ᠣᠶᠢᠷ᠎ᠠ ᠶᠢᠨ ᠡᠳᠦᠷ᠂ ︽ᠣᠶᠤᠨᠴᠢ ᠢᠷᠡᠭᠡᠳᠦᠢ ᠶᠢ ᠴᠣᠭᠴᠠᠯᠠᠵᠤ᠂ ︿ᠲᠡᠷᠭᠡᠨ ᠵᠠᠮ ᠡᠭᠦᠯᠡᠨ ᠪᠣᠳᠣᠯᠲᠠ ᠶᠢ |
ᠨᠢᠭᠡ ᠴᠣᠭᠴᠠᠵᠢᠭᠤᠯᠬᠤ﹀ ᠰᠢᠨ᠎ᠡ ᠴᠠᠭ ᠦᠶ᠎ᠡ ᠶᠢ ᠣᠷᠴᠢᠯᠠᠬᠤᠢ︾ ᠪᠠᠷ ᠭᠤᠣᠯ ᠰᠡᠳᠦᠪ ᠢᠶᠠᠨ ᠪᠣᠯᠭᠠᠭᠰᠠᠨ |
2024 ᠣᠷᠳᠣᠰ ᠤᠨ 2024 ᠣᠷᠳᠣᠰ ᠤᠨ ᠣᠶᠤᠨᠴᠢ ᠰᠦᠯᠵᠢᠶᠡᠨ ᠤ ᠬᠤᠯᠪᠣᠭᠠᠨ ᠤ ᠠᠵᠤ ᠦᠢᠯᠡᠰ ᠤᠨ ᠠᠮᠢ |
ᠠᠬᠤᠢ ᠶᠢᠨ ᠬᠤᠷᠠᠯ ᠵᠢᠴᠢ ᠣᠷᠳᠣᠰ ᠬᠤᠲᠠ ᠶᠢᠨ ︽ᠲᠡᠷᠭᠡ ᠵᠠᠮ ᠡᠭᠦᠯᠡᠨ ᠪᠣᠳᠣᠯᠲᠠ ᠶᠢ ᠨᠢᠭᠡ ᠴᠣᠭᠴᠠᠵᠢᠭᠤᠯᠬᠤ︾ |
ᠬᠡᠷᠡᠭᠯᠡᠭᠡᠨ ᠤ ᠲᠤᠷᠰᠢᠯᠲᠠ ᠶᠢᠨ ᠴᠡᠭ ᠢ ᠠᠬᠢᠭᠤᠯᠬᠤ ᠬᠤᠷᠠᠯ ᠬᠢᠶ᠎ᠠ ᠪᠠᠭᠰᠢ ᠲᠣᠭᠤᠷᠢᠭ ᠲᠤ ᠬᠤᠷᠠᠯᠳᠤᠪᠠ᠃ |
ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ |
᠂ ᠬᠢᠶ᠎ᠠ ᠪᠠᠭᠰᠢ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠵᠧᠨ ᠬᠤᠸᠠ᠂ ᠬᠤᠲᠠ ᠶᠢᠨ ᠨᠠᠮ ᠤᠨ |
ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠭᠤᠣ ᠸᠧᠨ ᠾᠧ |
ᠬᠤᠷᠠᠯ ᠳᠤ ᠣᠷᠣᠯᠴᠠᠪᠠ᠃ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ |
ᠳᠠᠷᠤᠭ᠎ᠠ ᠯᠢᠦ ᠹᠧᠩ ᠶᠦᠨ ᠪᠠᠶᠠᠷ ᠤᠨ ᠦᠭᠡ ᠬᠡᠯᠡᠵᠦ᠂ ᠬᠤᠲᠠ ᠶᠢᠨ ᠳᠡᠳ᠋ ᠳᠠᠷᠤᠭ᠎ᠠ ᠦ᠋ ᠵᠢᠶᠠᠨ ᠰᠢᠶᠦ᠋ᠨ |
ᠬᠤᠷᠠᠯ ᠢ ᠡᠷᠭᠢᠯᠡᠪᠡ᠃ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠶᠢᠨ ᠨᠡᠷ᠎ᠡ |
ᠳᠤᠷᠠᠳᠤᠭᠳᠠᠭᠰᠠᠨ ᠵᠢᠱᠢᠭᠳᠡᠭᠴᠢ ᠵᠠᠩ ᠲᠦᠦ ᠬᠤᠷᠠᠯ ᠳᠤ ᠣᠷᠣᠯᠴᠠᠪᠠ᠃ |
ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠳ ᠣᠶᠤᠨᠴᠢ ᠰᠦᠯᠵᠢᠶᠡᠨ ᠤ ᠬᠤᠯᠪᠣᠭᠠᠨ ᠤ ᠮᠠᠰᠢᠨ ᠲᠡᠷᠭᠡᠨ ᠤ |
ᠦᠷ᠎ᠡ ᠪᠦᠲᠦᠭᠡᠯ ᠤᠨ ᠦᠵᠡᠭᠦᠯᠭᠡ ᠶᠢ ᠲᠣᠭᠤᠷᠢᠨ ᠦᠵᠡᠵᠦ᠂ ᠬᠤᠯᠪᠣᠭᠳᠠᠯ ᠪᠦᠬᠦᠢ ᠲᠤᠰᠬᠠᠢ ᠮᠡᠷᠭᠡᠵᠢᠯᠲᠡᠨ᠂ ᠠᠵᠤ |
ᠠᠬᠤᠶᠢᠯᠠᠯᠲᠠᠨ ᠪᠣᠯᠣᠨ ᠭᠠᠵᠠᠷ ᠣᠷᠣᠨ ᠤ ᠬᠢᠨ ᠭᠤᠣᠯ ᠵᠣᠷᠢᠯᠲᠠᠲᠤ ᠶᠠᠷᠢᠶ᠎ᠠ ᠢᠯᠡᠳᠬᠡᠯ ᠬᠢᠵᠦ᠂ ᠰᠠᠨᠠᠯ ᠢᠶᠠᠨ |
ᠰᠣᠯᠢᠯᠴᠠᠨ᠂ ᠣᠷᠳᠣᠰ ᠬᠤᠳᠠ ᠶᠢᠨ ᠣᠶᠤᠨᠴᠢ ᠰᠦᠯᠵᠢᠶᠡᠨ ᠤ ᠬᠤᠯᠪᠣᠭᠠᠨ ᠤ ᠮᠠᠰᠢᠨ ᠲᠡᠷᠭᠡᠨ ᠤ ᠳᠦᠷᠦ ᠶᠢᠨ |
ᠪᠣᠳᠣᠯᠭ᠎ᠠ ᠶᠢᠨ ᠲᠣᠭᠲᠠᠯᠴᠠᠭ᠎ᠠ ᠪᠣᠯᠣᠨ ᠣᠶᠤᠨᠴᠢ ᠰᠦᠯᠵᠢᠶᠡᠨ ᠤ ᠬᠤᠯᠪᠣᠭᠠᠨ ᠤ ᠮᠠᠰᠢᠨ ᠲᠡᠷᠭᠡᠨ ᠤ ︽ᠲᠡᠷᠭᠡ ᠵᠠᠮ |
ᠡᠭᠦᠯᠡᠨ ᠪᠣᠳᠣᠯᠲᠠ ᠶᠢ ᠨᠢᠭᠡ ᠴᠣᠭᠴᠠᠵᠢᠭᠤᠯᠬᠤ︾ ᠨᠢᠭᠡᠳᠦᠯᠲᠡᠢ ᠠᠵᠢᠯᠯᠠᠭᠠᠨ ᠤ ᠲᠤᠩᠬᠠᠭ ᠢ ᠨᠡᠶᠢᠲᠡᠯᠡᠵᠦ᠂ |
ᠣᠷᠳᠣᠰ ᠬᠤᠳᠠ ᠶᠢᠨ ᠮᠠᠰᠢᠨ ᠲᠡᠷᠭᠡᠨ ᠤ ᠠᠵᠤ ᠦᠢᠯᠡᠰ ᠤᠨ ᠠᠮᠢ ᠠᠬᠤᠢ ᠶᠢᠨ ᠬᠥᠭᠵᠢᠯᠲᠡ ᠶᠢᠨ ᠰᠠᠭᠤᠷᠢ |
ᠮᠥᠩᠭᠦ ᠶᠢ ᠤᠬᠠᠭᠤᠯᠤᠨ ᠲᠠᠨᠢᠯᠴᠠᠭᠤᠯᠵᠤ᠂ ᠣᠶᠤᠨᠴᠢ ᠰᠦᠯᠵᠢᠶᠡᠨ ᠤ ᠬᠤᠯᠪᠣᠭᠠᠨ ᠤ ᠠᠭᠤᠷᠬᠠᠢ ᠶᠢᠨ ᠺᠠᠷᠲ ᠤᠨ |
ᠪᠠᠷᠢᠮᠵᠢᠶ᠎ᠠ ᠪᠣᠯᠣᠨ ᠰᠢᠯᠭᠠᠨ ᠦᠨᠡᠯᠡᠬᠦ ᠰᠢᠰᠲ᠋ᠧᠮ ᠢ ᠠᠰᠢᠭᠯᠠᠯᠲᠠ ᠳᠤ ᠣᠷᠣᠭᠤᠯᠵᠤ᠂ ᠳᠤᠮᠳᠠᠳᠤ ᠤᠯᠤᠰ ᠤᠨ |
ᠨᠡᠭᠦᠳᠡᠯ ᠬᠤᠯᠪᠣᠭ᠎ᠠ ᠪᠣᠯᠣᠨ ᠳᠤᠮᠳᠠᠳᠤ ᠤᠯᠤᠰ ᠤᠨ ᠨᠢᠭᠡᠳᠦᠮᠡᠯ ᠬᠤᠯᠪᠣᠭ᠎ᠠ ᠶᠢᠨ ᠬᠤᠯᠪᠣᠭᠳᠠᠯ ᠪᠦᠬᠦᠢ |
ᠬᠠᠷᠢᠭᠤᠴᠠᠯᠭᠠᠲᠠᠨ ᠳᠦᠷᠦᠯ ᠵᠦᠢᠯ ᠢ ᠨᠡᠶᠢᠲᠡᠯᠡᠪᠡ᠃ ᠬᠤᠷᠠᠯ ᠳᠡᠭᠡᠷ᠎ᠡ ᠪᠠᠰᠠ ᠱᠧᠨᠵᠧᠨ ᠤ ᠲᠤᠭ᠎ᠠ ᠪᠠᠷᠢᠮᠲᠠ ᠶᠢᠨ |
ᠰᠣᠯᠢᠯᠴᠠᠭᠠᠨ ᠤ ᠭᠠᠵᠠᠷ ᠤᠨ ᠣᠷᠳᠣᠰ ᠲᠠᠬᠢ ᠲᠤᠭ᠎ᠠ ᠪᠠᠷᠢᠮᠲᠠ ᠶᠢᠨ ᠡᠯᠧᠮᠧᠨ᠋ᠲ ᠤᠨ ᠦᠢᠯᠡᠴᠢᠯᠡᠭᠡᠨ ᠤ ᠠᠵᠢᠯ ᠤᠨ |
ᠦᠷᠳᠡᠭᠡ ᠶᠢᠨ ᠫᠠᠶᠢᠰᠠ ᠶᠢ ᠰᠡᠬᠦᠵᠦ᠂ ᠬᠤᠳᠠ ᠶᠢᠨ ᠠᠷᠠᠳ ᠤᠨ ᠵᠠᠰᠠᠭ ᠤᠨ ᠣᠷᠳᠣᠨ ᠪᠣᠯᠣᠨ ᠤᠯᠤᠰ ᠤᠨ |
ᠣᠶᠤᠨᠴᠢ ᠰᠦᠯᠵᠢᠶᠡᠨ ᠤ ᠬᠤᠯᠪᠣᠭᠠᠨ ᠤ ᠮᠠᠰᠢᠨ ᠲᠡᠷᠭᠡᠨ ᠤ ᠰᠢᠨ᠎ᠡ ᠶᠢ ᠡᠭᠦᠳᠬᠦ ᠲᠥᠪ ᠤᠨ ᠪᠠᠶᠢᠯᠳᠤᠬᠤ |
ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠳᠡᠯᠴᠡᠭᠡᠷ ᠲᠣᠭᠲᠠᠵᠤ᠂ ᠣᠷᠳᠣᠰ ᠬᠤᠳᠠ ᠶᠢᠨ ᠣᠶᠤᠨᠴᠢ ᠰᠦᠯᠵᠢᠶᠡᠨ ᠤ |
ᠬᠤᠯᠪᠣᠭᠠᠨ ᠤ ᠮᠠᠰᠢᠨ ᠲᠡᠷᠭᠡᠨ ᠤ ᠠᠵᠤ ᠦᠢᠯᠡᠰ ᠤᠨ ᠠᠮᠢ ᠠᠬᠤᠢ ᠶᠢᠨ ᠬᠥᠭᠵᠢᠯᠲᠡ ᠶᠢᠨ ᠬᠤᠯᠪᠣᠭ᠎ᠠ ᠶᠢᠨ |
ᠡᠬᠢᠯᠡᠯᠲᠡ ᠶᠢᠨ ᠶᠣᠰᠣᠯᠠᠯ ᠢ ᠶᠠᠪᠤᠭᠳᠠᠭᠤᠯᠪᠠ᠃ |
|
|
|
|
|
|
|
|
|
|
|
᠁ |