|
ᠳᠣᠲᠣᠭᠠᠳᠤ ᠶᠢ ᠬᠠᠮᠠᠭᠠᠯᠠᠬᠤ ᠶᠠᠮᠤᠨ ᠠᠴᠠ ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠡᠨᠡ ᠵᠢᠯ ᠤᠨ 12 |
ᠳ᠋ᠤᠭᠠᠷ ᠰᠠᠷ᠎ᠠ ᠶᠢᠨ 2 ᠤᠨ ᠡᠳᠦᠷ ᠠᠴᠠ ᠡᠬᠢᠯᠡᠨ᠂ ᠮᠠᠰᠢᠨ ᠲᠡᠷᠭᠡᠨ ᠤ ᠵᠠᠮᠨᠠᠬᠤ ᠦᠨᠡᠮᠯᠡᠯ ᠤᠨ |
ᠡᠯᠧᠺᠳ᠋ᠷᠣᠨᠴᠢᠯᠠᠯᠲᠠ ᠶᠢ ᠪᠥᠬᠦ ᠤᠯᠤᠰ ᠲᠤ ᠪᠥᠬᠦ ᠲᠠᠯ᠎ᠠ ᠪᠠᠷ ᠬᠡᠷᠡᠭᠵᠢᠭᠦᠯᠵᠦ᠂ ᠪᠦᠬᠦ ᠤᠯᠤᠰ ᠤᠨ ᠪᠣᠢ ᠪᠦᠬᠦᠢ |
ᠲᠤᠰᠬᠠᠢ ᠣᠷᠣᠨ ᠤ ᠳᠡᠰ ᠤᠨ ᠬᠤᠲᠠ ᠶᠢᠨ ᠲᠡᠷᠭᠡᠨ ᠤ ᠡᠵᠡᠳ ᠴᠥᠮ ︽ᠵᠠᠮ ᠬᠠᠷᠢᠯᠴᠠᠭᠠᠨ ᠤ ᠬᠠᠮᠢᠶᠠᠷᠤᠯᠲᠠ |
12123︾ APP ᠢᠶᠠᠷ ᠵᠠᠮᠨᠠᠬᠤ ᠡᠯᠧᠺᠳ᠋ᠷᠣᠨ ᠦᠨᠡᠮᠯᠡᠯ ᠭᠤᠶᠤᠴᠢᠯᠠᠨ ᠠᠪᠴᠤ ᠪᠣᠯᠤᠨ᠎ᠠ᠃ |
ᠵᠠᠮᠨᠠᠬᠤ ᠡᠯᠧᠺᠳ᠋ᠷᠣᠨ ᠦᠨᠡᠮᠯᠡᠯ ᠢ ᠤᠷᠤᠭᠰᠢᠲᠠᠶ ᠳᠡᠯᠭᠡᠷᠡᠭᠦᠯᠦᠨ ᠬᠡᠷᠡᠭᠯᠡᠬᠦ ᠶᠢ ᠪᠠᠲᠤᠯᠠᠬᠤ ᠶᠢᠨ ᠲᠥᠯᠥᠭᠡ᠂ |
ᠳᠣᠲᠣᠭᠠᠳᠤ ᠶᠢ ᠬᠠᠮᠠᠭᠠᠯᠠᠬᠤ ᠶᠠᠮᠤᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠲᠣᠪᠴᠢᠶ᠎ᠠ ᠲᠤᠰᠬᠠᠶ |
ᠰᠡᠳᠦᠪ ᠢᠶᠠᠷ ᠪᠠᠶᠢᠷᠢᠯᠠᠭᠤᠯᠤᠨ ᠠᠬᠢᠭᠤᠯᠵᠤ᠂ ᠢᠵᠢ ᠪᠦᠷᠢᠳᠦᠭᠦᠯᠦᠭᠰᠡᠨ ᠲᠥᠰᠦᠯ ᠲᠣᠭᠲᠠᠭᠠᠨ᠂ ᠰᠢᠰᠲ᠋ᠧᠮ ᠢ |
ᠵᠣᠬᠢᠶᠠᠨ ᠪᠠᠶᠢᠭᠤᠯᠵᠤ ᠪᠠᠶᠢᠭᠠᠳ ᠲᠠᠰ ᠳᠡᠪᠰᠢᠭᠦᠯᠵᠦ᠂ ᠡᠯ᠎ᠡ ᠭᠠᠵᠠᠷ ᠤᠨ ᠳᠣᠲᠣᠭᠠᠳᠤ ᠶᠢ ᠬᠠᠮᠠᠭᠠᠯᠠᠬᠤ ᠵᠠᠮ |
ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠥᠰᠦᠯ ᠢ ᠨᠠᠷᠢᠯᠢᠬᠵᠢᠭᠤᠯᠤᠨ ᠨᠠᠷᠢᠨ ᠨᠢᠮᠪᠠᠶ ᠵᠣᠬᠢᠶᠠᠨ |
ᠪᠠᠶᠢᠭᠤᠯᠵᠤ᠂ ᠡᠨᠡ ᠵᠢᠯ ᠤᠨ 7 ᠳ᠋ᠤᠭᠠᠷ ᠰᠠᠷ᠎ᠠ ᠶᠢᠨ 1 ᠤ ᠡᠳᠦᠷ ᠠᠴᠠ ᠨᠠᠭᠠᠰᠢ 8600 ᠭᠠᠷᠤᠶ ᠲᠦᠮᠡᠨ |
ᠲᠡᠷᠭᠡᠨ ᠤ ᠡᠵᠡᠳ ᠲᠤ ᠵᠠᠮᠨᠠᠬᠤ ᠡᠯᠧᠺᠳ᠋ᠷᠣᠨ ᠦᠨᠡᠮᠯᠡᠯ ᠣᠯᠭᠤᠵᠤ᠂ ᠣᠯᠠᠨ ᠲᠦᠮᠡᠨ ᠳᠤ ᠰᠦᠯᠵᠢᠶ᠎ᠡ ᠪᠠᠷ ︽ |
ᠦᠨᠡᠮᠯᠡᠯ ᠭᠠᠷᠳᠠᠭᠤᠯᠬᠤ︾ ︽ᠺᠣᠳ᠋ ᠢ ᠨᠢ ᠦᠵᠡᠭᠦᠯᠬᠦ︾ ᠦᠢᠯᠡᠴᠢᠯᠡᠭᠡ ᠬᠠᠩᠭᠠᠪᠠ᠃ |
ᠵᠠᠮᠨᠠᠬᠤ ᠡᠯᠧᠺᠳ᠋ᠷᠣᠨ ᠦᠨᠡᠮᠯᠡᠯ ᠨᠢ ᠭᠤᠣᠯᠳᠠᠭᠤ 3 ᠣᠨᠴᠠᠯᠢᠭ ᠲᠠᠢ᠄ |
ᠨᠢᠭᠡ ᠳᠤ᠂ ᠭᠤᠶᠤᠴᠢᠯᠠᠨ ᠠᠪᠴᠤ ᠬᠡᠷᠡᠭᠯᠡᠬᠦ ᠳᠤ ᠳᠥᠭᠦᠮᠯᠡᠪᠡ᠃ ᠮᠠᠰᠢᠨ ᠲᠡᠷᠭᠡᠨ ᠤ ᠥᠮᠴᠢᠯᠡᠭᠴᠢ ︽ᠵᠠᠮ |
ᠬᠠᠷᠢᠯᠴᠠᠭᠠᠨ ᠤ ᠬᠠᠮᠢᠶᠠᠷᠤᠯᠲᠠ 12123︾ APP ᠠᠴᠠ ᠵᠠᠮᠨᠠᠬᠤ ᠡᠯᠧᠺᠳ᠋ᠷᠣᠨ ᠦᠨᠡᠮᠯᠡᠯ ᠢ ᠰᠢᠭᠤᠳ |
ᠭᠤᠶᠤᠴᠢᠯᠠᠨ ᠠᠪᠴᠤ ᠪᠣᠯᠤᠨ᠎ᠠ᠃ ᠵᠠᠮᠨᠠᠬᠤ ᠡᠯᠧᠺᠳ᠋ᠷᠣᠨ ᠦᠨᠡᠮᠯᠡᠯ ᠤᠨ ᠦᠯᠢᠭᠡᠷ ᠬᠡᠪ ᠨᠢ ᠪᠥᠬᠦ ᠤᠯᠤᠰ ᠲᠤ |
ᠨᠢᠭᠡᠳᠦᠯᠲᠡᠶ ᠪᠠᠶᠢᠵᠤ᠂ ᠣᠯᠠᠨ ᠲᠦᠮᠡᠨ ᠲᠡᠷᠭᠡ ᠬᠥᠰᠬᠡ ᠳᠠᠩᠰᠠᠯᠠᠭᠤᠯᠬᠤ᠂ ᠬᠠᠤᠯᠢ ᠠᠴᠠ ᠵᠥᠷᠢᠴᠡᠭᠰᠡᠨ ᠢᠶᠠᠨ |
ᠰᠢᠢᠳᠪᠦᠷᠢᠯᠡᠭᠦᠯᠬᠦ᠂ ᠠᠳᠡᠯ ᠢ ᠰᠢᠢᠳᠪᠦᠷᠢᠯᠡᠭᠦᠯᠬᠦ ᠵᠡᠷᠭᠡ ᠵᠠᠮ ᠬᠠᠷᠢᠯᠴᠠᠭᠠᠨ ᠤ ᠬᠠᠮᠢᠶᠠᠷᠤᠯᠲᠠ ᠶᠢᠨ |
ᠴᠣᠩᠬᠤᠪᠴᠢ ᠶᠢᠨ ᠲᠤᠬᠠᠶᠢᠯᠠᠭᠰᠠᠨ ᠠᠵᠢᠯ ᠢᠶᠠᠨ ᠭᠦᠢᠴᠡᠳᠬᠡᠬᠦ ᠳᠤ ᠦᠵᠡᠭᠦᠯᠦᠨ ᠬᠡᠷᠡᠭᠯᠡᠵᠦ ᠪᠣᠯᠣᠨ᠎ᠠ᠂ ᠮᠠᠰᠢᠨ |
ᠲᠡᠷᠭᠡᠨ ᠤ ᠥᠮᠴᠢᠯᠡᠭᠴᠢ ᠪᠤᠰᠤᠳ ᠲᠤ ᠡᠷᠬᠡ ᠣᠯᠭᠤᠨ ᠬᠡᠷᠡᠭᠯᠡᠭᠦᠯᠬᠦ ᠶᠢ ᠳᠡᠮᠵᠢᠵᠦ᠂ ᠪᠤᠰᠤᠳ ᠬᠥᠮᠦᠨ ᠳᠤ |
ᠨᠠᠶᠢᠳᠠᠵᠤ ᠲᠤᠬᠠᠶᠢᠯᠠᠭᠰᠠᠨ ᠠᠵᠢᠯ ᠢ ᠣᠷᠣᠯᠠᠨ ᠭᠦᠢᠴᠡᠳᠬᠡᠬᠦ ᠳᠤ ᠳᠥᠭᠦᠮᠯᠡᠪᠡ᠃ ᠡᠭᠦᠨ ᠤ ᠬᠠᠮᠲᠤ᠂ |
ᠠᠶᠠᠨᠴᠢᠳ ᠤᠨ ᠪᠠ ᠪᠠᠷᠠᠭ᠎ᠠ ᠶᠢᠨ ᠲᠡᠭᠡᠭᠡᠪᠦᠷᠢ ᠶᠢᠨ ᠦᠨᠡᠮᠯᠡᠯ᠂ ᠳᠠᠭᠠᠳᠬᠠᠯ ᠤᠨ ᠲᠥᠯᠥᠪᠦᠷᠢ ᠵᠡᠷᠭᠡ |
ᠬᠡᠷᠡᠭᠯᠡᠯᠲᠡ ᠶᠢᠨ ᠪᠠᠶᠢᠳᠠᠯ ᠬᠦᠷᠲᠡᠯ᠎ᠡ ᠥᠷᠭᠡᠳᠬᠡᠵᠦ ᠪᠣᠯᠤᠨ᠎ᠠ᠃ |
ᠬᠤᠶᠠᠷ ᠲᠤ᠂ ᠴᠠᠭ ᠲᠤᠬᠠᠢ ᠳᠤ ᠨᠢ ᠬᠥᠳᠡᠯᠦᠩᠭᠦᠢ ᠪᠠᠷ ᠰᠢᠨᠡᠳᠬᠡᠨ᠎ᠡ᠃ ᠵᠠᠮᠨᠠᠬᠤ ᠡᠯᠧᠺᠳ᠋ᠷᠣᠨ ᠦᠨᠡᠮᠯᠡᠯ ᠢ |
ᠪᠥᠬᠦ ᠤᠯᠤᠰ ᠤᠨ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠡᠯᠧᠺᠳ᠋ᠷᠣᠨ |
ᠦᠨᠡᠮᠯᠡᠯ ᠤᠨ ᠰᠢᠰᠲ᠋ᠧᠮ ᠪᠣᠶ ᠪᠣᠯᠭᠠᠵᠤ᠂ ᠮᠠᠰᠢᠨᠲᠤ ᠲᠡᠷᠭᠡ ᠶᠢ ᠰᠢᠯᠭᠠᠨ ᠪᠠᠶᠢᠴᠠᠭᠠᠬᠤ᠂ ᠪᠠᠷᠢᠴᠠᠭᠠᠯᠠᠬᠤ᠂ ᠵᠠᠮ |
ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠪᠠ ᠵᠠᠮ ᠬᠠᠷᠢᠯᠴᠠᠭᠠᠨ ᠤ ᠠᠳᠡᠯ ᠢ ᠰᠢᠢᠳᠪᠦᠷᠢᠯᠡᠭᠰᠡᠨ ᠪᠠᠶᠢᠳᠠᠯ ᠵᠡᠷᠭᠡ |
ᠪᠠᠶᠢᠳᠠᠯ ᠢ ᠬᠥᠳᠡᠯᠦᠩᠭᠦᠶ ᠪᠠᠷ ᠢᠯᠡᠷᠡᠭᠦᠯᠵᠦ᠂ ᠴᠠᠭ ᠲᠤᠬᠠᠶ ᠳᠤ ᠨᠢ ᠪᠠᠶᠢᠴᠠᠭᠠᠨ ᠯᠠᠪᠯᠠᠬᠤ᠂ ᠴᠠᠭ ᠲᠤᠬᠠᠶ ᠳᠤ ᠨᠢ |
ᠭᠠᠷᠭᠠᠨ ᠦᠵᠡᠭᠦᠯᠬᠦ᠂ ᠴᠠᠭ ᠲᠤᠬᠠᠶ ᠳᠤ ᠨᠢ ᠬᠢᠨᠠᠨ ᠰᠢᠯᠭᠠᠬᠤ ᠳᠤ ᠳᠥᠭᠦᠮᠯᠡᠵᠦ᠂ ᠲᠡᠷᠭᠡ ᠬᠥᠰᠬᠡ ᠶᠢ |
ᠪᠠᠷᠢᠴᠠᠭᠠᠯᠠᠬᠤ᠂ ᠭᠠᠷ ᠳᠠᠮᠵᠢᠭᠰᠠᠨ ᠮᠠᠰᠢᠨ ᠲᠡᠷᠭᠡ ᠶᠢ ᠠᠷᠠᠯᠵᠢᠶᠠᠯᠠᠬᠤ ᠵᠡᠷᠭᠡ ᠪᠠᠶᠢᠳᠠᠯ ᠳᠤ ᠬᠡᠷᠡᠭᠯᠡᠬᠦ ᠳᠤ |
ᠳᠥᠭᠦᠮᠯᠡᠪᠡ᠃ |
ᠭᠤᠷᠪᠠ ᠳᠤ᠂ ᠠᠮᠤᠷ ᠲᠦᠪᠰᠢᠨ ᠪᠦᠲᠦᠮᠵᠢᠲᠡᠢ ᠨᠠᠶᠢᠳᠠᠪᠤᠷᠢᠲᠠᠢ᠃ ᠵᠠᠮᠨᠠᠬᠤ ᠡᠯᠧᠺᠳ᠋ᠷᠣᠨ ᠦᠨᠡᠮᠯᠡᠯ ᠨᠢ ᠪᠥᠬᠦ |
ᠤᠯᠤᠰ ᠤᠨ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠡᠯᠧᠺᠳ᠋ᠷᠣᠨ ᠦᠨᠡᠮᠯᠡᠯ ᠤᠨ |
ᠡᠬᠢ ᠪᠠᠶᠠᠯᠢᠭ ᠤᠨ ᠬᠥᠮᠥᠷᠭᠡ ᠶᠢᠨ ᠰᠢᠯᠭᠠᠨ ᠨᠤᠲᠠᠯᠠᠯᠲᠠ ᠶᠢᠨ ᠬᠠᠷᠢᠴᠠᠭᠤᠯᠤᠯ ᠢᠶᠠᠷ ᠳᠠᠮᠵᠢᠭᠤᠯᠤᠨ᠂ ᠭᠠᠷ ᠤᠨ |
ᠦᠰᠦᠭ ᠤᠨ ᠳ᠋ᠢᠭᠢᠲ ᠮᠡᠷᠭᠡᠵᠢᠯ ᠢᠶᠠᠷ ᠬᠠᠭᠤᠷᠮᠠᠭᠯᠠᠬᠤ ᠶᠢ ᠰᠡᠷᠭᠡᠶᠢᠯᠡᠬᠦ ᠮᠡᠷᠭᠡᠵᠢᠯ ᠢ ᠬᠡᠷᠡᠭᠯᠡᠨ᠂ ᠬᠤᠪᠢᠷᠠᠭᠤᠯᠬᠤ᠂ |
ᠬᠠᠭᠤᠷᠮᠠᠭ ᠢᠶᠠᠷ ᠵᠣᠬᠢᠶᠠᠬᠤ ᠶᠢ ᠪᠦᠲᠦᠮᠵᠢᠲᠡᠶ ᠰᠡᠷᠭᠡᠶᠢᠯᠡᠵᠦ᠂ ᠵᠠᠮᠨᠠᠬᠤ ᠡᠯᠧᠺᠳ᠋ᠷᠣᠨ ᠦᠨᠡᠮᠯᠡᠯ ᠤᠨ ᠦᠨᠡᠨ ᠪᠣᠳᠠᠲᠠᠶ |
ᠪᠥᠭᠡᠳ ᠬᠦᠴᠦᠨ ᠲᠠᠢ ᠪᠠᠶᠢᠬᠤ ᠶᠢ ᠪᠠᠲᠤᠯᠠᠨ᠂ ᠭᠠᠷ ᠳᠠᠮᠵᠢᠭᠰᠠᠨ ᠮᠠᠰᠢᠨ ᠲᠡᠷᠭᠡᠨ ᠤ ᠠᠷᠠᠯᠵᠢᠶ᠎ᠠ ᠵᠡᠷᠭᠡ ᠠᠬᠤᠶ |
ᠲᠠᠯᠠᠪᠠᠶ ᠳᠤ ᠮᠡᠳᠡᠭᠡ ᠵᠠᠩᠭᠢ ᠴᠤᠭᠯᠠᠭᠤᠯᠬᠤ ᠬᠡᠷᠡᠭᠯᠡᠯᠲᠡ ᠳᠤ ᠳᠥᠭᠦᠮᠯᠡᠬᠦ ᠶᠢ ᠪᠠᠲᠤᠯᠠᠭᠰᠠᠨ ᠤ ᠬᠠᠮᠲᠤ ᠬᠥᠳᠡᠯᠦᠩᠭᠦᠶ |
ᠬᠤᠶᠠᠷ ᠬᠡᠮᠵᠢᠯᠳᠦ ᠺᠣᠳ᠋᠂ ᠳ᠋ᠠᠶᠢᠲ᠋ᠠ ᠶᠢᠨ ᠰᠡᠷᠭᠡᠭ ᠢ ᠦᠭᠡᠶᠢᠳᠡᠭᠦᠯᠬᠦ᠂ ᠳ᠋ᠠᠶᠢᠲ᠋ᠠ ᠨᠢᠭᠤᠴᠠᠯᠠᠬᠤ᠂ ᠪᠣᠳᠠᠲᠤ ᠬᠥᠮᠦᠨ |
ᠭᠡᠷᠡᠴᠢᠯᠡᠬᠦ ᠵᠡᠷᠭᠡ ᠮᠡᠷᠭᠡᠵᠢᠯ ᠢ ᠬᠡᠷᠡᠭᠯᠡᠨ ᠬᠤᠪᠢ ᠬᠥᠮᠦᠨ ᠤ ᠮᠡᠳᠡᠭᠡ ᠵᠠᠩᠭᠢ ᠶᠢᠨ ᠠᠮᠤᠷ ᠲᠦᠪᠰᠢᠨ ᠢ ᠬᠠᠮᠠᠭᠠᠯᠠᠪᠠ᠃ |
|
ᠲᠣᠳᠣᠷᠬᠠᠶᠢᠯᠠᠬᠤ ᠴᠢᠬᠤᠯᠠᠲᠠᠶ ᠨᠢ᠂ ︽ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ︾ ᠶᠢᠨ ᠲᠣᠭᠲᠠᠭᠠᠯ |
ᠶᠣᠰᠣᠭᠠᠷ᠂ ᠵᠠᠮᠨᠠᠬᠤ ᠦᠨᠡᠮᠯᠡᠯ ᠤᠨ ᠴᠠᠭᠠᠰᠤᠨ ᠦᠨᠡᠮᠯᠡᠯ ᠢᠶᠠᠨ ᠲᠡᠷᠭᠡᠨ ᠳᠤ ᠪᠠᠨ ᠠᠪᠴᠤ ᠶᠠᠪᠤᠬᠤ ᠬᠡᠷᠡᠭᠲᠡᠶ︔ |
ᠵᠠᠮᠨᠠᠬᠤ ᠡᠯᠧᠺᠳ᠋ᠷᠣᠨ ᠦᠨᠡᠮᠯᠡᠯ ᠢ ᠭᠤᠤᠯᠳᠠᠭᠤ ᠬᠠᠮᠢᠶ᠎ᠠ ᠪᠥᠬᠦᠶ ᠴᠣᠩᠬᠤᠪᠴᠢ ᠶᠢᠨ ᠲᠤᠬᠠᠶᠢᠯᠠᠭᠰᠠᠨ ᠠᠵᠢᠯ ᠢ |
ᠭᠦᠢᠴᠡᠳᠬᠡᠬᠦ ᠳᠤ ᠬᠡᠷᠡᠭᠯᠡᠨ᠎ᠡ᠃ |
ᠣᠶᠢᠯᠠᠭᠠᠭᠰᠠᠨ ᠢᠶᠠᠷ᠂ ᠡᠨᠡ ᠵᠢᠯ ᠤᠨ 7 ᠳ᠋ᠤᠭᠠᠷ ᠰᠠᠷ᠎ᠠ ᠶᠢᠨ 1 ᠤ ᠡᠳᠦᠷ ᠳᠣᠲᠣᠭᠠᠳᠤ ᠶᠢ ᠬᠠᠮᠠᠭᠠᠯᠠᠬᠤ |
ᠶᠠᠮᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠥᠭᠡᠷᠡᠴᠢᠯᠡᠯᠲᠡ ᠶᠢᠨ 8 ᠰᠢᠨ᠎ᠡ ᠠᠷᠭ᠎ᠠ ᠬᠡᠮᠵᠢᠶ᠎ᠡ ᠶᠢ |
ᠭᠠᠷᠭᠠᠭᠰᠠᠨ ᠠᠴᠠ ᠨᠠᠭᠠᠰᠢ᠂ 1 ᠳ᠋ᠦᠩᠰᠢᠭᠤᠷ ᠭᠠᠷᠤᠶ ᠬᠥᠮᠦᠨ ᠤᠳᠠᠭ᠎ᠠ ᠳᠤ ᠠᠰᠢᠭ ᠬᠦᠷᠲᠡᠭᠡᠵᠦ᠂ ᠣᠯᠠᠨ |
ᠲᠦᠮᠡᠨ ᠤ ᠪᠠ ᠠᠵᠤ ᠠᠬᠤᠶᠢᠯᠠᠯ ᠤᠨ ᠳᠠᠷᠤᠭᠠᠰᠤ ᠶᠢ 40 ᠳ᠋ᠦᠩᠰᠢᠭᠤᠷ ᠲᠥᠭᠦᠷᠢᠭ ᠬᠥᠩᠭᠡᠯᠡᠭᠰᠡᠨ ᠪᠠᠶᠢᠨ᠎ᠠ᠃ |
|