12 ᠰᠠᠷ᠎ᠠ ᠶᠢᠨ 20 ᠤ ᠡᠳᠦᠷ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ |
ᠤᠬᠠᠮᠰᠠᠷ ᠢ ᠪᠠᠲᠤ ᠪᠠᠬᠢ ᠪᠤᠢ ᠪᠣᠯᠭᠠᠬᠤ ᠥᠪᠡᠷᠲᠡᠭᠡᠨ ᠵᠠᠰᠠᠬᠤ ᠣᠷᠣᠨ ᠤ ︽ᠤᠨᠤᠯ ᠤᠨ ᠰᠤᠷᠤᠯᠴᠠᠯᠭ᠎ᠠ ᠶᠢᠨ |
ᠬᠦᠩᠭᠡᠨ ᠮᠣᠷᠢᠲᠤ ᠴᠡᠷᠢᠭ︾ ᠤᠨ ᠤᠯᠠᠨ ᠲᠦᠮᠡᠨᠴᠢᠯᠡᠭᠰᠡᠨ ᠵᠢᠱᠢᠶ᠎ᠡ ᠦᠵᠡᠭᠦᠯᠬᠦ ᠤᠬᠠᠭᠤᠯᠤᠨ ᠲᠠᠶᠢᠯᠪᠤᠷᠢᠯᠠᠬᠤ |
ᠪᠦᠯᠬᠦᠮ ᠯᠢᠨ ᠾᠧ ᠲᠣᠭᠤᠷᠢᠭ ᠤᠨ ᠱᠦ ᠭᠤᠸᠠᠩ ᠰᠢᠶᠠᠩ ᠤᠨ ᠠᠷᠠᠳ ᠤᠨ ᠵᠠᠰᠠᠭ ᠤᠨ ᠣᠷᠳᠣᠨ᠂ ᠬᠤᠳᠠ ᠶᠢᠨ |
ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯ ᠤᠨ ᠬᠤᠷᠢᠶ᠎ᠠ ᠳᠤ ᠬᠦᠷᠪᠡ᠃ |
ᠤᠬᠠᠭᠤᠯᠤᠨ ᠲᠠᠶᠢᠯᠪᠤᠷᠢᠯᠠᠬᠤ ᠳᠤᠮᠳᠠ᠂ ᠥᠪᠡᠷᠲᠡᠭᠡᠨ ᠵᠠᠰᠠᠬᠤ ᠣᠷᠣᠨ ᠤ ︽ᠤᠨᠤᠯ ᠤᠨ |
ᠰᠤᠷᠤᠯᠴᠠᠯᠭ᠎ᠠ ᠶᠢᠨ ᠬᠦᠩᠭᠡᠨ ᠮᠣᠷᠢᠲᠤ ᠴᠡᠷᠢᠭ︾ ᠢ ᠤᠯᠠᠨ ᠲᠦᠮᠡᠨᠴᠢᠯᠡᠭᠰᠡᠨ ᠵᠢᠱᠢᠶ᠎ᠡ ᠦᠵᠡᠭᠦᠯᠬᠦ ᠤᠬᠠᠭᠤᠯᠤᠨ |
ᠲᠠᠶᠢᠯᠪᠤᠷᠢᠯᠠᠬᠤ ᠪᠦᠯᠬᠦᠮ ᠤᠨ 5 ᠪᠦᠷᠢᠯᠳᠦᠬᠦᠨ ᠲᠤᠰ ᠲᠤᠰ ︽ᠨᠡᠶᠢᠭᠡᠮ ᠲᠣᠭᠤᠷᠢᠭ ᠢ |
ᠦᠨᠳᠦᠰᠦᠲᠡᠨ ᠨᠦᠭᠦᠳ ᠤᠨ ᠤᠯᠠᠨ ᠲᠦᠮᠡᠨ ᠤ ᠶᠡᠭᠡ ᠭᠡᠷ ᠪᠦᠯᠢ ᠪᠣᠯᠭᠠᠬᠤ︾᠂ ︽︿ᠭᠠᠶᠢᠯᠢ ᠶᠢᠨ ᠶᠠᠪᠤᠳᠠᠯ ᠤᠨ |
ᠬᠥᠬᠡ﹀ ᠨᠢ ᠦᠨᠳᠦᠰᠦᠲᠡᠨ ᠤ ᠪᠦᠯᠬᠦᠮᠳᠡᠯ ᠲᠠᠪᠰᠢᠯᠳᠠ ᠳᠤ ᠦᠩᠭᠡ ᠭᠡᠷᠡᠯ ᠨᠡᠮᠡᠷᠢᠯᠡᠬᠦ︾᠂ ︽ᠦᠨᠳᠦᠰᠦᠲᠡᠨ ᠤ |
ᠪᠦᠯᠬᠦᠮᠳᠡᠯ ᠢ ᠰᠠᠶᠢᠲᠤᠷ ᠰᠠᠬᠢᠬᠤ ᠦᠨᠳᠦᠰᠦᠨ ᠰᠤᠳᠠᠰᠤ︾᠂ ︽ᠨᠢᠭᠡ ᠤᠯᠤᠰ ᠤᠨ ᠬᠡᠦᠬᠡᠳ ᠤᠨ ᠬᠠᠶᠢᠷ᠎ᠠ |
ᠰᠡᠳᠬᠢᠯᠭᠡ︾᠂ ︽︿ᠲᠠᠪᠤᠨ ᠬᠠᠮᠲᠤ ᠶᠢᠨ ᠲᠠᠨᠢᠯᠲᠠ﹀ ᠶᠢ ᠦᠨᠳᠦᠰᠦᠲᠡᠨ ᠨᠦᠭᠦᠳ ᠤᠨ ᠠᠷᠠᠳ ᠲᠦᠮᠡᠨ ᠤ |
ᠰᠡᠳᠬᠢᠯ ᠳᠤ ᠦᠨᠳᠦᠰᠦᠯᠡᠭᠦᠯᠬᠦ︾ ᠵᠡᠷᠭᠡ ᠲᠠᠯ᠎ᠠ ᠪᠠᠷ ᠲᠠᠶᠢᠯᠪᠤᠷᠢᠯᠠᠨ ᠲᠠᠶᠢᠯᠪᠤᠷᠢᠯᠠᠪᠠ᠃ ᠤᠬᠠᠭᠤᠯᠤᠨ |
ᠲᠠᠶᠢᠯᠪᠤᠷᠢᠯᠠᠭᠰᠠᠨ ᠨᠢ ᠨᠡᠶᠢᠲᠡᠯᠢᠭ ᠬᠡᠷᠡᠭ ᠤᠨ ᠵᠢᠱᠢᠶ᠎ᠡ ᠶᠢ ᠭᠦᠢᠴᠡᠳ ᠬᠡᠷᠡᠭᠯᠡᠵᠦ᠂ ᠠᠮᠢᠳᠤᠯᠢᠭ ᠦᠭᠡ ᠬᠡᠯᠡ ᠪᠠ |
ᠴᠢᠩ ᠦᠨᠡᠨᠴᠢ ᠰᠡᠳᠬᠢᠯᠭᠡ ᠪᠠᠷ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ |
ᠴᠣᠭᠴᠠᠯᠠᠬᠤ ᠶᠢᠨ ᠴᠢᠬᠤᠯᠠ ᠴᠢᠨᠠᠷ ᠢ ᠭᠦᠨᠵᠡᠭᠡᠢ ᠲᠣᠳᠣᠷᠬᠠᠶᠢᠯᠠᠨ ᠥᠭᠦᠯᠡᠪᠡ᠃ |
ᠤᠬᠠᠭᠤᠯᠤᠨ ᠲᠠᠶᠢᠯᠪᠤᠷᠢᠯᠠᠬᠤ ᠶᠢ ᠰᠣᠨᠣᠰᠤᠭᠰᠠᠨ ᠤ ᠳᠠᠷᠠᠭ᠎ᠠ᠂ ᠬᠤᠷᠠᠯ ᠳᠤ ᠣᠷᠣᠯᠴᠠᠭᠰᠠᠳ |
ᠢᠯᠡᠷᠭᠡᠶᠢᠯᠡᠵᠡᠭᠡᠭᠰᠡᠨ ᠨᠢ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ |
ᠪᠤᠢ ᠪᠣᠯᠭᠠᠬᠤ ᠡᠨᠡ ᠬᠦ ᠭᠤᠣᠯ ᠰᠢᠵᠢᠮ ᠢ ᠡᠯ᠎ᠡ ᠵᠦᠢᠯ ᠤᠨ ᠠᠵᠢᠯ ᠤᠨ ᠳᠤᠮᠳᠠ ᠪᠠᠨ ᠲᠤᠤᠱᠯᠠᠭᠤᠯᠵᠤ᠂ |
ᠦᠨᠳᠦᠰᠦᠲᠡᠨ ᠤ ᠲᠦᠷᠦ ᠶᠢᠨ ᠪᠤᠳᠤᠯᠭ᠎ᠠ ᠶᠢ ᠰᠤᠷᠤᠯᠴᠠᠬᠤ ᠭᠦᠨ ᠵᠤᠵᠠᠭᠠᠨ ᠠᠭᠤᠷ ᠠᠮᠢᠰᠬᠤᠯ ᠢ ᠢᠳᠡᠪᠬᠢᠲᠡᠢ ᠪᠤᠢ |
ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ |
ᠪᠣᠯᠭᠠᠬᠤ ᠶᠢ ᠬᠥᠮᠦᠰ ᠤᠨ ᠰᠡᠳᠬᠢᠯ ᠳᠤ ᠬᠠᠳᠠᠩᠰᠢᠭᠤᠯᠵᠤ᠂ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠡᠶᠡᠯᠡᠭᠦᠯᠦᠨ᠎ᠡ |
ᠬᠡᠵᠡᠢ᠃ |
|
|
|
|
|
|
|
|
|
|
|
᠁ |