ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ |
︽ᠤᠮᠠᠷᠠᠲᠤ ᠬᠢᠵᠠᠭᠠᠷ ᠤᠨ ᠰᠣᠶᠣᠯ︾ ᠤᠨ ᠨᠠᠷᠠᠲᠤ ᠲᠡᠮᠳᠡᠭᠲᠦ ᠶᠢ ᠪᠣᠶ ᠪᠣᠯᠭᠠᠵᠤ᠂ ᠬᠡᠷᠡᠯ ᠵᠢᠷᠤᠭ ᠤᠨ |
ᠤᠷᠠᠯᠢᠭᠴᠢᠳ ᠤᠨ ᠠᠮᠢᠳᠤᠷᠠᠯ ᠳᠤ ᠭᠦᠨᠵᠡᠭᠡᠶᠢᠷᠡᠨ᠂ ᠠᠷᠠᠳ ᠲᠦᠮᠡᠨ ᠤ ᠳᠤᠮᠳᠠ ᠦᠨᠳᠦᠰᠦᠯᠡᠭᠰᠡᠨ ᠰᠢᠯᠢᠳᠡᠭ |
ᠤᠯᠠᠮᠵᠢᠯᠠᠯ ᠪᠠ ᠦᠢᠯᠡᠳᠦᠯᠭᠡ ᠶᠢᠨ ᠦᠷ᠎ᠡ ᠪᠦᠲᠦᠭᠡᠯ ᠢ ᠠᠮᠢᠳᠤᠯᠢᠭ ᠢᠶᠠᠷ ᠢᠯᠡᠷᠡᠭᠦᠯᠵᠦ᠂ ᠪᠥᠬᠦ ᠠᠷᠠᠳ ᠤᠨ |
ᠤᠷᠠᠯᠢᠭ ᠤᠨ ᠲᠦᠭᠡᠮᠡᠯᠵᠢᠯᠲᠡ ᠶᠢ ᠠᠬᠢᠭᠤᠯᠤᠨ᠂ ᠣᠯᠠᠨ ᠲᠦᠮᠡᠨ ᠤ ᠰᠣᠶᠣᠯ ᠤᠨ ᠠᠮᠢᠳᠤᠷᠠᠯ ᠢ |
ᠪᠠᠶᠠᠯᠢᠭᠵᠢᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ |
ᠲᠢᠩᠬᠢᠮ ᠭᠤᠣᠯᠯᠠᠨ ᠡᠷᠭᠢᠯᠡᠵᠦ᠂ ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠣᠷᠳᠣᠨ ᠤ ᠳᠠᠭᠠᠭᠠᠴᠢᠯᠠᠨ |
ᠡᠷᠭᠢᠯᠡᠭᠰᠡᠨ ︽ᠰᠤᠭᠲᠤᠭᠤᠷᠠᠮ᠎ᠠ ᠰᠠᠶᠢᠬᠠᠨ ᠲᠠᠯ᠎ᠠ ᠨᠤᠲᠤᠭ ᠦᠵᠡᠰᠬᠦᠯᠡᠩᠲᠦ ᠰᠠᠶᠢᠬᠠᠨ ᠤᠮᠠᠷᠠᠲᠤ ᠬᠢᠵᠠᠭᠠᠷ︾ |
ᠪᠥᠬᠦ ᠣᠷᠣᠨ ᠤ ᠬᠡᠷᠡᠯ ᠵᠢᠷᠤᠭ ᠤᠨ ᠪᠦᠲᠦᠭᠡᠯ ᠤᠨ ᠦᠵᠡᠰᠬᠦᠯᠡᠩ 2024 ᠣᠨ ᠤ 12 ᠳ᠋ᠤᠭᠠᠷ ᠰᠠᠷ᠎ᠠ ᠳᠤ |
ᠬᠥᠬᠡᠬᠤᠲᠠ ᠳᠤ ᠶᠠᠪᠤᠭᠳᠠᠪᠠ᠃ |
ᠲᠣᠰ ᠤᠳᠠᠭᠠᠨ ᠤ ᠦᠵᠡᠰᠬᠦᠯᠡᠩ ᠳᠤ ᠮᠠᠨ ᠤ ᠣᠷᠣᠨ ᠤ ᠡᠯ᠎ᠡ ᠠᠶᠢᠮᠠᠭ ᠬᠤᠲᠠ ᠶᠢᠨ ᠮᠡᠳᠡᠬᠦᠯᠦᠭᠰᠡᠨ |
3289 ᠪᠦᠲᠦᠭᠡᠯ ᠢ ᠬᠤᠷᠢᠶᠠᠨ ᠣᠯᠵᠠᠢ᠃ ᠰᠢᠯᠭᠠᠷᠠᠭᠤᠯᠬᠤ ᠺᠣᠮᠢᠰ ᠤᠨ ᠲᠤᠰᠬᠠᠢ ᠮᠡᠷᠭᠡᠵᠢᠯᠲᠡᠨ ᠤ |
ᠰᠢᠯᠭᠠᠷᠠᠭᠤᠯᠤᠯᠲᠠ ᠪᠠᠷ ᠳᠡᠮᠵᠢᠨ᠂ 18 ᠪᠦᠲᠦᠭᠡᠯ ᠨᠢ ᠠᠯᠲᠠᠨ ᠮᠧᠳᠠᠯ᠂ ᠮᠥᠩᠭᠦᠨ ᠮᠧᠳᠠᠯ᠂ ᠬᠦᠷᠡᠯ ᠮᠧᠳᠠᠯ |
ᠤᠯᠵᠠᠢ᠃ ᠲᠤᠰ ᠲᠤᠰ 3 ᠠᠯᠲᠠᠨ ᠮᠧᠳᠠᠯ᠂ 5 ᠮᠥᠩᠭᠦᠨ ᠮᠧᠳᠠᠯ᠂ 10 ᠬᠦᠷᠡᠯ ᠮᠧᠳᠠᠯ ᠪᠤᠯᠤᠨ᠎ᠠ᠃ ᠵᠠᠷᠯᠠᠨ |
ᠨᠡᠶᠢᠲᠡᠯᠡᠬᠦ ᠬᠤᠭᠤᠴᠠᠭ᠎ᠠ ᠨᠢ 12 ᠳ᠋ᠤᠭᠠᠷ ᠰᠠᠷ᠎ᠠ ᠶᠢᠨ 20 ᠤ ᠡᠳᠦᠷ ᠠᠴᠠ 12 ᠳ᠋ᠤᠭᠠᠷ ᠰᠠᠷ᠎ᠠ ᠶᠢᠨ 26 ᠤ |
ᠡᠳᠦᠷ ︵5 ᠠᠵᠢᠯᠯᠠᠬᠤ ᠡᠳᠦᠷ︶ ᠪᠣᠯᠣᠨ᠎ᠠ᠂ ᠵᠠᠷᠯᠠᠨ ᠨᠡᠶᠢᠲᠡᠯᠡᠬᠦ ᠬᠤᠭᠤᠴᠠᠭᠠᠨ ᠳᠤ ᠶᠠᠮᠠᠷᠪᠠ ᠨᠢᠭᠡᠴᠢ ᠪᠠ ᠬᠤᠪᠢ |
ᠬᠥᠮᠥᠨ ᠵᠠᠷᠯᠠᠨ ᠨᠡᠶᠢᠲᠡᠯᠡᠭᠰᠡᠨ ᠦᠷ᠎ᠡ ᠳ᠋ᠦᠩ ᠳᠤ ᠣᠨᠳᠣᠣ ᠰᠠᠨᠠᠯ ᠲᠠᠢ ᠪᠤᠯ ᠤᠲᠠᠰᠤ ᠢᠷᠡᠭᠦᠯᠵᠦ ᠬᠠᠷᠢᠭᠤ |
ᠲᠤᠰᠬᠠᠯ ᠢᠶᠠᠨ ᠮᠡᠳᠡᠭᠳᠡᠭᠡᠷᠡᠢ᠃ |
ᠬᠠᠷᠢᠯᠴᠠᠬᠤ ᠬᠥᠮᠥᠨ ᠵᠢᠴᠢ ᠤᠲᠠᠰᠤ᠄ ᠶᠠᠨ ᠯᠢ ᠰᠢᠶᠠ 0471-6912799 |
ᠡᠭᠦᠨ ᠤ ᠲᠤᠯᠠ ᠣᠨᠴᠠᠭᠠᠶᠢᠯᠠᠨ ᠵᠠᠷᠯᠠᠪᠠ᠃ |
ᠳᠠᠭᠠᠯᠳᠤᠭᠤᠯᠤᠯ᠄ ︽ᠰᠤᠭᠲᠤᠭᠤᠷᠠᠮ᠎ᠠ ᠰᠠᠶᠢᠬᠠᠨ ᠲᠠᠯ᠎ᠠ ᠨᠤᠲᠤᠭ ᠦᠵᠡᠰᠬᠦᠯᠡᠩᠲᠦ ᠰᠠᠶᠢᠬᠠᠨ ᠤᠮᠠᠷᠠᠲᠤ |
ᠬᠢᠵᠠᠭᠠᠷ︾ ᠪᠥᠬᠦ ᠣᠷᠣᠨ ᠤ ᠬᠡᠷᠡᠯ ᠵᠢᠷᠤᠭ ᠤᠨ ᠪᠦᠲᠦᠭᠡᠯ ᠤᠨ ᠦᠵᠡᠰᠬᠦᠯᠡᠩ ᠤᠨ ᠱᠠᠩᠨᠠᠯ ᠬᠦᠷᠲᠡᠭᠰᠡᠳ ᠤᠨ |
ᠨᠡᠷᠡᠰ ︵ᠨᠠᠷᠢᠨ ᠪᠠᠶᠢᠳᠠᠯ ᠢ ᠥᠪᠥᠷ ᠮᠤᠩᠭᠤᠯ ᠤᠨ ᠥᠪᠡᠷᠲᠡᠭᠡᠨ ᠵᠠᠰᠠᠬᠤ ᠤᠷᠤᠨ ᠤ ᠰᠤᠶᠤᠯ ᠪᠠ ᠵᠢᠭᠤᠯᠴᠢᠯᠠᠯ |
ᠤᠨ ᠲᠢᠩᠬᠢᠮ ᠤᠨ ᠬᠢᠲᠠᠳ ᠬᠡᠯᠡᠨ ᠤ ᠰᠦᠯᠵᠢᠶᠡᠨ ᠠᠴᠠ ᠤᠶᠢᠯᠠᠭᠠᠷᠠᠢ︶ |
ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ |
ᠤᠨ ᠲᠢᠩᠬᠢᠮ |
2024 ᠣᠨ ᠤ 12 ᠳ᠋ᠤᠭᠠᠷ ᠰᠠᠷ᠎ᠠ ᠶᠢᠨ 20 ᠤ ᠡᠳᠦᠷ |
|
|