| ᠣᠶᠢᠷᠠ ᠳᠤ ︽ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠯ ᠬᠢᠭᠡᠳ ᠬᠥᠭᠵᠢᠯᠲᠡ ᠶᠢᠨ | 
                   ᠶᠠᠷᠢᠶᠠᠨ ᠤ ᠳᠠᠪᠴᠠᠩ︾ ᠣᠷᠳᠣᠰ ᠬᠡᠷᠡᠭᠯᠡᠭᠡᠨ ᠤ ᠮᠡᠷᠭᠡᠵᠢᠯ ᠤᠨ ᠳᠡᠭᠡᠳᠦ ᠰᠤᠷᠭᠠᠭᠤᠯᠢ ᠳᠤ ᠶᠠᠪᠤᠭᠳᠠᠭᠰᠠᠨ ᠪᠠᠶᠢᠨᠠ᠃ | 
                   ᠲᠣᠰ ᠤᠳᠠᠭᠠᠨ ᠤ ︽ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠯ ᠬᠢᠭᠡᠳ ᠬᠥᠭᠵᠢᠯᠲᠡ ᠶᠢᠨ | 
                   ᠶᠠᠷᠢᠶᠠᠨ ᠤ ᠳᠠᠪᠴᠠᠩ︾ ᠪᠣᠯ ᠣᠷᠳᠣᠰ ᠤᠨ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠨ ᠵᠠᠯᠭᠠᠮᠵᠢᠯᠠᠬᠤ | 
                   ᠪᠠ ᠬᠥᠭᠵᠢᠭᠦᠯᠬᠦ ᠰᠤᠳᠤᠯᠭᠠᠨ ᠤ ᠲᠥᠪ ᠤᠨ ᠡᠭᠦᠰᠬᠡᠨ ᠪᠠᠶᠢᠭᠤᠯᠤᠭᠰᠠᠨ ᠣᠨ ᠤ ᠡᠷᠳᠡᠮ ᠰᠢᠨᠵᠢᠯᠡᠭᠡᠨ ᠤ | 
                   ᠰᠣᠯᠢᠯᠴᠠᠭᠠᠨ ᠤ ᠠᠵᠢᠯᠯᠠᠭᠠ ᠪᠣᠯᠣᠨᠠ᠃ ᠲᠣᠰ ᠤᠳᠠᠭᠠᠨ ᠤ ᠶᠠᠷᠢᠶᠠᠨ ᠤ ᠳᠠᠪᠴᠠᠩ ᠨᠢ ︽ᠪᠣᠳᠠᠰ ᠤᠨ ᠪᠤᠰᠤ | 
                   ᠰᠣᠶᠣᠯ ᠤᠨ ᠥᠪ ᠬᠢᠭᠡᠳ ᠣᠷᠳᠣᠰ ᠠᠷᠠᠳ ᠤᠨ ᠳᠠᠭᠤᠤ᠂ ᠪᠥᠵᠢᠭ᠂ ᠬᠥᠭᠵᠢᠮ ᠤᠨ ᠬᠠᠮᠠᠭᠠᠯᠠᠯᠲᠠ ᠪᠠ | 
                   ᠤᠯᠠᠮᠵᠢᠯᠠᠯ ᠬᠢᠭᠡᠳ ᠬᠥᠭᠵᠢᠯᠲᠡ ᠶᠢᠨ ᠦᠢᠯᠡᠳᠦᠯᠭᠡ ᠶᠢᠨ ᠠᠷᠭᠠ ᠵᠠᠮ︾᠂ ︽ᠪᠣᠳᠠᠰ ᠤᠨ ᠪᠤᠰᠤ ᠰᠣᠶᠣᠯ ᠤᠨ | 
                   ᠥᠪ ᠤᠨ ᠰᠢᠰᠲ᠋ᠧᠮᠵᠢᠭᠰᠡᠨ ᠬᠠᠮᠠᠭᠠᠯᠠᠯᠲᠠ︾ ᠵᠡᠷᠭᠡ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠬᠤᠷᠠᠯ᠂ ︽ | 
                   ᠪᠣᠳᠠᠰ ᠤᠨ ᠪᠤᠰᠤ ᠰᠣᠶᠣᠯ ᠤᠨ ᠥᠪ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ᠂ ᠰᠣᠶᠣᠯ ᠤᠷᠠᠯᠢᠭ ᠢ | 
                   ᠬᠠᠮᠠᠭᠠᠯᠠᠨ ᠤᠯᠠᠮᠵᠢᠯᠠᠬᠤ︾ ᠬᠠᠷᠢᠭᠤ ᠮᠡᠳᠡᠭᠦᠯᠦᠯᠲᠡ ᠶᠢᠨ ᠲᠣᠭᠯᠠᠯᠲᠠ ᠵᠡᠷᠭᠡ ᠠᠭᠤᠯᠭᠠ ᠪᠠᠷ ᠪᠦᠷᠢᠯᠳᠦᠵᠦ᠂ ᠶᠡᠭᠡ | 
                   ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠵᠡᠷᠭᠡ ᠡᠯᠡ ᠬᠦᠷᠢᠶᠡ ᠴᠠᠷᠠᠭᠠᠨ ᠤ | 
                   ᠬᠠᠮᠢᠶᠠ ᠪᠦᠬᠦᠢ ᠲᠤᠰᠬᠠᠢ ᠮᠡᠷᠭᠡᠵᠢᠯᠲᠡᠨ ᠡᠷᠳᠡᠮᠲᠡᠨ ᠬᠤᠷᠠᠨ ᠴᠤᠭᠯᠠᠷᠠᠭᠰᠠᠨ ᠪᠠᠶᠢᠨᠠ᠃ ᠠᠵᠢᠯᠯᠠᠭᠠ ᠨᠢ ᠪᠣᠳᠠᠰ ᠤᠨ | 
                   ᠪᠤᠰᠤ ᠰᠣᠶᠣᠯ ᠤᠨ ᠥᠪ ᠤᠨ ᠬᠠᠮᠢᠶᠠ ᠪᠦᠬᠦᠢ ᠬᠦᠷᠢᠶᠡ ᠴᠠᠷᠠᠭᠠᠨ ᠤ ᠲᠤᠰᠬᠠᠢ ᠮᠡᠷᠭᠡᠵᠢᠯᠲᠡᠨ ᠡᠷᠳᠡᠮᠲᠡᠨ᠂ ᠠᠵᠢᠯ | 
                   ᠡᠷᠬᠢᠯᠡᠭᠰᠡᠳ ᠲᠤ ᠰᠣᠯᠢᠯᠴᠠᠭᠠᠨ ᠤ ᠳᠠᠪᠴᠠᠩ ᠬᠠᠩᠭᠠᠵᠤ ᠦᠵᠡᠯᠲᠡ ᠲᠠᠨᠢᠯᠲᠠ ᠪᠠᠨ ᠰᠣᠯᠢᠯᠴᠠᠬᠤ᠂ | 
                   ᠲᠤᠷᠰᠢᠯᠭᠠ ᠪᠠᠨ ᠬᠤᠪᠢᠶᠠᠯᠴᠠᠵᠤ ᠬᠠᠮᠲᠤᠷᠠᠯᠴᠠᠬᠤ ᠪᠠᠷ ᠳᠠᠮᠵᠢᠨ᠂ ᠪᠣᠳᠠᠰ ᠤᠨ ᠪᠤᠰᠤ ᠰᠣᠶᠣᠯ ᠤᠨ ᠥᠪ ᠢ | 
                   ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠬᠦᠴᠦᠨ ᠢ ᠪᠦᠷᠢᠯᠳᠦᠭᠦᠯᠵᠦ᠂ ᠪᠣᠳᠠᠰ ᠤᠨ ᠪᠤᠰᠤ ᠰᠣᠶᠣᠯ ᠤᠨ ᠥᠪ ᠤᠨ | 
                   ᠤᠯᠠᠮᠵᠢᠯᠠᠯ ᠪᠠ ᠬᠥᠭᠵᠢᠯᠲᠡ ᠳᠤ ᠰᠢᠨᠡ ᠠᠷᠭᠠ ᠵᠠᠮ ᠬᠠᠩᠭᠠᠭᠰᠠᠨ ᠪᠠᠶᠢᠨᠠ᠃ | 
                    |