ᠣᠶᠢᠷ᠎ᠠ ᠶᠢᠨ ᠵᠢᠯ ᠤᠳ ᠲᠤ᠂ ᠤᠯᠠᠭᠠᠨᠴᠠᠪ ᠬᠤᠲᠠ ᠡᠯᠪᠡᠭ ᠪᠠᠶᠠᠯᠢᠭ ᠵᠢᠭᠤᠯᠴᠢᠯᠠᠯ ᠤᠨ ᠡᠬᠢ ᠪᠠᠶᠠᠯᠢᠭ᠂ |
ᠠᠭᠤᠷ ᠠᠮᠢᠰᠬᠤᠯ ᠤᠨ ᠨᠥᠬᠦᠴᠡᠯ ᠪᠠ ᠬᠦᠴᠦᠷᠬᠡᠭ ᠶᠡᠭᠡ ᠰᠣᠶᠣᠯ ᠵᠢᠭᠤᠯᠴᠢᠯᠠᠯ ᠤᠨ ᠠᠵᠤ ᠦᠢᠯᠡᠰ ᠤᠨ |
ᠬᠥᠭᠵᠢᠯᠲᠡ ᠶᠢᠨ ᠬᠠᠨᠳᠤᠰᠢ ᠳᠤ ᠲᠦᠰᠢᠭᠯᠡᠨ᠂ ᠮᠥᠰᠥ ᠴᠠᠰᠤᠨ ᠤ ᠵᠢᠭᠤᠯᠴᠢᠯᠠᠯ ᠢ ᠶᠡᠬᠡᠪᠡᠷ ᠬᠥᠭᠵᠢᠭᠦᠯᠵᠦ᠂ |
ᠮᠥᠰᠥ ᠴᠠᠰᠤᠨ ᠤ ᠠᠵᠤ ᠠᠬᠤᠶ ᠶᠢ ᠪᠥᠬᠦ ᠬᠤᠲᠠ ᠶᠢᠨ ᠵᠢᠭᠤᠯᠴᠢᠯᠠᠯ ᠤᠨ ᠦᠢᠯᠡᠰ ᠤᠨ |
ᠬᠥᠭᠵᠢᠯᠲᠡ ᠵᠢᠨᠭᠤᠤᠯᠳᠠᠯᠭᠠ ᠪᠣᠯᠭᠠᠵᠤ᠂ ᠪᠥᠬᠦ ᠣᠷᠣᠨ ᠪᠦᠰᠡ ᠶᠢᠨ ᠵᠢᠭᠤᠯᠴᠢᠯᠠᠯ ᠤᠨ ᠰᠢᠨ᠎ᠡ ᠵᠠᠭᠪᠤᠷ ᠢ |
ᠪᠦᠷᠢᠯᠳᠦᠭᠦᠯᠪᠡ᠃ ᠲᠣᠰᠤᠳᠠᠭᠠ ᠭᠠᠷᠭᠠᠭᠰᠠᠨ ᠵᠢᠭᠤᠯᠴᠢᠯᠠᠯ ᠤᠨ ᠵᠠᠮ ᠱᠤᠭᠤᠮ ᠨᠢ ᠡᠯᠪᠡᠭ ᠪᠠᠶᠠᠯᠢᠭ ᠮᠥᠰᠥ |
ᠴᠠᠰᠤᠨ ᠤ ᠡᠬᠢ ᠪᠠᠶᠠᠯᠢᠭ᠂ᠰᠦᠷᠯᠢᠭ ᠰᠠᠶᠢᠬᠠᠨ ᠭᠠᠵᠠᠷ ᠰᠢᠨᠵᠢᠯᠡᠭᠡᠨ ᠤ ᠦᠵᠡᠮᠵᠢ ᠲᠠᠢ ᠮᠥᠷᠲᠡᠭᠡᠨ ᠪᠠᠰᠠ |
ᠤᠨᠴᠠᠯᠢᠬᠳᠤ ᠠᠮᠲᠠᠲᠤ ᠢᠳᠡᠭᠡᠨ᠂ ᠭᠦᠨ ᠵᠤᠵᠠᠭᠠᠨ ᠠᠷᠠᠳ ᠤᠨ ᠵᠠᠩ ᠦᠢᠯᠡ ᠶᠢᠨ ᠲᠡᠦᠬᠡ ᠰᠣᠶᠣᠯ ᠲᠠᠢ ᠪᠠᠶᠢᠵᠤ᠂ |
ᠵᠤᠭᠠᠴᠠᠭᠰᠠᠳ ᠲᠤ ᠨᠢᠭᠡᠤᠳᠠᠭᠠᠨ ᠤ ᠮᠠᠷᠲᠠᠭᠳᠠᠰᠢ ᠦᠭᠡᠢ ᠡᠪᠦᠯ ᠤᠨ ᠡᠳᠦᠷ ᠤᠨ ᠠᠶᠠᠯᠠᠯ ᠤᠨ ᠥᠩᠭᠡᠷᠡᠯᠲᠡ ᠶᠢ |
ᠤᠯᠭᠤᠬᠤ ᠪᠤᠯᠤᠨ᠎ᠠ᠃ |
ᠨᠢᠭᠡᠳᠦᠭᠡᠷ ᠵᠤᠷᠪᠤᠰ ᠵᠠᠮ ᠱᠤᠭᠤᠮ᠄ ᠮᠥᠰᠥ ᠴᠠᠰᠤᠨ ᠳᠤ ᠥᠪᠡᠰᠦᠪᠡᠨ ᠵᠢᠯᠣᠭᠤᠳᠬᠤ ᠭᠡᠷᠡᠯ |
ᠵᠢᠷᠤᠭ ᠤᠨᠠᠶᠠᠯᠠᠯ ᠨᠢ ᠤᠯᠠᠭᠠᠨᠴᠠᠪ ᠤᠨ ᠳ᠋ᠠ ᠾᠧ ᠸᠠᠨ ᠴᠠᠰᠤᠨ ᠳᠤ ᠭᠤᠯᠭᠤᠬᠤ ᠠᠮᠠᠷᠠᠯᠲᠠ ᠶᠢᠨ ᠣᠷᠣᠨ ᠠᠴᠠ |
ᠮᠣᠷᠳᠠᠵᠤ᠂ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠷᠠᠳ ᠤᠨ ᠣᠷᠣᠨ ᠰᠠᠭᠤᠴᠠ ᠶᠢᠨ ᠰᠦᠷᠦᠭᠯᠡᠯ᠂ |
ᠭᠠᠯᠲᠤᠠᠭᠤᠯᠠ ᠶᠢᠨ ᠭᠠᠵᠠᠷ ᠰᠢᠨᠵᠢᠯᠡᠭᠡᠨ ᠤ ᠴᠡᠴᠡᠷᠯᠢᠭ᠂ ᠶᠢᠨ ᠱᠢ ᠱᠠᠨ ᠴᠢᠯᠠᠭᠤᠨ ᠣᠶ ᠶᠢᠨ ᠭᠠᠵᠠᠷ |
ᠰᠢᠨᠵᠢᠯᠡᠭᠡᠨ ᠤᠴᠡᠴᠡᠷᠯᠢᠭ ᠢᠶᠠᠷ ᠥᠩᠭᠡᠷᠡᠵᠦ᠂ ᠡᠴᠦᠰ ᠲᠡᠭᠡᠨ ᠤᠯᠠᠭᠠᠨᠴᠠᠪ ᠤᠨ ᠤᠯᠠᠭᠠᠨ ᠬᠠᠳᠠ ᠶᠢᠨ ᠳᠡᠨᠵᠢ |
ᠭᠠᠵᠠᠷ ᠲᠤ᠋ᠬᠦ᠋ᠷᠦᠨᠡ᠃ ᠵᠢᠭᠤᠯᠴᠢᠯᠠᠭᠴᠢᠳ ᠰᠦᠷᠯᠢᠭ ᠰᠠᠶᠢᠬᠠᠨ ᠪᠠᠶᠢᠭᠠᠯᠢ ᠶᠢᠨ ᠦᠵᠡᠮᠵᠢ ᠶᠢ ᠰᠤᠨᠢᠷᠬᠠᠨ ᠦᠵᠡᠵᠦ |
ᠪᠣᠯᠤᠨ᠎ᠠ᠃ |
ᠬᠤᠶᠠᠳᠤᠭᠠᠷ ᠵᠠᠮ ᠱᠤᠭᠤᠮ᠄ ᠮᠥᠰᠥ ᠴᠠᠰᠤᠨ ᠳᠤ ᠰᠡᠯᠡᠭᠦᠴᠡᠨ ᠪᠠᠷᠠᠭ᠎ᠠ ᠬᠤᠳᠠᠯᠳᠤᠨ ᠠᠪᠬᠤ ᠠᠶᠠᠯᠠᠯ ᠨᠢ |
ᠴᠠ ᠬᠠᠨ ᠶᠢᠩ ᠴᠠᠰᠤᠨ ᠳᠤ ᠭᠤᠯᠭᠤᠬᠤ ᠲᠠᠯᠠᠪᠠᠢ ᠠᠴᠠ ᠡᠭᠦᠰᠴᠦ᠂ ᠵᠤᠭᠠᠴᠠᠭᠰᠠᠳ ᠶᠦᠩ ᠯᠢᠶᠠᠩ ᠬᠠᠯᠠᠭᠤᠨ |
ᠷᠠᠰᠢᠶᠠᠨ ᠳᠤ ᠬᠦᠷᠴᠦ ᠬᠠᠯᠠᠭᠤᠨ ᠷᠠᠰᠢᠶᠠᠨ ᠢ ᠪᠡᠶᠡᠴᠢᠯᠡᠨ ᠤᠶᠢᠯᠠᠭᠠᠵᠤ ᠪᠤᠯᠬᠤ ᠪᠦᠭᠡᠳ ᠵᠢᠨᠢᠩ ᠤᠨ |
ᠡᠷᠲᠡᠨ ᠤᠬᠤᠲᠠ ᠪᠣᠯᠤᠨ ᠤᠯᠠᠭᠠᠨᠴᠠᠪ ᠤᠨ ᠰᠥᠨᠢ ᠶᠢᠨ ᠵᠡᠭᠡᠯᠢ ᠲᠣᠭᠤᠷᠢᠭ ᠢᠶᠠᠷ ᠵᠤᠭᠠᠴᠠᠵᠤ᠂ ᠳᠠᠬᠢᠭᠠᠳ |
ᠵᠢᠨᠢᠩ ᠤᠨ ᠣᠯᠠᠨ ᠤᠯᠤᠰ ᠤᠨ ᠠᠷᠠᠰᠤᠨ ᠡᠳ᠋ᠯᠡᠯ ᠤᠨ ᠬᠤᠲᠠ ᠳᠤ ᠬᠦᠷᠴᠦ ᠪᠠᠷᠠᠭ᠎ᠠ ᠬᠤᠳᠠᠯᠳᠤᠨ ᠠᠪᠴᠤ ᠪᠣᠯᠤᠨ᠎ᠠ |
᠃ ᠡᠨᠡ ᠬᠦ ᠵᠠᠮᠱᠤᠭᠤᠮ ᠨᠢ ᠮᠥᠰᠥ ᠴᠠᠰᠤ ᠪᠠ ᠪᠠᠷᠠᠭ᠎ᠠ ᠬᠤᠳᠠᠯᠳᠤᠨ ᠠᠪᠬᠤ ᠶᠢ ᠤᠶᠠᠯᠳᠤᠭᠤᠯᠵᠤ᠂ |
ᠵᠤᠭᠠᠴᠠᠭᠰᠠᠳ ᠲᠤ ᠮᠥᠰᠥᠴᠠᠰᠤᠨ ᠤ ᠷᠢᠳᠢ ᠰᠢᠳᠢ ᠶᠢ ᠡᠳ᠋ᠯᠡᠭᠦᠯᠬᠦ ᠶᠢᠨ ᠬᠠᠮᠲᠤ᠂ ᠨᠢᠭᠡ ᠥᠷᠲᠡᠭᠡ ᠮᠠᠶ᠋ᠢᠭ ᠤᠨ |
ᠮᠥᠰᠥ ᠴᠠᠰᠤᠨ ᠤ ᠵᠤᠭ᠎ᠠ ᠴᠡᠩᠭᠡᠯ ᠤᠨ ᠪᠠᠷᠠᠭ᠎ᠠ ᠬᠤᠳᠠᠯᠳᠤᠨ ᠠᠪᠬᠤ ᠰᠠᠭᠠᠳ ᠥᠬᠡᠶ ᠪᠠᠶᠠᠷ ᠪᠠᠭ᠋ᠠᠳᠤᠯ ᠢ |
ᠪᠡᠶᠡᠴᠢᠯᠡᠨ ᠣᠶᠢᠯᠠᠭᠠᠭᠤᠯᠬᠤᠪᠤᠯᠤᠨᠠ᠃ |
ᠭᠤᠷᠪᠠᠳᠤᠭᠠᠷ ᠵᠠᠮ ᠱᠤᠭᠤᠮ᠄ ᠮᠦᠰᠦᠨ ᠨᠠᠭᠤᠷ ᠳᠡᠭᠡᠷᠡᠬᠢ ᠮᠦᠰᠦᠨ ᠬᠦᠬᠢᠳᠡᠯ ᠤᠨ |
ᠠᠶᠠᠯᠠᠯ ᠨᠢᠤᠯᠠᠭᠠᠨᠴᠠᠪ ᠤᠨ ᠳ᠋ᠠ ᠾᠧ ᠸᠠᠨ ᠴᠠᠰᠤᠨ ᠳᠤ ᠭᠤᠯᠭᠤᠬᠤ ᠠᠮᠠᠷᠠᠯᠲᠠ ᠶᠢᠨ ᠣᠷᠣᠨ ᠳᠤ ᠴᠠᠰᠤᠨ ᠳᠤ |
ᠭᠤᠯᠭᠤᠵᠦᠪᠠᠷᠠᠭᠰᠠᠨ ᠤ ᠳᠠᠷᠠᠭ᠎ᠠ᠂ ᠶᠦᠩ ᠯᠢᠶᠠᠩ ᠬᠠᠯᠠᠭᠤᠨ ᠷᠠᠰᠢᠶᠠᠨ ᠳᠤ ᠪᠡᠶ᠎ᠡ ᠰᠡᠳᠬᠢᠯ ᠢ ᠠᠮᠠᠷᠠᠭᠤᠯᠵᠤ᠂ |
ᠳᠠᠬᠢᠨ ᠴᠠᠷ ᠨᠠᠭᠤᠷ ᠤᠨ ᠠᠮᠢ ᠠᠬᠤᠢ ᠶᠢᠨ ᠵᠢᠭᠤᠯᠴᠢᠯᠠᠯ ᠤᠨ ᠣᠷᠣᠨ ᠳᠤ ᠬᠦᠷᠴᠦ ᠮᠦᠰᠦᠨ ᠬᠦᠬᠢᠳᠡᠯ ᠬᠢᠵᠦ᠂ |
ᠬᠠᠮᠤᠭᠡᠴᠦᠰ ᠲᠤ ᠯᠦᠩ ᠰᠢᠩ ᠸᠠᠭᠠᠷ ᠱᠠᠭᠠᠵᠠᠩ ᠤᠨ ᠬᠦᠷᠢᠶᠡᠯᠡᠩ ᠪᠣᠯᠤᠨ ᠠᠨ ᡁᠢ ᠶᠠᠩ ᠬᠡᠭᠡᠷ᠎ᠡ ᠶᠢᠨ |
ᠬᠤᠸᠠᠷᠠᠨ ᠵᠶ᠋ᠠᠷᠵᠤᠭᠠᠴᠠᠵᠦ ᠪᠤᠯᠤᠨ᠎ᠠ᠃ ᠡᠨᠡ ᠵᠠᠮ ᠱᠤᠭᠤᠮ ᠨᠢ ᠮᠥᠰᠥ ᠴᠠᠰᠤᠨ ᠳᠡᠭᠡᠷᠡᠬᠢ ᠰᠡᠯᠡᠬᠦᠴᠡᠯ ᠪᠠ |
ᠵᠢᠭᠠᠰᠤᠨ ᠬᠦᠬᠢᠳᠠᠯ ᠢ ᠪᠦᠷᠢᠨ ᠲᠡᠭᠦᠯᠳᠡᠷ ᠤᠶᠠᠯᠳᠤᠭᠤᠯᠵᠤ᠂ ᠵᠤᠭᠠᠴᠠᠭᠰᠠᠳ ᠲᠤ ᠮᠥᠰᠥ ᠴᠠᠰᠤᠨ ᠤ ᠪᠠᠶᠠᠷ |
ᠪᠠᠭ᠋ᠠᠳᠤᠯ ᠢ ᠡᠳ᠋ᠯᠡᠭᠦᠯᠬᠦ ᠪᠤᠯᠤᠨ᠎ᠠ᠃ |
ᠳᠥᠷᠪᠡᠳᠦᠭᠡᠷ ᠵᠣᠷᠪᠤᠰ ᠱᠤᠭᠤᠮ᠄ ᠮᠥᠰᠥ ᠴᠠᠰᠤᠨ ᠤ ᠠᠮᠲᠠᠲᠤ ᠢᠳᠡᠭᠡᠨ ᠤ ᠠᠶᠠᠯᠠᠯ ᠳᠤ ᠵᠤᠭᠠᠴᠠᠭᠰᠠᠳ |
ᠪᠢᠨᠾᠧ ᠺᠠᠩ ᠯᠢᠥᠢ ᠠᠮᠠᠷᠠᠯᠲᠠ ᠶᠢᠨ ᠣᠷᠣᠨ᠂ ᠪᠸᠢ ᠭᠤᠸᠠᠨ ᠢ ᠰᠦ᠋ ᠠᠷᠠᠳ ᠤᠨ ᠪᠠᠭᠤᠴᠠ᠂ ᠶᠤᠸᠠᠢ |
ᠭᠤᠸᠠᠩᠵᠢᠵᠢᠭ ᠪᠠᠯᠭᠠᠰᠤ᠂ ᠴᠠᠬᠠᠷ ᠡᠷᠲᠡᠨ ᠤ ᠵᠡᠭᠡᠯᠢ ᠪᠣᠯᠤᠨ ᠤᠯᠠᠭᠠᠨᠴᠠᠪ ᠤᠨ ᠰᠥᠨᠢ ᠶᠢᠨ ᠦᠵᠡᠮᠵᠢ ᠶᠢᠨ |
ᠤᠷᠤᠨ ᠳᠤ ᠬᠦᠷᠴᠦ᠂ ᠤᠯᠠᠭᠠᠨᠴᠠᠪ ᠤᠨ ᠭᠠᠵᠠᠷ ᠣᠷᠣᠨ ᠤ ᠣᠨᠴᠠᠯᠢᠭᠲᠤ ᠠᠮᠲᠠᠲᠤ ᠢᠳᠡᠭᠡᠨ ᠢ ᠠᠮᠲᠠᠯᠠᠵᠤ ᠪᠣᠯᠤᠨ᠎ᠠ |
᠃ᠠᠮᠳᠠᠳᠤ ᠢᠳᠡᠭᠡᠨ ᠤ ᠵᠤᠭᠠᠴᠠᠯ ᠨᠢ ᠵᠤᠭᠠᠴᠠᠭᠰᠠᠳ ᠲᠤ ᠤᠯᠠᠭᠠᠨᠴᠠᠪ ᠤᠨ ᠭᠦᠨ ᠵᠤᠵᠠᠭᠠᠨ ᠰᠣᠶᠣᠯ ᠤᠨ |
ᠠᠭᠤᠯᠬᠤᠨ ᠢ ᠮᠡᠳᠡᠷᠡᠭᠦᠯᠬᠦ ᠪᠤᠯᠤᠨ᠎ᠠ᠃ |
ᠲᠠᠪᠤᠳᠤᠭᠠᠷ ᠵᠠᠮ ᠱᠣᠭᠤᠮ᠄ ᠮᠥᠰᠥ ᠴᠠᠰᠤᠨ ᠤ ᠬᠤᠪᠢᠰᠬᠠᠯ ᠤᠨ ᠰᠤᠳᠤᠯᠭᠠᠨ ᠤ ᠵᠢᠭᠤᠯᠴᠢᠯᠠᠯ ᠤᠨ |
ᠠᠶᠠᠯᠠᠯ ᠨᠢ ᠤᠯᠠᠭᠠᠨᠴᠠᠪ ᠬᠤᠲᠠ ᠶᠢᠨ ᠮᠦᠽᠧᠶ᠂ ᠤᠯᠠᠭᠠᠨᠴᠠᠪ ᠤᠨ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ᠂ |
ᠴᠠ ᠬᠠᠨ ᠶᠢᠩ ᠴᠠᠰᠤᠨ ᠳᠤ ᠭᠤᠯᠭᠤᠬᠤ ᠲᠠᠯᠠᠪᠠᠶ᠂ ᠶᠦᠨ ᠳ᠋ᠦᠸᠧ ᠭᠠᠴᠠᠭ᠎ᠠ ᠶᠢᠨ ᠰᠤᠳᠤᠯᠤᠨ |
ᠰᠤᠷᠤᠯᠴᠠᠬᠤᠰᠠᠭᠤᠷᠢᠨ ᠭᠠᠵᠠᠷ᠂ ᠵᠢᠨᠢᠩ ᠤᠨ ᠳᠠᠶᠢᠯᠠᠯᠳᠤᠭᠠᠨ ᠤ ᠬᠤᠪᠢᠰᠬᠠᠯ ᠤᠨ ᠳᠤᠷᠠᠰᠬᠠᠯ ᠤᠨ ᠬᠦᠷᠢᠶᠡᠯᠡᠩ᠂ |
ᠫᠢᠩ ᠰᠦᠢ ᠲᠡᠮᠦᠷ ᠵᠠᠮ ᠤᠨ ᠬᠤᠪᠢᠰᠬᠠᠯ ᠤᠨ ᠰᠣᠶᠣᠯ ᠢ ᠤᠯᠠᠮᠵᠢᠯᠠᠨ ᠵᠠᠯᠭᠠᠮᠵᠢᠯᠠᠬᠤ ᠭᠤᠤᠯ ᠰᠡᠳᠦᠪᠲᠦ |
ᠴᠡᠴᠡᠷᠯᠢᠭ ᠢᠶᠠᠷ ᠲᠣᠭᠤᠷᠢᠨ ᠦᠵᠡᠬᠦ ᠪᠣᠯᠤᠨ᠎ᠠ᠃ ᠬᠠᠮᠤᠭ ᠰᠠᠶᠢᠨ ᠬᠢᠴᠢᠶᠡᠯ ᠤᠨ ᠲᠠᠩᠬᠢᠮ ᠠᠶᠠᠯᠠᠯ ᠳᠤᠮᠳᠠ ᠪᠤᠢ |
ᠬᠡᠳᠡᠭᠴᠢᠯᠡᠨ᠂ᠬᠠᠮᠤᠭ ᠭᠤᠶᠣ ᠦᠵᠡᠮᠵᠢ ᠨᠢ ᠬᠥᠯ ᠳᠣᠣᠷ᠎ᠠ ᠪᠠᠶᠢᠨ᠎ᠠ᠃ |
ᠵᠢᠷᠭᠤᠳᠤᠭᠠᠷ ᠵᠠᠮ ᠱᠤᠭᠤᠮ᠄ ᠮᠥᠰᠥ ᠴᠠᠰᠤᠨ ᠤ ᠬᠠᠯᠠᠭᠤᠨ ᠷᠠᠰᠢᠶᠠᠨ ᠤ ᠪᠡᠶ᠎ᠡ ᠰᠤᠪᠢᠯᠠᠬᠤ |
ᠠᠶᠠᠯᠠᠯ ᠨᠢᠯᠢᠶᠠᠩᠴᠧᠩ ᠤᠨ ᠤᠯᠠᠨ ᠤᠯᠤᠰ ᠤᠨ ᠴᠠᠰᠤᠨ ᠳᠤ ᠭᠤᠯᠭᠤᠬᠤ ᠲᠠᠯᠠᠪᠠᠢ ᠠᠴᠠ ᠡᠭᠦᠰᠴᠦ᠂ |
ᠵᠤᠭᠠᠴᠠᠭᠰᠠᠳ ᠲᠡᠰᠲ᠋ᠠᠷᠠᠭᠠᠯᠠᠨ ᠮᠠ ᠫᠠᠤ ᠬᠠᠯᠠᠭᠤᠨ ᠷᠠᠰᠢᠶᠠᠨ᠂ ᠸᠠᠨ ᠳ᠋ᠧᠩ ᠬᠠᠯᠠᠭᠤᠨ ᠷᠠᠰᠢᠶᠠᠨ᠂ ᠬᠤᠩ ᠮᠤᠤ |
ᠡᠮᠳᠦ ᠠᠷᠢᠬᠢ ᠶᠢᠨ ᠮᠦᠽᠧᠶ ᠪᠣᠯᠤᠨ ᠯᠢᠨ ᠬᠣ᠋ ᠡᠷᠲᠡᠨ ᠤ ᠴᠠᠶᠢᠵᠠ ᠵᠤᠭᠠᠴᠠᠯ ᠤᠨ ᠠᠮᠠᠷᠠᠯᠲᠠ ᠶᠢᠨ ᠣᠷᠣᠨ ᠢ |
ᠰᠤᠷᠪᠤᠯᠵᠢᠯᠠᠨ ᠵᠤᠭᠠᠴᠠᠵᠤ ᠪᠣᠯᠤᠨ᠎ᠠ᠃ ᠴᠠᠰᠤᠨ ᠳᠤ ᠭᠤᠯᠭᠤᠬᠤ + ᠬᠠᠯᠠᠭᠤᠨ ᠷᠠᠰᠢᠶᠠᠨ + ᠪᠡᠶ᠎ᠡ ᠰᠤᠪᠢᠯᠠᠬᠤ ᠶᠢ |
ᠤᠶᠠᠯᠳᠤᠭᠤᠯᠬᠤ ᠨᠢᠡᠪᠦᠯ ᠤᠨ ᠡᠳᠦᠷ ᠤᠨ ᠵᠢᠭᠤᠯᠴᠢᠯᠠᠯ ᠤᠨ ᠰᠠᠶᠢᠨ ᠰᠣᠩᠭᠤᠯᠲᠠ ᠪᠤᠯᠤᠨ᠎ᠠ᠃ |
ᠳᠣᠯᠣᠳᠤᠭᠠᠷ ᠵᠠᠮ ᠱᠤᠭᠤᠮ᠄ ᠣᠷᠳᠣ ᠴᠠᠭᠠᠨ ᠬᠡᠷᠡᠮ ᠤᠨ ᠳᠣᠲᠣᠷ᠎ᠠ ᠭᠠᠳᠠᠨᠠᠬᠢ ᠠᠷᠠᠳ ᠤᠨ ᠵᠠᠩ |
ᠦᠢᠯᠡ ᠵᠢᠨᠵᠤᠭᠠᠴᠠᠯ ᠳᠤ ᠵᠤᠭᠠᠴᠠᠭᠰᠠᠳ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠡᠮᠦᠨ᠎ᠡ ᠲᠣᠰᠬᠤᠨ᠂ |
ᠹᠧᠩᠵᠧᠨ ᠤ ᠯᠦᠩ ᠱᠧᠩ ᠵᠤᠸᠠᠩ ᠤᠨ ᠡᠷᠲᠡᠨ ᠤ ᠪᠠᠯᠭᠠᠰᠤ᠂ ᠵᠦᠸᠧᠽᠢ ᠶᠢᠨ ᠷᠠᠥ ᠵᠢᠦ ᠴᠢᠦᠢ ᠪᠣᠯᠤᠨ |
ᠴᠠᠬᠠᠷᠪᠠᠷᠠᠭᠤᠨ ᠭᠠᠷᠤᠨ ᠬᠤᠶᠢᠲᠤ ᠬᠤᠰᠢᠭᠤᠨ ᠤ ᠲᠦᠳᠡᠭ ᠭᠠᠯ ᠵᠡᠷᠭᠡ ᠦᠵᠡᠮᠵᠢ ᠶᠢᠨ ᠭᠠᠵᠠᠷ ᠢᠶᠠᠷ ᠲᠣᠭᠤᠷᠢᠨ |
ᠦᠵᠡᠬᠦᠪᠣᠯᠤᠨᠠ᠃ ᠡᠨᠡ ᠬᠦ ᠵᠠᠮ ᠱᠤᠭᠤᠮ ᠨᠢ ᠤᠯᠠᠭᠠᠨᠴᠠᠪ ᠤᠨ ᠥᠨᠢ ᠤᠳᠠᠭᠠᠨ ᠲᠡᠦᠬᠡ ᠪᠠ ᠰᠣᠶᠣᠯ |
ᠢᠷᠭᠡᠨᠰᠢᠯ ᠤᠨᠡᠬᠢ ᠪᠠᠶᠠᠯᠢᠭ ᠲᠠᠢ ᠠᠭᠤᠰᠤᠯᠴᠠᠭᠤᠯᠵᠤ᠂ ᠵᠤᠭᠠᠴᠠᠭᠰᠠᠳ ᠲᠤ ᠤᠮᠠᠷᠠᠲᠤ ᠬᠢᠯᠢ ᠶᠢᠨ ᠦᠵᠡᠰᠬᠦᠯᠡᠩᠲᠦ |
ᠰᠠᠶᠢᠬᠠᠨᠦᠵᠡᠮᠵᠢ ᠶᠢ ᠮᠡᠳᠡᠷᠡᠭᠦᠯᠦᠨ᠎ᠡ᠃ |
ᠲᠤᠯᠤᠭᠠᠨ ᠵᠤᠷᠪᠤᠰ ᠵᠠᠮ ᠱᠤᠭᠤᠮ ᠨᠢ ᠥᠪᠡᠷ ᠢᠶᠠᠨ ᠲᠡᠷᠭᠡ ᠵᠢᠯᠣᠭᠤᠳᠬᠤ ᠳᠤ ᠲᠣᠬᠢᠷᠠᠬᠤ ᠭᠡᠷᠡᠯ |
ᠵᠢᠷᠤᠭ ᠤᠨ ᠳᠤᠷ᠎ᠠ ᠪᠠᠭ᠋ᠠᠲᠠᠳ ᠲᠤ ᠵᠤᠷᠢᠭᠤᠯᠤᠭᠰᠠᠨ ᠵᠢᠭᠤᠯᠴᠢᠯᠠᠯ ᠪᠠᠶᠢᠬᠤ ᠮᠥᠷᠲᠡᠭᠡᠨ ᠭᠡᠷ ᠪᠦᠯᠢ ᠶᠢᠨ ᠭᠠᠳᠠᠭᠰᠢ |
ᠵᠤᠭᠠᠴᠠᠬᠤ ᠳᠤ ᠲᠣᠬᠢᠷᠠᠬᠤ ᠮᠥᠰᠥ ᠴᠠᠰᠤᠨ ᠤ ᠰᠡᠯᠡᠭᠦᠴᠡᠯ ᠪᠠᠷᠠᠭ᠎ᠠ ᠬᠤᠳᠠᠯᠳᠤᠨ ᠠᠪᠬᠤ ᠠᠶᠠᠯᠠᠯ ᠴᠤ ᠪᠠᠶᠢᠨ᠎ᠠ︔ |
ᠥᠷᠢᠰᠥᠯᠳᠦᠭᠡᠨ ᠪᠠ ᠰᠡᠳᠦᠯᠲᠡ ᠪᠠᠷ ᠳᠦᠭᠦᠷᠦᠭᠰᠡᠨ ᠮᠥᠰᠥ ᠴᠠᠰᠤᠨ ᠤ ᠮᠦᠰᠦᠨ ᠬᠦᠬᠢᠳᠡᠯ ᠤᠨ ᠠᠶᠠᠯᠠᠯ |
ᠴᠦᠪᠠᠶᠢᠨᠠ᠃ ᠴᠦᠮ ᠥᠪᠡᠷ ᠥᠪᠡᠷ ᠤᠨ ᠣᠨᠴᠠᠯᠢᠭ ᠲᠠᠢ ᠵᠠᠮ ᠱᠤᠭᠤᠮ ᠪᠤᠯᠤᠨ᠎ᠠ᠃ |
|
|
|
|
|
|
|
|
|
|
᠁ |