ᠶᠢ ᠲᠡᠪᠴᠢᠵᠦ ᠪᠣᠯᠬᠤ  | ᠦᠭᠡᠢ᠃ ᠠᠮᠢ ᠨᠠᠰᠤ ᠨᠢ ᠲᠦᠭᠰᠢᠭᠦᠷᠢᠲᠡᠢ ᠪᠣᠯᠣᠭᠰᠠᠨ ᠡᠪᠡᠳᠴᠢᠲᠡᠨ ᠢ ᠲᠦᠷᠭᠡᠨ ᠠᠪᠤᠷᠠᠬᠤ ᠵᠡᠷᠭᠡ ᠪᠠᠴᠢᠮ  | ᠪᠠᠶᠢᠳᠠᠯ ᠠᠴᠠ ᠪᠣᠯᠣᠭᠠᠳ ᠡᠪᠡᠳᠴᠢᠲᠡᠨ ᠪᠤᠶᠤ ᠣᠶᠢᠷᠠ ᠲᠥᠷᠥᠯ ᠰᠠᠳᠤᠨ ᠠᠴᠠ ᠨᠢ ᠰᠠᠨᠠᠯ ᠠᠪᠴᠤ ᠳᠡᠶᠢᠯᠬᠦ ᠦᠭᠡᠢ  | ᠪᠠᠶᠢᠳᠠᠯ ᠳᠤ᠂ ᠡᠮᠴᠢᠯᠡᠭᠡᠨ ᠤ ᠪᠠᠶᠢᠭᠤᠯᠤᠮᠵᠢ ᠶᠢᠨ ᠬᠠᠷᠢᠭᠤᠴᠠᠯᠭᠠᠲᠠᠨ ᠪᠤᠶᠤ ᠡᠷᠬᠡ ᠣᠯᠭᠤᠭᠰᠠᠨ  | ᠬᠠᠷᠢᠭᠤᠴᠠᠯᠭᠠᠲᠠᠨ ᠢᠶᠠᠷ ᠵᠥᠪᠰᠢᠶᠡᠷᠡᠭᠦᠯᠦᠭᠡᠳ᠂ ᠲᠡᠷᠡ ᠳᠠᠷᠤᠢ ᠳᠤ ᠨᠢ ᠬᠠᠷᠠᠭᠠᠯᠵᠠᠭᠰᠠᠨ ᠡᠮᠴᠢᠯᠡᠭᠡᠨ ᠤ ᠠᠷᠭᠠ  | ᠬᠡᠮᠵᠢᠶᠡ ᠠᠪᠴᠤ ᠪᠣᠯᠣᠨᠠ᠃ |     ︵ᠵᠢᠷᠭᠤᠭᠠ︶ ᠮᠡᠰᠡ ᠵᠠᠰᠠᠯ᠂ ᠣᠨᠴᠠᠭᠠᠢ ᠪᠠᠶᠢᠴᠠᠭᠠᠯᠲᠠ᠂ ᠣᠨᠴᠠᠭᠠᠢ ᠵᠠᠰᠠᠯᠭᠠ ᠵᠡᠷᠭᠡ ᠨᠡᠯᠢᠶᠡᠳ ᠶᠡᠭᠡ  | ᠡᠮᠴᠢᠯᠡᠭᠡᠨ ᠤ ᠲᠦᠭᠰᠢᠭᠦᠷᠢ ᠲᠠᠢ ᠣᠨᠣᠰᠢᠯᠠᠨ ᠡᠮᠨᠡᠬᠦ ᠠᠵᠢᠯᠯᠠᠭᠠ ᠶᠢ ᠥᠷᠨᠢᠭᠦᠯᠬᠦ ᠳᠤ᠂ ᠡᠮᠴᠢᠯᠡᠭᠡᠨ ᠤ  | ᠪᠠᠶᠢᠭᠤᠯᠤᠮᠵᠢ ᠨᠤᠭᠤᠳ ᠠᠷᠭᠠᠴᠠᠭᠠᠬᠤ ᠪᠡᠯᠡᠳᠬᠡᠯ ᠲᠥᠰᠥᠯ ᠢᠶᠠᠨ ᠤᠷᠢᠳᠴᠢᠯᠠᠨ ᠪᠡᠯᠡᠳᠬᠡᠵᠦ᠂ ᠭᠡᠨᠡᠳᠲᠡ ᠶᠢᠨ  | ᠲᠦᠭᠰᠢᠭᠦᠷᠢ ᠶᠢ ᠰᠠᠨᠠᠭᠠᠴᠢᠯᠠᠭᠠ ᠠᠴᠠ ᠪᠠᠨ ᠰᠡᠷᠭᠡᠶᠢᠯᠡᠬᠦ ᠬᠡᠷᠡᠭᠲᠡᠢ᠃ |     ︵ᠳᠤᠯᠤᠭᠠ︶ ᠬᠠᠤᠯᠢ ᠶᠣᠰᠣᠭᠠᠷ ᠵᠥᠪᠰᠢᠶᠡᠷᠡᠭᠦᠯᠦᠭᠰᠡᠨ ᠪᠤᠶᠤ ᠳᠠᠩᠰᠠᠯᠠᠭᠤᠯᠤᠭᠰᠠᠨ ᠡᠮ ᠤᠨ ᠵᠦᠢᠯ᠂  | ᠠᠷᠢᠭᠤᠳᠬᠠᠬᠤ ᠡᠮ᠂ ᠡᠮᠴᠢᠯᠡᠭᠡᠨ ᠤ ᠪᠠᠭᠠᠵᠢ ᠬᠡᠷᠡᠭᠰᠡᠯ ᠢ ᠬᠡᠷᠡᠭᠯᠡᠬᠦ ᠬᠡᠷᠡᠭᠲᠡᠢ᠂ ᠡᠮ ᠤᠨ ᠵᠦᠢᠯ᠂ ᠡᠮᠴᠢᠯᠡᠭᠡᠨ ᠳᠤ  | ᠬᠡᠷᠡᠭᠯᠡᠬᠦ ᠬᠤᠷᠣᠭᠳᠠᠯ ᠮᠠᠲ᠋ᠧᠷᠢᠶᠠᠯ᠂ ᠡᠮᠴᠢᠯᠡᠭᠡᠨ ᠤ ᠪᠠᠭᠠᠵᠢ ᠬᠡᠷᠡᠭᠰᠡᠯ᠂ ᠠᠷᠢᠭᠤᠳᠬᠠᠬᠤ ᠡᠮ᠂ ᠴᠢᠰᠤ ᠵᠡᠷᠭᠡ ᠶᠢᠨ  | ᠪᠠᠷᠠᠭᠠ ᠣᠷᠣᠭᠤᠯᠬᠤ ᠳᠤ ᠪᠠᠶᠢᠴᠠᠭᠠᠨ ᠰᠢᠯᠭᠠᠬᠤ᠂ ᠬᠠᠳᠠᠭᠠᠯᠠᠨ ᠬᠠᠮᠢᠶᠠᠷᠬᠤ ᠵᠡᠷᠭᠡ ᠳᠦᠷᠢᠮ ᠢ ᠴᠢᠩᠭᠠ  | ᠬᠡᠷᠡᠭᠵᠢᠭᠦᠯᠵᠦ᠂ ᠬᠢᠷᠢ ᠲᠡᠩᠴᠡᠭᠰᠡᠨ ᠭᠡᠷᠡᠴᠢᠯᠡᠬᠦ ᠪᠢᠴᠢᠭ ᠮᠠᠲ᠋ᠧᠷᠢᠶᠠᠯ ᠦᠭᠡᠢ᠂ ᠬᠤᠭᠤᠴᠠᠭᠠ ᠬᠡᠲᠦᠷᠡᠭᠰᠡᠨ ᠵᠡᠷᠭᠡ  | ᠬᠢᠷᠢ ᠲᠡᠩᠴᠡᠬᠦ ᠦᠭᠡᠢ ᠡᠮ ᠤᠨ ᠵᠦᠢᠯ᠂ ᠡᠮᠴᠢᠯᠡᠭᠡᠨ ᠤ ᠪᠠᠭᠠᠵᠢ ᠬᠡᠷᠡᠭᠰᠡᠯ᠂ ᠠᠷᠢᠭᠤᠳᠬᠠᠬᠤ ᠡᠮ᠂ ᠴᠢᠰᠤ  | ᠵᠡᠷᠭᠡ ᠶᠢ ᠬᠡᠷᠡᠭᠯᠡᠬᠦ ᠶᠢ ᠴᠠᠭᠠᠵᠠᠯᠠᠨᠠ᠃ |     ︵ᠨᠠᠢᠮᠠ︶ ᠡᠪᠡᠳᠴᠢᠨ ᠤ ᠲᠡᠦᠬᠡ ᠶᠢᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ  | ᠡᠪᠡᠳᠴᠢᠨ ᠤ ᠲᠡᠦᠬᠡ ᠶᠢᠨ ᠮᠠᠲ᠋ᠧᠷᠢᠶᠠᠯ ᠢ ᠲᠠᠭᠯᠠᠵᠤ ᠪᠢᠴᠢᠬᠦ ᠶᠢᠨ ᠬᠠᠮᠲᠤ ᠲᠣᠬᠢᠲᠠᠢ ᠬᠠᠳᠠᠭᠠᠯᠠᠨ ᠬᠠᠮᠢᠶᠠᠷᠬᠤ  | ᠬᠡᠷᠡᠭᠲᠡᠢ᠃ |     ︵ᠶᠢᠰᠦ︶ ᠡᠪᠡᠳᠴᠢᠲᠡᠨ ᠳᠤ ᠡᠪᠡᠳᠴᠢᠨ ᠤ ᠲᠡᠦᠬᠡ ᠶᠢᠨ ᠮᠠᠲ᠋ᠧᠷᠢᠶᠠᠯ ᠢ ᠬᠠᠭᠤᠯᠪᠤᠷᠢᠯᠠᠨ ᠥᠭᠬᠦ ᠦᠢᠯᠡᠴᠢᠯᠡᠭᠡ  | ᠬᠠᠩᠭᠠᠬᠤ ᠬᠡᠷᠡᠭᠲᠡᠢ᠃ ᠡᠪᠡᠳᠴᠢᠲᠡᠨ ᠨᠠᠰᠤ ᠪᠠᠷᠠᠭᠰᠠᠨ ᠪᠠᠶᠢᠪᠠᠯ ᠲᠡᠭᠦᠨ ᠤ ᠣᠶᠢᠷᠠ ᠲᠥᠷᠥᠯ ᠰᠠᠳᠤᠨ ᠨᠢ  | ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠡᠪᠡᠳᠴᠢᠨ ᠤ ᠲᠡᠦᠬᠡ ᠶᠢᠨ ᠮᠠᠲ᠋ᠧᠷᠢᠶᠠᠯ ᠢ ᠪᠠᠶᠢᠴᠠᠭᠠᠨ  | ᠦᠵᠡᠬᠦ ᠪᠠ ᠬᠠᠭᠤᠯᠪᠤᠷᠢᠯᠠᠨ ᠠᠪᠴᠤ ᠪᠣᠯᠣᠨᠠ᠃ |     ︵ᠠᠷᠪᠠ︶ ᠬᠠᠤᠯᠢ ᠴᠠᠭᠠᠵᠠ᠂ ᠬᠠᠤᠯᠢ ᠲᠣᠭᠲᠠᠭᠠᠯ᠂ ᠲᠣᠭᠲᠠᠭᠠᠯ ᠳᠦᠷᠢᠮ ᠪᠠ ᠣᠨᠣᠰᠢᠯᠠᠨ ᠡᠮᠨᠡᠬᠦ  | ᠵᠢᠷᠤᠮᠵᠢᠯ ᠳᠤ ᠲᠣᠭᠲᠠᠭᠠᠭᠰᠠᠨ ᠪᠤᠰᠤᠳ ᠪᠠᠶᠢᠳᠠᠯ᠃ |     ᠬᠤᠷᠢᠳᠤᠭᠠᠷ ᠵᠦᠢᠯ ᠡᠮᠴᠢᠯᠡᠭᠡᠨ ᠤ ᠪᠠᠶᠢᠭᠤᠯᠤᠮᠵᠢ ᠵᠢᠴᠢ ᠡᠮᠨᠡᠯᠭᠡ ᠶᠢᠨ ᠠᠵᠢᠯᠲᠠᠳ ᠣᠨᠣᠰᠢᠯᠠᠨ ᠡᠮᠨᠡᠬᠦ  | ᠠᠵᠢᠯᠯᠠᠭᠠ ᠳᠤ ᠪᠠᠨ ᠳᠣᠣᠷᠠ ᠵᠢᠭᠰᠠᠭᠠᠭᠰᠠᠨ ᠦᠢᠯᠡ ᠠᠵᠢᠯᠯᠠᠭᠠ ᠲᠠᠢ ᠪᠠᠶᠢᠵᠤ ᠪᠣᠯᠬᠤ ᠦᠭᠡᠢ᠄ |     ︵ᠨᠢᠭᠡ︶ ᠠᠵᠢᠯ ᠡᠷᠬᠢᠯᠡᠬᠦ ᠬᠡᠪᠴᠢᠶᠡ ᠠᠴᠠ ᠪᠠᠨ ᠳᠠᠪᠠᠭᠤᠯᠤᠨ ᠣᠨᠣᠰᠢᠯᠠᠨ ᠡᠮᠨᠡᠬᠦ︔ |     ︵ᠬᠤᠶᠠᠷ︶ ᠣᠨᠣᠰᠢᠯᠠᠨ ᠡᠮᠨᠡᠬᠦ ᠵᠢᠷᠤᠮᠵᠢᠯ ᠢ ᠵᠥᠷᠢᠴᠡᠨ ᠴᠢᠬᠤᠯᠠ ᠪᠤᠰᠤ ᠪᠠᠶᠢᠴᠠᠭᠠᠯᠲᠠ ᠪᠠ ᠡᠮᠴᠢᠯᠡᠭᠡ ᠬᠢᠬᠦ︔ |  |     ︵ᠭᠤᠷᠪᠠ︶ ᠣᠨᠣᠰᠢᠯᠠᠨ ᠡᠮᠨᠡᠬᠦ ᠮᠡᠷᠭᠡᠵᠢᠯ᠂ ᠡᠮ ᠤᠨ ᠵᠦᠢᠯ᠂ ᠡᠮᠴᠢᠯᠡᠭᠡᠨ ᠤ ᠪᠠᠭᠠᠵᠢ ᠬᠡᠷᠡᠭᠰᠡᠯ᠂  | ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠂ ᠠᠷᠢᠭᠤᠳᠬᠠᠬᠤ ᠡᠮ᠂ ᠴᠢᠰᠤ ᠵᠡᠷᠭᠡ ᠶᠢ ᠬᠠᠤᠯᠢ  | ᠲᠣᠭᠲᠠᠭᠠᠯ ᠠᠴᠠ ᠵᠥᠷᠢᠴᠡᠨ ᠬᠡᠷᠡᠭᠯᠡᠬᠦ︔ |     ︵ᠳᠥᠷᠪᠡ︶ ᠡᠪᠡᠳᠴᠢᠨ ᠤ ᠪᠠᠢᠳᠠᠯ ᠢ ᠨᠢ ᠨᠢᠭᠤᠨ ᠳᠠᠯᠳᠠᠯᠠᠬᠤ᠂ ᠪᠤᠷᠤᠭᠤ ᠪᠠᠷ ᠬᠥᠲᠥᠯᠬᠦ ᠪᠤᠶᠤ  | ᠬᠡᠲᠦᠷᠡᠭᠦᠯᠦᠨ ᠶᠠᠷᠢᠬᠤ︔ |     ︵ᠲᠠᠪᠤ︶ ᠡᠪᠡᠳᠴᠢᠨ ᠤ ᠳᠠᠩᠰᠠ ᠵᠡᠷᠭᠡ ᠠᠨᠠᠭᠠᠬᠤ ᠤᠬᠠᠭᠠᠨ ᠤ ᠪᠢᠴᠢᠭ ᠬᠠᠷᠠ ᠵᠢᠴᠢ ᠬᠤᠯᠪᠣᠭᠳᠠᠯ ᠪᠦᠬᠦᠢ  | ᠮᠠᠲ᠋ᠧᠷᠢᠶᠠᠯ ᠢ ᠨᠢᠭᠤᠨ ᠳᠠᠯᠳᠠᠯᠠᠭᠰᠠᠨ᠂ ᠬᠠᠭᠤᠷᠮᠠᠭ ᠢᠶᠠᠷ ᠵᠣᠬᠢᠶᠠᠭᠰᠠᠨ᠂ ᠥᠭᠡᠷᠡᠲᠦᠭᠦᠯᠦᠭᠰᠡᠨ ᠪᠤᠶᠤ  | ᠳᠤᠷᠠ ᠪᠠᠷ ᠢᠶᠠᠨ ᠤᠰᠠᠳᠬᠠᠭᠰᠠᠨ︔ |     ︵ᠵᠢᠷᠭᠤᠭᠠ︶ ᠠᠨᠠᠭᠠᠬᠤ ᠤᠬᠠᠭᠠᠨ ᠤ ᠬᠤᠳᠠᠯ ᠬᠠᠭᠤᠷᠮᠠᠭ ᠭᠡᠷᠡᠴᠢ ᠪᠢᠴᠢᠭ ᠮᠠᠲ᠋ᠧᠷᠢᠶᠠᠯ ᠵᠢᠴᠢ ᠥᠪᠡᠷ ᠤᠨ  | ᠡᠷᠬᠢᠯᠡᠭᠰᠡᠨ ᠠᠵᠢᠯ ᠤᠨ ᠬᠡᠪᠴᠢᠶᠡ ᠯᠦᠭᠡ ᠬᠤᠯᠪᠣᠭᠳᠠᠯ ᠦᠭᠡᠢ ᠪᠤᠶᠤ ᠠᠵᠢᠯ ᠡᠷᠬᠢᠯᠡᠬᠦ ᠲᠦᠷᠦᠯ ᠢᠯᠭᠠᠯ ᠳᠤ ᠦᠯᠦ  | ᠨᠡᠶᠢᠴᠡᠬᠦ ᠠᠨᠠᠭᠠᠬᠤ ᠤᠬᠠᠭᠠᠨ ᠤ ᠭᠡᠷᠡᠴᠢ ᠪᠢᠴᠢᠭ ᠮᠠᠲ᠋ᠧᠷᠢᠶᠠᠯ ᠭᠠᠷᠭᠠᠵᠤ ᠥᠭᠭᠦᠭᠰᠡᠨ︔ |     ︵ᠳᠤᠯᠤᠭᠠ︶ ᠵᠢᠷᠤᠮᠵᠢᠯ ᠶᠣᠰᠣᠭᠠᠷ ᠣᠨᠣᠰᠢᠯᠠᠵᠤ ᠡᠮᠨᠡᠬᠦ ᠳᠤ ᠬᠡᠷᠡᠭᠯᠡᠬᠦ ᠠᠴᠠ ᠭᠠᠳᠠᠨᠠ᠂ ᠮᠢᠨᠴᠦᠭᠦᠷᠡᠭᠦᠯᠬᠦ  | ᠡᠮ ᠤᠨ ᠵᠦᠢᠯ᠂ ᠡᠮᠴᠢᠯᠡᠭᠡ ᠳᠤ ᠬᠡᠷᠡᠭᠯᠡᠬᠦ ᠬᠤᠣᠷᠲᠤ ᠡᠮ ᠤᠨ ᠵᠦᠢᠯ᠂ ᠣᠶᠣᠨ ᠮᠡᠳᠡᠷᠡᠯ ᠤᠨ ᠡᠮ ᠤᠨ ᠵᠦᠢᠯ᠂  | ᠰᠠᠴᠤᠷᠠᠭ ᠴᠢᠨᠠᠷᠲᠠᠢ ᠡᠮ ᠤᠨ ᠵᠦᠢᠯ ᠵᠡᠷᠭᠡ ᠶᠢ ᠬᠡᠷᠡᠭᠯᠡᠵᠦ ᠪᠣᠯᠬᠤ ᠦᠭᠡᠢ︔ |     ︵ᠨᠠᠢᠮᠠ︶ ᠲᠤᠰᠢᠶᠠᠯ ᠤᠨ ᠳᠥᠭᠦᠮ ᠢᠶᠠᠨ ᠠᠰᠢᠭᠯᠠᠵᠤ᠂ ᠡᠳ᠋ ᠮᠥᠩᠭᠦ ᠨᠡᠬᠡᠨ ᠠᠪᠬᠤ ᠬᠠᠤᠯᠢ ᠪᠤᠰᠤ ᠪᠠᠷ  | ᠬᠦᠯᠢᠶᠡᠨ ᠠᠪᠬᠤ ᠪᠤᠶᠤ ᠪᠤᠰᠤᠳ ᠵᠦᠢ ᠪᠤᠰᠤ ᠠᠰᠢᠭ ᠲᠤᠰᠠ ᠶᠢ ᠵᠠᠪᠰᠢᠨ ᠬᠤᠨᠵᠢᠵᠤ ᠪᠣᠯᠬᠤ ᠦᠭᠡᠢ︔ |     ︵ᠶᠢᠰᠦ︶ ᠬᠠᠤᠯᠢ ᠴᠠᠭᠠᠵᠠ᠂ ᠬᠠᠤᠯᠢ ᠲᠣᠭᠲᠠᠭᠠᠯ᠂ ᠲᠣᠭᠲᠠᠭᠠᠯ ᠳᠦᠷᠢᠮ ᠪᠠ ᠣᠨᠣᠰᠢᠯᠠᠨ ᠡᠮᠨᠡᠬᠦ  | ᠵᠢᠷᠤᠮᠵᠢᠯ ᠳᠤ ᠴᠠᠭᠠᠵᠠᠯᠠᠭᠰᠠᠨ ᠪᠤᠰᠤᠳ ᠪᠠᠶᠢᠳᠠᠯ᠃ |     ᠬᠤᠷᠢᠨ ᠨᠢᠭᠡᠳᠦᠭᠡᠷ ᠵᠦᠢᠯ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭᠠ  | ᠮᠥᠴᠢᠷ ᠤᠳ ᠡᠮᠴᠢᠯᠡᠭᠡᠨ ᠤ ᠪᠠᠶᠢᠭᠤᠯᠤᠮᠵᠢ ᠶᠢᠨ ᠡᠮᠴᠢᠯᠡᠭᠡᠨ ᠤ ᠶᠠᠰᠤ ᠴᠢᠨᠠᠷ ᠤᠨ ᠠᠮᠤᠷ ᠲᠦᠪᠰᠢᠨ ᠤ  | ᠬᠠᠮᠢᠶᠠᠷᠤᠯᠲᠠ ᠶᠢᠨ ᠳᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠳᠠᠬᠢ ᠡᠳᠦᠷ ᠲᠤᠲᠤᠮ ᠤᠨ ᠬᠢᠨᠠᠯᠲᠠ  | ᠬᠠᠮᠢᠶᠠᠷᠤᠯᠲᠠ ᠪᠠᠨ ᠴᠢᠩᠭᠠᠳᠬᠠᠵᠤ᠂ ᠡᠮᠴᠢᠯᠡᠭᠡᠨ ᠤ ᠶᠠᠰᠤ ᠴᠢᠨᠠᠷ ᠤᠨ ᠠᠮᠤᠷ ᠲᠦᠪᠰᠢᠨ ᠤ ᠦᠨᠡᠯᠡᠨ ᠵᠢᠱᠢᠯᠲᠡ ᠶᠢ  | ᠵᠣᠬᠢᠶᠠᠨ ᠪᠠᠶᠢᠭᠤᠯᠤᠨ ᠥᠷᠨᠢᠭᠦᠯᠵᠦ᠂ ᠡᠮᠴᠢᠯᠡᠭᠡᠨ ᠤ ᠶᠠᠰᠤ ᠴᠢᠨᠠᠷ ᠤᠨ ᠠᠮᠤᠷ ᠲᠦᠪᠰᠢᠨ ᠤ ᠮᠡᠳᠡᠭᠡ ᠵᠠᠩᠭᠢ ᠶᠢ  | ᠵᠠᠳᠠᠯᠤᠨ᠂ ᠣᠯᠵᠤ ᠮᠡᠳᠡᠭᠰᠡᠨ ᠲᠦᠭᠰᠢᠭᠦᠷᠢ ᠳᠤ ᠴᠢᠭᠯᠡᠭᠦᠯᠦᠨ ᠰᠡᠷᠭᠡᠶᠢᠯᠡᠬᠦ ᠠᠷᠭᠠ ᠬᠡᠮᠵᠢᠶᠡ ᠲᠣᠭᠲᠠᠭᠠᠵᠤ᠂  | ᠡᠮᠴᠢᠯᠡᠭᠡᠨ ᠤ ᠪᠠᠶᠢᠭᠤᠯᠤᠮᠵᠢ ᠶᠢ ᠰᠢᠮᠳᠠᠭᠤᠯᠵᠤ ᠪᠠᠶᠢᠭᠠᠳ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ  | ᠬᠡᠷᠡᠭᠲᠡᠢ᠃ |     ᠬᠤᠷᠢᠨ ᠬᠤᠶᠠᠳᠤᠭᠠᠷ ᠵᠦᠢᠯ ᠡᠪᠡᠳᠴᠢᠲᠡᠨ ᠡᠭᠦᠳᠡᠨ ︵ᠪᠠᠴᠢᠮ︶ ᠡᠮᠨᠡᠯᠭᠡ ᠶᠢᠨ ᠡᠪᠡᠳᠴᠢᠨ ᠤ ᠲᠡᠦᠬᠡ ᠪᠠ  | ᠡᠮᠨᠡᠯᠭᠡ ᠳᠤ ᠰᠠᠭᠤᠭᠰᠠᠨ ᠡᠪᠡᠳᠴᠢᠨ ᠤ ᠲᠡᠦᠬᠡᠨ ᠳᠠᠬᠢ ᠡᠮᠨᠡᠯᠭᠡ ᠳᠤ ᠰᠠᠭᠤᠭᠰᠠᠨ ᠲᠡᠮᠳᠡᠭᠯᠡᠯ ︵ᠲᠤᠬᠠᠶᠢᠯᠠᠪᠠᠯ  | ᠡᠮᠨᠡᠯᠭᠡ ᠳᠤ ᠣᠷᠣᠭᠰᠠᠨ ᠲᠡᠮᠳᠡᠭᠯᠡᠯ︶᠂ ᠪᠡᠶᠡ ᠶᠢᠨ ᠳᠤᠯᠠᠭᠠᠨ ᠤ ᠬᠠᠭᠤᠳᠠᠰᠤ᠂ ᠡᠮᠴᠢ ᠶᠢᠨ ᠵᠢᠭᠠᠪᠤᠷᠢ ᠶᠢᠨ  | ᠬᠠᠭᠤᠳᠠᠰᠤ᠂ ᠰᠢᠨᠵᠢᠯᠡᠨ ᠰᠢᠯᠭᠠᠯᠲᠠ ᠶᠢᠨ ᠬᠠᠭᠤᠳᠠᠰᠤ ︵ᠪᠠᠶᠢᠴᠠᠭᠠᠨ ᠰᠢᠯᠭᠠᠯᠲᠠ ᠶᠢᠨ ᠮᠡᠳᠡᠭᠦᠯᠦᠯᠲᠡ︶᠂  | ᠠᠨᠠᠭᠠᠬᠤ ᠤᠬᠠᠭᠠᠨ ᠤ ᠵᠢᠷᠤᠭ ᠳᠦᠷᠰᠦ ᠶᠢᠨ ᠪᠠᠶᠢᠴᠠᠭᠠᠯᠲᠠ ᠶᠢᠨ ᠮᠠᠲ᠋ᠧᠷᠢᠶᠠᠯ᠂ ᠣᠨᠴᠠᠭᠠᠢ ᠪᠠᠶᠢᠴᠠᠭᠠᠯᠲᠠ ︵ᠡᠮᠨᠡᠨ  | ᠵᠠᠰᠠᠬᠤ︶ ᠶᠢᠨ ᠵᠥᠪᠰᠢᠶᠡᠷᠡᠯ ᠤᠨ ᠪᠢᠴᠢᠭ᠂ ᠮᠡᠰᠡ ᠵᠠᠰᠠᠯ ᠤᠨ ᠵᠥᠪᠰᠢᠶᠡᠷᠡᠯ ᠤᠨ ᠪᠢᠴᠢᠭ᠂ ᠮᠡᠰᠡ ᠵᠠᠰᠠᠯ ᠵᠢᠴᠢ  | ᠮᠢᠨᠴᠦᠭᠦᠷᠡᠭᠦᠯᠦᠭᠰᠡᠨ ᠲᠡᠮᠳᠡᠭᠯᠡᠯ ᠤᠨ ᠬᠠᠭᠤᠳᠠᠰᠤ᠂ ᠡᠪᠡᠳᠴᠢᠨ ᠤ ᠵᠦᠢ ᠶᠢᠨ ᠮᠡᠳᠡᠭᠦᠯᠦᠯᠲᠡ᠂ ᠰᠤᠪᠢᠯᠠᠯᠲᠠ ᠶᠢᠨ  | ᠲᠡᠮᠳᠡᠭᠯᠡᠯ᠂ ᠡᠮᠨᠡᠯᠭᠡ ᠠᠴᠠ ᠭᠠᠷᠤᠭᠰᠠᠨ ᠲᠡᠮᠳᠡᠭᠯᠡᠯ᠂ ᠡᠮᠴᠢᠯᠡᠭᠡᠨ ᠤ ᠵᠠᠷᠤᠳᠠᠯ ᠵᠢᠴᠢ ︽ᠡᠮᠴᠢᠯᠡᠭᠡᠨ ᠤ  | ᠪᠠᠶᠢᠭᠤᠯᠤᠮᠵᠢ ᠶᠢᠨ ᠡᠪᠡᠳᠴᠢᠨ ᠤ ᠲᠡᠦᠬᠡ ᠶᠢᠨ ᠬᠠᠮᠢᠶᠠᠷᠤᠯᠲᠠ ᠶᠢᠨ ᠲᠣᠭᠲᠠᠭᠠᠯ︾ ᠳᠠᠬᠢ ᠡᠪᠡᠳᠴᠢᠨ ᠤ  | ᠲᠡᠦᠬᠡᠨ ᠳᠤ ᠬᠠᠷᠢᠶᠠᠯᠠᠭᠳᠠᠬᠤ ᠪᠤᠰᠤᠳ ᠪᠦᠬᠦ ᠮᠠᠲ᠋ᠧᠷᠢᠶᠠᠯ ᠢ ᠪᠠᠶᠢᠴᠠᠭᠠᠨ ᠦᠵᠡᠬᠦ ᠪᠠ ᠬᠠᠭᠤᠯᠪᠤᠷᠢᠯᠠᠨ ᠠᠪᠬᠤ  | ᠡᠷᠬᠡ ᠲᠠᠢ᠃ |     ᠡᠪᠡᠳᠴᠢᠲᠡᠨ ᠡᠪᠡᠳᠴᠢᠨ ᠤ ᠲᠡᠦᠬᠡ ᠶᠢᠨ ᠮᠠᠲ᠋ᠧᠷᠢᠶᠠᠯ ᠢᠶᠠᠨ ᠬᠠᠭᠤᠯᠪᠤᠷᠢᠯᠠᠨ ᠠᠪᠬᠤ ᠱᠠᠭᠠᠷᠳᠠᠯᠭᠠ ᠪᠠᠶᠢᠪᠠᠯ᠂  | ᠡᠮᠴᠢᠯᠡᠭᠡᠨ ᠤ ᠪᠠᠶᠢᠭᠤᠯᠤᠮᠵᠢ ᠨᠢ ᠬᠠᠭᠤᠯᠪᠤᠷᠢᠯᠠᠬᠤ ᠦᠢᠯᠡᠴᠢᠯᠡᠭᠡ ᠬᠠᠩᠭᠠᠬᠤ ᠶᠢᠨ ᠬᠠᠮᠲᠤ ᠬᠠᠭᠤᠯᠪᠤᠷᠢᠯᠠᠭᠰᠠᠨ  | ᠡᠪᠡᠳᠴᠢᠨ ᠤ ᠲᠡᠦᠬᠡ ᠶᠢᠨ ᠮᠠᠲ᠋ᠧᠷᠢᠶᠠᠯ ᠳᠡᠭᠡᠷᠡ ᠭᠡᠷᠡᠴᠢ ᠲᠠᠮᠠᠭᠠ ᠪᠠᠨ ᠳᠠᠷᠤᠬᠤ ᠬᠡᠷᠡᠭᠲᠡᠢ᠃ ᠡᠪᠡᠳᠴᠢᠨ ᠤ  | ᠲᠡᠦᠬᠡ ᠶᠢᠨ ᠮᠠᠲ᠋ᠧᠷᠢᠶᠠᠯ ᠢ ᠬᠠᠭᠤᠯᠪᠤᠷᠢᠯᠠᠬᠤ ᠳᠤ ᠡᠪᠡᠳᠴᠢᠲᠡᠨ ᠪᠤᠶᠤ ᠲᠡᠭᠦᠨ ᠤ ᠣᠶᠢᠷᠠ ᠲᠥᠷᠥᠯ ᠰᠠᠳᠤᠨ ᠨᠢ  | ᠲᠤᠬᠠᠢ ᠶᠢᠨ ᠲᠠᠯᠠᠪᠠᠢ ᠳᠤ ᠪᠠᠶᠢᠬᠤ ᠬᠡᠷᠡᠭᠲᠡᠢ᠃ ᠡᠪᠡᠳᠴᠢᠲᠡᠨ ᠤ ᠱᠠᠭᠠᠷᠳᠠᠯᠭᠠ ᠪᠠᠷ ᠲᠡᠭᠦᠨ ᠳᠤ ᠡᠪᠡᠳᠴᠢᠨ ᠤ  | ᠲᠡᠦᠬᠡ ᠶᠢᠨ ᠮᠠᠲ᠋ᠧᠷᠢᠶᠠᠯ ᠢ ᠬᠠᠭᠤᠯᠪᠤᠷᠢᠯᠠᠨ ᠥᠭᠬᠦ ᠳᠤ ᠬᠥᠯᠥᠰᠦ ᠥᠷᠲᠡᠭ ᠤᠨ ᠵᠠᠷᠤᠳᠠᠯ ᠬᠤᠷᠢᠶᠠᠵᠤ ᠪᠣᠯᠣᠨᠠ᠂  | ᠵᠠᠷᠤᠳᠠᠯ ᠬᠤᠷᠢᠶᠠᠬᠤ ᠪᠠᠷᠢᠮᠵᠢᠶᠠ ᠪᠠᠨ ᠢᠯᠡ ᠪᠣᠯᠭᠠᠬᠤ ᠬᠡᠷᠡᠭᠲᠡᠢ᠃ |     ᠡᠪᠡᠳᠴᠢᠲᠡᠨ ᠨᠠᠰᠤ ᠪᠠᠷᠠᠭᠰᠠᠨ ᠪᠠᠶᠢᠪᠠᠯ ᠲᠡᠭᠦᠨ ᠤ ᠣᠶᠢᠷᠠ ᠲᠥᠷᠥᠯ ᠰᠠᠳᠤᠨ ᠨᠢ ᠬᠠᠤᠯᠢ ᠶᠣᠰᠣᠭᠠᠷ  | ᠡᠪᠡᠳᠴᠢᠨ ᠤ ᠲᠡᠦᠬᠡ ᠶᠢᠨ ᠮᠠᠲ᠋ᠧᠷᠢᠶᠠᠯ ᠢ ᠪᠠᠶᠢᠴᠠᠭᠠᠨ ᠦᠵᠡᠬᠦ ᠪᠠ ᠬᠠᠭᠤᠯᠪᠤᠷᠢᠯᠠᠨ ᠠᠪᠴᠤ ᠪᠣᠯᠣᠨᠠ᠃ |     ᠬᠤᠷᠢᠨ ᠭᠤᠷᠪᠠᠳᠤᠭᠠᠷ ᠵᠦᠢᠯ ᠡᠪᠡᠳᠴᠢᠲᠡᠨ ᠪᠠ ᠲᠡᠭᠦᠨ ᠤ ᠣᠶᠢᠷᠠ ᠲᠥᠷᠥᠯ ᠰᠠᠳᠤᠨ ᠨᠢ ᠳᠣᠣᠷᠠ  | ᠵᠢᠭᠰᠠᠭᠠᠭᠰᠠᠨ ᠲᠣᠭᠲᠠᠭᠠᠯ ᠢ ᠵᠢᠷᠤᠮᠯᠠᠬᠤ ᠬᠡᠷᠡᠭᠲᠡᠢ᠄ |     ︵ᠨᠢᠭᠡ︶ ᠡᠮᠴᠢᠯᠡᠭᠡᠨ ᠤ ᠡᠮᠬᠢ ᠵᠢᠷᠤᠮ ᠪᠠ ᠡᠮᠴᠢᠯᠡᠭᠡᠨ ᠤ ᠪᠠᠶᠢᠭᠤᠯᠤᠮᠵᠢ ᠶᠢᠨ ᠬᠤᠯᠪᠣᠭᠳᠠᠯ ᠪᠦᠬᠦᠢ  | ᠡᠪᠡᠳᠴᠢᠨ ᠦᠵᠡᠬᠦᠯᠬᠦ᠂ ᠡᠮᠨᠡᠨ ᠵᠠᠰᠠᠬᠤ᠂ ᠪᠠᠶᠢᠴᠠᠭᠠᠬᠤ ᠲᠤᠬᠠᠢ ᠲᠣᠭᠲᠠᠭᠠᠯ ᠢ ᠵᠢᠷᠤᠮᠯᠠᠨᠠ︔ |     ︵ᠬᠤᠶᠠᠷ︶ ᠡᠪᠡᠳᠴᠢᠨ ᠤ ᠪᠠᠶᠢᠳᠠᠯ ᠯᠤᠭᠠ ᠬᠤᠯᠪᠣᠭᠳᠠᠯ ᠪᠦᠬᠦᠢ ᠮᠡᠳᠡᠭᠡ ᠵᠠᠩᠭᠢ ᠶᠢ ᠦᠨᠡᠨ ᠮᠥᠨ ᠢᠶᠠᠷ  | ᠬᠠᠩᠭᠠᠵᠤ᠂ ᠡᠮᠨᠡᠯᠭᠡ ᠶᠢᠨ ᠠᠵᠢᠯᠲᠠᠨ ᠤ ᠣᠨᠣᠰᠢᠯᠠᠨ ᠡᠮᠨᠡᠬᠦ ᠠᠵᠢᠯᠯᠠᠭᠠ ᠥᠷᠨᠢᠭᠦᠯᠬᠦ ᠳᠤ ᠬᠠᠮᠵᠢᠯᠴᠠᠨᠠ︔ |     ︵ᠭᠤᠷᠪᠠ︶ ᠡᠮᠴᠢᠯᠡᠭᠡᠨ ᠤ ᠵᠠᠷᠤᠳᠠᠯ ᠢ ᠲᠣᠭᠲᠠᠭᠠᠯ ᠶᠣᠰᠣᠭᠠᠷ ᠴᠠᠭ ᠲᠤᠬᠠᠢ ᠳᠤ ᠨᠢ ᠲᠥᠯᠥᠨᠡ︔ |     ︵ᠳᠥᠷᠪᠡ︶ ᠡᠮᠴᠢᠯᠡᠭᠡᠨ ᠤ ᠠᠵᠢᠯᠯᠠᠭᠠ ᠳᠤ ᠣᠨᠳᠣᠣ ᠰᠠᠨᠠᠯ ᠪᠤᠶᠤ ᠮᠠᠷᠭᠤᠭᠠᠨ ᠲᠠᠢ ᠪᠠᠶᠢᠪᠠᠯ᠂ ᠬᠠᠤᠯᠢ  | ᠶᠣᠰᠣᠭᠠᠷ ᠰᠠᠨᠠᠯ ᠪᠠ ᠬᠦᠰᠡᠯ ᠱᠠᠭᠠᠷᠳᠠᠯᠭᠠ ᠪᠠᠨ ᠢᠯᠡᠳᠬᠡᠨᠡ︔ |     ︵ᠲᠠᠪᠤ︶ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠤᠨ ᠳᠤᠮᠳᠠ ᠲᠤᠰᠠᠭᠠᠷᠯᠠᠨ  | ᠡᠮᠨᠡᠬᠦ᠂ ᠠᠨᠠᠭᠠᠬᠤ ᠤᠬᠠᠭᠠᠨ ᠤ ᠠᠵᠢᠭᠯᠠᠯᠲᠠ ᠬᠢᠬᠦ ᠵᠡᠷᠭᠡ ᠠᠷᠭᠠ ᠬᠡᠮᠵᠢᠶᠡ ᠶᠢ ᠬᠦᠯᠢᠶᠡᠨ ᠠᠪᠬᠤ ᠴᠢᠬᠤᠯᠠᠲᠠᠢ  | ᠪᠠᠶᠢᠪᠠᠯ᠂ ᠬᠠᠮᠵᠢᠯᠴᠠᠬᠤ ᠬᠡᠷᠡᠭᠲᠡᠢ︔ |     ︵ᠵᠢᠷᠭᠤᠭᠠ︶ ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠪᠠᠶᠢᠳᠠᠯ᠃ |     ᠭᠤᠷᠪᠠᠳᠤᠭᠠᠷ ᠪᠦᠯᠦᠭ ᠡᠮᠴᠢᠯᠡᠭᠡᠨ ᠤ ᠵᠠᠭᠤᠷᠠᠯᠳᠤᠭᠠᠨ ᠢ ᠰᠢᠢᠳᠪᠦᠷᠢᠯᠡᠬᠦ |     ᠬᠤᠷᠢᠨ ᠳᠥᠷᠪᠡᠳᠦᠭᠡᠷ ᠵᠦᠢᠯ ᠡᠮᠴᠢᠯᠡᠭᠡᠨ ᠤ ᠵᠠᠭᠤᠷᠠᠯᠳᠤᠭᠠᠨ ᠭᠠᠷᠪᠠᠯ᠂ ᠡᠮᠴᠢ ᠪᠠ ᠡᠪᠡᠳᠴᠢᠲᠡᠨ ᠬᠤᠶᠠᠷ  | ᠲᠠᠯᠠ ᠪᠠᠷ ᠢᠶᠠᠨ ᠳᠣᠣᠷᠠ ᠵᠢᠭᠰᠠᠭᠠᠭᠰᠠᠨ ᠠᠷᠭᠠ ᠵᠠᠮ ᠢᠶᠠᠷ ᠳᠠᠮᠵᠢᠭᠤᠯᠤᠨ ᠰᠢᠢᠳᠪᠦᠷᠢᠯᠡᠵᠦ ᠪᠣᠯᠣᠨᠠ᠄ |     ︵ᠨᠢᠭᠡ︶ ᠬᠤᠶᠠᠷ ᠲᠠᠯᠠ ᠪᠠᠷ ᠢᠶᠠᠨ ᠰᠠᠶᠢᠨ ᠳᠤᠷᠠ ᠠᠴᠠ ᠪᠠᠨ ᠵᠥᠪᠳᠡᠯᠴᠡᠬᠦ︔ |     ︵ᠬᠤᠶᠠᠷ︶ ᠠᠷᠠᠳ ᠤᠨ ᠡᠶᠡᠳᠡᠭᠦᠯᠭᠡ ᠬᠢᠯᠭᠡᠬᠦ ᠪᠠᠷ ᠭᠤᠶᠤᠴᠢᠯᠠᠬᠤ︔ |     ︵ᠭᠤᠷᠪᠠ︶ ᠵᠠᠰᠠᠭ ᠵᠠᠬᠢᠷᠭᠠᠨ ᠤ ᠡᠶᠡᠳᠡᠭᠦᠯᠭᠡ ᠬᠢᠯᠭᠡᠬᠦ ᠪᠠᠷ ᠭᠤᠶᠤᠴᠢᠯᠠᠬᠤ︔ |     ︵ᠳᠥᠷᠪᠡ︶ ᠠᠷᠠᠳ ᠤᠨ ᠰᠢᠭᠦᠬᠦ ᠬᠤᠷᠢᠶᠠᠨ ᠳᠤ ᠵᠠᠭᠠᠯᠳᠤᠯᠭᠠ ᠭᠠᠷᠭᠠᠬᠤ︔ |     ︵ᠲᠠᠪᠤ︶ ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠠᠷᠭᠠ ᠵᠠᠮ ᠢᠶᠠᠷ  | ᠰᠢᠢᠳᠪᠦᠷᠢᠯᠡᠬᠦ᠃ |     ᠬᠤᠷᠢᠨ ᠲᠠᠪᠤᠳᠤᠭᠠᠷ ᠵᠦᠢᠯ ᠡᠮᠴᠢᠯᠡᠭᠡᠨ ᠤ ᠵᠠᠭᠤᠷᠠᠯᠳᠤᠭᠠᠨ ᠭᠠᠷᠪᠠᠯ᠂ ᠡᠮᠴᠢᠯᠡᠭᠡᠨ ᠤ ᠪᠠᠶᠢᠭᠤᠯᠤᠮᠵᠢ ᠨᠤᠭᠤᠳ  | ᠳᠣᠣᠷᠠ ᠵᠢᠭᠰᠠᠭᠠᠭᠰᠠᠨ ᠠᠷᠭᠠ ᠬᠡᠮᠵᠢᠶᠡ ᠠᠪᠴᠤ ᠰᠢᠢᠳᠪᠦᠷᠢᠯᠡᠬᠦ ᠬᠡᠷᠡᠭᠲᠡᠢ᠄ |     ︵ᠨᠢᠭᠡ︶ ᠡᠪᠡᠳᠴᠢᠲᠡᠨ ᠪᠤᠶᠤ ᠲᠡᠭᠦᠨ ᠤ ᠣᠶᠢᠷᠠ ᠲᠥᠷᠥᠯ ᠰᠠᠳᠤᠨ ᠤ ᠰᠠᠨᠠᠯ ᠢ ᠰᠣᠨᠣᠰᠴᠤ᠂ ᠲᠡᠭᠦᠨ ᠳᠤ  | ᠡᠮᠴᠢᠯᠡᠭᠡᠨ ᠤ ᠵᠠᠭᠤᠷᠠᠯᠳᠤᠭᠠᠨ ᠢ ᠰᠢᠢᠳᠪᠦᠷᠢᠯᠡᠬᠦ ᠠᠷᠭᠠ ᠵᠠᠮ ᠪᠠ ᠳᠡᠰ ᠳᠠᠷᠠᠭᠠᠯᠠᠯ ᠢ ᠮᠡᠳᠡᠭᠳᠡᠵᠦ᠂ ᠬᠠᠮᠢᠶᠠ ᠪᠦᠬᠦᠢ  | ᠯᠠᠪᠯᠠᠯᠲᠠ ᠪᠠ ᠮᠠᠳᠠᠭ ᠲᠠᠢ ᠵᠦᠢᠯ ᠳᠤ ᠨᠢ ᠬᠠᠷᠢᠭᠤᠯᠲᠠ ᠥᠭᠴᠦ᠂ ᠲᠡᠭᠦᠨ ᠢ ᠬᠥᠲᠥᠯᠥᠨ ᠵᠢᠯᠤᠭᠤᠳᠴᠤ ᠪᠠᠶᠢᠭᠠᠳ  | ᠬᠠᠤᠯᠢ ᠶᠣᠰᠣᠭᠠᠷ ᠵᠠᠭᠤᠷᠠᠯᠳᠤᠭᠠᠨ ᠢ ᠰᠢᠢᠳᠪᠦᠷᠢᠯᠡᠭᠦᠯᠦᠨᠡ︔ |     ︵ᠬᠤᠶᠠᠷ︶ ᠡᠪᠡᠳᠴᠢᠲᠡᠨ ᠪᠤᠶᠤ ᠲᠡᠭᠦᠨ ᠤ ᠣᠶᠢᠷᠠ ᠲᠦᠷᠤᠯ ᠰᠠᠳᠤᠨ ᠳᠤ ᠡᠪᠡᠳᠴᠢᠨ ᠤ ᠲᠡᠦᠬᠡ ᠶᠢᠨ  | ᠮᠠᠲ᠋ᠧᠷᠢᠶᠠᠯ ᠢ ᠪᠠᠶᠢᠴᠠᠭᠠᠨ ᠦᠵᠡᠬᠦ᠂ ᠬᠠᠭᠤᠯᠪᠤᠷᠢᠯᠠᠬᠤ᠂ ᠪᠢᠲᠡᠭᠦᠮᠵᠢᠯᠡᠨ ᠬᠠᠳᠠᠭᠠᠯᠠᠬᠤ᠂ ᠪᠢᠲᠡᠭᠦᠮᠵᠢ ᠨᠡᠭᠡᠭᠡᠬᠦ  | ᠲᠤᠬᠠᠢ ᠬᠤᠯᠪᠣᠭᠳᠠᠯ ᠪᠦᠬᠦᠢ ᠲᠣᠭᠲᠠᠭᠠᠯ ᠢ ᠮᠡᠳᠡᠭᠳᠡᠨᠡ︔ |     ︵ᠭᠤᠷᠪᠠ︶ ᠡᠪᠡᠳᠴᠢᠲᠡᠨ ᠪᠤᠶᠤ ᠲᠡᠭᠦᠨ ᠤ ᠣᠶᠢᠷᠠ ᠲᠥᠷᠥᠯ ᠰᠠᠳᠤᠨ ᠳᠤ ᠲᠤᠬᠠᠢ ᠶᠢᠨ ᠲᠠᠯᠠᠪᠠᠢ ᠳᠤ  | ᠪᠣᠳᠠᠲᠤ ᠶᠠᠭᠤᠮᠠ ᠶᠢ ᠪᠢᠲᠡᠭᠦᠮᠵᠢᠯᠡᠬᠦ ᠪᠠ ᠪᠢᠲᠡᠭᠦᠮᠵᠢ ᠨᠡᠭᠡᠭᠡᠬᠦ ᠲᠤᠬᠠᠢ ᠬᠤᠯᠪᠣᠭᠳᠠᠯ ᠪᠦᠬᠦᠢ ᠲᠣᠭᠲᠠᠭᠠᠯ ᠢ  | ᠮᠡᠳᠡᠭᠳᠡᠨᠡ︔ |     ︵ᠳᠥᠷᠪᠡ︶ ᠡᠪᠡᠳᠴᠢᠲᠡᠨ ᠨᠠᠰᠤ ᠪᠠᠷᠠᠭᠰᠠᠨ ᠪᠠᠶᠢᠪᠠᠯ ᠣᠶᠢᠷᠠ ᠲᠥᠷᠥᠯ ᠰᠠᠳᠤᠨ ᠳᠤ ᠨᠢ ᠬᠡᠭᠦᠷ ᠰᠢᠯᠭᠠᠨ  | ᠪᠠᠶᠢᠴᠠᠭᠠᠬᠤ ᠬᠤᠯᠪᠣᠭᠳᠠᠯ ᠪᠦᠬᠦᠢ ᠲᠣᠭᠲᠠᠭᠠᠯ ᠢ ᠮᠡᠳᠡᠭᠳᠡᠨᠡ︔ |     ︵ᠲᠠᠪᠤ︶ ᠴᠢᠬᠤᠯᠠᠲᠠᠢ ᠦᠶᠡ ᠳᠤ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠵᠤ ᠬᠠᠮᠲᠤᠷᠠᠨ  | ᠣᠨᠣᠰᠢᠯᠠᠬᠤ ᠶᠢᠨ ᠬᠠᠮᠲᠤ ᠲᠤᠰᠬᠠᠢ ᠮᠡᠷᠭᠡᠵᠢᠯᠲᠡᠨ ᠤ ᠬᠠᠮᠲᠤᠷᠠᠨ ᠣᠨᠣᠰᠢᠯᠠᠭᠰᠠᠨ ᠰᠠᠨᠠᠯ ᠢ ᠡᠪᠡᠳᠴᠢᠲᠡᠨ ᠪᠤᠶᠤ  | ᠲᠡᠭᠦᠨ ᠤ ᠣᠶᠢᠷᠠ ᠲᠦᠷᠦᠯ ᠰᠠᠳᠤᠨ ᠳᠤ ᠨᠢ ᠮᠡᠳᠡᠭᠳᠡᠨᠡ︔ |     ︵ᠵᠢᠷᠭᠤᠭᠠ︶ ᠡᠮᠴᠢᠯᠡᠭᠡᠨ ᠤ ᠵᠠᠭᠤᠷᠠᠯᠳᠤᠭᠠᠨ ᠤ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠪᠡᠯᠡᠳᠬᠡᠯ  | ᠲᠥᠰᠥᠯ ᠢ ᠡᠬᠢᠯᠡᠭᠦᠯᠬᠦ ᠴᠢᠬᠤᠯᠠᠲᠠᠢ ᠪᠠᠶᠢᠪᠠᠯ᠂ ᠬᠠᠮᠢᠶᠠ ᠪᠦᠬᠦᠢ ᠲᠣᠭᠲᠠᠭᠠᠯ ᠶᠣᠰᠣᠭᠠᠷ ᠠᠷᠭᠠ ᠬᠡᠮᠵᠢᠶᠡ  | ᠠᠪᠬᠤ ᠶᠢᠨ ᠬᠠᠮᠲᠤ ᠪᠠᠶᠢᠭᠠ ᠭᠠᠵᠠᠷ ᠤᠨ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠡᠷᠡᠭᠦᠯ ᠬᠠᠮᠠᠭᠠᠯᠠᠯ  | ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭᠠ ᠮᠥᠴᠢᠷ ᠲᠤ ᠴᠠᠭ ᠲᠤᠬᠠᠢ ᠳᠤ ᠨᠢ ᠮᠡᠳᠡᠭᠦᠯᠬᠦ ᠬᠡᠷᠡᠭᠲᠡᠢ︔ |     ︵ᠳᠣᠯᠤᠭᠠ︶ ᠡᠷᠡᠭᠦᠯ ᠬᠠᠮᠠᠭᠠᠯᠠᠯ ᠡᠷᠡᠭᠦᠯ ᠮᠡᠨᠳᠦ᠂ ᠳᠣᠲᠣᠭᠠᠳᠤ ᠶᠢ ᠬᠠᠮᠠᠭᠠᠯᠠᠬᠤ ᠵᠡᠷᠭᠡ ᠰᠠᠯᠠᠭᠠ ᠮᠥᠴᠢᠷ  | ᠵᠢᠴᠢ ᠬᠠᠮᠢᠶᠠ ᠪᠦᠬᠦᠢ ᠨᠢᠭᠡᠴᠢ ᠯᠦᠭᠡ ᠬᠠᠮᠵᠢᠯᠴᠠᠨ ᠪᠠᠶᠢᠴᠠᠭᠠᠯᠲᠠ ᠬᠢᠵᠦ ᠭᠡᠷᠡᠴᠢ ᠠᠪᠬᠤ ᠪᠠ ᠵᠠᠭᠤᠷᠠᠯᠳᠤᠭᠠᠨ ᠢ  | ᠰᠢᠢᠳᠪᠦᠷᠢᠯᠡᠬᠦ ᠠᠵᠢᠯ ᠢ ᠰᠠᠶᠢᠲᠤᠷ ᠬᠢᠨᠡ᠃ |     ᠬᠤᠷᠢᠨ ᠵᠢᠷᠭᠤᠳᠤᠭᠠᠷ ᠵᠦᠢᠯ ᠬᠦᠨᠳᠦ ᠬᠡᠴᠡᠭᠦᠦ ᠡᠮᠴᠢᠯᠡᠭᠡᠨ ᠤ ᠵᠠᠭᠤᠷᠠᠯᠳᠤᠭᠠᠨ ᠭᠠᠷᠤᠭᠰᠠᠨ ᠪᠠᠶᠢᠪᠠᠯ᠂  | ᠡᠮᠴᠢᠯᠡᠭᠡᠨ ᠤ ᠪᠠᠶᠢᠭᠤᠯᠤᠮᠵᠢ ᠨᠢ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠪᠡᠯᠡᠳᠬᠡᠯ ᠲᠥᠰᠥᠯ ᠢᠶᠠᠨ ᠲᠡᠷᠡ  | ᠳᠠᠷᠤᠢ ᠡᠬᠢᠯᠡᠭᠦᠯᠵᠦ᠂ ᠲᠣᠭᠲᠠᠭᠠᠯ ᠶᠣᠰᠣᠭᠠᠷ ᠬᠠᠷᠢᠶᠠ ᠭᠠᠵᠠᠷ ᠤᠨ ᠬᠤᠰᠢᠭᠤ ᠰᠢᠶᠠᠨ ᠤ ᠱᠠᠲᠤ ᠪᠠ ᠠᠶᠢᠮᠠᠭ  | ᠬᠤᠲᠠ ᠶᠢᠨ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭᠠ ᠮᠥᠴᠢᠷ ᠲᠤ  | ᠮᠡᠳᠡᠭᠦᠯᠬᠦ ᠬᠡᠷᠡᠭᠲᠡᠢ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭᠠ ᠮᠥᠴᠢᠷ ᠨᠢ  | ᠮᠡᠳᠡᠭᠦᠯᠦᠯᠲᠡ ᠶᠢ ᠣᠯᠣᠭᠰᠠᠨ ᠤ ᠳᠠᠷᠠᠭᠠ᠂ ᠴᠠᠭ ᠲᠤᠬᠠᠢ ᠳᠤ ᠨᠢ ᠬᠥᠮᠥᠨ ᠲᠣᠮᠢᠯᠠᠨ ᠲᠤᠬᠠᠢ ᠶᠢᠨ ᠲᠠᠯᠠᠪᠠᠢ ᠳᠤ  | ᠣᠴᠢᠭᠤᠯᠤᠨ ᠪᠠᠶᠢᠳᠠᠯ ᠢ ᠣᠶᠢᠯᠠᠭᠠᠨ ᠡᠵᠡᠮᠰᠢᠭᠦᠯᠵᠦ᠂ ᠡᠮᠴᠢ ᠪᠠ ᠡᠪᠡᠳᠴᠢᠲᠡᠨ ᠬᠤᠶᠠᠷ ᠲᠠᠯᠠ ᠶᠢ ᠬᠥᠲᠥᠯᠥᠨ  | ᠵᠢᠯᠤᠭᠤᠳᠴᠤ ᠪᠠᠶᠢᠭᠠᠳ ᠬᠠᠤᠯᠢ ᠶᠣᠰᠣᠨ ᠤ ᠠᠷᠭᠠ ᠵᠠᠮ ᠢᠶᠠᠷ ᠳᠠᠮᠵᠢᠭᠤᠯᠤᠨ ᠵᠠᠭᠤᠷᠠᠯᠳᠤᠭᠠᠨ ᠢ  | ᠰᠢᠢᠳᠪᠦᠷᠢᠯᠡᠬᠦ ᠶᠢᠨ ᠬᠠᠮᠲᠤ ᠳᠣᠣᠷᠠ ᠵᠢᠭᠰᠠᠭᠠᠭᠰᠠᠨ ᠠᠷᠭᠠ ᠬᠡᠮᠵᠢᠶᠡ ᠶᠢ ᠠᠪᠬᠤ ᠬᠡᠷᠡᠭᠲᠡᠢ᠄ |     ︵ᠨᠢᠭᠡ︶ ᠡᠮᠴᠢᠯᠡᠭᠡᠨ ᠤ ᠪᠠᠶᠢᠭᠤᠯᠤᠮᠵᠢ ᠶᠢ ᠵᠢᠯᠣᠭᠤᠳᠤᠨ ᠰᠢᠮᠳᠠᠭᠤᠯᠵᠤ ᠪᠠᠶᠢᠭᠠᠳ ᠲᠡᠷᠡ ᠳᠠᠷᠤᠢ ᠳᠤ ᠨᠢ  | ᠠᠷᠭᠠ ᠬᠡᠮᠵᠢᠶᠡ ᠠᠪᠤᠭᠤᠯᠵᠤ᠂ ᠬᠡᠷᠡᠭ ᠶᠡᠬᠡᠳᠬᠦ ᠠᠴᠠ ᠰᠡᠷᠭᠡᠶᠢᠯᠡᠨᠡ︔ |     ︵ᠬᠤᠶᠠᠷ︶ ᠠᠵᠢᠯᠲᠠᠨ ᠵᠣᠬᠢᠶᠠᠨ ᠪᠠᠶᠢᠭᠤᠯᠤᠨ ᠲᠤᠬᠠᠢ ᠶᠢᠨ ᠲᠠᠯᠠᠪᠠᠢ ᠳᠤ ᠣᠴᠢᠭᠤᠯᠵᠤ ᠳᠣᠲᠣᠭᠠᠳᠤ ᠶᠢ  | ᠬᠠᠮᠠᠭᠠᠯᠠᠬᠤ ᠵᠡᠷᠭᠡ ᠬᠤᠯᠪᠣᠭᠳᠠᠯ ᠪᠦᠬᠦᠢ ᠰᠠᠯᠠᠭᠠ ᠮᠥᠴᠢᠷ ᠯᠦᠭᠡ ᠬᠠᠮᠵᠢᠯᠴᠠᠨ ᠲᠤᠬᠠᠢ ᠶᠢᠨ ᠲᠠᠯᠠᠪᠠᠢ ᠳᠤ  | ᠰᠢᠢᠳᠪᠦᠷᠢᠯᠡᠬᠦ ᠠᠵᠢᠯ ᠢ ᠰᠠᠶᠢᠲᠤᠷ ᠬᠢᠬᠦ ᠬᠡᠷᠡᠭᠲᠡᠢ︔ |     ︵ᠭᠤᠷᠪᠠ︶ ᠨᠡᠪᠲᠡᠷᠡᠯᠴᠡᠨ ᠣᠶᠢᠯᠠᠭᠠᠯᠴᠠᠵᠤ ᠵᠠᠯᠠᠵᠤ ᠵᠢᠯᠤᠭᠤᠳᠬᠤ ᠵᠡᠷᠭᠡ ᠠᠵᠢᠯ ᠢ ᠥᠷᠨᠢᠭᠦᠯᠵᠦ᠂ ᠡᠮᠴᠢ ᠪᠠ  | ᠡᠪᠡᠳᠴᠢᠲᠡᠨ ᠬᠤᠶᠠᠷ ᠲᠠᠯᠠ ᠶᠢ ᠬᠥᠲᠥᠯᠥᠨ ᠵᠢᠯᠤᠭᠤᠳᠴᠤ ᠪᠠᠶᠢᠭᠠᠳ ᠬᠠᠤᠯᠢ ᠶᠣᠰᠣᠨ ᠤ ᠠᠷᠭᠠ ᠵᠠᠮ ᠢᠶᠠᠷ  | ᠵᠠᠭᠤᠷᠠᠯᠳᠤᠭᠠᠨ ᠢ ᠰᠢᠢᠳᠪᠦᠷᠢᠯᠡᠭᠦᠯᠦᠨᠡ᠃ |     ᠬᠤᠷᠢᠨ ᠳᠣᠯᠣᠳᠤᠭᠠᠷ ᠵᠦᠢᠯ ᠡᠮᠴᠢ ᠪᠠ ᠡᠪᠡᠳᠴᠢᠲᠡᠨ ᠬᠤᠶᠠᠷ ᠲᠠᠯᠠ ᠨᠢ ᠡᠮᠴᠢᠯᠡᠭᠡᠨ ᠤ ᠡᠮᠬᠢ ᠵᠢᠷᠤᠮ ᠢ  | ᠬᠠᠤᠯᠢ ᠶᠣᠰᠣᠭᠠᠷ ᠬᠠᠮᠠᠭᠠᠯᠠᠬᠤ ᠬᠡᠷᠡᠭᠲᠡᠢ᠃ ᠶᠠᠮᠠᠷᠪᠠ ᠨᠢᠭᠡᠴᠢ ᠪᠠ ᠬᠤᠪᠢ ᠬᠥᠮᠥᠨ ᠭᠡᠳ ᠳᠣᠣᠷᠠ ᠵᠢᠭᠰᠠᠭᠠᠭᠰᠠᠨ  | ᠦᠢᠯᠡ ᠠᠵᠢᠯᠯᠠᠭᠠ ᠲᠠᠢ ᠪᠠᠶᠢᠵᠤ᠂ ᠡᠪᠡᠳᠴᠢᠲᠡᠨ ᠪᠠ ᠡᠮᠨᠡᠯᠭᠡ ᠶᠢᠨ ᠠᠵᠢᠯᠲᠠᠨ ᠤ ᠪᠡᠶᠡ ᠶᠢᠨ ᠠᠮᠤᠷ ᠲᠦᠪᠰᠢᠨ ᠳᠤ  | ᠬᠤᠣᠷ ᠬᠥᠨᠥᠭᠡᠯ ᠤᠴᠠᠷᠠᠭᠤᠯᠵᠤ᠂ ᠡᠮᠴᠢᠯᠡᠭᠡᠨ ᠤ ᠡᠮᠬᠢ ᠵᠢᠷᠤᠮ ᠢ ᠰᠠᠮᠠᠭᠤᠷᠠᠭᠤᠯᠵᠤ ᠪᠣᠯᠬᠤ ᠦᠭᠡᠢ᠄ |     ︵ᠨᠢᠭᠡ︶ ᠣᠯᠠᠭᠤᠯᠠ ᠴᠤᠭᠯᠠᠵᠤ ᠡᠮᠴᠢᠯᠡᠭᠡᠨ ᠤ ᠪᠠᠶᠢᠭᠤᠯᠤᠮᠵᠢ ᠶᠢᠨ ᠣᠨᠣᠰᠢᠯᠠᠨ ᠡᠮᠨᠡᠬᠦ᠂ ᠠᠯᠪᠠᠯᠠᠬᠤ ᠲᠠᠯᠠᠪᠤᠷ  | ᠭᠠᠵᠠᠷ ᠢ ᠡᠵᠡᠯᠡᠬᠦ︔ |     ︵ᠬᠤᠶᠠᠷ︶ ᠡᠮᠴᠢᠯᠡᠭᠡᠨ ᠤ ᠪᠠᠶᠢᠭᠤᠯᠤᠮᠵᠢ ᠳᠤ ᠬᠤᠪᠢ ᠪᠠᠷ ᠢᠶᠠᠨ ᠴᠢᠨᠳᠠᠷ ᠤᠨ ᠲᠠᠩᠬᠢᠮ ᠭᠠᠷᠭᠠᠬᠤ᠂  | ᠴᠠᠭᠠᠷᠢᠭᠲᠤ ᠴᠡᠴᠡᠭ ᠲᠠᠯᠪᠢᠬᠤ᠂ ᠳᠣᠶ᠋ᠢᠩ ᠤᠨ ᠵᠣᠭᠤᠰ ᠰᠢᠲᠠᠭᠠᠬᠤ᠂ ᠬᠥᠨᠳᠡᠯᠡᠨ ᠪᠢᠴᠢᠭᠡᠰᠦ ᠡᠯᠭᠦᠬᠦ᠂ ᠲᠣᠮᠣ  | ᠵᠢᠵᠢᠭ ᠦᠰᠦᠭᠲᠦ ᠰᠣᠨᠢᠨ ᠨᠠᠭᠠᠬᠤ᠂ ᠤᠬᠠᠭᠤᠯᠭᠠ ᠶᠢᠨ ᠬᠠᠭᠤᠳᠠᠰᠤ ᠲᠠᠷᠬᠠᠭᠠᠬᠤ᠂ ᠡᠭᠦᠳᠡ ᠬᠠᠭᠠᠯᠭᠠ ᠶᠢ  | ᠪᠥᠭᠯᠡᠬᠦ ᠪᠤᠶᠤ ᠪᠤᠰᠤᠳ ᠠᠷᠭᠠ ᠮᠠᠶ᠋ᠢᠭ ᠢᠶᠠᠷ ᠡᠮᠴᠢᠯᠡᠭᠡᠨ ᠤ ᠡᠮᠬᠢ ᠵᠢᠷᠤᠮ ᠢ ᠰᠠᠮᠠᠭᠤᠷᠠᠭᠤᠯᠬᠤ︔ |     ︵ᠭᠤᠷᠪᠠ︶ ᠡᠮᠴᠢᠯᠡᠭᠡᠨ ᠤ ᠪᠠᠶᠢᠭᠤᠯᠤᠮᠵᠢ ᠳᠤ ᠲᠣᠭᠲᠠᠭᠠᠯ ᠠᠴᠠ ᠵᠥᠷᠢᠴᠡᠨ ᠴᠢᠨᠳᠠᠷ ᠲᠠᠯᠪᠢᠵᠤ᠂  | ᠡᠮᠴᠢᠯᠡᠭᠡᠨ ᠤ ᠡᠮᠬᠢ ᠵᠢᠷᠤᠮ ᠢ ᠨᠥᠯᠥᠭᠡᠯᠡᠬᠦ︔ |     ︵ᠳᠥᠷᠪᠡ︶ ᠡᠮᠨᠡᠯᠭᠡ ᠶᠢᠨ ᠠᠵᠢᠯᠲᠠᠨ ᠢ ᠢᠯᠠᠨ ᠲᠠᠯᠠᠨ ᠦᠭᠡᠢ ᠳᠣᠷᠣᠮᠵᠢᠯᠠᠵᠤ ᠭᠤᠲᠤᠭᠠᠬᠤ᠂ ᠵᠦᠬᠡᠨ  | ᠬᠠᠷᠢᠶᠠᠬᠤ᠂ ᠭᠦᠳᠬᠡᠬᠦ᠂ ᠰᠦᠷᠳᠡᠭᠦᠯᠬᠦ᠂ ᠠᠵᠢᠯ ᠤᠨ ᠲᠠᠯᠠᠪᠤᠷ ᠠᠴᠠ ᠭᠠᠷᠭᠠᠬᠤ ᠦᠭᠡᠢ ᠵᠡᠷᠭᠡ ᠠᠷᠭᠠ ᠮᠠᠶ᠋ᠢᠭ ᠢᠶᠠᠷ  | ᠡᠮᠨᠡᠯᠭᠡ ᠶᠢᠨ ᠠᠵᠢᠯᠲᠠᠨ ᠤ ᠪᠡᠶᠡ ᠶᠢᠨ ᠡᠷᠬᠡ ᠴᠢᠯᠦᠭᠡ ᠶᠢ ᠬᠠᠤᠯᠢ ᠪᠤᠰᠤ ᠪᠠᠷ ᠬᠢᠵᠠᠭᠠᠷᠯᠠᠵᠤ᠂ ᠡᠮᠨᠡᠯᠭᠡ ᠶᠢᠨ  | ᠠᠵᠢᠯᠲᠠᠨ ᠢ ᠵᠣᠳᠣᠬᠤ᠂ ᠪᠡᠶᠡ ᠮᠠᠬᠠᠪᠤᠳ ᠢ ᠨᠢ ᠵᠣᠷᠢᠭᠤᠳᠠ ᠭᠡᠮᠲᠦᠭᠡᠬᠦ︔ |     ︵ᠲᠠᠪᠤ︶ ᠫᠤᠤ ᠵᠡᠪᠰᠡᠭ᠂ ᠰᠤᠮᠤ ᠳᠠᠷᠢ᠂ ᠵᠠᠬᠢᠷᠤᠨ ᠬᠠᠮᠢᠶᠠᠷᠴᠤ ᠪᠠᠶᠢᠭᠠ ᠢᠷᠲᠦ ᠪᠠᠭᠠᠵᠢ ᠪᠤᠶᠤ ᠳᠡᠯᠪᠡᠷᠡᠬᠦ  | ᠴᠢᠨᠠᠷᠲᠠᠢ᠂ ᠰᠠᠴᠤᠷᠠᠭ ᠢᠳᠡᠪᠬᠢ ᠴᠢᠨᠠᠷᠲᠠᠢ᠂ ᠬᠤᠣᠷᠲᠤ ᠴᠢᠨᠠᠷᠲᠠᠢ᠂ ᠢᠳᠡᠮᠡᠬᠡᠢ ᠴᠢᠨᠠᠷᠲᠠᠢ ᠵᠡᠷᠭᠡ ᠠᠶᠤᠯ ᠲᠠᠢ  | ᠪᠣᠳᠠᠰ ᠢ ᠡᠮᠴᠢᠯᠡᠭᠡᠨ ᠤ ᠪᠠᠶᠢᠭᠤᠯᠤᠮᠵᠢ ᠳᠤ ᠬᠠᠤᠯᠢ ᠪᠤᠰᠤ ᠪᠠᠷ ᠠᠪᠴᠤ ᠣᠷᠣᠬᠤ︔ |     ︵ᠵᠢᠷᠭᠤᠭᠠ︶ ᠬᠡᠷᠡᠭ ᠢ ᠵᠣᠷᠢᠭᠤᠳᠠ ᠶᠡᠬᠡᠳᠬᠡᠬᠦ᠂ ᠪᠤᠰᠤᠳ ᠬᠥᠮᠥᠨ ᠢ ᠥᠳᠥᠭᠡᠵᠦ᠂ ᠬᠠᠪᠰᠤᠷᠴᠤ ᠪᠠᠶᠢᠭᠠᠳ  | ᠡᠮᠴᠢᠯᠡᠭᠡᠨ ᠤ ᠪᠠᠶᠢᠭᠤᠯᠤᠮᠵᠢ ᠪᠤᠶᠤ ᠡᠮᠨᠡᠯᠭᠡ ᠶᠢᠨ ᠠᠵᠢᠯᠲᠠᠨ ᠳᠤ ᠴᠢᠭᠯᠡᠭᠦᠯᠦᠭᠰᠡᠨ ᠬᠠᠤᠯᠢ ᠶᠢ ᠵᠥᠷᠢᠴᠡᠭᠰᠡᠨ ᠶᠠᠯᠠᠲᠤ  | ᠠᠵᠢᠯᠯᠠᠭᠠ ᠬᠢᠬᠦ᠂ ᠡᠰᠡᠬᠦᠯᠡ ᠪᠤᠰᠤᠳ ᠬᠥᠮᠥᠨ ᠤ ᠨᠠᠶᠢᠳᠠᠯᠭᠠ ᠪᠠᠷ ᠡᠮᠴᠢᠯᠡᠭᠡᠨ ᠤ ᠵᠠᠭᠤᠷᠠᠯᠳᠤᠭᠠᠨ ᠢ  | ᠰᠢᠢᠳᠪᠦᠷᠢᠯᠡᠬᠦ ᠨᠡᠷᠡ ᠪᠠᠷ ᠬᠢᠬᠠᠵᠤ ᠮᠥᠯᠵᠢᠬᠦ᠂ ᠬᠡᠷᠡᠭ ᠥᠳᠥᠭᠡᠵᠦ ᠦᠢᠮᠡᠭᠦᠯᠦᠭᠰᠡᠨ ᠵᠡᠷᠭᠡ ᠦᠢᠯᠡ  | ᠠᠵᠢᠯᠯᠠᠭᠠ ᠲᠠᠢ ᠪᠠᠶᠢᠬᠤ︔ |     ︵ᠳᠣᠯᠤᠭᠠ︶ ᠬᠤᠪᠢ ᠶᠢᠨ ᠵᠠᠭᠤᠴᠢᠯᠠᠭᠤᠷ ᠵᠡᠷᠭᠡ ᠵᠠᠭᠤᠴᠢ ᠪᠠᠷ ᠳᠠᠮᠵᠢᠭᠤᠯᠤᠨ ᠪᠣᠳᠠᠲᠤ ᠬᠡᠷᠡᠭ ᠢ  | ᠭᠠᠵᠢᠭᠤᠳᠠᠭᠤᠯᠤᠨ᠂ ᠦᠨᠡᠨ ᠪᠣᠳᠠᠲᠠᠢ ᠪᠤᠰᠤ ᠦᠭᠡ ᠶᠠᠷᠢᠶᠠ ᠵᠡᠷᠭᠡ ᠶᠢ ᠤᠯᠠᠮᠵᠢᠯᠠᠨ ᠲᠠᠷᠬᠠᠭᠠᠵᠤ᠂ ᠡᠮᠴᠢᠯᠡᠭᠡᠨ ᠤ  | ᠪᠠᠶᠢᠭᠤᠯᠤᠮᠵᠢ ᠵᠢᠴᠢ ᠲᠡᠭᠦᠨ ᠤ ᠡᠮᠨᠡᠯᠭᠡ ᠶᠢᠨ ᠠᠵᠢᠯᠲᠠᠨ ᠢ ᠴᠤᠤᠷᠬᠠᠯ ᠲᠠᠯᠪᠢᠵᠤ᠂ ᠭᠦᠳᠬᠡᠬᠦ︔ |     ︵ᠨᠠᠢᠮᠠ︶ ᠡᠮᠴᠢᠯᠡᠭᠡᠨ ᠤ ᠵᠠᠭᠤᠷᠠᠯᠳᠤᠭᠠᠨ ᠲᠠᠢ ᠬᠠᠮᠢᠶᠠ ᠪᠦᠬᠦᠢ ᠡᠪᠡᠳᠴᠢᠨ ᠤ ᠲᠡᠦᠬᠡ ᠶᠢᠨ ᠮᠠᠲ᠋ᠧᠷᠢᠶᠠᠯ ᠵᠢᠴᠢ  | ᠡᠮ ᠤᠨ ᠵᠦᠢᠯ᠂ ᠡᠷᠡᠭᠦᠯ ᠬᠠᠮᠠᠭᠠᠯᠠᠯ ᠤᠨ ᠮᠠᠲ᠋ᠧᠷᠢᠶᠠᠯ᠂ ᠪᠠᠭᠠᠵᠢ ᠬᠡᠷᠡᠭᠰᠡᠯ ᠵᠡᠷᠭᠡ ᠪᠣᠳᠠᠲᠠᠢ ᠭᠡᠷᠡᠴᠢ ᠶᠢ ᠪᠤᠯᠢᠶᠠᠬᠤ᠂  | ᠡᠪᠳᠡᠨ ᠰᠦᠢᠳᠬᠡᠬᠦ︔ |     ︵ᠶᠢᠰᠦ︶ ᠨᠡᠶᠢᠲᠡ ᠶᠢᠨ ᠪᠠ ᠬᠤᠪᠢ ᠶᠢᠨ ᠡᠳ᠋ ᠬᠥᠷᠥᠩᠭᠡ ᠶᠢ ᠬᠠᠤᠯᠢ ᠪᠤᠰᠤ ᠪᠠᠷ ᠡᠵᠡᠯᠡᠨ ᠬᠡᠷᠡᠭᠯᠡᠬᠦ᠂  | ᠪᠤᠯᠢᠶᠠᠬᠤ᠂ ᠵᠣᠷᠢᠭᠤᠳᠠ ᠡᠪᠳᠡᠨ ᠰᠦᠢᠳᠬᠡᠬᠦ︔ |     ︵ᠠᠷᠪᠠ︶ ᠡᠮᠴᠢᠯᠡᠭᠡᠨ ᠤ ᠪᠠᠶᠢᠭᠤᠯᠤᠮᠵᠢ ᠶᠢᠨ ᠬᠡᠪ ᠤᠨ ᠡᠮᠬᠢ ᠵᠢᠷᠤᠮ ᠢ ᠰᠠᠮᠠᠭᠤᠷᠠᠭᠤᠯᠬᠤ ᠪᠤᠰᠤᠳ ᠦᠢᠯᠡ  | ᠠᠵᠢᠯᠯᠠᠭᠠ᠃ |     ᠡᠮᠴᠢᠯᠡᠭᠡᠨ ᠤ ᠵᠠᠭᠤᠷᠠᠯᠳᠤᠭᠠᠨ ᠤ ᠳᠤᠮᠳᠠ ᠠᠮᠤᠷ ᠢ ᠬᠠᠮᠠᠭᠠᠯᠠᠬᠤ ᠬᠠᠮᠢᠶᠠᠷᠤᠯᠲᠠ ᠶᠢ ᠵᠥᠷᠢᠴᠡᠭᠰᠡᠨ ᠦᠢᠯᠡ  | ᠠᠵᠢᠯᠯᠠᠭᠠ ᠪᠤᠶᠤ ᠶᠠᠯᠠᠲᠤ ᠠᠵᠢᠯᠯᠠᠭᠠ ᠬᠢᠭᠰᠡᠨ ᠢᠶᠠᠷ ᠰᠡᠵᠢᠭᠯᠡᠭᠳᠡᠪᠡᠯ ᠡᠮᠴᠢᠯᠡᠭᠡᠨ ᠤ ᠪᠠᠶᠢᠭᠤᠯᠤᠮᠵᠢ ᠨᠢ ᠲᠡᠷᠡ  | ᠳᠠᠷᠤᠢ ᠳᠤ ᠨᠢ ᠪᠠᠶᠢᠭᠠ ᠭᠠᠵᠠᠷ ᠤᠨ ᠢᠶᠠᠨ ᠳᠣᠲᠣᠭᠠᠳᠤ ᠶᠢ ᠬᠠᠮᠠᠭᠠᠯᠠᠬᠤ ᠪᠠᠶᠢᠭᠤᠯᠭᠠ ᠳᠤ ᠬᠡᠷᠡᠭ ᠮᠡᠳᠡᠭᠦᠯᠬᠦ  | ᠬᠡᠷᠡᠭᠲᠡᠢ᠃ ᠳᠣᠲᠣᠭᠠᠳᠤ ᠶᠢ ᠬᠠᠮᠠᠭᠠᠯᠠᠬᠤ ᠪᠠᠶᠢᠭᠤᠯᠭᠠ ᠴᠠᠭ ᠲᠤᠬᠠᠢ ᠳᠤ ᠨᠢ ᠠᠷᠭᠠ ᠬᠡᠮᠵᠢᠶᠡ ᠠᠪᠴᠤ᠂ ᠬᠠᠤᠯᠢ  | ᠶᠣᠰᠣᠭᠠᠷ ᠰᠢᠢᠳᠪᠦᠷᠢᠯᠡᠵᠦ᠂ ᠡᠮᠴᠢᠯᠡᠭᠡᠨ ᠤ ᠡᠮᠬᠢ ᠵᠢᠷᠤᠮ ᠢ ᠬᠠᠮᠠᠭᠠᠯᠠᠬᠤ ᠬᠡᠷᠡᠭᠲᠡᠢ᠃ |     ᠬᠤᠷᠢᠨ ᠨᠠᠢᠮᠠᠳᠤᠭᠠᠷ ᠵᠦᠢᠯ ᠡᠮᠴᠢ ᠪᠠ ᠡᠪᠡᠳᠴᠢᠲᠡᠨ ᠬᠤᠶᠠᠷ ᠲᠠᠯᠠ ᠪᠠᠷ ᠢᠶᠠᠨ ᠡᠮᠴᠢᠯᠡᠭᠡᠨ ᠤ  | ᠵᠠᠭᠤᠷᠠᠯᠳᠤᠭᠠᠨ ᠢ ᠵᠥᠪᠳᠡᠯᠴᠡᠨ ᠰᠢᠢᠳᠪᠦᠷᠢᠯᠡᠬᠦ ᠪᠠᠷ ᠪᠣᠯᠣᠭᠰᠠᠨ ᠪᠠᠶᠢᠪᠠᠯ ᠳᠣᠣᠷᠠ ᠵᠢᠭᠰᠠᠭᠠᠭᠰᠠᠨ ᠲᠣᠭᠲᠠᠭᠠᠯ  | ᠶᠣᠰᠣᠭᠠᠷ ᠰᠢᠢᠳᠪᠦᠷᠢᠯᠡᠬᠦ ᠬᠡᠷᠡᠭᠲᠡᠢ᠄ |     ︵ᠨᠢᠭᠡ︶ ᠡᠮᠴᠢᠯᠡᠭᠡᠨ ᠤ ᠪᠠᠶᠢᠭᠤᠯᠤᠮᠵᠢ ᠶᠢᠨ ᠲᠣᠬᠢᠷᠠᠭᠤᠯᠤᠭᠰᠠᠨ ᠲᠤᠰᠬᠠᠢ ᠲᠠᠯᠠᠪᠤᠷ ᠭᠠᠵᠠᠷ ᠪᠤᠶᠤ ᠬᠤᠶᠠᠷ  | ᠲᠠᠯᠠ ᠪᠠᠷ ᠢᠶᠠᠨ ᠵᠥᠪᠰᠢᠶᠡᠷᠡᠭᠰᠡᠨ ᠪᠤᠰᠤᠳ ᠲᠠᠯᠠᠪᠤᠷ ᠭᠠᠵᠠᠷ ᠲᠤ ᠵᠥᠪᠳᠡᠯᠴᠡᠵᠦ᠂ ᠡᠮᠴᠢᠯᠡᠭᠡᠨ ᠤ ᠬᠡᠪ ᠤᠨ ᠡᠮᠬᠢ  | ᠵᠢᠷᠤᠮ ᠢ ᠨᠥᠯᠥᠭᠡᠯᠡᠵᠦ ᠪᠣᠯᠬᠤ ᠦᠭᠡᠢ᠃ |     ︵ᠬᠤᠶᠠᠷ︶ ᠡᠮᠴᠢ ᠪᠠ ᠡᠪᠡᠳᠴᠢᠲᠡᠨ ᠬᠤᠶᠠᠷ ᠲᠠᠯᠠ ᠶᠢᠨ ᠬᠥᠮᠥᠨ ᠤ ᠲᠤᠭᠠ ᠨᠡᠯᠢᠶᠡᠳ ᠣᠯᠠᠨ ᠪᠠᠶᠢᠪᠠᠯ᠂  | ᠲᠥᠯᠥᠭᠡᠯᠡᠭᠴᠢ ᠰᠣᠩᠭᠤᠨ ᠵᠥᠪᠳᠡᠯᠴᠡᠵᠦ᠂ ᠲᠠᠯᠠ ᠪᠦᠷᠢ ᠶᠢᠨ ᠲᠥᠯᠥᠭᠡᠯᠡᠭᠴᠢ ᠶᠢᠨ ᠲᠤᠭᠠ ᠶᠢ 5 ᠠᠴᠠ  | ᠬᠡᠲᠦᠷᠡᠭᠦᠯᠬᠦ ᠦᠭᠡᠢ ᠪᠠᠶᠢᠬᠤ ᠬᠡᠷᠡᠭᠲᠡᠢ᠃ |     ︵ᠭᠤᠷᠪᠠ︶ ᠡᠮᠴᠢ ᠪᠠ ᠡᠪᠡᠳᠴᠢᠲᠡᠨ ᠬᠤᠶᠠᠷ ᠲᠠᠯᠠ ᠪᠠᠷ ᠢᠶᠠᠨ ᠡᠮᠴᠢᠯᠡᠭᠡᠨ ᠤ ᠵᠠᠭᠤᠷᠠᠯᠳᠤᠭᠠᠨ ᠢ ᠰᠠᠶᠢᠨ  | ᠳᠤᠷᠠ ᠠᠴᠠ ᠪᠠᠨ ᠵᠥᠪᠳᠡᠯᠴᠡᠨ ᠰᠢᠢᠳᠪᠦᠷᠢᠯᠡᠬᠦ ᠳᠤ᠂ ᠲᠥᠯᠥᠪᠦᠷᠢ ᠵᠣᠭᠤᠰ ᠤᠨ ᠲᠤᠭᠠ ᠶᠢ ᠪᠣᠳᠠᠲᠤ ᠶᠠᠪᠤᠳᠠᠯ ᠢᠶᠠᠷ  | ᠦᠨᠳᠦᠰᠦᠯᠡᠯ ᠪᠣᠯᠭᠠᠨ ᠵᠥᠪᠳᠡᠯᠴᠡᠨ ᠲᠣᠭᠲᠠᠭᠠᠵᠤ᠂ ᠵᠥᠪᠳᠡᠯᠴᠡᠭᠡᠳ ᠰᠠᠨᠠᠯ ᠨᠢᠭᠡᠳᠦᠭᠰᠡᠨ ᠪᠠᠶᠢᠪᠠᠯ᠂ ᠪᠢᠴᠢᠭᠯᠡᠭᠰᠡᠨ  | ᠡᠶᠡᠳᠡᠭᠦᠯᠭᠡ ᠶᠢᠨ ᠵᠥᠪᠯᠡᠯᠴᠡᠭᠡᠷ ᠤᠨ ᠪᠢᠴᠢᠭ ᠲᠤ ᠭᠠᠷ ᠤᠨ ᠦᠰᠦᠭ ᠵᠢᠷᠤᠬᠤ ᠬᠡᠷᠡᠭᠲᠡᠢ᠃ |     ︵ᠳᠥᠷᠪᠡ︶ ᠵᠥᠷᠢᠯᠳᠦᠭᠡᠨ ᠨᠡᠯᠢᠶᠡᠳ ᠶᠡᠭᠡ ᠪᠤᠶᠤ ᠲᠥᠯᠥᠪᠦᠷᠢ ᠶᠢᠨ ᠲᠤᠭᠠ ᠪᠠᠷ ᠨᠡᠯᠢᠶᠡᠳ ᠶᠡᠭᠡ  | ᠡᠮᠴᠢᠯᠡᠭᠡᠨ ᠤ ᠵᠠᠭᠤᠷᠠᠯᠳᠤᠭᠠᠨ ᠢ ᠡᠮᠴᠢ ᠪᠠ ᠡᠪᠡᠳᠴᠢᠲᠡᠨ ᠬᠤᠶᠠᠷ ᠲᠠᠯᠠ ᠪᠠᠷ ᠢᠶᠠᠨ ᠠᠷᠠᠳ ᠤᠨ ᠡᠶᠡᠳᠡᠭᠦᠯᠭᠡ  | ᠬᠢᠯᠭᠡᠬᠦ ᠠᠷᠭᠠ ᠵᠠᠮ ᠢᠶᠠᠷ ᠳᠠᠮᠵᠢᠭᠤᠯᠤᠨ ᠰᠢᠢᠳᠪᠦᠷᠢᠯᠡᠬᠦ ᠶᠢ ᠨᠢ ᠵᠣᠷᠢᠭᠵᠢᠭᠤᠯᠤᠨᠠ᠃ |     ︵ᠲᠠᠪᠤ︶ ᠡᠮᠴᠢ ᠪᠠ ᠡᠪᠡᠳᠴᠢᠲᠡᠨ ᠬᠤᠶᠠᠷ ᠲᠠᠯᠠ ᠪᠠᠷ ᠢᠶᠠᠨ ᠲᠤᠬᠠᠢ ᠶᠢᠨ ᠲᠠᠯᠠᠪᠠᠢ ᠳᠤ ᠪᠠᠶᠢᠬᠤ ᠪᠠᠶᠢᠳᠠᠯ  | ᠳᠣᠣᠷᠠ᠂ ᠡᠪᠡᠳᠴᠢᠨ ᠤ ᠲᠡᠦᠬᠡ ᠶᠢᠨ ᠮᠠᠲ᠋ᠧᠷᠢᠶᠠᠯ᠂ ᠲᠤᠬᠠᠢ ᠶᠢᠨ ᠲᠠᠯᠠᠪᠠᠢ ᠳᠠᠬᠢ ᠪᠣᠳᠠᠲᠤ ᠶᠠᠭᠤᠮᠠ ᠶᠢ ᠲᠣᠭᠲᠠᠭᠠᠯ  | ᠶᠣᠰᠣᠭᠠᠷ ᠪᠢᠲᠡᠭᠦᠮᠵᠢᠯᠡᠨ ᠬᠠᠳᠠᠭᠠᠯᠠᠬᠤ᠂ ᠪᠢᠲᠡᠭᠦᠮᠵᠢ ᠨᠡᠭᠡᠭᠡᠬᠦ ᠬᠡᠷᠡᠭᠲᠡᠢ᠃ |     ︵ᠵᠢᠷᠭᠤᠭᠠ︶ ᠡᠪᠡᠳᠴᠢᠲᠡᠨ ᠡᠮᠴᠢᠯᠡᠭᠡᠨ ᠤ ᠪᠠᠶᠢᠭᠤᠯᠤᠮᠵᠢ ᠳᠤ ᠨᠠᠰᠤ ᠪᠠᠷᠠᠭᠰᠠᠨ ᠪᠠᠶᠢᠪᠠᠯ ᠴᠢᠨᠳᠠᠷ ᠢ ᠨᠢ  | ᠲᠡᠷᠡ ᠳᠠᠷᠤᠢ ᠳᠤ ᠨᠢ ᠬᠡᠭᠦᠷ ᠲᠠᠯᠪᠢᠬᠤ ᠲᠠᠰᠤᠯᠭᠠ ᠪᠤᠶᠤ ᠣᠷᠣᠰᠢᠭᠤᠯᠭᠠ ᠶᠢᠨ ᠭᠠᠵᠠᠷ ᠵᠡᠷᠭᠡ ᠵᠢᠭᠠᠨ  | ᠲᠣᠭᠲᠠᠭᠠᠭᠰᠠᠨ ᠭᠠᠵᠠᠷ ᠲᠤ ᠰᠢᠯᠵᠢᠭᠦᠯᠦᠨ ᠲᠠᠯᠪᠢᠵᠤ᠂ ᠴᠢᠨᠳᠠᠷ ᠲᠠᠯᠪᠢᠬᠤ ᠬᠤᠭᠤᠴᠠᠭᠠ ᠶᠢ ᠶᠡᠷᠦ ᠳᠤ ᠪᠠᠨ 14  | ᠡᠳᠦᠷ ᠠᠴᠠ ᠬᠡᠲᠦᠷᠡᠭᠦᠯᠵᠦ ᠪᠣᠯᠬᠤ ᠦᠭᠡᠢ᠃ ᠡᠪᠡᠳᠴᠢᠲᠡᠨ ᠤ ᠲᠠᠯᠠ ᠶᠢᠨ ᠬᠢᠨ ᠡᠪᠡᠳᠴᠢᠲᠡᠨ ᠤ ᠴᠢᠨᠳᠠᠷ ᠢ ᠨᠢ  | ᠣᠷᠣᠰᠢᠭᠤᠯᠭᠠ ᠶᠢᠨ ᠭᠠᠵᠠᠷ ᠵᠡᠷᠭᠡ ᠲᠣᠭᠲᠠᠭᠰᠠᠨ ᠭᠠᠵᠠᠷ ᠲᠤ ᠰᠢᠯᠵᠢᠭᠦᠯᠬᠦ ᠶᠢ ᠲᠡᠪᠴᠢᠭᠰᠡᠨ ᠪᠠᠶᠢᠪᠠᠯ᠂  | ᠳᠣᠲᠣᠭᠠᠳᠤ ᠶᠢ ᠬᠠᠮᠠᠭᠠᠯᠠᠬᠤ ᠪᠠᠶᠢᠭᠤᠯᠭᠠ ᠨᠢ ᠬᠠᠤᠯᠢ ᠶᠣᠰᠣᠭᠠᠷ ᠰᠢᠢᠳᠪᠦᠷᠢᠯᠡᠵᠦ᠂ ᠣᠷᠣᠰᠢᠭᠤᠯᠭᠠ ᠶᠢᠨ  | ᠭᠠᠵᠠᠷ ᠤᠨ ᠬᠢᠨ ᠡᠪᠡᠳᠴᠢᠲᠡᠨ ᠤ ᠴᠢᠨᠳᠠᠷ ᠢ ᠬᠦᠯᠢᠶᠡᠨ ᠠᠪᠴᠤ ᠲᠡᠭᠡᠭᠡᠪᠦᠷᠢᠯᠡᠬᠦ ᠠᠵᠢᠯ ᠢ ᠬᠠᠤᠯᠢ ᠲᠣᠭᠲᠠᠭᠠᠯ  | ᠶᠣᠰᠣᠭᠠᠷ ᠬᠠᠮᠵᠢᠯᠴᠠᠨ ᠰᠠᠶᠢᠲᠤᠷ ᠬᠢᠬᠦ ᠬᠡᠷᠡᠭᠲᠡᠢ᠃ |     ︵ᠳᠣᠯᠤᠭᠠ︶ ᠡᠪᠡᠳᠴᠢᠲᠡᠨ ᠨᠠᠰᠤ ᠪᠠᠷᠠᠭᠰᠠᠨ ᠳᠤ᠂ ᠡᠮᠴᠢ ᠪᠠ ᠡᠪᠡᠳᠴᠢᠲᠡᠨ ᠬᠤᠶᠠᠷ ᠲᠠᠯᠠ ᠪᠠᠷ ᠢᠶᠠᠨ ᠨᠠᠰᠤ  | ᠪᠠᠷᠠᠭᠰᠠᠨ ᠰᠢᠯᠲᠠᠭᠠᠨ ᠳᠤ ᠣᠨᠳᠣᠣ ᠰᠠᠨᠠᠯ ᠲᠠᠢ ᠪᠠᠶᠢᠪᠠᠯ ᠲᠣᠭᠲᠠᠭᠠᠯ ᠶᠣᠰᠣᠭᠠᠷ ᠴᠢᠨᠳᠠᠷ ᠢ ᠨᠢ ᠰᠢᠯᠭᠠᠨ  | ᠪᠠᠶᠢᠴᠠᠭᠠᠬᠤ ᠬᠡᠷᠡᠭᠲᠡᠢ᠃ |     ᠬᠤᠷᠢ ᠶᠢᠰᠦᠳᠦᠭᠡᠷ ᠵᠦᠢᠯ ᠡᠮᠴᠢᠯᠡᠭᠡᠨ ᠤ ᠵᠠᠭᠤᠷᠠᠯᠳᠤᠭᠠᠨ ᠳᠤ ᠠᠷᠠᠳ ᠤᠨ ᠡᠶᠡᠳᠡᠭᠦᠯᠭᠡ ᠬᠢᠯᠭᠡᠬᠦ ᠪᠠᠷ  | ᠭᠤᠶᠤᠴᠢᠯᠠᠭᠰᠠᠨ ᠪᠠᠶᠢᠪᠠᠯ᠂ ᠡᠮᠴᠢ ᠪᠠ ᠡᠪᠡᠳᠴᠢᠲᠡᠨ ᠬᠤᠶᠠᠷ ᠲᠠᠯᠠ ᠪᠠᠷ ᠢᠶᠠᠨ ᠬᠠᠮᠲᠤ ᠪᠠᠷ ᠡᠮᠴᠢᠯᠡᠭᠡᠨ ᠤ  | ᠵᠠᠭᠤᠷᠠᠯᠳᠤᠭᠠᠨ ᠤ ᠠᠷᠠᠳ ᠤᠨ ᠡᠶᠡᠳᠡᠭᠦᠯᠭᠡ ᠶᠢᠨ ᠺᠣᠮᠢᠰ ︵ᠳᠣᠷᠣᠭᠰᠢ ᠡᠮᠴᠢᠯᠡᠭᠡᠨ ᠤ ᠡᠶᠡᠳᠡᠭᠦᠯᠭᠡ ᠶᠢᠨ ᠺᠣᠮᠢᠰ  | ᠭᠡᠵᠦ ᠲᠣᠪᠴᠢᠯᠠᠪᠠ︶ ᠲᠤ ᠭᠤᠶᠤᠴᠢᠯᠠᠯ ᠳᠤᠷᠠᠳᠤᠨᠠ︔ ᠨᠢᠭᠡ ᠲᠠᠯᠠ ᠶᠢᠨ ᠬᠢᠨᠢ ᠡᠶᠡᠳᠡᠭᠦᠯᠭᠡ ᠬᠢᠯᠭᠡᠬᠦ ᠪᠠᠷ  | ᠭᠤᠶᠤᠴᠢᠯᠠᠭᠰᠠᠨ ᠪᠠᠶᠢᠪᠠᠯ᠂ ᠡᠮᠴᠢᠯᠡᠭᠡᠨ ᠤ ᠡᠶᠡᠳᠡᠭᠦᠯᠭᠡ ᠶᠢᠨ ᠺᠣᠮᠢᠰ ᠨᠢ ᠨᠥᠭᠦᠭᠡ ᠲᠠᠯᠠ ᠶᠢᠨ ᠬᠢᠨ ᠤ  | ᠵᠥᠪᠰᠢᠶᠡᠷᠡᠯ ᠢ ᠣᠯᠣᠭᠰᠠᠨ ᠤ ᠳᠠᠷᠠᠭᠠ ᠡᠶᠡᠳᠡᠭᠦᠯᠦᠨᠡ᠃ ᠡᠮᠴᠢᠯᠡᠭᠡᠨ ᠤ ᠪᠠᠶᠢᠭᠤᠯᠤᠮᠵᠢ ᠳᠤ ᠬᠦᠨᠳᠦ ᠬᠡᠴᠡᠭᠦᠦ  | ᠡᠮᠴᠢᠯᠡᠭᠡᠨ ᠤ ᠵᠠᠭᠤᠷᠠᠯᠳᠤᠭᠠᠨ ᠭᠠᠷᠤᠭᠰᠠᠨ ᠢ ᠮᠡᠳᠡᠭᠰᠡᠨ ᠤ ᠳᠠᠷᠠᠭᠠ᠂ ᠡᠮᠴᠢᠯᠡᠭᠡᠨ ᠤ ᠡᠶᠡᠳᠡᠭᠦᠯᠭᠡ ᠶᠢᠨ ᠺᠣᠮᠢᠰ ᠨᠢ  | ᠠᠷᠠᠳ ᠤᠨ ᠡᠶᠡᠳᠡᠭᠦᠯᠦᠭᠴᠢ ᠲᠣᠮᠢᠯᠠᠨ ᠡᠮᠴᠢᠯᠡᠭᠡᠨ ᠤ ᠪᠠᠶᠢᠭᠤᠯᠤᠮᠵᠢ ᠳᠤ ᠣᠴᠢᠭᠤᠯᠵᠤ᠂ ᠰᠠᠨᠠᠭᠠᠴᠢᠯᠠᠭᠠ ᠠᠴᠠ ᠪᠠᠨ  | ᠠᠵᠢᠯ ᠢᠶᠠᠨ ᠥᠷᠨᠢᠭᠦᠯᠵᠦ᠂ ᠬᠤᠶᠠᠷ ᠲᠠᠯᠠ ᠶᠢᠨ ᠬᠢᠨ ᠢ ᠭᠤᠶᠤᠴᠢᠯᠠᠨ ᠡᠶᠡᠳᠡᠭᠦᠯᠭᠡ ᠬᠢᠯᠭᠡᠬᠦ ᠪᠠᠷ ᠬᠥᠲᠥᠯᠥᠨ  | ᠵᠢᠯᠤᠭᠤᠳᠴᠤ ᠪᠣᠯᠣᠨᠠ᠃ ᠮᠥᠨ ᠴᠦ ᠲᠤᠬᠠᠢ ᠶᠢᠨ ᠭᠠᠵᠠᠷ ᠤᠨ ᠨᠠᠮ ᠤᠨ ᠬᠤᠷᠢᠶᠠ ᠵᠠᠰᠠᠭ ᠤᠨ ᠣᠷᠳᠣᠨ᠂  | ᠬᠤᠯᠪᠣᠭᠳᠠᠯ ᠪᠦᠬᠦᠢ ᠰᠠᠯᠠᠭᠠ ᠮᠥᠴᠢᠷ ᠤᠨ ᠰᠢᠯᠵᠢᠭᠦᠯᠦᠨ ᠬᠦᠷᠭᠡᠭᠰᠡᠨ ᠡᠶᠡᠳᠡᠭᠦᠯᠬᠦ ᠪᠠᠷ ᠨᠠᠶᠢᠳᠠᠭᠰᠠᠨ ᠵᠦᠢᠯᠡᠰ ᠢ  | ᠬᠦᠯᠢᠶᠡᠨ ᠠᠪᠴᠤ ᠪᠣᠯᠣᠨᠠ᠃ |     ᠭᠤᠴᠢᠳᠤᠭᠠᠷ ᠵᠦᠢᠯ ᠳᠣᠣᠷᠠ ᠵᠢᠭᠰᠠᠭᠠᠭᠰᠠᠨ ᠪᠠᠶᠢᠳᠠᠯ ᠳᠤ ᠡᠮᠴᠢᠯᠡᠭᠡᠨ ᠤ ᠡᠶᠡᠳᠡᠭᠦᠯᠭᠡ ᠶᠢᠨ ᠺᠣᠮᠢᠰ ᠬᠦᠯᠢᠶᠡᠨ  | ᠠᠪᠴᠤ ᠰᠢᠢᠳᠪᠦᠷᠢᠯᠡᠬᠦ ᠦᠭᠡᠢ᠂ ᠨᠢᠭᠡᠨᠲᠡ ᠬᠦᠯᠢᠶᠡᠨ ᠠᠪᠴᠤ ᠰᠢᠢᠳᠪᠦᠷᠢᠯᠡᠭᠰᠡᠨ ᠪᠠᠶᠢᠪᠠᠯ ᠡᠶᠡᠳᠡᠭᠦᠯᠭᠡ ᠪᠠᠨ  | ᠵᠣᠭᠰᠣᠭᠠᠨᠠ᠄ |     ︵ᠨᠢᠭᠡ︶ ᠲᠤᠬᠠᠶᠢᠲᠠᠢ ᠬᠥᠮᠥᠨ ᠨᠢ ᠨᠢᠭᠡᠨᠲᠡ ᠠᠷᠠᠳ ᠤᠨ ᠰᠢᠭᠦᠬᠦ ᠬᠤᠷᠢᠶᠠᠨ ᠳᠤ ᠵᠠᠭᠠᠯᠳᠤᠯᠭᠠ ᠭᠠᠷᠭᠠᠭᠰᠠᠨ  | ᠮᠥᠷᠲᠡᠭᠡᠨ ᠨᠢᠭᠡᠨᠲᠡ ᠰᠢᠢᠳᠪᠦᠷᠢᠯᠡᠬᠦ ᠪᠠᠷ ᠬᠦᠯᠢᠶᠡᠨ ᠠᠪᠤᠭᠰᠠᠨ᠂ ᠡᠰᠡᠬᠦᠯᠡ ᠠᠷᠠᠳ ᠤᠨ ᠰᠢᠭᠦᠬᠦ ᠬᠤᠷᠢᠶᠠ ᠨᠢᠭᠡᠨᠲᠡ  | ᠡᠶᠡᠳᠡᠭᠦᠯᠦᠭᠰᠡᠨ ᠪᠤᠶᠤ ᠰᠢᠭᠦᠨ ᠲᠠᠰᠤᠯᠵᠤ ᠬᠡᠷᠡᠭ ᠳᠠᠭᠤᠰᠤᠭᠰᠠᠨ︔ ᠠᠷᠠᠳ ᠤᠨ ᠰᠢᠭᠦᠬᠦ ᠬᠤᠷᠢᠶᠠ ᠬᠠᠤᠯᠢ  | ᠶᠣᠰᠣᠭᠠᠷ ᠡᠶᠡᠳᠡᠭᠦᠯᠬᠦ ᠪᠠᠷ ᠨᠠᠶᠢᠳᠠᠭᠰᠠᠨ ᠪᠤᠶᠤ ᠲᠣᠮᠢᠯᠠᠭᠰᠠᠨ ᠪᠠᠶᠢᠪᠠᠯ ᠡᠭᠦᠨ ᠳᠤ ᠪᠠᠭᠲᠠᠬᠤ ᠦᠭᠡᠢ᠃ |     ︵ᠬᠤᠶᠠᠷ︶ ᠲᠤᠬᠠᠶᠢᠲᠠᠢ ᠬᠥᠮᠥᠨ ᠨᠢ ᠨᠢᠭᠡᠨᠲᠡ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ  | ᠰᠠᠯᠠᠭᠠ ᠮᠥᠴᠢᠷ ᠢᠶᠠᠷ ᠡᠶᠡᠳᠡᠭᠦᠯᠬᠦ ᠪᠠᠷ ᠭᠤᠶᠤᠴᠢᠯᠠᠭᠰᠠᠨ ᠮᠥᠷᠲᠡᠭᠡᠨ ᠨᠢᠭᠡᠨᠲᠡ ᠬᠦᠯᠢᠶᠡᠨ ᠠᠪᠴᠤ  | ᠰᠢᠢᠳᠪᠦᠷᠢᠯᠡᠭᠰᠡᠨ᠂ ᠡᠰᠡᠬᠦᠯᠡ ᠵᠠᠰᠠᠭ ᠵᠠᠬᠢᠷᠭᠠᠨ ᠤ ᠡᠶᠡᠳᠡᠭᠦᠯᠭᠡ ᠪᠠᠷ ᠳᠠᠮᠵᠢᠨ ᠬᠡᠷᠡᠭ ᠳᠠᠭᠤᠰᠤᠭᠰᠠᠨ︔ ᠵᠠᠰᠠᠭ  | ᠵᠠᠬᠢᠷᠭᠠᠨ ᠤ ᠰᠠᠯᠠᠭᠠ ᠮᠥᠴᠢᠷ ᠬᠠᠤᠯᠢ ᠶᠣᠰᠣᠭᠠᠷ ᠡᠶᠡᠳᠡᠭᠦᠯᠬᠦ ᠪᠠᠷ ᠨᠠᠶᠢᠳᠠᠭᠰᠠᠨ ᠪᠠᠶᠢᠪᠠᠯ ᠡᠭᠦᠨ ᠳᠤ ᠪᠠᠭᠲᠠᠬᠤ  | ᠦᠭᠡᠢ᠃ |     ︵ᠭᠤᠷᠪᠠ︶ ᠨᠢᠭᠡ ᠲᠠᠯᠠ ᠶᠢᠨ ᠲᠤᠬᠠᠶᠢᠲᠠᠢ ᠬᠥᠮᠥᠨ ᠡᠶᠡᠳᠡᠭᠦᠯᠬᠦ ᠶᠢ ᠵᠥᠪᠰᠢᠶᠡᠷᠡᠬᠦ ᠦᠭᠡᠢ ᠭᠡᠵᠦ ᠲᠣᠳᠣᠷᠬᠠᠢ  | ᠢᠯᠡᠳᠬᠡᠭᠰᠡᠨ ᠪᠠᠶᠢᠳᠠᠯ᠃ |     ︵ᠳᠥᠷᠪᠡ︶ ᠲᠤᠬᠠᠶᠢᠲᠠᠢ ᠬᠥᠮᠥᠨ ᠪᠤᠶᠤ ᠲᠡᠭᠦᠨ ᠤ ᠣᠷᠣᠯᠠᠨ ᠭᠦᠢᠴᠡᠳᠭᠡᠭᠴᠢ ᠬᠤᠪᠢ ᠬᠥᠮᠥᠨ ᠤ ᠦᠨᠡᠨ  | ᠪᠣᠳᠠᠲᠠᠢ ᠬᠦᠴᠦᠨ ᠪᠦᠬᠦᠢ ᠪᠡᠶᠡ ᠶᠢᠨ ᠦᠨᠡᠮᠯᠡᠯ ᠪᠤᠶᠤ ᠬᠠᠮᠢᠶᠠ ᠪᠦᠬᠦᠢ ᠭᠡᠷᠡᠴᠢ ᠪᠠᠷᠢᠮᠲᠠ ᠶᠢᠨ ᠮᠠᠲ᠋ᠧᠷᠢᠶᠠᠯ ᠢᠶᠠᠨ  | ᠬᠠᠩᠭᠠᠬᠤ ᠶᠢ ᠲᠡᠪᠴᠢᠭᠰᠡᠨ ᠪᠠᠶᠢᠳᠠᠯ᠃ |     ︵ᠲᠠᠪᠤ︶ ᠡᠮᠴᠢᠯᠡᠭᠡᠨ ᠤ ᠡᠶᠡᠳᠡᠭᠦᠯᠭᠡ ᠶᠢᠨ ᠺᠣᠮᠢᠰ ᠡᠶᠡᠳᠡᠭᠦᠯᠦᠭᠡᠳ ᠡᠶᠡᠳᠡᠭᠦᠯᠭᠡ ᠶᠢᠨ ᠵᠥᠪᠯᠡᠯᠴᠡᠭᠡᠷ  | ᠲᠣᠭᠲᠠᠵᠤ ᠨᠢᠭᠡᠨᠲᠡ ᠬᠡᠷᠡᠭ ᠳᠠᠭᠤᠰᠤᠭᠰᠠᠨ ᠪᠠᠶᠢᠳᠠᠯ᠃ |     ︵ᠵᠢᠷᠭᠤᠭᠠ︶ ᠨᠢᠭᠡ ᠲᠠᠯᠠ ᠶᠢᠨ ᠲᠤᠬᠠᠶᠢᠲᠠᠢ ᠬᠥᠮᠥᠨ ᠡᠶᠡᠲᠡᠭᠦᠯᠭᠡ ᠬᠢᠯᠭᠡᠬᠦ ᠭᠤᠶᠤᠴᠢᠯᠠᠯ ᠢᠶᠠᠨ ᠪᠤᠴᠠᠭᠠᠬᠤ  | ᠪᠤᠶᠤ ᠡᠶᠡᠳᠡᠭᠦᠯᠬᠦ ᠶᠢ ᠬᠦᠯᠢᠶᠡᠬᠦ ᠦᠭᠡᠢ ᠭᠡᠵᠦ ᠲᠣᠳᠣᠷᠬᠠᠢ ᠢᠯᠡᠳᠬᠡᠭᠰᠡᠨ ᠪᠠᠶᠢᠳᠠᠯ᠃ |     ︵ᠳᠣᠯᠤᠭᠠ︶ ᠬᠠᠤᠯᠢ ᠴᠠᠭᠠᠵᠠ ᠬᠠᠤᠯᠢ ᠲᠣᠭᠲᠠᠭᠠᠯ ᠳᠤ ᠲᠤᠰᠬᠠᠢ ᠪᠠᠶᠢᠭᠤᠯᠭᠠ ᠳᠤ ᠬᠠᠷᠢᠶᠠᠯᠠᠭᠤᠯᠤᠨ  | ᠰᠢᠢᠳᠪᠦᠷᠢᠯᠡᠭᠦᠯᠬᠦ ᠪᠠᠷ ᠲᠣᠭᠲᠠᠭᠠᠭᠰᠠᠨ᠂ ᠡᠰᠡᠬᠦᠯᠡ ᠬᠠᠤᠯᠢ ᠴᠠᠭᠠᠵᠠ ᠬᠠᠤᠯᠢ ᠲᠣᠭᠲᠠᠭᠠᠯ ᠳᠤ ᠠᠷᠠᠳ ᠤᠨ  | ᠬᠤᠭᠤᠷᠣᠨᠳᠤᠬᠢ ᠡᠶᠡᠳᠡᠭᠦᠯᠬᠦ ᠠᠷᠭᠠ ᠭᠡᠯᠪᠡᠷᠢ ᠪᠠᠷ ᠰᠢᠢᠳᠪᠦᠷᠢᠯᠡᠬᠦ ᠶᠢ ᠴᠠᠭᠠᠵᠠᠯᠠᠭᠰᠠᠨ᠂ ᠡᠰᠡᠬᠦᠯᠡ ᠡᠶᠡᠳᠡᠭᠦᠯᠵᠦ  | ᠲᠠᠶᠢᠯᠬᠦ ᠦᠭᠡᠢ ᠪᠣᠯᠣᠭᠰᠠᠨ ᠪᠤᠰᠤᠳ ᠪᠠᠶᠢᠳᠠᠯ᠃ |     ᠭᠤᠴᠢᠨ ᠨᠢᠭᠡᠳᠦᠭᠡᠷ ᠵᠦᠢᠯ ᠡᠮᠴᠢᠯᠡᠭᠡᠨ ᠤ ᠡᠶᠡᠳᠡᠭᠦᠯᠭᠡ ᠶᠢᠨ ᠺᠣᠮᠢᠰ ᠡᠮᠴᠢᠯᠡᠭᠡᠨ ᠤ ᠵᠠᠭᠤᠷᠠᠯᠳᠤᠭᠠᠨ ᠢ  | ᠡᠶᠡᠳᠡᠭᠦᠯᠬᠦ ᠳᠤ ᠪᠠᠨ ᠳᠣᠣᠷᠠ ᠵᠢᠭᠰᠠᠭᠠᠭᠰᠠᠨ ᠲᠣᠭᠲᠠᠭᠠᠯ ᠶᠣᠰᠣᠭᠠᠷ ᠶᠠᠪᠤᠭᠳᠠᠭᠤᠯᠤᠨᠠ᠄ |     ᠡᠮᠴᠢ ᠪᠠ ᠡᠪᠡᠳᠴᠢᠲᠡᠨ ᠬᠤᠶᠠᠷ ᠲᠠᠯᠠ ᠠᠴᠠ ᠲᠤᠰ ᠲᠤᠰ ᠪᠠᠶᠢᠳᠠᠯ ᠢ ᠨᠢ ᠣᠶᠢᠯᠠᠭᠠᠵᠤ᠂ ᠬᠡᠷᠡᠭᠴᠡᠭᠡ ᠪᠠᠨ  | ᠦᠨᠳᠦᠰᠦᠯᠡᠨ ᠬᠤᠯᠪᠣᠭᠳᠠᠯ ᠪᠦᠬᠦᠢ ᠲᠠᠯᠠ ᠠᠴᠠ ᠪᠠᠶᠢᠴᠠᠭᠠᠨ ᠬᠠᠷᠭᠤᠭᠤᠯᠵᠤ᠂ ᠡᠶᠡᠳᠡᠭᠦᠯᠬᠦ ᠠᠴᠠ ᠡᠮᠦᠨᠡᠬᠢ  | ᠪᠡᠯᠡᠳᠬᠡᠯ ᠠᠵᠢᠯ ᠢ ᠰᠠᠶᠢᠲᠤᠷ ᠬᠢᠨᠡ᠃ |     ︵ᠨᠢᠭᠡ︶ ᠡᠮᠴᠢᠯᠡᠭᠡᠨ ᠤ ᠡᠶᠡᠳᠡᠭᠦᠯᠭᠡ ᠶᠢᠨ ᠺᠣᠮᠢᠰ ᠡᠮᠴᠢᠯᠡᠭᠡᠨ ᠤ ᠵᠠᠭᠤᠷᠠᠯᠳᠤᠭᠠᠨ ᠢ ᠡᠶᠡᠳᠡᠭᠦᠯᠬᠦ  | ᠭᠤᠶᠤᠴᠢᠯᠠᠯ ᠢ ᠣᠯᠣᠭᠰᠠᠨ ᠤ ᠳᠡᠷᠠᠭᠠ᠂ 3 ᠠᠵᠢᠯᠯᠠᠬᠤ ᠡᠳᠦᠷ ᠤᠨ ᠳᠣᠲᠣᠷᠠ ᠬᠢᠨᠠᠨ ᠪᠠᠶᠢᠴᠠᠭᠠᠯᠲᠠ ᠬᠢᠵᠦ᠂  | ᠬᠦᠯᠢᠶᠡᠨ ᠠᠪᠴᠤ ᠰᠢᠢᠳᠪᠦᠷᠢᠯᠡᠬᠦ ᠪᠠᠷ ᠲᠣᠭᠲᠠᠭᠰᠠᠨ ᠪᠠᠶᠢᠪᠠᠯ᠂ ᠬᠠᠮᠢᠶᠠ ᠪᠦᠬᠦᠢ ᠮᠠᠲ᠋ᠧᠷᠢᠶᠡᠯ ᠢᠶᠠᠨ ᠲᠤᠰᠢᠶᠠᠬᠤ  | ᠬᠤᠭᠤᠴᠠᠭᠠ ᠬᠢᠵᠠᠭᠠᠷ ᠱᠠᠭᠠᠷᠳᠠᠯᠭᠠ ᠵᠢᠴᠢ ᠲᠤᠬᠠᠶᠢᠲᠠᠢ ᠬᠥᠮᠥᠨ ᠤ ᠡᠶᠡᠳᠡᠭᠦᠯᠬᠦ ᠠᠵᠢᠯᠯᠠᠭᠠ ᠳᠤᠮᠳᠠ ᠡᠳ᠋ᠯᠡᠬᠦ  | ᠡᠷᠬᠡ ᠠᠰᠢᠭ ᠪᠠ ᠡᠭᠦᠷᠭᠡᠯᠡᠬᠦ ᠡᠭᠦᠷᠭᠡ ᠶᠢ ᠪᠢᠴᠢᠭ ᠢᠶᠠᠷ ᠮᠡᠳᠡᠭᠳᠡᠨᠡ︔ ᠰᠢᠢᠳᠪᠦᠷᠢᠯᠡᠬᠦ ᠶᠢ ᠡᠰᠡ ᠬᠦᠯᠢᠶᠡᠭᠰᠡᠨ  | ᠪᠠᠶᠢᠪᠠᠯ᠂ ᠲᠤᠬᠠᠶᠢᠲᠠᠢ ᠬᠥᠮᠥᠨ ᠳᠤ ᠮᠡᠳᠡᠭᠳᠡᠬᠦ ᠶᠢᠨ ᠬᠠᠮᠲᠤ ᠤᠴᠢᠷ ᠰᠢᠯᠲᠠᠭᠠᠨ ᠢᠶᠠᠨ ᠲᠣᠳᠣᠷᠬᠠᠶᠢᠯᠠᠬᠤ ᠶᠢᠨ  | ᠳᠠᠭᠠᠤ᠂ ᠲᠤᠬᠠᠶᠢᠲᠠᠢ ᠬᠥᠮᠥᠨ ᠳᠤ ᠬᠠᠤᠯᠢ ᠶᠣᠰᠣᠭᠠᠷ ᠵᠠᠷᠭᠤ ᠬᠢᠬᠦ ᠵᠡᠷᠭᠡ ᠪᠤᠰᠤᠳ ᠬᠠᠤᠯᠢ ᠶᠣᠰᠣᠨ ᠤ ᠠᠷᠭᠠ  | ᠵᠠᠮ ᠢᠶᠠᠷ ᠳᠠᠮᠵᠢᠭᠤᠯᠤᠨ ᠡᠮᠴᠢᠯᠡᠭᠡᠨ ᠤ ᠵᠠᠭᠤᠷᠠᠯᠳᠤᠭᠠᠨ ᠢ ᠰᠢᠢᠳᠪᠦᠷᠢᠯᠡᠵᠦ ᠪᠤᠯᠬᠤ ᠶᠢ ᠮᠡᠳᠡᠭᠳᠡᠬᠦ ᠬᠡᠷᠡᠭᠲᠡᠢ᠃ |     ︵ᠬᠤᠶᠠᠷ︶ ᠠᠷᠠᠳ ᠤᠨ ᠡᠶᠡᠳᠡᠭᠦᠯᠦᠭᠴᠢ ᠶᠢ ᠵᠢᠭᠠᠨ ᠲᠣᠮᠢᠯᠠᠬᠤ ᠪᠤᠶᠤ ᠲᠤᠬᠠᠶᠢᠲᠠᠢ ᠬᠥᠮᠥᠨ ᠬᠤᠶᠠᠷ ᠠᠴᠠ  | ᠳᠡᠭᠡᠭᠰᠢ ᠬᠥᠮᠥᠨ ᠢ ᠬᠠᠮᠲᠤ ᠪᠠᠷ ᠰᠣᠩᠭᠤᠨ ᠲᠣᠭᠲᠠᠭᠠᠵᠤ ᠡᠶᠡᠳᠡᠭᠦᠯᠭᠡ ᠳᠤ ᠣᠷᠣᠯᠴᠠᠭᠤᠯᠬᠤ ᠶᠢᠨ ᠬᠠᠮᠲᠤ ᠨᠢᠭᠡ  | ᠬᠥᠮᠥᠨ ᠢ ᠭᠤᠣᠯᠴᠢᠯᠠᠨ ᠡᠶᠡᠳᠡᠭᠦᠯᠦᠭᠴᠢ ᠲᠣᠭᠲᠠᠭᠠᠨᠠ᠃ |     ︵ᠭᠤᠷᠪᠠ︶ ᠡᠶᠡᠳᠡᠭᠦᠯᠦᠭᠴᠢ ᠨᠢ ᠲᠤᠬᠠᠶᠢᠲᠠᠢ ᠬᠥᠮᠥᠨ ᠪᠤᠶᠤ ᠲᠡᠭᠦᠨ ᠤ ᠣᠷᠣᠯᠠᠭᠴᠢ ᠶᠢᠨ ᠣᠶᠢᠷᠠ ᠲᠥᠷᠥᠯ  | ᠰᠠᠳᠤᠨ᠂ ᠡᠰᠡᠬᠦᠯᠡ ᠡᠮᠴᠢᠯᠡᠭᠡᠨ ᠤ ᠵᠠᠭᠤᠷᠠᠯᠳᠤᠭᠠᠨ ᠯᠤᠭᠠ ᠠᠰᠢᠭ ᠬᠤᠣᠷ ᠤᠨ ᠬᠠᠷᠢᠴᠠᠭᠠ ᠲᠠᠢ᠂ ᠡᠰᠡᠬᠦᠯᠡ  | ᠲᠤᠬᠠᠶᠢᠲᠠᠢ ᠬᠥᠮᠥᠨ ᠯᠦᠭᠡ ᠡᠮᠴᠢᠯᠡᠭᠡᠨ ᠤ ᠵᠠᠭᠤᠷᠠᠯᠳᠤᠭᠠᠨ ᠢ ᠭᠤᠣᠯᠴᠢ ᠪᠠᠷ ᠰᠢᠢᠳᠪᠦᠷᠢᠯᠡᠬᠦ ᠶᠢ ᠨᠥᠯᠥᠭᠡᠯᠡᠵᠦ  | ᠮᠡᠳᠡᠬᠦ ᠪᠤᠰᠤᠳ ᠬᠠᠷᠢᠴᠠᠭᠠ ᠲᠠᠢ ᠪᠠᠶᠢᠪᠠᠯ᠂ ᠥᠪᠡᠰᠦᠪᠡᠨ ᠵᠠᠶᠢᠯᠠᠬᠤ ᠪᠤᠶᠤ ᠲᠤᠬᠠᠶᠢᠲᠠᠢ ᠬᠥᠮᠥᠨ ᠠᠴᠠ  | ᠵᠠᠶᠢᠯᠠᠭᠤᠯᠬᠤ ᠪᠠᠷ ᠭᠤᠶᠤᠴᠢᠯᠠᠬᠤ ᠬᠡᠷᠡᠭᠲᠡᠢ᠃ |     ︵ᠳᠥᠷᠪᠡ︶ ᠡᠶᠡᠳᠡᠭᠦᠯᠬᠦ ᠠᠵᠢᠯ ᠢ ᠡᠮᠴᠢᠯᠡᠭᠡᠨ ᠤ ᠡᠶᠡᠳᠡᠭᠦᠯᠭᠡ ᠶᠢᠨ ᠺᠣᠮᠢᠰ ᠤᠨ ᠲᠣᠬᠢᠷᠠᠭᠤᠯᠤᠭᠰᠠᠨ  | ᠡᠶᠡᠳᠡᠭᠦᠯᠬᠦ ᠳᠠᠰᠤᠭ ᠲᠤ ᠶᠠᠪᠤᠭᠳᠠᠭᠤᠯᠬᠤ ᠬᠡᠷᠡᠭᠲᠡᠢ᠃ |     ︵ᠲᠠᠪᠤ︶ ᠲᠤᠬᠠᠶᠢᠲᠠᠢ ᠬᠥᠮᠥᠨ ᠨᠢ ᠣᠷᠣᠯᠠᠭᠴᠢ ᠳᠤ ᠪᠠᠨ ᠨᠠᠶᠢᠳᠠᠵᠤ ᠡᠶᠡᠳᠡᠭᠦᠯᠭᠡ ᠳᠤ ᠣᠷᠣᠯᠴᠠᠭᠤᠯᠵᠤ  | ᠪᠣᠯᠣᠨᠠ᠂ ᠨᠠᠶᠢᠳᠠᠯᠭᠠ ᠬᠦᠯᠢᠶᠡᠭᠴᠢ ᠨᠢ ᠡᠮᠴᠢᠯᠡᠭᠡᠨ ᠤ ᠡᠶᠡᠳᠡᠭᠦᠯᠭᠡ ᠶᠢᠨ ᠺᠣᠮᠢᠰ ᠲᠤ ᠡᠷᠬᠡ ᠣᠯᠭᠤᠭᠰᠠᠨ  | ᠨᠠᠶᠢᠳᠠᠯᠭᠠ ᠶᠢᠨ ᠪᠢᠴᠢᠭ ᠢ ᠲᠤᠰᠢᠶᠠᠬᠤ ᠬᠡᠷᠡᠭᠲᠡᠢ︔ ᠵᠠᠭᠤᠷᠠᠯᠳᠤᠭᠠᠨ ᠢ ᠡᠶᠡᠳᠡᠭᠦᠯᠦᠭᠰᠡᠨ ᠦᠷᠡ ᠳ᠋ᠦᠩ ᠯᠦᠭᠡ  | ᠠᠰᠢᠭ ᠬᠤᠣᠷ ᠤᠨ ᠬᠠᠷᠢᠴᠠᠭᠠ ᠲᠠᠢ ᠭᠤᠷᠪᠠᠳᠠᠭᠢ ᠬᠥᠮᠥᠨ ᠡᠶᠡᠳᠡᠭᠦᠯᠭᠡ ᠳᠤ ᠣᠷᠣᠯᠴᠠᠬᠤ ᠪᠠᠷ ᠭᠤᠶᠤᠴᠢᠯᠠᠵᠤ  | ᠪᠣᠯᠣᠨᠠ︔ ᠲᠠᠯᠠ ᠪᠦᠷᠢ ᠶᠢᠨ ᠲᠥᠯᠥᠭᠡᠯᠡᠭᠴᠢ ᠶᠢᠨ ᠲᠤᠭᠠ ᠶᠢ ᠡᠩ ᠤᠨ ᠪᠠᠶᠢᠳᠠᠯ ᠳᠤ 3 ᠠᠴᠠ ᠬᠡᠲᠦᠷᠡᠭᠦᠯᠵᠦ  | ᠪᠤᠯᠬᠤ ᠦᠭᠡᠢ᠃ |     ︵ᠵᠢᠷᠭᠤᠭᠠ︶ ᠡᠶᠡᠳᠡᠭᠦᠯᠬᠦ ᠶᠠᠪᠤᠴᠠ ᠳᠤ᠂ ᠲᠤᠬᠠᠶᠢᠲᠠᠢ ᠬᠥᠮᠥᠨ ᠡᠶᠡᠳᠡᠭᠦᠯᠬᠦ ᠰᠠᠬᠢᠯᠭᠠ ᠪᠠᠲᠤ ᠶᠢ ᠵᠢᠷᠤᠮᠯᠠᠨ  | ᠰᠠᠬᠢᠬᠤ ᠬᠡᠷᠡᠭᠲᠡᠢ᠂ ᠲᠤᠬᠠᠶᠢᠲᠠᠢ ᠬᠥᠮᠥᠨ ᠵᠠᠭᠤᠷᠠᠯᠳᠤᠭᠠᠨ ᠢ ᠲᠣᠭᠠᠴᠢᠬᠤ ᠶᠠᠪᠤᠴᠠ ᠳᠤ ᠵᠣᠷᠢᠭᠤᠳᠠ ᠪᠣᠳᠠᠲᠤ  | ᠬᠡᠷᠡᠭ ᠢ ᠭᠠᠵᠢᠭᠤᠳᠠᠭᠤᠯᠵᠤ᠂ ᠶᠣᠰᠣ ᠪᠤᠰᠤ ᠪᠠᠷ ᠠᠭᠠᠰᠢᠯᠠᠭᠰᠠᠨ ᠪᠠᠶᠢᠪᠠᠯ ᠡᠶᠡᠳᠡᠭᠦᠯᠦᠭᠴᠢ ᠴᠠᠭ ᠲᠤᠬᠠᠢ ᠳᠤ ᠨᠢ  | ᠬᠤᠷᠢᠭᠯᠠᠨ ᠵᠣᠭᠰᠤᠭᠠᠬᠤ ᠪᠠ ᠵᠠᠯᠠᠷᠠᠭᠤᠯᠬᠤ ᠬᠡᠷᠡᠭᠲᠡᠢ᠃ |     ︵ᠳᠣᠯᠤᠭᠠ︶ ᠡᠮᠴᠢᠯᠡᠭᠡᠨ ᠤ ᠡᠶᠡᠳᠡᠭᠦᠯᠭᠡ ᠶᠢᠨ ᠺᠣᠮᠢᠰ ᠵᠠᠭᠤᠷᠠᠯᠳᠤᠭᠠᠨ ᠢ ᠡᠶᠡᠳᠡᠭᠦᠯᠬᠦ ᠳᠤ ᠪᠠᠨ᠂  | ᠬᠡᠷᠡᠭᠴᠡᠭᠡ ᠪᠠᠨ ᠦᠨᠳᠦᠰᠦᠯᠡᠨ ᠬᠠᠮᠢᠶᠠ ᠪᠦᠬᠦᠢ ᠲᠣᠭᠲᠠᠭᠠᠯ ᠶᠣᠰᠣᠭᠠᠷ ᠲᠤᠰᠬᠠᠢ ᠮᠡᠷᠭᠡᠵᠢᠯᠲᠡᠨ ᠤ ᠬᠥᠮᠥᠷᠭᠡ ᠠᠴᠠ  | ᠲᠤᠰᠬᠠᠢ ᠮᠡᠷᠭᠡᠵᠢᠯᠲᠡᠨ ᠰᠣᠩᠭᠤᠨ ᠠᠰᠠᠭᠤᠨ ᠯᠠᠪᠯᠠᠵᠤ ᠪᠣᠯᠣᠨᠠ᠃ ᠡᠮᠴᠢᠯᠡᠭᠡᠨ ᠤ ᠬᠤᠬᠢᠷᠠᠯ ᠳᠤ ᠬᠢᠨᠠᠨ  | ᠲᠣᠭᠲᠠᠭᠠᠯᠲᠠ ᠬᠢᠵᠦ ᠬᠠᠷᠢᠭᠤᠴᠠᠯᠭᠠ ᠲᠣᠳᠣᠷᠬᠠᠶᠢᠯᠠᠬᠤ ᠴᠢᠬᠤᠯᠠᠲᠠᠢ ᠪᠣᠯ ᠲᠤᠬᠠᠶᠢᠲᠠᠢ ᠬᠥᠮᠥᠨ ᠬᠠᠮᠲᠤ ᠪᠠᠷ  | ᠠᠨᠠᠭᠠᠬᠤ ᠤᠬᠠᠭᠠᠨ ᠤ ᠨᠡᠶᠢᠭᠡᠮᠯᠢᠭ ᠪᠤᠶᠤ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠶᠢᠨ ᠪᠠᠶᠢᠭᠤᠯᠤᠮᠵᠢ ᠳᠤ  | ᠨᠠᠶᠢᠳᠠᠨ ᠬᠢᠨᠠᠨ ᠲᠣᠭᠲᠠᠭᠠᠯᠭᠠᠵᠤ ᠪᠣᠯᠣᠨᠠ᠂ ᠪᠠᠰᠠ ᠲᠤᠬᠠᠶᠢᠲᠠᠢ ᠬᠥᠮᠥᠨ ᠢᠶᠠᠷ ᠵᠥᠪᠰᠢᠶᠡᠷᠡᠭᠦᠯᠦᠭᠡᠳ ᠡᠮᠴᠢᠯᠡᠭᠡᠨ ᠤ  | ᠡᠶᠡᠳᠡᠭᠦᠯᠭᠡ ᠶᠢᠨ ᠺᠣᠮᠢᠰ ᠲᠤ ᠨᠠᠶᠢᠳᠠᠨ ᠬᠢᠨᠠᠨ ᠲᠣᠭᠲᠠᠭᠠᠯᠭᠠᠵᠤ ᠪᠣᠯᠣᠨᠠ᠃ ᠲᠤᠰᠬᠠᠢ ᠮᠡᠷᠭᠡᠵᠢᠯᠲᠡᠨ ᠠᠴᠠ  | ᠠᠰᠠᠭᠤᠨ ᠯᠠᠪᠯᠠᠬᠤ ᠪᠤᠶᠤ ᠬᠢᠨᠠᠨ ᠲᠣᠭᠲᠠᠭᠠᠯᠲᠠ ᠬᠢᠯᠭᠡᠬᠦ ᠴᠢᠬᠤᠯᠠᠲᠠᠢ ᠪᠠᠶᠢᠪᠠᠯ᠂ ᠡᠮᠴᠢᠯᠡᠭᠡᠨ ᠤ ᠡᠶᠡᠳᠡᠭᠦᠯᠭᠡ ᠶᠢᠨ  | ᠺᠣᠮᠢᠰ ᠨᠢ ᠲᠤᠬᠠᠶᠢᠲᠠᠢ ᠬᠥᠮᠥᠨ ᠳᠤ ᠬᠠᠮᠢᠶᠠ ᠪᠦᠬᠦᠢ ᠴᠤᠪᠤᠷᠠᠯ ᠪᠠ ᠱᠠᠭᠠᠷᠳᠠᠯᠭᠠ ᠶᠢ ᠮᠡᠳᠡᠭᠳᠡᠬᠦ ᠬᠡᠷᠡᠭᠲᠡᠢ᠃ |     ︵ᠨᠠᠢᠮᠠ︶ ᠡᠮᠴᠢᠯᠡᠭᠡᠨ ᠤ ᠡᠶᠡᠳᠡᠭᠦᠯᠭᠡ ᠶᠢᠨ ᠺᠣᠮᠢᠰ ᠨᠢ ᠬᠦᠯᠢᠶᠡᠨ ᠠᠪᠤᠭᠰᠠᠨ ᠡᠳᠦᠷ ᠠᠴᠠ ᠡᠬᠢᠯᠡᠨ 30  | ᠠᠵᠢᠯᠯᠠᠬᠤ ᠡᠳᠦᠷ ᠤᠨ ᠳᠣᠲᠣᠷᠠ ᠡᠶᠡᠳᠡᠭᠦᠯᠭᠡ ᠶᠢ ᠪᠡᠶᠡᠯᠡᠭᠦᠯᠵᠦ᠂ ᠬᠦᠯᠢᠶᠡᠨ ᠠᠪᠴᠤ ᠰᠢᠢᠳᠪᠦᠷᠢᠯᠡᠬᠦ ᠴᠠᠭ  | ᠬᠤᠭᠤᠴᠠᠭᠠ ᠶᠢ ᠡᠮᠴᠢ ᠪᠠ ᠡᠪᠡᠳᠴᠢᠲᠡᠨ ᠬᠤᠶᠠᠷ ᠲᠠᠯᠠ ᠶᠢᠨ ᠬᠢᠨ ᠮᠠᠲ᠋ᠧᠷᠢᠶᠡᠯ ᠢᠶᠠᠨ ᠪᠦᠷᠢᠨ ᠭᠦᠢᠴᠡᠳ  | ᠲᠤᠰᠢᠶᠠᠭᠰᠠᠨ ᠡᠳᠦᠷ ᠠᠴᠠ ᠡᠬᠢᠯᠡᠵᠦ ᠪᠤᠳᠣᠨᠠ᠃ ᠣᠨᠴᠠᠭᠠᠢ ᠪᠠᠶᠢᠳᠠᠯ ᠠᠴᠠ ᠪᠣᠯᠵᠤ ᠡᠶᠡᠳᠡᠭᠦᠯᠬᠦ ᠬᠤᠭᠤᠴᠠᠭᠠ ᠶᠢ  | ᠤᠷᠲᠤᠳᠬᠠᠬᠤ ᠴᠢᠬᠤᠯᠠᠲᠠᠢ ᠪᠠᠶᠢᠪᠠᠯ᠂ ᠡᠮᠴᠢᠯᠡᠭᠡᠨ ᠤ ᠡᠶᠡᠳᠡᠭᠦᠯᠭᠡ ᠶᠢᠨ ᠺᠣᠮᠢᠰ ᠬᠢᠭᠡᠳ ᠲᠤᠬᠠᠶᠢᠲᠠᠢ ᠬᠥᠮᠥᠨ ᠨᠢ  | ᠡᠶᠡᠳᠡᠭᠦᠯᠬᠦ ᠬᠤᠭᠤᠴᠠᠭᠠ ᠶᠢ ᠤᠷᠲᠤᠳᠬᠠᠬᠤ ᠪᠠᠷ ᠪᠣᠯᠵᠣᠨ ᠲᠣᠭᠲᠠᠵᠤ ᠪᠣᠯᠣᠨᠠ᠃ ᠡᠶᠡᠳᠡᠭᠦᠯᠬᠦ  | ᠬᠤᠭᠤᠴᠠᠭᠠ ᠠᠴᠠ ᠬᠡᠲᠦᠷᠡᠭᠡᠳ ᠡᠶᠡᠳᠡᠭᠦᠯᠭᠡ ᠶᠢᠨ ᠵᠥᠪᠯᠡᠯᠴᠡᠭᠡᠷ ᠲᠤ ᠰᠠᠨᠠᠯ ᠨᠢᠭᠡᠳᠦᠭᠰᠡᠨ ᠦᠭᠡᠢ ᠪᠣᠯ  | ᠡᠶᠡᠳᠡᠭᠦᠯᠦᠭᠡᠳ ᠪᠦᠲᠦᠭᠰᠡᠨ ᠦᠭᠡᠢ ᠭᠡᠵᠦ ᠦᠵᠡᠨᠡ᠃ ᠦᠷᠭᠦᠯᠵᠢᠯᠡᠨ ᠡᠮᠨᠡᠨ ᠵᠠᠰᠠᠬᠤ ᠴᠢᠬᠤᠯᠠᠲᠠᠢ ᠪᠠᠶᠢᠪᠠᠯ᠂  | ᠡᠮᠨᠡᠨ ᠵᠠᠰᠠᠬᠤ ᠴᠠᠭ ᠬᠤᠭᠤᠴᠠᠭᠠ ᠶᠢ ᠡᠶᠡᠳᠡᠭᠦᠯᠬᠦ ᠬᠤᠭᠤᠴᠠᠭᠠᠨ ᠳᠤ ᠪᠤᠳᠤᠬᠤ ᠦᠭᠡᠢ︔ ᠲᠤᠰᠬᠠᠢ  | ᠮᠡᠷᠭᠡᠵᠢᠯᠲᠡᠨ ᠠᠴᠠ ᠠᠰᠠᠭᠤᠨ ᠯᠠᠪᠯᠠᠬᠤ᠂ ᠠᠨᠠᠭᠠᠬᠤ ᠤᠬᠠᠭᠠᠨ ᠤ ᠰᠢᠯᠭᠠᠨ ᠲᠣᠭᠲᠠᠭᠠᠯᠲᠠ ᠪᠤᠶᠤ ᠬᠠᠤᠯᠢ  | ᠴᠠᠭᠠᠵᠠ ᠶᠢᠨ ᠰᠢᠯᠭᠠᠨ ᠲᠣᠭᠲᠠᠭᠠᠯᠲᠠ ᠬᠢᠬᠦ ᠴᠢᠬᠤᠯᠠᠲᠠᠢ ᠪᠠᠶᠢᠪᠠᠯ᠂ ᠠᠰᠠᠭᠤᠨ ᠯᠠᠪᠯᠠᠬᠤ ᠪᠤᠶᠤ ᠬᠢᠨᠠᠨ ᠲᠣᠭᠲᠠᠭᠠᠬᠤ  | ᠴᠠᠭ ᠬᠤᠭᠤᠴᠠᠭᠠ ᠶᠢ ᠡᠶᠡᠳᠡᠭᠦᠯᠬᠦ ᠬᠤᠭᠤᠴᠠᠭᠠᠨ ᠳᠤ ᠪᠤᠳᠤᠵᠤ ᠤᠷᠤᠭᠤᠯᠬᠤ ᠦᠭᠡᠢ᠃ |     ︵ᠶᠢᠰᠦ︶ ᠲᠤᠬᠠᠶᠢᠲᠠᠢ ᠬᠥᠮᠥᠨ ᠨᠢ ᠡᠶᠡᠳᠡᠭᠦᠯᠬᠦ ᠪᠠᠷ ᠳᠠᠮᠵᠢᠭᠠᠳ ᠰᠠᠨᠠᠯ ᠨᠢᠭᠡᠳᠦᠭᠰᠡᠨ ᠪᠠᠶᠢᠪᠠᠯ᠂  | ᠡᠮᠴᠢᠯᠡᠭᠡᠨ ᠤ ᠡᠶᠡᠳᠡᠭᠦᠯᠭᠡ ᠶᠢᠨ ᠺᠣᠮᠢᠰ ᠨᠢ ᠡᠶᠡᠳᠡᠭᠦᠯᠭᠡ ᠶᠢᠨ ᠵᠥᠪᠯᠡᠯᠴᠡᠭᠡᠷ ᠤᠨ ᠪᠢᠴᠢᠭ ᠵᠣᠬᠢᠶᠠᠬᠤ ᠬᠡᠷᠡᠭᠲᠡᠢ᠃  | ᠡᠶᠡᠳᠡᠭᠦᠯᠭᠡ ᠶᠢᠨ ᠵᠥᠪᠯᠡᠯᠴᠡᠭᠡᠷ ᠤᠨ ᠪᠢᠴᠢᠭ ᠲᠤ ᠲᠤᠬᠠᠶᠢᠲᠠᠢ ᠬᠥᠮᠥᠨ ᠭᠠᠷ ᠤᠨ ᠦᠰᠦᠭ ᠵᠢᠷᠤᠬᠤ ᠪᠤᠶᠤ ᠲᠠᠮᠠᠭᠠ  | ᠳᠠᠷᠤᠵᠤ᠂ ᠠᠷᠠᠳ ᠤᠨ ᠡᠶᠡᠳᠡᠭᠦᠯᠦᠭᠴᠢ ᠭᠠᠷ ᠤᠨ ᠦᠰᠦᠭ ᠵᠢᠷᠤᠬᠤ ᠶᠢᠨ ᠬᠠᠮᠲᠤ ᠡᠮᠴᠢᠯᠡᠭᠡᠨ ᠤ ᠵᠠᠭᠤᠷᠠᠯᠳᠤᠭᠠᠨ ᠤ  | ᠠᠷᠠᠳ ᠤᠨ ᠡᠶᠡᠳᠡᠭᠦᠯᠭᠡ ᠶᠢᠨ ᠺᠣᠮᠢᠰ ᠤᠨ ᠲᠠᠮᠠᠭᠠ ᠶᠢ ᠳᠠᠷᠤᠭᠰᠠᠨ ᠤ ᠳᠠᠷᠠᠭᠠ ᠬᠦᠴᠦᠨ ᠲᠠᠢ ᠪᠣᠯᠣᠨᠠ᠃  | ᠡᠶᠡᠳᠡᠭᠦᠯᠭᠡ ᠶᠢᠨ ᠵᠥᠪᠯᠡᠯᠴᠡᠭᠡᠷ ᠤᠨ ᠪᠢᠴᠢᠭ ᠢ ᠡᠮᠴᠢ ᠪᠠ ᠡᠪᠡᠳᠴᠢᠲᠡᠨ ᠬᠤᠶᠠᠷ ᠲᠠᠯᠠ ᠶᠢᠨ ᠲᠤᠬᠠᠶᠢᠲᠠᠢ  | ᠬᠥᠮᠥᠨ ᠨᠢ ᠲᠣᠰ ᠪᠦᠷᠢ ᠨᠢᠭᠡ ᠬᠤᠪᠢ ᠠᠪᠴᠤ᠂ ᠡᠮᠴᠢᠯᠡᠭᠡᠨ ᠤ ᠡᠶᠡᠳᠡᠭᠦᠯᠭᠡ ᠶᠢᠨ ᠺᠣᠮᠢᠰ ᠨᠢᠭᠡ ᠬᠤᠪᠢ  | ᠦᠯᠡᠳᠡᠭᠡᠵᠦ ᠬᠠᠳᠠᠭᠠᠯᠠᠨᠠ᠃ |     ᠡᠶᠡᠳᠡᠭᠦᠯᠭᠡ ᠶᠢᠨ ᠵᠥᠪᠯᠡᠯᠴᠡᠭᠡᠷ ᠤᠨ ᠪᠢᠴᠢᠭ ᠨᠢ ᠡᠮᠴᠢ ᠪᠠ ᠡᠪᠡᠳᠴᠢᠲᠡᠨ ᠬᠤᠶᠠᠷ ᠲᠠᠯᠠ ᠳᠤ ᠴᠥᠮ  | ᠬᠢᠵᠠᠭᠠᠷᠯᠠᠬᠤ ᠬᠦᠴᠦᠨ ᠲᠠᠢ ᠪᠠᠶᠢᠵᠤ᠂ ᠪᠣᠯᠵᠣᠨ ᠲᠣᠭᠲᠠᠭᠰᠠᠨ ᠶᠣᠰᠣᠭᠠᠷ ᠤᠬᠠᠮᠰᠠᠷ ᠠᠴᠠ ᠪᠠᠨ ᠭᠦᠢᠴᠡᠳᠬᠡᠬᠦ  | ᠬᠡᠷᠡᠭᠲᠡᠢ᠃ ᠡᠮᠴᠢᠯᠡᠭᠡᠨ ᠤ ᠡᠶᠡᠳᠡᠭᠦᠯᠭᠡ ᠶᠢᠨ ᠺᠣᠮᠢᠰ ᠤᠨ ᠭᠠᠷᠭᠠᠵᠤ ᠥᠭᠭᠦᠭᠰᠡᠨ ᠡᠶᠡᠳᠡᠭᠦᠯᠭᠡ ᠶᠢᠨ  | ᠵᠥᠪᠯᠡᠯᠴᠡᠭᠡᠷ ᠤᠨ ᠪᠢᠴᠢᠭ ᠲᠤ ᠡᠶᠡᠳᠡᠭᠦᠯᠭᠡ ᠶᠢᠨ ᠵᠥᠪᠯᠡᠯᠴᠡᠭᠡᠷ ᠬᠦᠴᠦᠨ ᠲᠠᠢ ᠪᠣᠯᠤᠭᠰᠠᠨ ᠡᠳᠦᠷ ᠠᠴᠠ ᠡᠬᠢᠯᠡᠨ  | 30 ᠡᠳᠦᠷ ᠤᠨ ᠳᠣᠲᠣᠷᠠ ᠲᠤᠬᠠᠶᠢᠲᠠᠢ ᠬᠥᠮᠥᠨ ᠳᠤ ᠡᠮᠴᠢᠯᠡᠭᠡᠨ ᠤ ᠡᠶᠡᠳᠡᠭᠦᠯᠭᠡ ᠶᠢᠨ ᠺᠣᠮᠢᠰ ᠤᠨ ᠪᠠᠶᠢᠭᠠ  | ᠭᠠᠵᠠᠷ ᠤᠨ ᠠᠷᠠᠳ ᠤᠨ ᠰᠢᠭᠦᠬᠦ ᠬᠤᠷᠢᠶᠠᠨ ᠳᠤ ᠬᠠᠤᠯᠢ ᠴᠠᠭᠠᠵᠠ ᠶᠢᠨ ᠨᠤᠲᠠᠯᠠᠯᠲᠠ ᠬᠢᠯᠭᠡᠬᠦ ᠪᠠᠷ ᠭᠤᠶᠤᠴᠢᠯᠠᠬᠤ ᠶᠢ  | ᠬᠠᠮᠲᠤ ᠪᠠᠷ ᠮᠡᠳᠡᠭᠳᠡᠬᠦ ᠬᠡᠷᠡᠭᠲᠡᠢ᠃ |     ︵ᠠᠷᠪᠠ︶ ᠡᠮᠴᠢᠯᠡᠭᠡᠨ ᠤ ᠡᠶᠡᠳᠡᠭᠦᠯᠭᠡ ᠶᠢᠨ ᠺᠣᠮᠢᠰ ᠡᠶᠡᠳᠡᠭᠦᠯᠦᠭᠡᠳ ᠳᠠᠭᠤᠰᠤᠭᠰᠠᠨ ᠪᠠᠶᠢᠪᠠᠯ᠂ ᠴᠠᠭ  | ᠲᠤᠬᠠᠢ ᠳᠤ ᠨᠢ ᠳᠠᠩᠰᠠᠨ ᠳᠤ ᠣᠷᠣᠭᠤᠯᠵᠤ ᠡᠪᠬᠡᠮᠡᠯ ᠪᠣᠯᠭᠠᠬᠤ ᠬᠡᠷᠡᠭᠲᠡᠢ᠃ ᠡᠶᠡᠳᠡᠭᠦᠯᠭᠡ ᠶᠢᠨ ᠳᠠᠩᠰᠠ ᠡᠪᠬᠡᠮᠡᠯ ᠳᠤ  | ᠡᠶᠡᠳᠡᠭᠦᠯᠭᠡ ᠬᠢᠯᠭᠡᠬᠦ ᠭᠤᠶᠤᠴᠢᠯᠠᠯ ᠤᠨ ᠪᠢᠴᠢᠭ᠂ ᠵᠠᠭᠤᠷᠠᠯᠳᠤᠭᠠᠨ ᠤ ᠳᠠᠩᠰᠠᠯᠠᠯᠲᠠ ᠶᠢᠨ ᠬᠦᠰᠦᠨᠦᠭᠲᠦ᠂  | ᠡᠶᠡᠳᠡᠭᠦᠯᠭᠡ ᠶᠢᠨ ᠲᠡᠮᠳᠡᠭᠯᠡᠯ᠂ ᠪᠠᠶᠢᠴᠠᠭᠠᠯᠲᠠ ᠶᠢᠨ ᠲᠡᠮᠳᠡᠭᠯᠡᠯ᠂ ᠲᠤᠰᠬᠠᠢ ᠮᠡᠷᠭᠡᠵᠢᠯᠲᠡᠨ ᠠᠴᠠ ᠠᠰᠠᠭᠤᠨ ᠯᠠᠪᠯᠠᠬᠤ  | ᠰᠠᠨᠠᠯ ᠤᠨ ᠪᠢᠴᠢᠭ᠂ ᠰᠢᠯᠭᠠᠨ ᠲᠣᠭᠲᠠᠭᠠᠭᠰᠠᠨ ᠰᠠᠨᠠᠯ᠂ ᠡᠶᠡᠳᠡᠭᠦᠯᠭᠡ ᠶᠢᠨ ᠵᠥᠪᠯᠡᠯᠴᠡᠭᠡᠷ ᠤᠨ ᠪᠢᠴᠢᠭ᠂ ᠬᠠᠷᠢᠭᠤ  | ᠰᠤᠷᠪᠤᠯᠵᠢᠯᠠᠭᠰᠠᠨ ᠲᠡᠮᠳᠡᠭᠯᠡᠯ᠂ ᠳᠠᠭᠤ ᠳᠦᠷᠰᠦ ᠰᠢᠩᠭᠡᠭᠡᠯᠲᠡ ᠶᠢᠨ ᠮᠠᠲ᠋ᠧᠷᠢᠶᠠᠯ ᠵᠡᠷᠭᠡ ᠶᠢ ᠪᠠᠭᠲᠠᠭᠠᠬᠤ ᠬᠡᠷᠡᠭᠲᠡᠢ᠃  | ᠡᠮᠴᠢᠯᠡᠭᠡᠨ ᠤ ᠵᠠᠭᠤᠷᠠᠯᠳᠤᠭᠠᠨ ᠤ ᠠᠷᠠᠳ ᠤᠨ ᠡᠶᠡᠳᠡᠭᠦᠯᠭᠡ ᠶᠢᠨ ᠳᠠᠩᠰᠠ ᠡᠪᠬᠡᠮᠡᠯ ᠢ ᠲᠣᠭᠲᠠᠭᠰᠠᠨ ᠬᠤᠭᠤᠴᠠᠭᠠ  | ᠶᠣᠰᠣᠭᠠᠷ ᠬᠠᠳᠠᠭᠠᠯᠠᠬᠤ ᠬᠡᠷᠡᠭᠲᠡᠢ᠃ |     ︵ᠠᠷᠪᠠᠨ ᠨᠢᠭᠡ︶ ᠡᠶᠡᠳᠡᠭᠦᠯᠦᠭᠡᠳ ᠪᠦᠲᠦᠭᠰᠡᠨ ᠦᠭᠡᠢ ᠪᠠᠶᠢᠪᠠᠯ᠂ ᠡᠮᠴᠢᠯᠡᠭᠡᠨ ᠤ ᠡᠶᠡᠳᠡᠭᠦᠯᠭᠡ ᠶᠢᠨ  | ᠺᠣᠮᠢᠰ ᠨᠢ ᠡᠶᠡᠳᠡᠭᠦᠯᠭᠡ ᠶᠢ ᠵᠣᠭᠰᠣᠭᠠᠵᠤ᠂ ᠡᠶᠡᠳᠡᠭᠦᠯᠭᠡ ᠶᠢ ᠵᠣᠭᠰᠣᠭᠠᠭᠰᠠᠨ ᠮᠡᠳᠡᠭᠳᠡᠯ ᠤᠨ ᠪᠢᠴᠢᠭ ᠭᠠᠷᠭᠠᠵᠤ᠂  | ᠲᠤᠬᠠᠶᠢᠲᠠᠢ ᠬᠥᠮᠥᠨ ᠳᠤ ᠬᠠᠮᠢᠶᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠢ ᠦᠨᠳᠦᠰᠦᠯᠡᠨ᠂  | ᠵᠠᠷᠭᠤ ᠬᠢᠬᠦ ᠵᠡᠷᠭᠡ ᠬᠠᠤᠯᠢ ᠶᠣᠰᠣᠨ ᠤ ᠪᠤᠰᠤᠳ ᠠᠷᠭᠠ ᠵᠠᠮ ᠢᠶᠠᠷ ᠳᠠᠮᠵᠢᠭᠤᠯᠤᠨ ᠥᠪᠡᠷ ᠤᠨ ᠡᠷᠬᠡ ᠠᠰᠢᠭ ᠢᠶᠠᠨ  | ᠬᠠᠮᠠᠭᠠᠯᠠᠬᠤ ᠶᠢ ᠮᠡᠳᠡᠭᠳᠡᠬᠦ ᠬᠡᠷᠡᠭᠲᠡᠢ᠃ ᠵᠥᠷᠢᠴᠡᠯ ᠰᠢᠷᠦᠭᠦᠰᠬᠦ ᠲᠦᠭᠰᠢᠭᠦᠷᠢ ᠶᠢᠨ ᠭᠡᠮ ᠰᠣᠭᠤᠭ ᠪᠠᠶᠢᠬᠤ ᠶᠢ ᠣᠯᠵᠤ  | ᠮᠡᠳᠡᠪᠡᠯ᠂ ᠬᠤᠯᠪᠣᠭᠳᠠᠯ ᠪᠦᠬᠦᠢ ᠰᠠᠯᠠᠭᠠ ᠮᠥᠴᠢᠷ ᠲᠤ ᠴᠠᠭ ᠲᠤᠬᠠᠢ ᠳᠤ ᠨᠢ ᠮᠡᠳᠡᠭᠦᠯᠬᠦ ᠬᠡᠷᠡᠭᠲᠡᠢ᠃ |     ᠭᠤᠴᠢᠨ ᠬᠤᠶᠠᠳᠤᠭᠠᠷ ᠵᠦᠢᠯ ᠡᠮᠴᠢᠯᠡᠭᠡᠨ ᠤ ᠵᠠᠭᠤᠷᠠᠯᠳᠤᠭᠠᠨ ᠭᠠᠷᠤᠭᠰᠠᠨ ᠤ ᠳᠠᠷᠠᠭᠠ᠂ ᠡᠮᠴᠢ ᠪᠠ  | ᠡᠪᠡᠳᠴᠢᠲᠡᠨ ᠬᠤᠶᠠᠷ ᠲᠠᠯᠠ ᠪᠠᠷ ᠢᠶᠠᠨ ᠡᠮᠴᠢᠯᠡᠭᠡᠨ ᠤ ᠵᠠᠭᠤᠷᠠᠯᠳᠤᠭᠠᠨ ᠭᠠᠷᠤᠭᠰᠠᠨ ᠭᠠᠵᠠᠷ ᠤᠨ ᠬᠤᠰᠢᠭᠤ  | ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ  | ᠵᠠᠬᠢᠷᠭᠠᠨ ᠤ ᠰᠠᠯᠠᠭᠠ ᠮᠥᠴᠢᠷ ᠲᠤ ᠵᠠᠰᠠᠭ ᠵᠠᠬᠢᠷᠭᠠᠨ ᠤ ᠡᠶᠡᠳᠡᠭᠦᠯᠭᠡ ᠬᠢᠯᠭᠡᠬᠦ ᠪᠠᠷ ᠬᠠᠮᠲᠤ ᠪᠠᠷ ᠭᠤᠶᠤᠴᠢᠯᠠᠵᠤ  | ᠪᠣᠯᠣᠨᠠ︔ ᠨᠢᠭᠡ ᠲᠠᠯᠠ ᠨᠢ ᠡᠶᠡᠳᠡᠭᠦᠯᠬᠦ ᠪᠠᠷ ᠭᠤᠶᠤᠴᠢᠯᠠᠭᠰᠠᠨ ᠪᠠᠶᠢᠪᠠᠯ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ  | ᠵᠠᠰᠠᠭ ᠵᠠᠬᠢᠷᠭᠠᠨ ᠤ ᠰᠠᠯᠠᠭᠠ ᠮᠥᠴᠢᠷ ᠨᠢ ᠨᠥᠭᠦᠭᠡ ᠲᠠᠯᠠ ᠶᠢᠨ ᠵᠥᠪᠰᠢᠶᠡᠷᠡᠯ ᠢ ᠣᠯᠣᠭᠰᠠᠨ ᠤ ᠳᠠᠷᠠᠭᠠ ᠬᠢᠨᠠᠨ  | ᠪᠠᠶᠢᠴᠠᠭᠠᠵᠤ ᠭᠥᠯᠢᠶᠡᠨ ᠠᠪᠴᠤ ᠰᠢᠢᠳᠪᠦᠷᠢᠯᠡᠬᠦ ᠳᠡᠰ ᠳᠠᠷᠠᠭᠠᠯᠠᠯ ᠢᠶᠠᠨ ᠡᠬᠢᠯᠡᠭᠦᠯᠵᠦ᠂ ᠬᠤᠯᠪᠣᠭᠳᠠᠯ ᠪᠦᠬᠦᠢ  | ᠲᠣᠭᠲᠠᠭᠠᠯ ᠶᠣᠰᠣᠭᠠᠷ ᠰᠢᠢᠳᠪᠦᠷᠢᠯᠡᠨᠡ᠃ |     ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭᠠ ᠮᠥᠴᠢᠷ ᠭᠤᠶᠤᠴᠢᠯᠠᠯ ᠢ ᠣᠯᠣᠭᠰᠠᠨ  | ᠡᠳᠦᠷ ᠠᠴᠠ ᠡᠬᠢᠯᠡᠨ 5 ᠠᠵᠢᠯᠯᠠᠬᠤ ᠡᠳᠦᠷ ᠤᠨ ᠳᠣᠲᠣᠷᠠ ᠭᠥᠯᠢᠶᠡᠨ ᠠᠪᠴᠤ ᠰᠢᠢᠳᠪᠦᠷᠢᠯᠡᠬᠦ ᠡᠰᠡᠬᠦ ᠶᠢᠨ  | ᠲᠣᠭᠲᠠᠭᠠᠯ ᠭᠠᠷᠭᠠᠬᠤ ᠬᠡᠷᠡᠭᠲᠡᠢ᠃ ᠡᠮᠴᠢ ᠪᠠ ᠡᠪᠡᠳᠴᠢᠲᠡᠨ ᠬᠤᠶᠠᠷ ᠲᠠᠯᠠ ᠪᠠᠷ ᠢᠶᠠᠨ ᠨᠢᠭᠡᠨᠲᠡ ᠠᠷᠠᠳ ᠤᠨ  | ᠰᠢᠭᠦᠬᠦ ᠬᠤᠷᠢᠶᠠᠨ ᠳᠤ ᠵᠠᠭᠠᠯᠳᠤᠯᠭᠠ ᠭᠠᠷᠭᠠᠭᠰᠠᠨ ᠮᠥᠷᠲᠡᠭᠡᠨ ᠨᠢᠭᠡᠨᠲᠡ ᠰᠢᠢᠳᠪᠦᠷᠢᠯᠡᠬᠦ ᠪᠠᠷ ᠬᠦᠯᠢᠶᠡᠨ ᠠᠪᠤᠭᠰᠠᠨ᠂ |  ᠡᠰᠡᠬᠦᠯᠡ ᠨᠢᠭᠡᠨᠲᠡ ᠡᠮᠴᠢᠯᠡᠭᠡᠨ ᠤ ᠵᠠᠭᠤᠷᠠᠯᠳᠤᠭᠠᠨ ᠤ ᠠᠷᠠᠳ ᠤᠨ ᠡᠶᠡᠳᠡᠭᠦᠯᠭᠡ ᠶᠢᠨ ᠺᠣᠮᠢᠰ ᠢᠶᠠᠷ ᠡᠶᠡᠳᠡᠭᠦᠯᠭᠡ  | ᠬᠢᠯᠭᠡᠬᠦ ᠪᠠᠷ ᠭᠤᠶᠤᠴᠢᠯᠠᠭᠰᠠᠨ ᠮᠥᠷᠲᠡᠭᠡᠨ ᠨᠢᠭᠡᠨᠲᠡ ᠰᠢᠢᠳᠪᠦᠷᠢᠯᠡᠬᠦ ᠪᠠᠷ ᠬᠦᠯᠢᠶᠡᠨ ᠠᠪᠤᠭᠰᠠᠨ ᠪᠠᠶᠢᠪᠠᠯ᠂ ᠡᠷᠡᠭᠦᠯ  | ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭᠠ ᠮᠥᠴᠢᠷ ᠬᠦᠯᠢᠶᠡᠨ ᠠᠪᠴᠤ ᠰᠢᠢᠳᠪᠦᠷᠢᠯᠡᠬᠦ ᠦᠭᠡᠢ︔  | ᠨᠢᠭᠡᠨᠲᠡ ᠰᠢᠢᠳᠪᠦᠷᠢᠯᠡᠬᠦ ᠪᠠᠷ ᠬᠦᠯᠢᠶᠡᠨ ᠠᠪᠤᠭᠰᠠᠨ ᠪᠠᠶᠢᠪᠠᠯ ᠵᠠᠰᠠᠭ ᠵᠠᠬᠢᠷᠭᠠᠨ ᠤ ᠡᠶᠡᠳᠡᠭᠦᠯᠭᠡ ᠶᠢ ᠵᠣᠭᠰᠣᠭᠠᠨᠠ᠃ |     ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭᠠ ᠮᠥᠴᠢᠷ ᠨᠢ ᠡᠶᠡᠳᠡᠭᠦᠯᠭᠡ ᠶᠢᠨ  | ᠭᠤᠶᠤᠴᠢᠯᠠᠯ ᠢ ᠬᠦᠯᠢᠶᠡᠨ ᠠᠪᠤᠭᠰᠠᠨ ᠡᠳᠦᠷ ᠠᠴᠠ ᠡᠬᠢᠯᠡᠨ 30 ᠠᠵᠢᠯᠯᠠᠬᠤ ᠡᠳᠦᠷ ᠤᠨ ᠳᠣᠲᠣᠷᠠ ᠡᠶᠡᠳᠡᠭᠦᠯᠭᠡ ᠶᠢ  | ᠪᠡᠶᠡᠯᠡᠭᠦᠯᠬᠦ ᠬᠡᠷᠡᠭᠲᠡᠢ᠃ ᠡᠮᠴᠢᠯᠡᠭᠡᠨ ᠤ ᠬᠤᠬᠢᠷᠠᠯ ᠤᠨ ᠬᠢᠨᠠᠨ ᠲᠣᠭᠲᠠᠭᠠᠯᠲᠠ ᠬᠢᠬᠦ ᠴᠢᠬᠤᠯᠠᠲᠠᠢ ᠪᠣᠯ ᠬᠢᠨᠠᠨ  | ᠲᠣᠭᠲᠠᠭᠠᠬᠤ ᠬᠤᠭᠤᠴᠠᠭᠠ ᠶᠢ ᠡᠶᠡᠳᠡᠭᠦᠯᠬᠦ ᠬᠤᠭᠤᠴᠠᠭᠠᠨ ᠳᠤ ᠪᠣᠳᠣᠵᠤ ᠣᠷᠣᠭᠤᠯᠬᠤ ᠦᠭᠡᠢ᠃ ᠡᠶᠡᠳᠡᠭᠦᠯᠬᠦ  | ᠬᠤᠭᠤᠴᠠᠭᠠ ᠠᠴᠠ ᠬᠡᠲᠦᠷᠡᠭᠡᠳ ᠡᠶᠡᠳᠡᠭᠦᠯᠭᠡ ᠶᠢᠨ ᠵᠥᠪᠯᠡᠯᠴᠡᠭᠡᠷ ᠲᠤ ᠰᠠᠨᠠᠯ ᠨᠢᠭᠡᠳᠦᠭᠰᠡᠨ ᠦᠭᠡᠢ ᠪᠣᠯ  | ᠡᠶᠡᠳᠡᠭᠦᠯᠦᠭᠡᠳ ᠪᠦᠲᠦᠭᠰᠡᠨ ᠦᠭᠡᠢ ᠭᠡᠵᠦ ᠦᠵᠡᠨᠡ᠃ |     ᠭᠤᠴᠢᠨ ᠭᠤᠷᠪᠠᠳᠤᠭᠠᠷ ᠵᠦᠢᠯ ᠡᠮᠴᠢ ᠪᠠ ᠡᠪᠡᠳᠴᠢᠲᠡᠨ ᠬᠤᠶᠠᠷ ᠲᠠᠯᠠ ᠪᠠᠷ ᠢᠶᠠᠨ ᠡᠷᠡᠭᠦᠯ ᠬᠠᠮᠠᠭᠠᠯᠠᠯ ᠡᠷᠡᠭᠦᠯ  | ᠮᠡᠨᠳᠦ ᠶᠢᠨ ᠵᠠᠰᠠᠭ ᠵᠠᠬᠢᠷᠭᠠᠨ ᠤ ᠰᠠᠯᠠᠭᠠ ᠮᠥᠴᠢᠷ ᠤᠨ ᠡᠶᠡᠳᠡᠭᠦᠯᠭᠡ ᠪᠠᠷ ᠳᠠᠮᠵᠢᠨ ᠰᠠᠨᠠᠯ ᠨᠢᠭᠡᠳᠦᠭᠰᠡᠨ ᠪᠠᠶᠢᠪᠠᠯ᠂  | ᠡᠶᠡᠳᠡᠭᠦᠯᠭᠡ ᠶᠢᠨ ᠵᠥᠪᠯᠡᠯᠴᠡᠭᠡᠷ ᠤᠨ ᠪᠢᠴᠢᠭ ᠲᠤ ᠭᠠᠷ ᠤᠨ ᠦᠰᠦᠭ ᠵᠢᠷᠤᠬᠤ ᠬᠡᠷᠡᠭᠲᠡᠢ᠃ |     ᠭᠤᠴᠢᠨ ᠳᠥᠷᠪᠡᠳᠦᠭᠡᠷ ᠵᠦᠢᠯ ᠡᠮᠴᠢᠯᠡᠭᠡᠨ ᠤ ᠵᠠᠭᠤᠷᠠᠯᠳᠤᠭᠠᠨ ᠭᠠᠷᠪᠠᠯ᠂ ᠲᠤᠬᠠᠶᠢᠲᠠᠢ ᠬᠥᠮᠥᠨ ᠢ ᠤᠷᠢᠳ ᠢᠶᠠᠷ  | ᠰᠠᠶᠢᠨ ᠳᠤᠷᠠ ᠠᠴᠠ ᠪᠠᠨ ᠵᠥᠪᠳᠡᠯᠴᠡᠵᠦ ᠰᠢᠢᠳᠪᠦᠷᠢᠯᠡᠭᠦᠯᠬᠦ ᠪᠠᠷ ᠵᠣᠷᠢᠭᠵᠢᠭᠤᠯᠬᠤ ᠪᠠ ᠬᠥᠲᠥᠯᠥᠨ ᠵᠢᠯᠣᠭᠤᠳᠤᠨᠠ᠃ |  ᠲᠤᠬᠠᠶᠢᠲᠠᠢ ᠬᠥᠮᠥᠨ ᠨᠢ ᠵᠥᠪᠳᠡᠯᠴᠡᠬᠦ ᠳᠤᠷᠠ ᠦᠭᠡᠢ ᠪᠤᠶᠤ ᠵᠥᠪᠳᠡᠯᠴᠡᠭᠡᠳ ᠪᠦᠲᠦᠭᠰᠡᠨ ᠦᠭᠡᠢ ᠪᠠᠶᠢᠪᠠᠯ  | ᠠᠷᠠᠳ ᠤᠨ ᠡᠶᠡᠳᠡᠭᠦᠯᠭᠡ ᠶᠢ ᠭᠤᠶᠤᠴᠢᠯᠠᠬᠤ ᠪᠠᠷ ᠬᠥᠲᠥᠯᠥᠨ ᠵᠢᠯᠤᠭᠤᠳᠬᠤ ᠬᠡᠷᠡᠭᠲᠡᠢ᠃ ᠲᠤᠬᠠᠶᠢᠲᠠᠢ ᠬᠥᠮᠥᠨ ᠨᠢ  | ᠠᠷᠠᠳ ᠤᠨ ᠡᠶᠡᠳᠡᠭᠦᠯᠭᠡ ᠬᠢᠯᠭᠡᠬᠦ ᠳᠤᠷᠠ ᠦᠭᠡᠢ ᠪᠤᠶᠤ ᠡᠶᠡᠳᠡᠭᠦᠯᠦᠭᠡᠳ ᠪᠦᠲᠦᠭᠰᠡᠨ ᠦᠭᠡᠢ ᠪᠠᠶᠢᠪᠠᠯ ᠵᠠᠰᠠᠭ  | ᠵᠠᠬᠢᠷᠭᠠᠨ ᠤ ᠡᠶᠡᠳᠡᠭᠦᠯᠭᠡ ᠭᠤᠶᠤᠴᠢᠯᠠᠬᠤ ᠪᠠᠷ ᠬᠥᠲᠥᠯᠥᠨ ᠵᠢᠯᠤᠭᠤᠳᠬᠤ ᠬᠡᠷᠡᠭᠲᠡᠢ᠃ ᠲᠤᠬᠠᠶᠢᠲᠠᠢ ᠬᠥᠮᠥᠨ ᠨᠢ  | ᠵᠠᠰᠠᠭ ᠵᠠᠬᠢᠷᠭᠠᠨ ᠤ ᠡᠶᠡᠳᠡᠭᠦᠯᠭᠡ ᠬᠢᠯᠭᠡᠬᠦ ᠳᠤᠷᠠ ᠦᠭᠡᠢ ᠪᠤᠶᠤ ᠡᠶᠡᠳᠡᠭᠦᠯᠦᠭᠡᠳ ᠪᠦᠲᠦᠭᠰᠡᠨ ᠦᠭᠡᠢ ᠪᠠᠶᠢᠪᠠᠯ ᠪᠣᠯ  | ᠲᠤᠬᠠᠶᠢᠲᠠᠢ ᠬᠥᠮᠥᠨ ᠳᠤ ᠪᠤᠰᠤᠳ ᠠᠷᠭᠠ ᠵᠠᠮ ᠰᠣᠩᠭᠤᠵᠤ ᠰᠢᠢᠳᠪᠦᠷᠢᠯᠡᠬᠦ ᠶᠢ ᠴᠠᠭ ᠲᠤᠬᠠᠢ ᠳᠤ ᠨᠢ ᠮᠡᠳᠡᠭᠳᠡᠬᠦ  | ᠬᠡᠷᠡᠭᠲᠡᠢ᠃ |     ᠳᠥᠷᠪᠡᠳᠦᠭᠡᠷ ᠪᠦᠯᠦᠭ ᠡᠮᠴᠢᠯᠡᠭᠡᠨ ᠤ ᠬᠠᠷᠢᠭᠤᠴᠠᠯᠭᠠ ᠶᠢᠨ ᠳᠠᠭᠠᠳᠬᠠᠯ |     ᠭᠤᠴᠢᠨ ᠲᠠᠪᠤᠳᠤᠭᠠᠷ ᠵᠦᠢᠯ ᠡᠮᠴᠢᠯᠡᠭᠡᠨ ᠤ ᠪᠠᠶᠢᠭᠤᠯᠤᠮᠵᠢ ᠨᠤᠭᠤᠳ ᠡᠮᠴᠢᠯᠡᠭᠡᠨ ᠤ ᠬᠠᠷᠢᠭᠤᠴᠠᠯᠭᠠ ᠶᠢᠨ  | ᠳᠠᠭᠠᠳᠬᠠᠯ ᠳᠤ ᠣᠷᠤᠯᠴᠠᠬᠤ ᠬᠡᠷᠡᠭᠲᠡᠢ᠂ ᠡᠮᠨᠡᠯᠭᠡ ᠶᠢᠨ ᠠᠵᠢᠯᠲᠠᠨ ᠤ ᠠᠵᠢᠯ ᠮᠡᠷᠭᠡᠵᠢᠯ ᠤᠨ ᠬᠠᠷᠢᠭᠤᠴᠠᠯᠭᠠ ᠶᠢᠨ  | ᠳᠠᠭᠠᠳᠬᠠᠯ ᠳᠤ ᠣᠷᠣᠯᠴᠠᠬᠤ ᠶᠢ ᠵᠣᠷᠢᠭᠵᠢᠭᠤᠯᠤᠨ᠂ ᠡᠪᠡᠳᠴᠢᠲᠡᠨ ᠤ ᠡᠮᠴᠢᠯᠡᠭᠡᠨ ᠤ ᠰᠠᠨᠠᠭᠠᠨ ᠳᠤ ᠦᠭᠡᠢ  | ᠭᠡᠮᠲᠦᠯ ᠤᠨ ᠳᠠᠭᠠᠳᠬᠠᠯ ᠳᠤ ᠣᠷᠣᠯᠴᠠᠬᠤ ᠶᠢ ᠵᠣᠷᠢᠭᠵᠢᠭᠤᠯᠵᠤ᠂ ᠲᠦᠭᠰᠢᠭᠦᠷᠢ ᠶᠢ ᠰᠡᠷᠭᠡᠶᠢᠯᠡᠬᠦ ᠲᠠᠯᠠ ᠳᠠᠬᠢ  | ᠳᠠᠭᠠᠳᠬᠠᠯ ᠤᠨ ᠴᠢᠳᠠᠮᠵᠢ ᠦᠢᠯᠡᠳᠦᠯ ᠢ ᠪᠠᠳᠠᠷᠠᠭᠤᠯᠤᠨ᠂ ᠡᠮᠴᠢ ᠪᠠ ᠡᠪᠡᠳᠴᠢᠲᠡᠨ ᠬᠤᠶᠠᠷ ᠲᠠᠯᠠ ᠶᠢᠨ ᠬᠠᠤᠯᠢ  | ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠪᠠᠲᠤᠯᠠᠨᠠ᠃ |     ᠭᠤᠴᠢᠨ ᠵᠢᠷᠭᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠡᠷᠡᠭᠦᠯ ᠬᠠᠮᠠᠭᠠᠯᠠᠯ ᠡᠷᠡᠭᠦᠯ  | ᠮᠡᠨᠳᠦ ᠶᠢᠨ ᠵᠠᠰᠠᠭ ᠵᠠᠬᠢᠷᠭᠠᠨ ᠤ ᠰᠠᠯᠠᠭᠠ ᠮᠥᠴᠢᠷ ᠤᠳ ᠡᠮᠴᠢᠯᠡᠭᠡᠨ ᠤ ᠲᠦᠭᠰᠢᠭᠦᠷᠢ ᠶᠢᠨ ᠬᠤᠪᠢᠳᠠᠨ ᠡᠭᠦᠷᠭᠡᠯᠡᠬᠦ  | ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠶᠢ ᠠᠬᠢᠭᠤᠯᠵᠤ᠂ ᠡᠮᠴᠢᠯᠡᠭᠡᠨ ᠤ ᠪᠠᠶᠢᠭᠤᠯᠤᠮᠵᠢ ᠶᠢᠨ  | ᠲᠦᠭᠰᠢᠭᠦᠷᠢ ᠶᠢ ᠰᠡᠷᠭᠡᠶᠢᠯᠡᠬᠦ ᠳᠦᠷᠢᠮ ᠢᠶᠠᠨ ᠲᠡᠭᠦᠯᠳᠡᠷᠵᠢᠭᠦᠯᠬᠦ ᠳᠤ ᠵᠢᠭᠠᠨ ᠵᠢᠯᠣᠭᠤᠳᠤᠯᠭᠠ ᠬᠢᠬᠦ ᠪᠠ ᠬᠢᠨᠠᠯᠲᠠ  | ᠲᠠᠯᠪᠢᠵᠤ᠂ ᠡᠮᠴᠢᠯᠡᠭᠡᠨ ᠤ ᠬᠠᠷᠢᠭᠤᠴᠠᠯᠭᠠ ᠶᠢᠨ ᠳᠠᠭᠠᠳᠬᠠᠯ ᠤᠨ ᠨᠢᠭᠡᠳᠦᠯᠲᠡᠢ ᠪᠠᠲᠤᠯᠠᠬᠤ ᠲᠣᠭᠲᠠᠴᠠ ᠶᠢ  | ᠪᠠᠶᠢᠭᠤᠯᠵᠤ᠂ ᠳᠠᠭᠠᠳᠬᠠᠯ ᠤᠨ ᠺᠣᠮᠫᠠᠨᠢ ᠯᠤᠭᠠ ᠬᠠᠮᠲᠤᠷᠠᠯᠴᠠᠬᠤ ᠪᠤᠶᠤ ᠲᠤᠰᠬᠠᠢ ᠳᠠᠭᠠᠳᠬᠠᠯ ᠤᠨ ᠵᠠᠭᠤᠴᠢ  | ᠪᠠᠶᠢᠭᠤᠯᠤᠮᠵᠢ ᠳᠤ ᠨᠠᠶᠢᠳᠠᠵᠤ ᠪᠠᠶᠢᠭᠠᠳ ᠡᠮᠴᠢᠯᠡᠭᠡᠨ ᠤ ᠬᠠᠷᠢᠭᠤᠴᠠᠯᠭᠠ ᠶᠢᠨ ᠳᠠᠭᠠᠳᠬᠠᠯ ᠤᠨ ᠠᠵᠢᠯ ᠢ ᠥᠷᠨᠢᠭᠦᠯᠵᠦ  | ᠂ ᠡᠮᠴᠢᠯᠡᠭᠡᠨ ᠤ ᠬᠠᠷᠢᠭᠤᠴᠠᠯᠭᠠ ᠶᠢᠨ ᠳᠠᠭᠠᠳᠬᠠᠯ᠂ ᠡᠮᠨᠡᠯᠭᠡ ᠶᠢᠨ ᠠᠵᠢᠯᠲᠠᠨ ᠤ ᠠᠵᠢᠯ ᠮᠡᠷᠭᠡᠵᠢᠯ ᠤᠨ  | ᠬᠠᠷᠢᠭᠤᠴᠠᠯᠭᠠ ᠶᠢᠨ ᠳᠠᠭᠠᠳᠬᠠᠯ᠂ ᠡᠮᠴᠢᠯᠡᠭᠡᠨ ᠤ ᠰᠠᠨᠠᠭᠠᠨ ᠳᠤ ᠦᠭᠡᠢ ᠭᠡᠮᠲᠦᠯ ᠤᠨ ᠳᠠᠭᠠᠳᠬᠠᠯ ᠵᠡᠷᠭᠡ  | ᠲᠦᠭᠰᠢᠭᠦᠷᠢ ᠶᠢ ᠬᠤᠪᠢᠳᠠᠨ ᠡᠭᠦᠷᠭᠡᠯᠡᠬᠦ ᠬᠡᠯᠪᠡᠷᠢ ᠶᠢ ᠪᠦᠲᠦᠮᠵᠢᠲᠡᠶ ᠠᠰᠢᠭᠯᠠᠨ᠂ ᠡᠮᠴᠢ ᠪᠠ ᠡᠪᠡᠳᠴᠢᠲᠡᠨ ᠬᠤᠶᠠᠷ  | ᠲᠠᠯᠠ ᠶᠢᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠨᠠ᠃ |     ᠭᠤᠴᠢᠨ ᠳᠣᠯᠣᠳᠤᠭᠠᠷ ᠵᠦᠢᠯ ᠡᠮᠴᠢᠯᠡᠭᠡᠨ ᠤ ᠬᠠᠷᠢᠭᠤᠴᠠᠯᠭᠠ ᠶᠢᠨ ᠳᠠᠭᠠᠳᠬᠠᠯ ᠤᠨ ᠳᠠᠭᠠᠳᠬᠠᠯ ᠬᠦᠯᠢᠶᠡᠭᠰᠡᠨ  | ᠪᠠᠶᠢᠭᠤᠯᠤᠮᠵᠢ ᠶᠢ ᠵᠣᠷᠢᠭᠵᠢᠭᠤᠯᠵᠤ ᠪᠠᠶᠢᠭᠠᠳ ᠣᠯᠠᠨ ᠶᠠᠩᠵᠤ ᠶᠢᠨ ᠡᠮᠴᠢᠯᠡᠭᠡᠨ ᠤ ᠬᠠᠷᠢᠭᠤᠴᠠᠯᠭᠠ ᠶᠢᠨ  | ᠳᠠᠭᠠᠳᠬᠠᠯ ᠤᠨ ᠨᠡᠷᠡᠳᠬᠦᠨ ᠢ ᠨᠡᠭᠡᠭᠡᠨ ᠰᠡᠳᠦᠬᠦ ᠶᠢᠨ ᠬᠠᠮᠲᠤ᠂ ᠣᠷᠣᠯᠭᠠ ᠵᠠᠷᠤᠯᠭᠠ ᠶᠢ ᠲᠡᠩᠴᠡᠭᠦᠷᠢᠰᠢᠭᠦᠯᠬᠦ᠂  | ᠪᠡᠯᠡ ᠪᠠᠨ ᠪᠠᠲᠤᠯᠠᠨ ᠪᠠᠭᠠ ᠣᠯᠵᠠ ᠣᠯᠬᠤ ᠵᠠᠷᠴᠢᠮ ᠶᠣᠰᠣᠭᠠᠷ᠂ ᠡᠮᠴᠢᠯᠡᠭᠡᠨ ᠤ ᠬᠠᠷᠢᠭᠤᠴᠠᠯᠭᠠ ᠶᠢᠨ  | ᠳᠠᠭᠠᠳᠬᠠᠯ ᠤᠨ ᠵᠠᠷᠤᠳᠠᠯ ᠤᠨ ᠨᠣᠷᠮᠠ ᠶᠢ ᠰᠢᠨᠵᠢᠯᠡᠬᠦ ᠤᠬᠠᠭᠠᠨᠴᠢ ᠵᠦᠢ ᠵᠣᠬᠢᠰᠲᠠᠢ ᠪᠠᠷ ᠴᠡᠭᠴᠡᠯᠡᠨ ᠲᠣᠭᠲᠠᠭᠠᠨᠠ᠃ |  |     ᠭᠤᠴᠢᠨ ᠨᠠᠢᠮᠠᠳᠤᠭᠠᠷ ᠵᠦᠢᠯ ᠡᠮᠴᠢᠯᠡᠭᠡᠨ ᠤ ᠪᠠᠶᠢᠭᠤᠯᠤᠮᠵᠢ ᠨᠢ ᠡᠮᠴᠢᠯᠡᠭᠡᠨ ᠤ ᠬᠠᠷᠢᠭᠤᠴᠠᠯᠭᠠ ᠶᠢᠨ  | ᠳᠠᠭᠠᠳᠬᠠᠯ ᠳᠤ ᠣᠷᠣᠯᠴᠠᠭᠰᠠᠨ ᠪᠠᠶᠢᠪᠠᠯ ᠳᠠᠭᠠᠳᠬᠠᠯ ᠤᠨ ᠵᠠᠷᠤᠳᠠᠯ ᠢ ᠲᠣᠭᠲᠠᠭᠠᠯ ᠶᠣᠰᠣᠭᠠᠷ ᠡᠮᠴᠢᠯᠡᠭᠡᠨ ᠤ  | ᠥᠪᠡᠷ ᠤᠨ ᠥᠷᠲᠡᠭ ᠲᠤ ᠪᠣᠳᠣᠵᠤ ᠣᠷᠣᠭᠤᠯᠵᠤ ᠪᠣᠯᠣᠨᠠ᠃ ᠡᠮᠴᠢᠯᠡᠭᠡᠨ ᠤ ᠬᠠᠷᠢᠭᠤᠴᠠᠯᠭᠠ ᠶᠢᠨ ᠳᠠᠭᠠᠳᠬᠠᠯ ᠳᠤ  | ᠣᠷᠣᠯᠴᠠᠭᠰᠠᠨ ᠠᠴᠠ ᠪᠣᠯᠵᠤ ᠣᠳᠣ ᠶᠢᠨ ᠪᠠᠶᠢᠭᠠ ᠡᠮᠴᠢᠯᠡᠭᠡᠨ ᠤ ᠰᠦᠢᠳᠬᠡᠯ ᠬᠤᠷᠢᠶᠠᠬᠤ ᠪᠠᠷᠢᠮᠵᠢᠶᠠ ᠶᠢ  | ᠳᠡᠭᠡᠭᠰᠢᠯᠡᠭᠦᠯᠬᠦ ᠪᠤᠶᠤ ᠬᠡᠯᠪᠡᠷᠢ ᠶᠢ ᠨᠢ ᠥᠭᠡᠷᠡᠲᠦᠭᠦᠯᠦᠨ ᠡᠪᠡᠳᠴᠢᠲᠡᠨ ᠤ ᠳᠠᠷᠤᠭᠠᠰᠤ ᠶᠢ ᠨᠡᠮᠡᠭᠳᠡᠭᠦᠯᠵᠦ ᠪᠣᠯᠬᠤ  | ᠦᠭᠡᠢ᠃ |     ᠭᠤᠴᠢ ᠶᠢᠰᠦᠳᠦᠭᠡᠷ ᠵᠦᠢᠯ ᠡᠮᠴᠢᠯᠡᠭᠡᠨ ᠤ ᠵᠠᠭᠤᠷᠠᠯᠳᠤᠭᠠᠨ ᠭᠠᠷᠤᠭᠰᠠᠨ ᠤ ᠳᠠᠷᠠᠭᠠ᠂ ᠡᠮᠴᠢᠯᠡᠭᠡᠨ ᠤ  | ᠪᠠᠶᠢᠭᠤᠯᠤᠮᠵᠢ ᠨᠢ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠳᠠᠭᠠᠳᠬᠠᠯ ᠤᠨ ᠬᠠᠤᠯᠢ︾ ᠶᠢᠨ  | ᠬᠠᠮᠢᠶᠠ ᠪᠦᠬᠦᠢ ᠲᠣᠭᠲᠠᠭᠠᠯ ᠵᠢᠴᠢ ᠳᠠᠭᠠᠳᠬᠠᠯ ᠤᠨ ᠭᠡᠷᠡ ᠳᠤ ᠪᠣᠯᠵᠣᠨ ᠲᠣᠭᠲᠠᠭᠰᠠᠨ ᠶᠣᠰᠣᠭᠠᠷ᠂ ᠡᠮᠴᠢᠯᠡᠭᠡᠨ ᠤ  | ᠬᠠᠷᠢᠭᠤᠴᠠᠯᠭᠠ ᠶᠢᠨ ᠳᠠᠭᠠᠳᠬᠠᠯ ᠤᠨ ᠳᠠᠭᠠᠳᠬᠠᠯ ᠬᠦᠯᠢᠶᠡᠭᠰᠡᠨ ᠪᠠᠶᠢᠭᠤᠯᠤᠮᠵᠢ ᠳᠤ ᠴᠠᠭ ᠲᠤᠬᠠᠢ ᠳᠤ ᠨᠢ ᠬᠡᠷᠡᠭ  | ᠮᠡᠳᠡᠭᠦᠯᠬᠦ ᠶᠢᠨ ᠬᠠᠮᠲᠤ ᠬᠤᠯᠪᠣᠭᠳᠠᠯ ᠪᠦᠬᠦᠢ ᠪᠠᠶᠢᠳᠠᠯ ᠢ ᠦᠨᠡᠨ ᠪᠣᠳᠠᠲᠠᠢ ᠬᠠᠩᠭᠠᠬᠤ ᠬᠡᠷᠡᠭᠲᠡᠢ᠃ ᠡᠮᠴᠢᠯᠡᠭᠡᠨ ᠤ  | ᠬᠠᠷᠢᠭᠤᠴᠠᠯᠭᠠ ᠶᠢᠨ ᠳᠠᠭᠠᠳᠬᠠᠯ ᠤᠨ ᠳᠠᠭᠠᠳᠬᠠᠯ ᠬᠦᠯᠢᠶᠡᠭᠰᠡᠨ ᠪᠠᠶᠢᠭᠤᠯᠤᠮᠵᠢ ᠨᠢ ᠡᠮᠴᠢᠯᠡᠭᠡᠨ ᠤ ᠪᠠᠶᠢᠭᠤᠯᠤᠮᠵᠢ᠂  | ᠡᠮᠴᠢᠯᠡᠭᠡᠨ ᠤ ᠡᠶᠡᠳᠡᠭᠦᠯᠭᠡ ᠶᠢᠨ ᠺᠣᠮᠢᠰ ᠯᠤᠭᠠ ᠶᠢᠨ ᠨᠡᠪᠲᠡᠷᠡᠯᠴᠡᠭᠡ ᠬᠠᠮᠵᠢᠯᠴᠠᠭᠠ ᠪᠠᠨ ᠴᠢᠩᠭᠠᠳᠬᠠᠵᠤ᠂  | ᠡᠮᠴᠢᠯᠡᠭᠡᠨ ᠤ ᠵᠠᠭᠤᠷᠠᠯᠳᠤᠭᠠᠨ ᠢ ᠡᠶᠡᠳᠡᠭᠦᠯᠦᠨ ᠰᠢᠢᠳᠪᠦᠷᠢᠯᠡᠬᠦ ᠪᠠ ᠲᠥᠯᠥᠬᠦ ᠲᠦᠷᠭᠡᠨ ᠮᠥᠷᠲᠡᠭᠡᠨ ᠪᠦᠲᠦᠮᠵᠢᠲᠡᠶ  | ᠲᠣᠭᠲᠠᠴᠠ ᠶᠢ ᠪᠠᠶᠢᠭᠤᠯᠬᠤ ᠶᠢᠨ ᠬᠠᠮᠲᠤ ᠴᠠᠭ ᠲᠤᠬᠠᠢ ᠳᠤ ᠨᠢ ᠲᠥᠯᠥᠵᠦ ᠰᠢᠢᠳᠪᠦᠷᠢᠯᠡᠬᠦ ᠬᠡᠷᠡᠭᠲᠡᠢ᠃ |     ᠳᠥᠴᠢᠳᠦᠭᠡᠷ ᠵᠦᠢᠯ ᠡᠮᠴᠢᠯᠡᠭᠡᠨ ᠤ ᠬᠠᠷᠢᠭᠤᠴᠠᠯᠭᠠ ᠶᠢᠨ ᠳᠠᠭᠠᠳᠬᠠᠯ ᠤᠨ ᠳᠠᠭᠠᠳᠬᠠᠯ ᠬᠦᠯᠢᠶᠡᠭᠰᠡᠨ  | ᠪᠠᠶᠢᠭᠤᠯᠤᠮᠵᠢ ᠨᠢ ᠳᠠᠭᠠᠳᠬᠠᠯ ᠤᠨ ᠭᠡᠷᠡ ᠳᠤ ᠪᠣᠯᠵᠣᠨ ᠲᠣᠭᠲᠠᠭᠰᠠᠨ ᠶᠣᠰᠣᠭᠠᠷ᠂ ᠳᠠᠭᠠᠳᠬᠠᠯ ᠤᠨ ᠭᠡᠷᠡ ᠳᠤ  | ᠪᠣᠯᠵᠣᠨ ᠲᠣᠭᠲᠠᠭᠰᠠᠨ ᠬᠠᠷᠢᠭᠤᠴᠠᠯᠭᠠ ᠶᠢᠨ ᠬᠡᠪᠴᠢᠶᠡᠨ ᠳᠤ ᠪᠠᠨ ᠴᠠᠭ ᠲᠤᠬᠠᠢ ᠳᠤ ᠨᠢ᠂ ᠪᠣᠳᠠᠲᠤ ᠪᠠᠶᠢᠳᠠᠯ ᠢ  | ᠦᠨᠳᠦᠰᠦᠯᠡᠨ᠂ ᠭᠦᠢᠴᠡᠳ ᠲᠤᠭᠠ ᠪᠠᠷ ᠲᠥᠯᠥᠪᠦᠷᠢ ᠥᠭᠬᠦ ᠶᠢᠨ ᠬᠠᠮᠲᠤ ᠬᠠᠮᠢᠶᠠ ᠪᠦᠬᠦᠢ ᠳᠠᠭᠠᠳᠬᠠᠯ ᠤᠨ  | ᠦᠢᠯᠡᠴᠢᠯᠡᠭᠡ ᠬᠠᠩᠭᠠᠬᠤ ᠬᠡᠷᠡᠭᠲᠡᠢ᠃ ᠳᠠᠭᠠᠳᠬᠠᠯ ᠬᠦᠯᠢᠶᠡᠭᠰᠡᠨ ᠪᠠᠶᠢᠭᠤᠯᠤᠮᠵᠢ ᠨᠢ ᠦᠢᠯᠡᠴᠢᠯᠡᠭᠡᠨ ᠤ  | ᠤᠬᠠᠮᠰᠠᠷ ᠢᠶᠠᠨ ᠨᠡᠮᠡᠭᠳᠡᠭᠦᠯᠵᠦ᠂ ᠳᠠᠭᠠᠳᠬᠠᠯ ᠳᠤ ᠣᠷᠤᠯᠴᠠᠬᠤ᠂ ᠲᠥᠯᠥᠪᠦᠷᠢ ᠥᠭᠬᠦ ᠴᠤᠪᠤᠷᠠᠯ ᠢᠶᠠᠨ  | ᠰᠢᠯᠢᠳᠡᠭᠵᠢᠭᠦᠯᠦᠨ᠂ ᠭᠠᠷᠳᠠᠮ ᠢᠶᠠᠨ ᠳᠥᠭᠦᠮᠴᠢᠯᠡᠵᠦ᠂ ᠳᠠᠭᠠᠳᠬᠠᠯ ᠳᠤ ᠣᠷᠤᠯᠴᠠᠬᠤ ᠨᠢᠭᠡᠴᠢ ᠳᠤ ᠳᠥᠭᠦᠮ  | ᠦᠵᠡᠭᠦᠯᠵᠦ᠂ ᠲᠥᠯᠥᠪᠦᠷᠢ ᠥᠭᠬᠦ ᠶᠢ ᠶᠣᠰᠣ ᠪᠤᠰᠤ ᠪᠠᠷ ᠲᠡᠪᠴᠢᠵᠦ ᠪᠣᠯᠬᠤ ᠦᠭᠡᠢ᠃ |     ᠳᠥᠴᠢᠨ ᠨᠢᠭᠡᠳᠦᠭᠡᠷ ᠵᠦᠢᠯ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠰᠠᠯᠠᠭᠠ ᠮᠥᠴᠢᠷ ᠤᠳ  | ᠳᠠᠭᠠᠳᠬᠠᠯ ᠤᠨ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠢ ᠵᠢᠷᠤᠮᠵᠢᠭᠤᠯᠵᠤ᠂ ᠳᠠᠭᠠᠳᠬᠠᠯ ᠬᠦᠯᠢᠶᠡᠭᠰᠡᠨ  | ᠪᠠᠶᠢᠭᠤᠯᠤᠮᠵᠢ ᠶᠢ ᠵᠢᠭᠠᠨ ᠵᠢᠯᠤᠭᠤᠳᠴᠤ ᠪᠠᠶᠢᠭᠠᠳ ᠳᠠᠭᠠᠳᠬᠠᠯ ᠤᠨ ᠲᠥᠯᠥᠪᠦᠷᠢ ᠥᠭᠬᠦ ᠪᠠ ᠠᠷᠠᠳ ᠤᠨ  | ᠡᠶᠡᠳᠡᠭᠦᠯᠭᠡ ᠶᠢᠨ ᠠᠵᠢᠯ ᠤᠨ ᠵᠣᠯᠭᠠᠯᠴᠠᠭᠠ ᠶᠢ ᠰᠠᠶᠢᠲᠤᠷ ᠬᠢᠯᠭᠡᠵᠦ᠂ ᠳᠠᠭᠠᠳᠬᠠᠯ ᠬᠦᠯᠢᠶᠡᠭᠰᠡᠨ ᠪᠠᠶᠢᠭᠤᠯᠤᠮᠵᠢ ᠶᠢ  | ᠬᠥᠲᠥᠯᠥᠨ ᠵᠢᠯᠤᠭᠤᠳᠴᠤ ᠪᠠᠶᠢᠭᠠᠳ ᠡᠮᠴᠢᠯᠡᠭᠡᠨ ᠤ ᠬᠠᠷᠢᠭᠤᠴᠠᠯᠭᠠ ᠶᠢᠨ ᠳᠠᠭᠠᠳᠬᠠᠯ ᠤᠨ ᠲᠤᠬᠠᠶᠢᠯᠠᠭᠰᠠᠨ  | ᠠᠵᠢᠯ ᠤᠨ ᠬᠠᠮᠢᠶᠠᠷᠤᠯᠲᠠ ᠪᠠ ᠲᠦᠭᠰᠢᠭᠦᠷᠢ ᠶᠢᠨ ᠬᠠᠮᠢᠶᠠᠷᠤᠯᠲᠠ ᠡᠵᠡᠮᠳᠡᠯ ᠢ ᠴᠢᠩᠭᠠᠳᠬᠠᠬᠤ ᠬᠡᠷᠡᠭᠲᠡᠢ᠃ |     ᠲᠠᠪᠤᠳᠤᠭᠠᠷ ᠪᠦᠯᠦᠭ ᠬᠢᠨᠠᠯᠲᠠ ᠲᠠᠯᠪᠢᠵᠤ ᠬᠠᠮᠢᠶᠠᠷᠬᠤ |     ᠳᠥᠴᠢᠨ ᠬᠤᠶᠠᠳᠤᠭᠠᠷ ᠵᠦᠢᠯ ᠡᠯᠡ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ  | ᠰᠠᠯᠠᠭᠠ ᠮᠥᠴᠢᠷ ᠨᠢ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠡᠮᠴᠢᠯᠡᠭᠡᠨ ᠤ ᠵᠠᠭᠤᠷᠠᠯᠳᠤᠭᠠᠨ ᠢ ᠰᠡᠷᠭᠡᠶᠢᠯᠡᠬᠦ  | ᠬᠢᠭᠡᠳ ᠰᠢᠢᠳᠪᠦᠷᠢᠯᠡᠬᠦ ᠲᠠᠯᠠ ᠳᠠᠬᠢ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨᠠ᠃ |     ᠳᠥᠴᠢᠨ ᠭᠤᠷᠪᠠᠳᠤᠭᠠᠷ ᠵᠦᠢᠯ ᠡᠯᠡ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ᠂ ᠬᠠᠤᠯᠢ ᠴᠠᠭᠠᠵᠠ ᠶᠢᠨ  | ᠵᠠᠰᠠᠭ ᠵᠠᠬᠢᠷᠭᠠᠨ ᠤ ᠰᠠᠯᠠᠭᠠ ᠮᠥᠴᠢᠷ ᠨᠢ ᠡᠭᠦᠷᠭᠡ ᠬᠠᠷᠢᠭᠤᠴᠠᠯᠭᠠ ᠶᠢᠨ ᠢᠶᠠᠨ ᠶᠣᠰᠣᠭᠠᠷ ᠡᠮᠴᠢᠯᠡᠭᠡᠨ ᠤ ᠬᠤᠬᠢᠷᠠᠯ ᠢ  | ᠰᠢᠯᠭᠠᠨ ᠲᠣᠭᠲᠠᠭᠠᠬᠤ ᠬᠢᠨᠠᠯᠲᠠ ᠬᠠᠮᠢᠶᠠᠷᠤᠯᠲᠠ ᠶᠢᠨ ᠡᠭᠦᠷᠭᠡ ᠴᠢᠳᠠᠪᠤᠷᠢ ᠪᠠᠨ ᠭᠦᠢᠴᠡᠳᠬᠡᠬᠦ ᠬᠡᠷᠡᠭᠲᠡᠢ᠃ |     ᠳᠥᠴᠢᠨ ᠳᠥᠷᠪᠡᠳᠦᠭᠡᠷ ᠵᠦᠢᠯ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠰᠠᠯᠠᠭᠠ ᠮᠥᠴᠢᠷ ᠤᠳ  | ᠳᠠᠭᠠᠳᠬᠠᠯ ᠤᠨ ᠪᠠᠶᠢᠭᠤᠯᠤᠮᠵᠢ ᠶᠢᠨ ᠡᠮᠴᠢᠯᠡᠭᠡᠨ ᠤ ᠬᠠᠷᠢᠭᠤᠴᠠᠯᠭᠠ ᠶᠢᠨ ᠳᠠᠭᠠᠳᠬᠠᠯ ᠪᠠ ᠡᠮᠴᠢᠯᠡᠭᠡᠨ ᠤ  | ᠰᠠᠨᠠᠭᠠᠨ ᠳᠤ ᠦᠭᠡᠢ ᠭᠡᠮᠲᠦᠯ ᠤᠨ ᠳᠠᠭᠠᠳᠬᠠᠯ ᠵᠡᠷᠭᠡ ᠲᠤᠬᠠᠶᠢᠯᠠᠭᠰᠠᠨ ᠠᠵᠢᠯ ᠥᠷᠨᠢᠭᠦᠯᠬᠦ ᠳᠤ ᠨᠢ ᠬᠠᠤᠯᠢ  | ᠶᠣᠰᠣᠭᠠᠷ ᠬᠢᠨᠠᠯᠲᠠ ᠬᠠᠮᠢᠶᠠᠷᠤᠯᠲᠠ ᠬᠢᠬᠦ ᠪᠠᠨ ᠴᠢᠩᠭᠠᠳᠬᠠᠵᠤ᠂ ᠳᠠᠭᠠᠳᠬᠠᠯ ᠬᠦᠯᠢᠶᠡᠬᠦ ᠵᠢᠴᠢ ᠲᠥᠯᠥᠪᠦᠷᠢ ᠥᠭᠬᠦ  | ᠠᠵᠢᠯ ᠳᠠᠬᠢ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠡᠢ᠃ |     ᠳᠥᠴᠢᠨ ᠲᠠᠪᠤᠳᠤᠭᠠᠷ ᠵᠦᠢᠯ ᠬᠢᠨᠠᠯᠲᠠ ᠬᠠᠮᠢᠶᠠᠷᠤᠯᠲᠠ ᠶᠢᠨ ᠠᠵᠢᠯ ᠳᠤ᠂ ᠡᠮᠨᠡᠯᠭᠡ ᠶᠢᠨ ᠬᠤᠷᠢᠶᠠ ᠨᠤᠭᠤᠳ ᠤᠨ  | ᠨᠡᠶᠢᠭᠡᠮᠯᠢᠭ᠂ ᠡᠮᠴᠢ ᠨᠠᠷ ᠤᠨ ᠨᠡᠶᠢᠭᠡᠮᠯᠢᠭ ᠵᠡᠷᠭᠡ ᠬᠤᠯᠪᠣᠭᠳᠠᠯ ᠪᠦᠬᠦᠢ ᠠᠵᠢᠯ ᠲᠥᠷᠥᠯ ᠤᠨ ᠵᠣᠬᠢᠶᠠᠨ  | ᠪᠠᠶᠢᠭᠤᠯᠤᠯᠲᠠ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ᠃ |     ᠳᠥᠴᠢᠨ ᠵᠢᠷᠭᠤᠳᠤᠭᠠᠷ ᠵᠦᠢᠯ ᠡᠮᠴᠢᠯᠡᠭᠡᠨ ᠤ ᠪᠠᠶᠢᠭᠤᠯᠤᠮᠵᠢ ᠨᠤᠭᠤᠳ ᠡᠮᠴᠢᠯᠡᠭᠡᠨ ᠤ ᠶᠠᠰᠤ ᠴᠢᠨᠠᠷ ᠤᠨ ᠠᠮᠤᠷ  | ᠲᠦᠪᠰᠢᠨ ᠪᠠ ᠡᠮᠴᠢᠯᠡᠭᠡᠨ ᠤ ᠮᠡᠷᠭᠡᠵᠢᠯ ᠤᠨ ᠡᠮᠴᠢᠯᠡᠭᠡ ᠶᠢᠨ ᠬᠡᠷᠡᠭᠯᠡᠭᠡᠨ ᠳᠠᠬᠢ ᠡᠳᠦᠷ ᠲᠤᠲᠤᠮ ᠤᠨ  | ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠡᠢ᠃ |     ᠵᠢᠷᠭᠤᠳᠤᠭᠠᠷ ᠪᠦᠯᠦᠭ ᠳᠠᠭᠠᠯᠳᠤᠭᠤᠯᠤᠯ ᠳᠦᠷᠢᠮ |     ᠳᠥᠴᠢᠨ ᠳᠣᠯᠣᠳᠤᠭᠠᠷ ᠵᠦᠢᠯ ᠬᠠᠤᠯᠢ ᠪᠤᠰᠤ ᠪᠠᠷ ᠡᠮᠴᠢᠯᠡᠭᠰᠡᠨ ᠠᠴᠠ ᠪᠣᠯᠤᠭᠰᠠᠨ ᠵᠠᠭᠤᠷᠠᠯᠳᠤᠭᠠᠨ ᠨᠢ ᠲᠤᠰ  | ᠠᠷᠭᠠ ᠳᠤ ᠬᠡᠯᠡᠵᠦ ᠪᠠᠶᠢᠭᠠ ᠡᠮᠴᠢᠯᠡᠭᠡᠨ ᠤ ᠵᠠᠭᠤᠷᠠᠯᠳᠤᠭᠠᠨ ᠳᠤ ᠪᠠᠭᠲᠠᠬᠤ ᠦᠭᠡᠢ᠂ ᠬᠤᠯᠪᠣᠭᠳᠠᠯ ᠪᠦᠬᠦᠢ ᠬᠠᠤᠯᠢ  | ᠴᠠᠭᠠᠵᠠ ᠬᠠᠤᠯᠢ ᠲᠣᠭᠲᠠᠭᠠᠯ ᠶᠣᠰᠣᠭᠠᠷ ᠰᠢᠢᠳᠪᠦᠷᠢᠯᠡᠬᠦ ᠬᠡᠷᠡᠭᠲᠡᠢ᠃ |     ᠳᠥᠴᠢᠨ ᠨᠠᠢᠮᠠᠳᠤᠭᠠᠷ ᠵᠦᠢᠯ ᠲᠣᠰ ᠠᠷᠭᠠ ᠶᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ  | ᠬᠡᠷᠡᠭᠵᠢᠭᠦᠯᠦᠨᠡ᠃ |     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ |     2024 ᠣᠨ ᠤ 10 ᠳ᠋ᠤᠭᠠᠷ ᠰᠠᠷᠠ ᠶᠢᠨ 16 ᠤ ᠡᠳᠦᠷ ᠳᠠᠷᠤᠮᠠᠯᠯᠠᠨ ᠲᠠᠷᠬᠠᠭᠠᠪᠠ |  |  |  |  |  |  |  |  |  |  |  | ᠁ |