|
ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ |
ᠥᠪᠥᠷ ᠵᠠᠰᠠᠭ ᠦᠰᠦᠭ ︹ 2024 ︺ 234 ᠳ᠋ᠦ᠋ᠭᠡᠷ ᠲᠣᠭᠠᠲᠤ |
︽ᠪᠤᠭᠤᠲᠤ ᠶᠢᠨ ᠬᠥᠨᠳᠡᠯᠡᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠭᠠᠵᠠᠷ ᠰᠢᠷᠣᠢ ᠶᠢ |
ᠲᠠᠲᠠᠪᠤᠷᠢᠯᠠᠨ ᠬᠤᠷᠢᠶᠠᠵᠤ ᠬᠡᠰᠡᠭ ᠢᠶᠠᠷ ᠨᠡᠭᠡᠭᠡᠨ ᠬᠥᠭᠵᠢᠭᠦᠯᠬᠦ ᠲᠥᠰᠥᠯ ︵2024 ᠣᠨ︶︾ ᠤᠨ ᠲᠤᠬᠠᠢ |
ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠴᠣᠬᠤᠯᠠᠪᠤᠷᠢ |
ᠪᠤᠭᠤᠲᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ᠄ |
ᠲᠠᠨ ᠤ ᠬᠤᠲᠠ ᠶᠢᠨ ︽︿ᠪᠤᠭᠤᠲᠤ ᠶᠢᠨ ᠬᠥᠨᠳᠡᠯᠡᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ |
ᠲᠣᠭᠤᠷᠢᠭ ᠤᠨ ᠭᠠᠵᠠᠷ ᠰᠢᠷᠣᠢ ᠶᠢ ᠲᠠᠲᠠᠪᠤᠷᠢᠯᠠᠨ ᠬᠤᠷᠢᠶᠠᠵᠤ ᠬᠡᠰᠡᠭ ᠢᠶᠠᠷ ᠨᠡᠭᠡᠭᠡᠨ ᠬᠥᠭᠵᠢᠭᠦᠯᠬᠦ ᠲᠥᠰᠥᠯ ︵ |
2024 ᠣᠨ︶﹀ ᠢ ᠬᠢᠨᠠᠨ ᠬᠠᠷᠭᠤᠭᠤᠯᠵᠤ ᠵᠥᠪᠰᠢᠶᠡᠷᠡᠭᠦᠯᠬᠦ ᠲᠤᠬᠠᠢ ᠡᠰᠢᠯᠡᠯᠲᠡ︾ ︵ᠪᠤᠭᠤᠲᠤ ᠣᠷᠳᠣᠨ |
ᠮᠡᠳᠡᠭᠦᠯᠦᠯᠲᠡ ︹ 2024 ︺ 164 ᠳ᠋ᠦ᠋ᠭᠡᠷ ᠲᠣᠭᠠᠲᠤ︶ ᠶᠢ ᠭᠥᠯᠢᠶᠡᠨ ᠠᠪᠴᠤ ᠣᠶᠢᠯᠠᠭᠠᠯ᠎ᠠ᠃ ᠡᠳᠦᠭᠡ |
ᠳᠣᠣᠷᠠᠬᠢ ᠮᠡᠲᠦ ᠴᠣᠬᠤᠯᠠᠪᠤᠷᠢᠯᠠᠪᠠ᠄ |
ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠲᠤᠰᠬᠠᠢ ᠮᠡᠷᠭᠡᠵᠢᠯᠲᠡᠨ ᠢ |
ᠵᠣᠬᠢᠶᠠᠨ ᠪᠠᠶᠢᠭᠤᠯᠵᠤ ᠨᠤᠲᠠᠯᠠᠭᠤᠯᠬᠤ ᠪᠠ ᠬᠢᠨᠠᠨ ᠪᠠᠶᠢᠴᠠᠭᠠᠯᠭᠠᠭᠠᠳ᠂ ︽ᠪᠤᠭᠤᠲᠤ ᠶᠢᠨ ᠬᠥᠨᠳᠡᠯᠡᠨ ᠠᠵᠤ ᠠᠬᠤᠢ |
ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠭᠠᠵᠠᠷ ᠰᠢᠷᠣᠢ ᠶᠢ ᠲᠠᠲᠠᠪᠤᠷᠢᠯᠠᠨ ᠬᠤᠷᠢᠶᠠᠵᠤ ᠬᠡᠰᠡᠭ ᠢᠶᠠᠷ ᠨᠡᠭᠡᠭᠡᠨ |
ᠬᠥᠭᠵᠢᠭᠦᠯᠬᠦ ᠲᠥᠰᠥᠯ ︵2024 ᠣᠨ︶︾ ᠨᠢ ︽ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ |
ᠭᠠᠵᠠᠷ ᠰᠢᠷᠣᠢ ᠶᠢᠨ ᠬᠠᠮᠢᠶᠠᠷᠤᠯᠲᠠ ᠶᠢᠨ ᠬᠠᠤᠯᠢ︾ ᠪᠠ ︽︿ᠭᠠᠵᠠᠷ ᠰᠢᠷᠣᠢ ᠶᠢ ᠲᠠᠲᠠᠪᠤᠷᠢᠯᠠᠨ ᠬᠤᠷᠢᠶᠠᠵᠤ |
ᠬᠡᠰᠡᠭ ᠢᠶᠠᠷ ᠨᠡᠭᠡᠭᠡᠨ ᠬᠥᠭᠵᠢᠭᠦᠯᠬᠦ ᠪᠠᠷᠢᠮᠵᠢᠶ᠎ᠠ﹀ ᠶᠢ ᠳᠠᠷᠤᠮᠠᠯᠯᠠᠨ ᠶᠠᠪᠤᠭᠤᠯᠬᠤ ᠲᠤᠬᠠᠢ ᠪᠠᠶᠢᠭᠠᠯᠢ ᠶᠢᠨ ᠡᠬᠢ |
ᠪᠠᠶᠠᠯᠢᠭ ᠤᠨ ᠶᠠᠮᠤᠨ ᠤ ᠮᠡᠳᠡᠭᠳᠡᠯ︾ ︵ᠪᠠᠶᠢᠭᠠᠯᠢ ᠡᠬᠢ ᠪᠠᠶᠠᠯᠢᠭ ᠲᠣᠭᠲᠠᠭᠠᠯ ︹ 2023 ︺ 7 ᠳ᠋ᠤᠭᠠᠷ |
ᠲᠣᠭᠠᠲᠤ︶ ᠵᠢᠴᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠰᠢᠷᠣᠢ ᠶᠢ ᠲᠠᠲᠠᠪᠤᠷᠢᠯᠠᠨ |
ᠬᠤᠷᠢᠶᠠᠵᠤ ᠬᠡᠰᠡᠭ ᠢᠶᠠᠷ ᠨᠡᠭᠡᠭᠡᠨ ᠬᠥᠭᠵᠢᠭᠦᠯᠬᠦ ᠶᠢ ᠬᠡᠷᠡᠭᠵᠢᠭᠦᠯᠬᠦ ᠨᠠᠷᠢᠨ ᠳᠦᠷᠢᠮ ︵ᠲᠤᠷᠰᠢᠨ ᠬᠡᠷᠡᠭᠵᠢᠭᠦᠯᠬᠦ︶︾ |
ᠤᠨ ᠬᠤᠯᠪᠣᠭᠳᠠᠯ ᠪᠦᠬᠦᠢ ᠲᠣᠭᠲᠠᠭᠠᠯ ᠪᠠ ᠱᠠᠭᠠᠷᠳᠠᠯᠭ᠎ᠠ ᠳᠤ ᠨᠡᠶᠢᠴᠡᠵᠦ᠂ ᠤᠯᠤᠰ ᠤᠨ ᠨᠤᠲᠤᠭ ᠳᠡᠪᠢᠰᠬᠡᠷ ᠤᠨ |
ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ᠶᠢᠨ ᠬᠠᠮᠢᠶᠠᠷᠤᠨ ᠡᠵᠡᠮᠳᠡᠬᠦ ᠳᠦᠷᠢᠮ ᠳᠤ ᠨᠡᠶᠢᠴᠡᠵᠦ ᠪᠠᠶᠢᠨ᠎ᠠ᠂ |
ᠡᠶᠢᠨ ᠬᠦ ︽ᠪᠤᠭᠤᠲᠤ ᠶᠢᠨ ᠬᠥᠨᠳᠡᠯᠡᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠭᠠᠵᠠᠷ |
ᠰᠢᠷᠣᠢ ᠶᠢ ᠲᠠᠲᠠᠪᠤᠷᠢᠯᠠᠨ ᠬᠤᠷᠢᠶᠠᠵᠤ ᠬᠡᠰᠡᠭ ᠢᠶᠠᠷ ᠨᠡᠭᠡᠭᠡᠨ ᠬᠥᠭᠵᠢᠭᠦᠯᠬᠦ ᠲᠥᠰᠥᠯ ︵2024 ᠣᠨ︶︾ ᠢ |
ᠵᠠᠷᠴᠢᠮ ᠳᠡᠭᠡᠷ᠎ᠡ ᠪᠠᠨ ᠵᠥᠪᠰᠢᠶᠡᠷᠡᠪᠡ᠂ ᠡᠯ᠎ᠡ ᠵᠦᠢᠯ ᠤᠨ ᠠᠵᠢᠯ ᠢᠶᠠᠨ ᠬᠠᠤᠯᠢ ᠲᠣᠭᠲᠠᠭᠠᠯ ᠶᠣᠰᠣᠭᠠᠷ ᠰᠠᠶᠢᠲᠤᠷ |
ᠬᠢᠲᠦᠭᠡᠢ᠃ |
2024 ᠣᠨ ᠤ 12 ᠳ᠋ᠤᠭᠠᠷ ᠰᠠᠷ᠎ᠠ ᠶᠢᠨ 9 ᠤ ᠡᠳᠦᠷ |
︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ |
|
|
|
|
|
|
|
|
|
|
|
᠁ |