ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠪᠣᠯᠣᠨ ᠰᠢ ᠶᠢᠨ ᠫᠢᠩ ᠶᠡᠷᠦᠩᠬᠡᠢ ᠱᠦᠵᠢ ᠶᠢᠨ |
ᠲᠡᠦᠬᠡ ᠶᠢᠨ ᠳᠤᠷᠠᠰᠬᠠᠯᠲᠤ ᠵᠦᠢᠯ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ |
ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ︽ᠤᠮᠠᠷᠠᠲᠤ ᠬᠢᠵᠠᠭᠠᠷ ᠤᠨ ᠰᠣᠶᠣᠯ︾ ᠤᠨ ᠰᠤᠳᠤᠯᠭᠠᠨ ᠤ |
ᠠᠵᠢᠯ ᠢ ᠭᠦᠨᠵᠡᠭᠡᠢ ᠥᠷᠨᠢᠭᠦᠯᠵᠦ᠂ ᠥᠪᠥᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ |
ᠳᠤᠷᠠᠰᠬᠠᠯᠲᠤ ᠵᠦᠢᠯ ᠤᠨ ᠬᠠᠭᠤᠴᠢ ᠰᠤᠳᠤᠯᠤᠯ ᠤᠨ ᠰᠤᠳᠤᠯᠭᠠᠨ ᠤ ᠬᠦᠷᠢᠶᠡᠯᠡᠩ ᠤᠨ ᠪᠠᠶᠢᠭᠤᠯᠤᠭᠳᠠᠭᠰᠠᠨ 70 |
ᠵᠢᠯ ᠤᠨ ᠤᠢ ᠶᠢ ᠪᠡᠯᠡᠭᠯᠡᠵᠦ᠂ ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠦᠬᠡ ᠶᠢᠨ ᠳᠤᠷᠠᠰᠬᠠᠯᠲᠤ |
ᠵᠦᠢᠯ ᠤᠨ ᠨᠡᠶᠢᠳᠡᠮ ᠪᠠᠶᠢᠴᠠᠭᠠᠯᠲᠠ ᠶᠢᠨ ᠠᠵᠢᠯ ᠤᠨ ᠤᠷᠤᠭᠰᠢᠲᠠᠢ ᠶᠠᠪᠤᠭᠳᠠᠬᠤ ᠶᠢ ᠲᠦᠯᠬᠢᠨ ᠠᠬᠢᠭᠤᠯᠬᠤ ᠶᠢᠨ |
ᠲᠥᠯᠥᠭᠡ᠂ 12 ᠳ᠋ᠤᠭᠠᠷ ᠰᠠᠷ᠎ᠠ ᠶᠢᠨ 16 ᠤ ᠡᠳᠦᠷ ᠠᠴᠠ 12 ᠳ᠋ᠤᠭᠠᠷ ᠰᠠᠷ᠎ᠠ ᠶᠢᠨ 17 ᠤ ᠡᠳᠦᠷ ᠪᠣᠯᠲᠠᠯ᠎ᠠ᠂ |
ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯ ᠤᠨ ᠬᠠᠭᠤᠴᠢ |
ᠰᠤᠳᠤᠯᠤᠯ ᠤᠨ ᠰᠤᠳᠤᠯᠭᠠᠨ ᠤ ᠬᠦᠷᠢᠶᠡᠯᠡᠩ ᠬᠥᠬᠡᠬᠤᠲᠠ ᠳᠤ ᠬᠠᠭᠤᠴᠢ ᠰᠤᠳᠤᠯᠤᠯ ᠤᠨ ᠬᠠᠷᠠᠭᠠᠰᠤᠨ ᠳᠤ ᠬᠢ |
ᠤᠮᠠᠷᠠᠲᠤ ᠬᠢᠵᠠᠭᠠᠷ ᠤᠨ ᠰᠣᠶᠣᠯ ᠤᠨ ᠡᠷᠳᠡᠮ ᠰᠢᠨᠵᠢᠯᠡᠭᠡᠨ ᠤ ᠰᠤᠳᠤᠯᠤᠨ ᠶᠠᠷᠢᠯᠴᠠᠬᠤ ᠬᠤᠷᠠᠯ ᠵᠢᠴᠢ ᠥᠪᠥᠷ |
ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯ ᠤᠨ ᠬᠠᠭᠤᠴᠢ ᠰᠤᠳᠤᠯᠤᠯ ᠤᠨ |
ᠲᠤᠬᠠᠶᠢᠯᠠᠭᠰᠠᠨ ᠠᠵᠢᠯ ᠤᠨ ᠪᠤᠯᠪᠠᠰᠤᠷᠠᠯ ᠤᠨ ᠠᠩᠭᠢ᠂ ᠥᠪᠥᠷ ᠮᠤᠩᠭᠤᠯ ᠤᠨ ᠥᠪᠡᠷᠲᠡᠭᠡᠨ ᠵᠠᠰᠠᠬᠤ ᠤᠷᠤᠨ ᠤ |
ᠳᠥᠷᠪᠡᠳᠦᠭᠡᠷ ᠤᠳᠠᠭᠠᠨ ᠤ ᠪᠦᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯ ᠤᠨ ᠨᠡᠶᠢᠳᠡᠮ ᠪᠠᠶᠢᠴᠠᠭᠠᠯᠲᠠ ᠶᠢᠨ |
ᠠᠵᠢᠯ ᠤᠨ ᠪᠤᠯᠪᠠᠰᠤᠷᠠᠯ ᠤᠨ ᠠᠩᠭᠢ ᠶᠢ ᠡᠷᠬᠢᠯᠡᠪᠡ᠃ ᠤᠯᠤᠰ ᠤᠨ ᠳᠣᠲᠣᠭᠠᠳᠤ ᠶᠢᠨ ᠰᠢᠨᠵᠢᠯᠡᠬᠦ ᠤᠬᠠᠭᠠᠨ ᠤ |
ᠰᠤᠳᠤᠯᠭᠠᠨ ᠤ ᠬᠦᠷᠢᠶᠡᠯᠡᠩ᠂ ᠬᠠᠭᠤᠴᠢ ᠰᠤᠳᠤᠯᠤᠯ ᠰᠣᠶᠣᠯ ᠦᠵᠡᠰᠬᠦᠯᠡᠩ ᠤᠨ ᠰᠤᠳᠤᠯᠭᠠᠨ ᠤ ᠪᠠᠶᠢᠭᠤᠯᠤᠮᠵᠢ᠂ |
ᠪᠦᠬᠦ ᠤᠯᠤᠰ ᠤᠨ ᠡᠯ᠎ᠡ ᠶᠡᠭᠡ ᠳᠡᠭᠡᠳᠦ ᠰᠤᠷᠭᠠᠭᠤᠯᠢ ᠵᠢᠴᠢ ᠣᠷᠣᠨ ᠤ ᠳᠣᠲᠣᠷᠠᠬᠢ ᠡᠯ᠎ᠡ ᠠᠶᠢᠮᠠᠭ ᠬᠤᠳᠠ ᠶᠢᠨ |
ᠬᠠᠭᠤᠴᠢ ᠰᠤᠳᠤᠯᠤᠯ ᠤᠨ ᠰᠣᠶᠣᠯ ᠦᠵᠡᠰᠬᠦᠯᠡᠩ ᠤᠨ ᠨᠢᠭᠡᠴᠢ ᠶᠢᠨ 150 ᠭᠠᠷᠤᠢ ᠲᠤᠰᠬᠠᠢ ᠮᠡᠷᠭᠡᠵᠢᠯᠲᠡᠨ |
ᠡᠷᠳᠡᠮᠲᠡᠨ ᠲᠤᠰ ᠤᠳᠠᠭᠠᠨ ᠤ ᠡᠷᠳᠡᠮ ᠰᠢᠨᠵᠢᠯᠡᠭᠡᠨ ᠤ ᠰᠤᠳᠤᠯᠤᠨ ᠶᠠᠷᠢᠯᠴᠠᠬᠤ ᠬᠤᠷᠠᠯ ᠳᠤ ᠣᠷᠣᠯᠴᠠᠪᠠ᠃ |
ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯ ᠤᠨ |
ᠲᠤᠪᠴᠢᠶᠠᠨ ᠤ ᠳᠠᠷᠤᠭ᠎ᠠ ᠼᠤᠤ ᠵᠢᠶᠠᠨ ᠧᠨ᠂ ᠡᠾᠧᠪᠸᠢ ᠮᠤᠵᠢ ᠶᠢᠨ ᠲᠡᠦᠬᠡ ᠶᠢᠨ ᠳᠤᠷᠠᠰᠬᠠᠯᠲᠤ ᠵᠦᠢᠯ ᠤᠨ |
ᠬᠠᠭᠤᠴᠢ ᠰᠤᠳᠤᠯᠤᠯ ᠤᠨ ᠰᠤᠳᠤᠯᠭᠠᠨ ᠤ ᠬᠦᠷᠢᠶᠡᠯᠡᠩ ᠤᠨ ᠳᠠᠷᠤᠭ᠎ᠠ ᠵᠠᠩ ᠸᠡᠨ ᠷᠦᠢ᠂ ᠥᠪᠥᠷ ᠮᠣᠩᠭᠤᠯ ᠤᠨ |
ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯ ᠤᠨ ᠬᠠᠭᠤᠴᠢ ᠰᠤᠳᠤᠯᠤᠯ ᠤᠨ ᠰᠤᠳᠤᠯᠭᠠᠨ ᠤ |
ᠬᠦᠷᠢᠶᠡᠯᠡᠩ ᠤᠨ ᠳᠠᠷᠤᠭ᠎ᠠ ᠰᠦᠨ ᠶᠢᠨ ᠰᠦᠩ ᠵᠢᠴᠢ ᠣᠷᠣᠨ ᠤ ᠭᠠᠳᠠᠨᠠᠬᠢ ᠨᠢᠭᠡᠴᠢ ᠶᠢᠨ ᠲᠥᠯᠥᠭᠡᠯᠡᠭᠴᠢ ᠬᠤᠷᠠᠯ |
ᠳᠤ ᠤᠷᠤᠯᠴᠠᠵᠤ ᠶᠠᠷᠢᠪᠠ ᠲᠠᠯᠪᠢᠪᠠ᠃ ᠲᠡᠦᠬᠡ ᠶᠢᠨ ᠳᠤᠷᠠᠰᠬᠠᠯᠲᠤ ᠵᠦᠢᠯ ᠤᠨ ᠬᠠᠭᠤᠴᠢ ᠰᠤᠳᠤᠯᠤᠯ ᠤᠨ |
ᠰᠤᠳᠤᠯᠭᠠᠨ ᠤ ᠬᠦᠷᠢᠶᠡᠯᠡᠩ ᠤᠨ ᠳᠠᠷᠤᠭ᠎ᠠ ᠰᠦᠨ ᠶᠢᠨ ᠰᠥᠩ ᠭᠤᠣᠯ ᠵᠣᠷᠢᠯᠲᠠ ᠶᠢᠨ ᠮᠡᠳᠡᠭᠦᠯᠦᠯᠲᠡ ︽ᠥᠪᠥᠷ |
ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯ ᠤᠨ ᠬᠠᠭᠤᠴᠢ ᠰᠤᠳᠤᠯᠤᠯ ᠤᠨ |
ᠰᠤᠳᠤᠯᠭᠠᠨ ᠤ ᠬᠦᠷᠢᠶᠡᠯᠡᠩ ᠤᠨ ᠣᠶᠢᠷ᠎ᠠ ᠶᠢᠨ ᠠᠷᠪᠠᠨ ᠵᠢᠯ ᠤᠨ ᠭᠤᠣᠯ ᠪᠣᠯᠬᠤ ᠬᠠᠭᠤᠴᠢ ᠰᠤᠳᠤᠯᠤᠯ ᠤᠨ ᠨᠡᠭᠡᠭᠡᠨ |
ᠠᠰᠢᠭᠯᠠᠭᠰᠠᠨ ᠠᠵᠢᠯ ︵2015 ︱ 2024︶︾ ᠬᠢᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ |
ᠣᠷᠣᠨ ᠤ ᠲᠡᠦᠬᠡ ᠶᠢᠨ ᠳᠤᠷᠠᠰᠬᠠᠯᠲᠤ ᠵᠦᠢᠯ ᠤᠨ ᠲᠤᠪᠴᠢᠶᠠᠨ ᠤ ᠳᠡᠳ᠋ ᠳᠠᠷᠤᠭ᠎ᠠ ᡁᠢ ᠰᠢᠶᠣᠣ ᠶᠦᠩ ᠡᠬᠢᠯᠡᠯᠲᠡ |
ᠶᠢᠨ ᠶᠤᠰᠤᠯᠠᠯ ᠢ ᠡᠷᠬᠢᠯᠡᠪᠡ᠃ ᠭᠢᠷᠢᠨ ᠶᠡᠭᠡ ᠰᠤᠷᠭᠠᠭᠤᠯᠢ ᠶᠢᠨ ᠳᠡᠳ᠋ ᠵᠠᠬᠢᠷᠤᠯ ᠹᠠᠩ ᠴᠢ᠂ ᠯᠢᠶᠣᠤᠨᠢᠩ |
ᠮᠤᠵᠢ ᠶᠢᠨ ᠲᠡᠦᠬᠡ ᠶᠢᠨ ᠳᠤᠷᠠᠰᠬᠠᠯᠲᠤ ᠵᠦᠢᠯ ᠤᠨ ᠬᠠᠭᠤᠴᠢ ᠰᠤᠳᠤᠯᠤᠯ ᠤᠨ ᠰᠤᠳᠤᠯᠭᠠᠨ ᠤ ᠬᠦᠷᠢᠶᠡᠯᠡᠩ ᠤᠨ |
ᠳᠠᠷᠤᠭ᠎ᠠ ᠪᠠᠢ ᠪᠦᠦ ᠢᠦᠢ᠂ ᠱᠠᠨ ᠰᠢ ᠶᠡᠭᠡ ᠰᠤᠷᠭᠠᠭᠤᠯᠢ ᠶᠢᠨ ᠫᠷᠤᠹᠧᠰᠰᠤᠷ ᠸᠠᠩ ᠸᠧᠢ ᠯᠢᠨ᠂ ᠨᠢᠩᠰᠢᠶᠠ ᠶᠢᠨ |
ᠬᠤᠲᠣᠩ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯ ᠤᠨ ᠬᠠᠭᠤᠴᠢ |
ᠰᠤᠳᠤᠯᠤᠯ ᠤᠨ ᠰᠤᠳᠤᠯᠭᠠᠨ ᠤ ᠭᠠᠵᠠᠷ ᠤᠨ ᠳᠠᠷᠤᠭ᠎ᠠ ᠵᠣ᠋ ᠼᠦᠨ ᠱᠢ᠂ ᠥᠪᠥᠷ ᠮᠣᠩᠭᠤᠯ ᠤᠨ ᠮᠦᠽᠧᠢ ᠶᠢᠨ ᠳᠡᠳ᠋ |
ᠳᠠᠷᠤᠭ᠎ᠠ ᠵᠠᠩ ᠸᠧᠨ ᠫᠢᠩ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ |
ᠵᠦᠢᠯ ᠤᠨ ᠬᠠᠭᠤᠴᠢ ᠰᠤᠳᠤᠯᠤᠯ ᠤᠨ ᠰᠤᠳᠤᠯᠭᠠᠨ ᠤ ᠬᠦᠷᠢᠶᠡᠯᠡᠩ ᠤᠨ ᠳᠡᠳ᠋ ᠳᠠᠷᠤᠭ᠎ᠠ ᠶᠤᠸᠠᠢ ᡁᠢ ᠮᠢᠩ ᠲᠤᠰᠬᠠᠢ |
ᠰᠡᠳᠦᠪᠲᠦ ᠮᠡᠳᠡᠭᠦᠯᠦᠯᠲᠡ ᠶᠢ ᠡᠷᠭᠢᠯᠡᠪᠡ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ |
ᠳᠤᠷᠠᠰᠬᠠᠯᠲᠤ ᠵᠦᠢᠯ ᠤᠨ ᠬᠠᠭᠤᠴᠢ ᠰᠤᠳᠤᠯᠤᠯ ᠤᠨ ᠰᠤᠳᠤᠯᠭᠠᠨ ᠤ ᠬᠦᠷᠢᠶᠡᠯᠡᠩ ᠤᠨ ᠳᠡᠳ᠋ ᠳᠠᠷᠤᠭ᠎ᠠ ᠭᠠᠢ ᡁᠢ |
ᠶᠦᠩ ᠲᠡᠭᠦᠰᠬᠦ ᠶᠣᠰᠣᠯᠠᠯ ᠢ ᠡᠷᠬᠢᠯᠡᠪᠡ᠃ |
ᠲᠤᠰ ᠤᠳᠠᠭᠠᠨ ᠤ ᠡᠷᠳᠡᠮ ᠰᠢᠨᠵᠢᠯᠡᠭᠡᠨ ᠤ ᠰᠤᠳᠤᠯᠤᠨ ᠶᠠᠷᠢᠯᠴᠠᠬᠤ ᠬᠤᠷᠠᠯ ᠪᠣᠯ ︽ᠤᠮᠠᠷᠠᠲᠤ ᠬᠢᠵᠠᠭᠠᠷ |
ᠤᠨ ᠰᠣᠶᠣᠯ︾ ᠤᠨ ᠶᠡᠷᠦᠩᠬᠡᠶᠢᠯᠡᠭᠰᠡᠨ ᠴᠢᠨᠠᠷᠲᠠᠢ ᠰᠣᠶᠣᠯ ᠤᠨ ᠨᠡᠷᠡᠲᠦ ᠲᠡᠮᠳᠡᠭ ᠢ ᠤᠯᠠᠮ ᠨᠢᠭᠡ ᠠᠯᠬᠤᠮ ᠪᠤᠶ |
ᠪᠣᠯᠭᠠᠵᠤ᠂ ᠬᠠᠭᠤᠴᠢ ᠰᠤᠳᠤᠯᠤᠯ ᠢ ᠳᠡᠯᠡᠬᠡᠢ ᠶᠢᠨ ᠲᠡᠷᠢᠭᠦᠨ ᠲᠠᠰ ᠤᠨ ᠰᠢᠨᠵᠢᠯᠡᠭᠡᠨ ᠤ ᠰᠠᠯᠠᠭ᠎ᠠ ᠪᠠᠷ |
ᠪᠣᠶᠢᠵᠢᠭᠤᠯᠬᠤ ᠶᠢ ᠴᠢᠩᠭᠠᠳᠬᠠᠬᠤ ᠪᠣᠳᠠᠲᠠᠢ ᠠᠵᠢᠯᠯᠠᠭ᠎ᠠ ᠪᠤᠯᠬᠤ ᠮᠥᠷᠲᠡᠭᠡᠨ ᠬᠠᠭᠤᠴᠢ ᠰᠤᠳᠤᠯᠤᠯ ᠤᠨ ᠮᠡᠷᠭᠡᠵᠢᠯ |
ᠳᠤᠮᠳᠠᠳᠤ ᠶᠢᠨ ᠡᠬᠡ ᠭᠠᠵᠠᠷ ᠲᠤ ᠦᠨᠳᠦᠰᠦᠯᠡᠵᠦ᠂ ᠰᠢᠨ᠎ᠡ ᠱᠠᠲᠤᠨ ᠳᠤ ᠰᠢ ᠶᠢᠨ ᠫᠢᠩ ᠶᠡᠷᠦᠩᠬᠡᠢ ᠱᠦᠵᠢ ᠶᠢᠨ |
ᠬᠠᠭᠤᠴᠢ ᠰᠤᠳᠤᠯᠤᠯ ᠤᠨ ᠬᠤᠯᠪᠣᠭᠳᠠᠯ ᠪᠦᠬᠦᠢ ᠠᠵᠢᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠣᠯ ᠪᠠᠰᠠ ᠴᠤ |
ᠨᠢᠭᠡ ᠵᠦᠢᠯ ᠤᠨ ᠨᠡᠶᠢᠭᠡᠮ ᠤᠯᠤᠰ ᠲᠥᠷᠥ ᠶᠢᠨ ᠠᠴᠢ ᠬᠤᠯᠪᠣᠭᠳᠠᠯ ᠲᠠᠢ ᠴᠢᠬᠤᠯᠠ ᠠᠵᠢᠯ ᠮᠥᠨ ᠵᠡᠷᠭᠡ ᠰᠢᠷᠢᠰ |
ᠶᠠᠷᠢᠶᠠᠨ ᠤ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠯᠠᠪᠳᠠᠭᠤᠨ ᠪᠠᠲᠤᠲᠠᠢ ᠠᠷᠭ᠎ᠠ ᠬᠡᠮᠵᠢᠶ᠎ᠡ |
ᠮᠥᠨ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯ ᠤᠨ ᠬᠠᠭᠤᠴᠢ |
ᠰᠤᠳᠤᠯᠤᠯ ᠤᠨ ᠰᠤᠳᠤᠯᠭᠠᠨ ᠤ ᠬᠦᠷᠢᠶᠡᠯᠡᠩ ᠨᠢ ᠣᠷᠣᠨ ᠤ ᠳᠣᠲᠣᠷ᠎ᠠ ᠭᠠᠳᠠᠨᠠᠬᠢ ᠬᠠᠮᠢᠶ᠎ᠠ ᠪᠦᠬᠦᠢ ᠬᠠᠭᠤᠴᠢ |
ᠰᠤᠳᠤᠯᠤᠯ ᠤᠨ ᠰᠣᠶᠣᠯ ᠦᠵᠡᠰᠬᠦᠯᠡᠩ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ᠂ ᠶᠡᠭᠡ ᠳᠡᠭᠡᠳᠦ |
ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠴᠦᠨ ᠢ ᠤᠯᠠᠮ ᠨᠢᠭᠡ ᠠᠯᠬᠤᠮ ᠨᠢᠭᠲᠠᠷᠠᠭᠤᠯᠵᠤ᠂ |
ᠴᠠᠭ ᠦᠶ᠎ᠡ ᠶᠢᠨ ᠱᠠᠭᠠᠷᠳᠠᠯᠭ᠎ᠠ ᠶᠢ ᠢᠳᠡᠪᠬᠢᠲᠡᠢ ᠪᠠᠷ ᠳᠠᠭᠠᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ |
ᠬᠠᠮᠲᠤᠳᠬᠠᠵᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠳᠤᠮᠳᠠᠳᠤ ᠤᠯᠤᠰ ᠤᠨ ᠬᠡᠪ ᠨᠠᠮᠪᠠ ᠪᠥᠬᠦᠢ |
ᠳᠤᠮᠳᠠᠳᠤ ᠤᠯᠤᠰ ᠤᠨ ᠴᠤᠭ ᠰᠦᠯᠳᠡ ᠪᠦᠬᠦᠢ ᠬᠠᠭᠤᠴᠢ ᠰᠤᠳᠤᠯᠤᠯ ᠢ ᠪᠦᠲᠦᠭᠡᠨ ᠪᠠᠶᠢᠭᠤᠯᠬᠤ ᠳᠤ ᠥᠪᠥᠷ |
ᠮᠤᠩᠭᠤᠯ ᠤᠨ ᠬᠦᠴᠦᠨ ᠴᠢᠳᠠᠯ ᠡᠷᠬᠦᠬᠦ ᠪᠠᠷ ᠴᠢᠷᠮᠠᠶᠢᠨ᠎ᠠ᠃ |
|
|
|