ᠣᠶᠢᠷ᠎ᠠ ᠳᠤ ︽ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠯ ᠬᠢᠭᠡᠳ ᠬᠥᠭᠵᠢᠯᠲᠡ ᠶᠢᠨ ᠶᠠᠷᠢᠶᠠᠨ ᠤ |
ᠳᠠᠪᠴᠠᠩ︾ ᠣᠷᠳᠣᠰ ᠬᠡᠷᠡᠭᠯᠡᠭᠡᠨ ᠤ ᠮᠡᠷᠭᠡᠵᠢᠯ ᠤᠨ ᠳᠡᠭᠡᠳᠦ ᠰᠤᠷᠭᠠᠭᠤᠯᠢ ᠳᠤ ᠶᠠᠪᠤᠭᠳᠠᠭᠰᠠᠨ ᠪᠠᠶᠢᠨ᠎ᠠ᠃ ᠲᠣᠰ |
ᠤᠳᠠᠭᠠᠨ ᠤ ︽ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠯ ᠬᠢᠭᠡᠳ ᠬᠥᠭᠵᠢᠯᠲᠡ ᠶᠢᠨ ᠶᠠᠷᠢᠶᠠᠨ ᠤ |
ᠳᠠᠪᠴᠠᠩ︾ ᠪᠣᠯ ᠣᠷᠳᠣᠰ ᠤᠨ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠨ ᠵᠠᠯᠭᠠᠮᠵᠢᠯᠠᠬᠤ ᠪᠠ |
ᠬᠥᠭᠵᠢᠭᠦᠯᠬᠦ ᠰᠤᠳᠤᠯᠭᠠᠨ ᠤ ᠲᠥᠪ ᠤᠨ ᠡᠭᠦᠰᠬᠡᠨ ᠪᠠᠶᠢᠭᠤᠯᠤᠭᠰᠠᠨ ᠣᠨ ᠤ ᠡᠷᠳᠡᠮ ᠰᠢᠨᠵᠢᠯᠡᠭᠡᠨ ᠤ |
ᠰᠣᠯᠢᠯᠴᠠᠭᠠᠨ ᠤ ᠠᠵᠢᠯᠯᠠᠭ᠎ᠠ ᠪᠣᠯᠣᠨ᠎ᠠ᠃ ᠲᠣᠰ ᠤᠳᠠᠭᠠᠨ ᠤ ᠶᠠᠷᠢᠶᠠᠨ ᠤ ᠳᠠᠪᠴᠠᠩ ᠨᠢ ︽ᠪᠣᠳᠠᠰ ᠤᠨ ᠪᠤᠰᠤ |
ᠰᠣᠶᠣᠯ ᠤᠨ ᠥᠪ ᠬᠢᠭᠡᠳ ᠣᠷᠳᠣᠰ ᠠᠷᠠᠳ ᠤᠨ ᠳᠠᠭᠤᠤ᠂ ᠪᠥᠵᠢᠭ᠂ ᠬᠥᠭᠵᠢᠮ ᠤᠨ ᠬᠠᠮᠠᠭᠠᠯᠠᠯᠲᠠ ᠪᠠ |
ᠤᠯᠠᠮᠵᠢᠯᠠᠯ ᠬᠢᠭᠡᠳ ᠬᠥᠭᠵᠢᠯᠲᠡ ᠶᠢᠨ ᠦᠢᠯᠡᠳᠦᠯᠭᠡ ᠶᠢᠨ ᠠᠷᠭ᠎ᠠ ᠵᠠᠮ︾᠂ ︽ᠪᠣᠳᠠᠰ ᠤᠨ ᠪᠤᠰᠤ ᠰᠣᠶᠣᠯ ᠤᠨ |
ᠥᠪ ᠤᠨ ᠰᠢᠰᠲ᠋ᠧᠮᠵᠢᠭᠰᠡᠨ ᠬᠠᠮᠠᠭᠠᠯᠠᠯᠲᠠ︾ ᠵᠡᠷᠭᠡ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠬᠤᠷᠠᠯ᠂ ︽ |
ᠪᠣᠳᠠᠰ ᠤᠨ ᠪᠤᠰᠤ ᠰᠣᠶᠣᠯ ᠤᠨ ᠥᠪ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ᠂ ᠰᠣᠶᠣᠯ ᠤᠷᠠᠯᠢᠭ ᠢ |
ᠬᠠᠮᠠᠭᠠᠯᠠᠨ ᠤᠯᠠᠮᠵᠢᠯᠠᠬᠤ︾ ᠬᠠᠷᠢᠭᠤ ᠮᠡᠳᠡᠭᠦᠯᠦᠯᠲᠡ ᠶᠢᠨ ᠲᠣᠭᠯᠠᠯᠲᠠ ᠵᠡᠷᠭᠡ ᠠᠭᠤᠯᠭ᠎ᠠ ᠪᠠᠷ ᠪᠦᠷᠢᠯᠳᠦᠵᠦ᠂ ᠶᠡᠭᠡ |
ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠵᠡᠷᠭᠡ ᠡᠯ᠎ᠡ ᠬᠦᠷᠢᠶ᠎ᠡ ᠴᠠᠷᠠᠭᠠᠨ ᠤ |
ᠬᠠᠮᠢᠶ᠎ᠠ ᠪᠦᠬᠦᠢ ᠲᠤᠰᠬᠠᠢ ᠮᠡᠷᠭᠡᠵᠢᠯᠲᠡᠨ ᠡᠷᠳᠡᠮᠲᠡᠨ ᠬᠤᠷᠠᠨ ᠴᠤᠭᠯᠠᠷᠠᠭᠰᠠᠨ ᠪᠠᠶᠢᠨ᠎ᠠ᠃ ᠠᠵᠢᠯᠯᠠᠭ᠎ᠠ ᠨᠢ ᠪᠣᠳᠠᠰ ᠤᠨ |
ᠪᠤᠰᠤ ᠰᠣᠶᠣᠯ ᠤᠨ ᠥᠪ ᠤᠨ ᠬᠠᠮᠢᠶ᠎ᠠ ᠪᠦᠬᠦᠢ ᠬᠦᠷᠢᠶ᠎ᠡ ᠴᠠᠷᠠᠭᠠᠨ ᠤ ᠲᠤᠰᠬᠠᠢ ᠮᠡᠷᠭᠡᠵᠢᠯᠲᠡᠨ ᠡᠷᠳᠡᠮᠲᠡᠨ᠂ ᠠᠵᠢᠯ |
ᠡᠷᠬᠢᠯᠡᠭᠰᠡᠳ ᠲᠤ ᠰᠣᠯᠢᠯᠴᠠᠭᠠᠨ ᠤ ᠳᠠᠪᠴᠠᠩ ᠬᠠᠩᠭᠠᠵᠤ ᠦᠵᠡᠯᠲᠡ ᠲᠠᠨᠢᠯᠲᠠ ᠪᠠᠨ ᠰᠣᠯᠢᠯᠴᠠᠬᠤ᠂ |
ᠲᠤᠷᠰᠢᠯᠭ᠎ᠠ ᠪᠠᠨ ᠬᠤᠪᠢᠶᠠᠯᠴᠠᠵᠤ ᠬᠠᠮᠲᠤᠷᠠᠯᠴᠠᠬᠤ ᠪᠠᠷ ᠳᠠᠮᠵᠢᠨ᠂ ᠪᠣᠳᠠᠰ ᠤᠨ ᠪᠤᠰᠤ ᠰᠣᠶᠣᠯ ᠤᠨ ᠥᠪ ᠢ |
ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠬᠦᠴᠦᠨ ᠢ ᠪᠦᠷᠢᠯᠳᠦᠭᠦᠯᠵᠦ᠂ ᠪᠣᠳᠠᠰ ᠤᠨ ᠪᠤᠰᠤ ᠰᠣᠶᠣᠯ ᠤᠨ ᠥᠪ ᠤᠨ |
ᠤᠯᠠᠮᠵᠢᠯᠠᠯ ᠪᠠ ᠬᠥᠭᠵᠢᠯᠲᠡ ᠳᠤ ᠰᠢᠨ᠎ᠡ ᠠᠷᠭ᠎ᠠ ᠵᠠᠮ ᠬᠠᠩᠭᠠᠭᠰᠠᠨ ᠪᠠᠶᠢᠨ᠎ᠠ᠃ |
|
|
|
|
|
|
|
|
|
|
|
᠁ |