|
ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ |
ᠥᠪᠥᠷ ᠵᠠᠰᠠᠭ ᠦᠰᠦᠭ ︹ 2024 ︺ 233 ᠳ᠋ᠤᠭᠠᠷ ᠲᠣᠭᠠᠲᠤ |
︽ᠲᠦᠩᠯᠢᠶᠣᠣ ᠬᠤᠲᠠ ᠶᠢᠨ ᠬᠤᠷᠴᠢᠨ ᠲᠣᠭᠤᠷᠢᠭ ᠤᠨ ᠭᠠᠵᠠᠷ ᠰᠢᠷᠣᠢ ᠶᠢ |
ᠲᠠᠲᠠᠪᠤᠷᠢᠯᠠᠨ ᠬᠤᠷᠢᠶᠠᠵᠤ ᠬᠡᠰᠡᠭ ᠢᠶᠠᠷ ᠨᠡᠭᠡᠭᠡᠨ ᠬᠥᠭᠵᠢᠭᠦᠯᠬᠦ ᠲᠣᠬᠢᠷᠠᠭᠤᠯᠤᠯᠲᠠ ᠶᠢᠨ ᠲᠥᠰᠥᠯ ︵2022 |
– 2024 ᠣᠨ︶︾ ᠤᠨ |
ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ |
ᠴᠣᠬᠤᠯᠠᠪᠤᠷᠢ |
ᠲᠦᠩᠯᠢᠶᠣᠣ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ᠄ |
ᠲᠠᠨ ᠤ ᠬᠤᠲᠠ ᠶᠢᠨ ︽ᠬᠤᠷᠴᠢᠨ ᠲᠣᠭᠤᠷᠢᠭ ᠤᠨ ᠭᠠᠵᠠᠷ ᠰᠢᠷᠣᠢ ᠶᠢ ᠲᠠᠲᠠᠪᠤᠷᠢᠯᠠᠨ ᠬᠤᠷᠢᠶᠠᠵᠤ ᠬᠡᠰᠡᠭ ᠢᠶᠠᠷ |
ᠨᠡᠭᠡᠭᠡᠨ ᠬᠥᠭᠵᠢᠭᠦᠯᠬᠦ ᠲᠣᠬᠢᠷᠠᠭᠤᠯᠤᠯᠲᠠ ᠶᠢᠨ ᠲᠥᠰᠥᠯ ︵2022 – 2024 ᠣᠨ︶ ᠤᠨ ᠲᠤᠬᠠᠢ ᠡᠰᠢᠯᠡᠯᠲᠡ |
︾ ︵ᠲᠦᠩᠯᠢᠶᠣᠣ ᠵᠠᠰᠠᠭ ᠲᠠᠷᠬᠠᠭᠠᠭᠰᠠᠨ ︹ 2024 ︺ 116 ᠳ᠋ᠤᠭᠠᠷ ᠲᠣᠭᠠᠲᠤ︶ ᠶᠢ ᠭᠥᠯᠢᠶᠡᠨ ᠠᠪᠴᠤ |
ᠣᠶᠢᠯᠠᠭᠠᠯ᠎ᠠ᠃ ᠡᠳᠦᠭᠡ ᠳᠣᠣᠷᠠᠬᠢ ᠮᠡᠲᠦ ᠴᠣᠬᠤᠯᠠᠪᠤᠷᠢᠯᠠᠪᠠ᠄ |
ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠲᠤᠰᠬᠠᠢ ᠮᠡᠷᠭᠡᠵᠢᠯᠲᠡᠨ ᠢ |
ᠵᠣᠬᠢᠶᠠᠨ ᠪᠠᠶᠢᠭᠤᠯᠵᠤ ᠨᠤᠲᠠᠯᠠᠭᠤᠯᠬᠤ ᠪᠠ ᠬᠢᠨᠠᠨ ᠪᠠᠶᠢᠴᠠᠭᠠᠯᠭᠠᠭᠠᠳ᠂ ︽ᠲᠦᠩᠯᠢᠶᠣᠣ ᠬᠤᠲᠠ ᠶᠢᠨ ᠬᠤᠷᠴᠢᠨ |
ᠲᠣᠭᠤᠷᠢᠭ ᠤᠨ ᠭᠠᠵᠠᠷ ᠰᠢᠷᠣᠢ ᠶᠢ ᠲᠠᠲᠠᠪᠤᠷᠢᠯᠠᠨ ᠬᠤᠷᠢᠶᠠᠵᠤ ᠬᠡᠰᠡᠭ ᠢᠶᠠᠷ ᠨᠡᠭᠡᠭᠡᠨ ᠬᠥᠭᠵᠢᠭᠦᠯᠬᠦ |
ᠲᠣᠬᠢᠷᠠᠭᠤᠯᠤᠯᠲᠠ ᠶᠢᠨ ᠲᠥᠰᠥᠯ ︵2022 – 2024 ᠣᠨ︶︾ ᠨᠢ ︽ᠪᠦᠭᠦᠳᠡ ᠨᠠᠶᠢᠷᠠᠮᠳᠠᠬᠤ ᠲᠤᠮᠳᠠᠳᠤ |
ᠠᠷᠠᠳ ᠤᠯᠤᠰ ᠤᠨ ᠭᠠᠵᠠᠷ ᠰᠢᠷᠣᠢ ᠶᠢᠨ ᠬᠠᠮᠢᠶᠠᠷᠤᠯᠲᠠ ᠶᠢᠨ ᠬᠠᠤᠯᠢ︾ ᠪᠠ ︽︿ᠭᠠᠵᠠᠷ ᠰᠢᠷᠣᠢ ᠶᠢ ᠲᠠᠲᠠᠪᠤᠷᠢᠯᠠᠨ |
ᠬᠤᠷᠢᠶᠠᠵᠤ ᠬᠡᠰᠡᠭ ᠢᠶᠠᠷ ᠨᠡᠭᠡᠭᠡᠨ ᠬᠥᠭᠵᠢᠭᠦᠯᠬᠦ ᠪᠠᠷᠢᠮᠵᠢᠶ᠎ᠠ﹀ ᠶᠢ ᠳᠠᠷᠤᠮᠠᠯᠯᠠᠨ ᠶᠠᠪᠤᠭᠤᠯᠬᠤ ᠲᠤᠬᠠᠢ ᠪᠠᠶᠢᠭᠠᠯᠢ ᠶᠢᠨ |
ᠡᠬᠢ ᠪᠠᠶᠠᠯᠢᠭ ᠤᠨ ᠶᠠᠮᠤᠨ ᠤ ᠮᠡᠳᠡᠭᠳᠡᠯ︾ ︵ᠪᠠᠶᠢᠭᠠᠯᠢ ᠡᠬᠢ ᠪᠠᠶᠠᠯᠢᠭ ᠲᠣᠭᠲᠠᠭᠠᠯ ︹ 2023 ︺ 7 ᠳ᠋ᠤᠭᠠᠷ |
ᠲᠣᠭᠠᠲᠤ︶ ᠵᠢᠴᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠰᠢᠷᠣᠢ ᠶᠢ ᠲᠠᠲᠠᠪᠤᠷᠢᠯᠠᠨ |
ᠬᠤᠷᠢᠶᠠᠵᠤ ᠬᠡᠰᠡᠭ ᠢᠶᠠᠷ ᠨᠡᠭᠡᠭᠡᠨ ᠬᠥᠭᠵᠢᠭᠦᠯᠬᠦ ᠶᠢ ᠬᠡᠷᠡᠭᠵᠢᠭᠦᠯᠬᠦ ᠨᠠᠷᠢᠨ ᠳᠦᠷᠢᠮ ︵ᠲᠤᠷᠰᠢᠨ ᠬᠡᠷᠡᠭᠵᠢᠭᠦᠯᠬᠦ︶︾ |
ᠤᠨ ᠬᠤᠯᠪᠣᠭᠳᠠᠯ ᠪᠦᠬᠦᠢ ᠲᠣᠭᠲᠠᠭᠠᠯ ᠪᠠ ᠱᠠᠭᠠᠷᠳᠠᠯᠭ᠎ᠠ ᠳᠤ ᠨᠡᠶᠢᠴᠡᠵᠦ᠂ ᠤᠯᠤᠰ ᠤᠨ ᠨᠤᠲᠤᠭ ᠳᠡᠪᠢᠰᠬᠡᠷ ᠤᠨ |
ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ᠶᠢᠨ ᠬᠠᠮᠢᠶᠠᠷᠤᠨ ᠡᠵᠡᠮᠳᠡᠬᠦ ᠳᠦᠷᠢᠮ ᠳᠤ ᠨᠡᠶᠢᠴᠡᠵᠦ ᠪᠠᠶᠢᠨ᠎ᠠ᠂ |
ᠡᠶᠢᠨ ᠬᠦ ︽ᠲᠦᠩᠯᠢᠶᠣᠣ ᠬᠤᠲᠠ ᠶᠢᠨ ᠬᠤᠷᠴᠢᠨ ᠲᠣᠭᠤᠷᠢᠭ ᠤᠨ ᠭᠠᠵᠠᠷ ᠰᠢᠷᠣᠢ ᠶᠢ ᠲᠠᠲᠠᠪᠤᠷᠢᠯᠠᠨ ᠬᠤᠷᠢᠶᠠᠵᠤ |
ᠬᠡᠰᠡᠭ ᠢᠶᠠᠷ ᠨᠡᠭᠡᠭᠡᠨ ᠬᠥᠭᠵᠢᠭᠦᠯᠬᠦ ᠲᠣᠬᠢᠷᠠᠭᠤᠯᠤᠯᠲᠠ ᠶᠢᠨ ᠲᠥᠰᠥᠯ ︵2022 – 2024 ᠣᠨ︶︾ ᠢ |
ᠵᠠᠷᠴᠢᠮ ᠳᠡᠭᠡᠷ᠎ᠡ ᠪᠠᠨ ᠵᠥᠪᠰᠢᠶᠡᠷᠡᠪᠡ᠂ ᠡᠯ᠎ᠡ ᠵᠦᠢᠯ ᠤᠨ ᠠᠵᠢᠯ ᠢᠶᠠᠨ ᠬᠠᠤᠯᠢ ᠲᠣᠭᠲᠠᠭᠠᠯ ᠶᠣᠰᠣᠭᠠᠷ ᠰᠠᠶᠢᠲᠤᠷ |
ᠬᠢᠲᠦᠭᠡᠢ᠃ |
2024 ᠣᠨ ᠤ 12 ᠳ᠋ᠤᠭᠠᠷ ᠰᠠᠷ᠎ᠠ ᠶᠢᠨ 8 ᠤ ᠡᠳᠦᠷ |
︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ |
|
|
|
|
|
|
|
|
|
|
|
᠁ |