12 ᠰᠠᠷ᠎ᠠ ᠶᠢᠨ 20 ᠤ ᠡᠳᠦᠷ ᠠᠴᠠ 21 ᠤ ᠡᠳᠦᠷ ᠪᠣᠯᠲᠠᠯ᠎ᠠ᠂ ᠠᠷᠪᠠᠨ ᠨᠢᠭᠡᠳᠦᠭᠡᠷ ᠬᠤᠭᠤᠴᠠᠭᠠᠨ ᠤ |
ᠥᠪᠥᠷ ᠮᠣᠩᠭᠤᠯ ᠤᠨ ᠨᠠᠷᠠᠲᠤ ᠲᠡᠮᠳᠡᠭ ᠤᠨ ᠶᠡᠭᠡ ᠬᠤᠷᠠᠯ ᠬᠥᠬᠡᠬᠤᠲᠠ ᠳᠤ ᠬᠤᠷᠠᠯᠳᠤᠪᠠ᠃ ᠲᠣᠰ ᠤᠳᠠᠭᠠᠨ ᠤ |
ᠶᠡᠭᠡ ᠬᠤᠷᠠᠯ ᠨᠢ ︽ᠨᠠᠷᠠᠲᠤ ᠲᠡᠮᠳᠡᠭᠲᠦ ᠶᠢᠨ ᠬᠦᠴᠦᠨ ᠢ ᠬᠤᠷᠠᠮᠳᠤᠭᠤᠯᠵᠤ᠂ ᠥᠪᠥᠷ ᠮᠣᠩᠭᠤᠯ ᠤᠨ ᠴᠢᠨᠠᠷ ᠰᠠᠶᠢᠲᠠᠶ |
ᠬᠥᠭᠵᠢᠯᠲᠡ ᠶᠢ ᠠᠬᠢᠭᠤᠯᠬᠤ︾ ᠪᠠᠷ ᠭᠤᠤᠯ ᠰᠡᠳᠦᠪ ᠪᠣᠯᠭᠠᠵᠤ᠂ ᠮᠠᠰᠢ ᠣᠯᠠᠨ ᠨᠠᠷᠠᠲᠤ ᠠᠵᠤ ᠠᠬᠤᠶᠢᠯᠠᠯ ᠪᠠ |
ᠨᠠᠷᠠᠲᠤ ᠲᠡᠮᠳᠡᠭᠲᠦ ᠶᠢᠨ ᠡᠵᠡᠩᠨᠡᠯᠲᠡ ᠶᠢᠨ ᠬᠤᠳᠠᠯᠳᠤᠭᠠᠴᠢᠨ ᠣᠷᠣᠯᠴᠠᠵᠠᠶ᠃ ᠥᠪᠥᠷ ᠮᠣᠩᠭᠤᠯ ᠤᠨ ᠪᠠᠶᠠᠨ |
ᠪᠣᠬᠢᠷᠲᠤᠯ ᠦᠭᠡᠢ ᠦᠢᠯᠡᠰ ᠤᠨ ᠠᠵᠤ ᠦᠢᠯᠡᠰ ︵ᠪᠦᠯᠦᠭᠯᠡᠯ︶ ᠤᠨ ᠬᠢᠵᠠᠭᠠᠷᠲᠤ ᠺᠣᠮᠫᠠᠨᠢ ᠨᠢ ᠤᠷᠢᠯᠭ᠎ᠠ ᠪᠠᠷ ᠲᠣᠰ |
ᠤᠳᠠᠭᠠᠨ ᠤ ᠦᠪᠡᠳᠡᠭᠰᠢ ᠬᠤᠷᠠᠯ ᠳᠤ ᠣᠷᠣᠯᠴᠠᠪᠠ᠃ |
ᠬᠤᠷᠠᠯ ᠳᠡᠭᠡᠷ᠎ᠡ᠂ ᠥᠪᠥᠷ ᠮᠣᠩᠭᠤᠯ ᠤᠨ ᠨᠠᠷᠠᠲᠤ ᠲᠡᠮᠳᠡᠭᠲᠦ ᠶᠢᠨ ᠪᠠᠶᠢᠯᠳᠤᠬᠤ ᠪᠣᠳᠣᠯᠭ᠎ᠠ ᠶᠢ ᠠᠬᠢᠭᠤᠯᠬᠤ |
ᠨᠡᠶᠢᠭᠡᠮᠯᠢᠭ ᠬᠢᠭᠡᠳ ︽ᠲᠡᠭᠷᠢ ᠶᠢᠨ ᠬᠡᠰᠢᠭᠲᠦ ᠪᠣᠷᠣᠲᠣᠬᠤᠶ︾ ︽ᠥᠪᠥᠷ ᠮᠣᠩᠭᠤᠯ ᠤᠨ ᠲᠠᠷᠢᠶᠠᠯᠠᠩ ᠮᠠᠯ ᠠᠵᠤ |
ᠠᠬᠤᠶ ᠶᠢᠨ ᠨᠠᠷᠠᠲᠤ ᠲᠡᠮᠳᠡᠭᠲᠦ ᠶᠢᠨ ᠦᠢᠯᠡᠴᠢᠯᠡᠭᠡ ᠶᠢ ᠳᠡᠭᠡᠭᠰᠢᠯᠡᠭᠦᠯᠬᠦ ᠪᠠᠶᠢᠯᠳᠤᠬᠤ ᠪᠣᠳᠣᠯᠭ᠎ᠠ ᠶᠢᠨ |
ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ︾ ᠲᠣᠭᠲᠠᠪᠠ᠃ 2024 ᠣᠨ ᠳᠤ ᠥᠪᠥᠷ ᠮᠣᠩᠭᠤᠯ ᠤᠨ |
ᠨᠠᠷᠠᠲᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠶᠢᠨ ᠦᠨᠡᠯᠡᠯᠲᠡ ᠶᠢᠨ |
ᠵᠠᠩᠭᠢᠯᠠᠭ᠎ᠠ ᠶᠢᠨ ᠳᠤᠮᠳᠠ᠂ ︽ᠲᠡᠭᠷᠢ ᠶᠢᠨ ᠬᠡᠰᠢᠭᠲᠦ ᠪᠣᠷᠣᠲᠣᠬᠤᠶ︾ ᠨᠢ ᠥᠪᠥᠷ ᠮᠣᠩᠭᠤᠯ ᠤᠨ ᠨᠠᠷᠠᠲᠤ ᠣᠷᠣᠨ |
ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠪᠠᠷ ᠦᠨᠡᠯᠡᠭᠳᠡᠪᠡ᠃ ︽ᠲᠡᠭᠷᠢ ᠶᠢᠨ ᠬᠡᠰᠢᠭᠲᠦ |
ᠪᠣᠷᠣᠲᠣᠬᠤᠶ︾ ᠶᠢᠨ ᠨᠡᠷᠡᠲᠦ ᠲᠡᠮᠳᠡᠭ ᠤᠨ ᠥᠷᠲᠡᠭ ᠨᠢ 309.67 ᠶᠡᠭᠡ ᠬᠤᠷᠠᠯ ᠤᠨ ᠬᠤᠭᠤᠴᠠᠭᠠᠨ ᠳᠤ᠂ ᠪᠠᠶᠠᠨ |
ᠪᠣᠬᠢᠷᠲᠤᠯ ᠦᠭᠡᠢ ᠦᠢᠯᠡᠰ ᠤᠨ ᠪᠦᠯᠦᠭᠯᠡᠯ ᠤᠨ ᠳᠡᠳ᠋ ᠶᠡᠷᠦᠩᠬᠡᠢ ᠳᠠᠭᠠᠭᠠᠮᠠᠯ ᠯᠢ ᠮᠢᠩ ᠺᠣᠮᠫᠠᠨᠢ ᠶᠢ ᠲᠥᠯᠥᠭᠡᠯᠡᠨ |
ᠥᠪᠥᠷ ᠮᠣᠩᠭᠤᠯ ᠤᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠦᠷᠦᠯ ᠲᠡᠮᠳᠡᠭ ᠤᠨ ᠬᠥᠭᠵᠢᠯᠲᠡ ᠶᠢᠨ |
ᠲᠣᠭᠤᠷᠢᠭ ᠰᠢᠷᠡᠭᠡᠨ ᠤ ᠶᠠᠷᠢᠶᠠᠨ ᠤ ᠲᠠᠪᠴᠠᠩ ᠳᠤ ᠣᠷᠣᠯᠴᠠᠪᠠ᠃ |
ᠲᠣᠰ ᠶᠠᠷᠢᠶᠠᠨ ᠤ ᠲᠠᠪᠴᠠᠩ ᠨᠢ ᠶᠡᠭᠡ ᠬᠤᠷᠠᠯ ᠤᠨ ᠴᠢᠬᠤᠯᠠ ᠪᠦᠷᠢᠯᠳᠦᠬᠦᠨ ᠬᠡᠰᠡᠭ ᠪᠣᠯᠤᠭᠰᠠᠨ ᠤ |
ᠬᠤᠪᠢ ᠳᠤ᠂ ᠥᠪᠥᠷ ᠮᠣᠩᠭᠤᠯ ᠤᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠤᠨ |
ᠬᠥᠭᠵᠢᠯᠲᠡ ᠶᠢᠨ ᠣᠳᠣᠬᠢ ᠪᠠᠶᠢᠳᠠᠯ᠂ ᠲᠤᠯᠭᠠᠷᠠᠵᠤ ᠪᠠᠶᠢᠭ᠎ᠠ ᠥᠷᠢᠰᠥᠯᠳᠦᠭᠡᠨ ᠵᠢᠴᠢ ᠢᠷᠡᠭᠡᠳᠦᠶ ᠶᠢᠨ |
ᠬᠥᠭᠵᠢᠯᠲᠡ ᠶᠢᠨ ᠴᠢᠭᠯᠡᠯ ᠢ ᠰᠤᠳᠤᠯᠤᠨ ᠶᠠᠷᠢᠯᠴᠠᠬᠤ ᠶᠢᠨ ᠲᠥᠯᠥᠭᠡ ᠶᠤᠮ᠃ ᠶᠠᠷᠢᠶᠠᠨ ᠤ ᠲᠠᠪᠴᠠᠩ ᠳᠡᠭᠡᠷ᠎ᠡ᠂ |
ᠳᠡᠳ᠋ ᠶᠡᠷᠦᠩᠬᠡᠶ ᠳᠠᠭᠠᠭᠠᠮᠠᠯ ᠯᠢ ᠮᠢᠩ ᠪᠥᠬᠦ ᠣᠷᠣᠨ ᠤ ᠡᠯ᠎ᠡ ᠭᠠᠵᠠᠷ ᠠᠴᠠ ᠢᠷᠡᠭᠰᠡᠨ ᠨᠠᠷᠠᠲᠤ ᠲᠡᠮᠳᠡᠭᠲᠦ ᠶᠢᠨ |
ᠡᠵᠡᠩᠨᠡᠯᠲᠡ ᠶᠢᠨ ᠬᠤᠳᠠᠯᠳᠤᠭᠠᠴᠢᠨ᠂ ᠲᠤᠰᠬᠠᠶ ᠮᠡᠷᠭᠡᠵᠢᠯᠲᠡᠨ ᠡᠷᠳᠡᠮᠲᠡᠳ ᠨᠠᠷ ᠲᠠᠢ ᠭᠦᠨᠵᠡᠭᠡᠶ ᠰᠣᠯᠢᠯᠴᠠᠨ |
ᠶᠠᠷᠢᠯᠴᠠᠵᠤ᠂ ᠪᠠᠶᠠᠨ ᠪᠣᠬᠢᠷᠲᠤᠯ ᠦᠭᠡᠢ ᠦᠢᠯᠡᠰ ᠤᠨ ᠪᠦᠯᠦᠭᠯᠡᠯ ᠤᠨ ︽ᠲᠡᠭᠷᠢ ᠶᠢᠨ ᠬᠡᠰᠢᠭᠲᠦ ᠪᠣᠷᠣᠲᠣᠬᠤᠶ︾ ᠶᠢᠨ |
ᠨᠠᠷᠠᠲᠤ ᠲᠡᠮᠳᠡᠭᠲᠦ ᠶᠢᠨ ᠪᠠᠶᠢᠭᠤᠯᠤᠯᠲᠠ ᠶᠢᠨ ᠲᠠᠯ᠎ᠠ ᠪᠠᠷ ᠬᠢ ᠠᠮᠵᠢᠯᠲᠠ ᠲᠠᠢ ᠲᠤᠷᠰᠢᠯᠭ᠎ᠠ ᠶᠢ ᠬᠤᠪᠢᠶᠠᠯᠴᠠᠪᠠ᠃ |
ᠲᠣᠰ ᠤᠳᠠᠭᠠᠨ ᠤ ᠥᠪᠥᠷ ᠮᠣᠩᠭᠤᠯ ᠤᠨ ᠨᠠᠷᠠᠲᠤ ᠲᠡᠮᠳᠡᠭᠲᠦ ᠶᠢᠨ ᠶᠡᠭᠡ ᠬᠤᠷᠠᠯ ᠳᠤ ᠣᠷᠣᠯᠴᠠᠬᠤ ᠳᠤ᠂ ︽ |
ᠲᠡᠭᠷᠢ ᠶᠢᠨ ᠬᠡᠰᠢᠭᠲᠦ ᠪᠣᠷᠣᠲᠣᠬᠤᠶ︾ ᠳᠤ ᠲᠣᠰ ᠪᠡᠶ᠎ᠡ ᠶᠢᠨ ᠪᠣᠳᠠᠲᠤ ᠬᠦᠴᠦᠨ ᠪᠠ ᠴᠤᠭ ᠵᠢᠪᠬᠤᠭ᠎ᠠ ᠪᠠᠨ |
ᠢᠯᠡᠷᠡᠭᠦᠯᠬᠦ ᠲᠠᠪᠴᠠᠩ ᠬᠠᠩᠭᠠᠵᠤ᠂ ᠨᠠᠩ ᠪᠦᠯᠦᠭᠯᠡᠯ ᠺᠣᠮᠫᠠᠨᠢ ᠬᠢᠭᠡᠳ ᠪᠥᠬᠦ ᠣᠷᠣᠨ ᠤ ᠡᠯ᠎ᠡ ᠭᠠᠵᠠᠷ ᠤᠨ ᠨᠠᠷᠠᠲᠤ |
ᠲᠡᠮᠳᠡᠭᠲᠦ ᠶᠢᠨ ᠡᠵᠡᠩᠨᠡᠯᠲᠡ ᠶᠢᠨ ᠬᠤᠳᠠᠯᠳᠤᠭᠠᠴᠢᠨ᠂ ᠲᠤᠰᠬᠠᠶ ᠮᠡᠷᠭᠡᠵᠢᠯᠲᠡᠨ ᠡᠷᠳᠡᠮᠲᠡᠳ ᠰᠠᠨᠠᠯ ᠢᠶᠠᠨ ᠰᠣᠯᠢᠯᠴᠠᠬᠤ |
ᠬᠥᠭᠦᠷᠭᠡ ᠪᠠᠶᠢᠭᠤᠯᠤᠭᠰᠠᠨ ᠪᠠᠶᠢᠨ᠎ᠠ᠃ ᠪᠠᠶᠠᠨ ᠪᠣᠬᠢᠷᠲᠤᠯ ᠦᠭᠡᠢ ᠦᠢᠯᠡᠰ ᠤᠨ ᠪᠦᠯᠦᠭᠯᠡᠯ ᠲᠣᠰ ᠤᠳᠠᠭᠠᠨ ᠤ ᠶᠡᠭᠡ |
ᠬᠤᠷᠠᠯ ᠢᠶᠠᠷ ᠠᠵᠠ ᠲᠣᠬᠢᠶᠠᠯ ᠪᠣᠯᠭᠠᠵᠤ᠂ ︽ᠲᠡᠭᠷᠢ ᠶᠢᠨ ᠬᠡᠰᠢᠭᠲᠦ ᠪᠣᠷᠣᠲᠣᠬᠤᠶ︾ ᠶᠢᠨ ᠨᠠᠷᠠᠲᠤ ᠲᠡᠮᠳᠡᠭᠲᠦ ᠶᠢᠨ |
ᠪᠠᠶᠢᠭᠤᠯᠤᠯᠲᠠ ᠪᠠ ᠵᠠᠬ᠎ᠠ ᠳᠡᠯᠭᠡᠭᠦᠷ ᠢ ᠳᠡᠯᠭᠡᠷᠡᠭᠦᠯᠬᠦ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠨᠠᠩ ᠣᠯᠠᠨ |
ᠪᠠᠶᠠᠨᠨᠠᠭᠤᠷ ᠤᠨ ᠴᠢᠨᠠᠷ ᠰᠠᠶᠢᠲᠠᠶ ᠲᠠᠷᠢᠶᠠᠯᠠᠩ ᠤᠨ ᠭᠠᠷᠤᠯᠲᠠ ᠶᠢ ᠵᠠᠬ᠎ᠠ ᠳᠡᠯᠭᠡᠭᠦᠷ ᠲᠤ ᠭᠠᠷᠭᠠᠬᠤ ᠪᠠᠷ ᠴᠢᠷᠮᠠᠶᠢᠵᠤ᠂ |
ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠥᠪᠡᠷ ᠤᠨ ᠬᠦᠴᠦᠨ |
ᠴᠢᠳᠠᠯ ᠢᠶᠠᠨ ᠡᠷᠭᠦᠨ᠎ᠡ ᠭᠡᠵᠡᠢ᠃ |
|