|
12 ᠰᠠᠷ᠎ᠠ ᠶᠢᠨ 2 ᠤᠨ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ |
ᠼᠦᠢ ᠵᠢᠩ ᠶᠢᠩ ᠦᠬᠠᠶ ᠨᠠᠭᠤᠷ ᠤᠨ ᠰᠡᠯᠡᠭᠦᠴᠡᠯ ᠠᠮᠠᠷᠠᠯᠲᠠ ᠶᠢᠨ ᠵᠢᠭᠤᠯᠴᠢᠯᠠᠯ ᠤᠨ ᠣᠷᠣᠨ ᠤ ᠨᠡᠭᠡᠭᠡᠯᠲᠡ |
ᠡᠵᠡᠩᠨᠡᠯᠲᠡ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠡ᠃ ᠬᠤᠳᠠ ᠶᠢᠨ ᠳᠡᠳ᠋ ᠳᠠᠷᠤᠭ᠎ᠠ ᠵᠠᠩ ᠶᠦᠩ |
ᠣᠷᠣᠯᠴᠠᠪᠠ᠃ ᠼᠦᠢ ᠵᠢᠩ ᠶᠢᠩ ᠨᠡᠷ ᠤᠷᠢᠳ ᠬᠤᠵᠢᠳ ᠦᠬᠠᠢ ᠨᠠᠭᠤᠷ ᠤᠨ ᠨᠢᠭᠡᠳᠦᠭᠡᠷ ᠨᠣᠮᠧᠷᠲᠤ ᠭᠠᠷᠠᠮ᠂ |
ᠡᠯᠡᠰᠦᠨ ᠴᠦᠯ ᠤᠨ ᠬᠤᠸᠠᠷᠠᠨ ᠵᠡᠷᠭᠡ ᠭᠠᠵᠠᠷ ᠲᠤ ᠬᠦᠷᠴᠦ᠂ ᠦᠵᠡᠮᠵᠢ ᠶᠢᠨ ᠣᠷᠣᠨ ᠤ ᠨᠡᠭᠡᠭᠡᠯᠲᠡ ᠡᠵᠡᠩᠨᠡᠯᠲᠡ᠂ |
ᠢᠵᠢ ᠪᠦᠷᠢᠳᠦᠭᠦᠯᠬᠦ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠪᠣᠯᠤᠨ ᠤᠯᠤᠰ ᠤᠨ ᠲᠡᠰ ᠤᠨ |
ᠵᠢᠭᠤᠯᠴᠢᠯᠠᠯ ᠤᠨ ᠠᠮᠠᠷᠠᠯᠲᠠ ᠶᠢᠨ ᠣᠷᠣᠨ ᠢ ᠡᠭᠦᠳᠦᠨ ᠪᠠᠶᠢᠭᠤᠯᠤᠭᠰᠠᠨ ᠠᠵᠢᠯ ᠤᠨ ᠪᠠᠶᠢᠳᠠᠯ ᠢ ᠨᠢ ᠨᠠᠷᠢᠨ |
ᠣᠶᠢᠯᠠᠭᠠᠪᠠ᠃ ᠼᠦᠢ ᠵᠢᠩ ᠶᠢᠩ ᠬᠡᠯᠡᠭᠰᠡᠨ ᠨᠢ᠂ ᠦᠬᠠᠢ ᠨᠠᠭᠤᠷ ᠤᠨ ᠰᠡᠯᠡᠭᠦᠴᠡᠯ ᠠᠮᠠᠷᠠᠯᠲᠠ ᠶᠢᠨ |
ᠵᠢᠭᠤᠯᠴᠢᠯᠠᠯ ᠤᠨ ᠣᠷᠣᠨ ᠳᠤ ᠡᠯᠡᠰᠦ ᠳᠠᠯᠠᠢ ᠬᠠᠷᠢᠯᠴᠠᠨ ᠲᠦᠰᠢᠭᠯᠡᠯᠴᠡᠵᠦ᠂ ᠬᠥᠭᠵᠢᠯᠲᠡ ᠶᠢᠨ ᠳᠠᠯᠳᠠ ᠬᠦᠴᠦᠨ |
ᠯᠤᠲᠤ ᠶᠡᠭᠡ ᠪᠠᠶᠢᠨ᠎ᠠ᠂ ᠡᠨᠡ ᠬᠦ ᠡᠬᠢ ᠪᠠᠶᠠᠯᠢᠭ ᠤᠨ ᠳᠠᠪᠠᠭᠤᠯᠢᠭ ᠢᠶᠠᠨ ᠭᠦᠢᠴᠡᠳ ᠠᠰᠢᠭᠯᠠᠵᠤ᠂ ᠠᠭᠤᠯᠠ᠂ ᠤᠰᠤ |
᠂ ᠡᠯᠡᠰᠦ ᠵᠡᠷᠭᠡ ᠤᠨᠴᠠᠯᠢᠬᠳᠤ ᠵᠢᠭᠤᠯᠴᠢᠯᠠᠯ ᠤᠨ ᠡᠬᠢ ᠪᠠᠶᠠᠯᠢᠭ ᠢ ᠨᠢᠭᠡᠳᠦᠯᠲᠡᠢ ᠲᠥᠯᠥᠪᠵᠢᠭᠦᠯᠦᠨ ᠲᠥᠯᠥᠪᠯᠡᠵᠦ᠂ |
︽ᠢᠳᠡᠬᠦ ᠤᠤᠭᠤᠬᠤ ᠵᠤᠭᠠᠴᠠᠬᠤ ᠬᠤᠳᠠᠯᠳᠤᠨ ᠠᠪᠬᠤ ᠴᠡᠩᠭᠡᠬᠦ︾ ᠤᠨ ᠬᠡᠷᠡᠭᠴᠡᠭᠡ ᠱᠠᠭᠠᠷᠳᠠᠯᠭ᠎ᠠ ᠶᠢᠨ |
ᠲᠣᠭᠤᠷᠢᠨ ᠳᠤ᠂ ᠵᠢᠭᠤᠯᠴᠢᠯᠠᠯ ᠤᠨ ᠢᠵᠢ ᠪᠦᠷᠢᠳᠦᠭᠦᠯᠬᠦ ᠲᠥᠬᠦᠭᠡᠷᠦᠮᠵᠢ ᠶᠢᠨ ᠳᠤᠲᠠᠭᠤᠳᠠᠯ ᠢᠶᠠᠨ ᠴᠢᠨᠠᠭᠰᠢᠳᠠ |
ᠨᠥᠬᠦᠪᠥᠷᠢᠯᠡᠵᠦ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠨᠢᠭᠡ ᠪᠦᠯᠦᠭ ᠰᠢᠯᠢᠳᠡᠭ ᠪᠦᠷᠢᠳᠦᠭᠦᠯᠬᠦ ᠤᠨ |
ᠲᠦᠷᠦᠯ ᠵᠦᠢᠯ ᠪᠣᠯᠤᠨ ᠪᠦᠷᠢᠳᠦᠭᠦᠯᠬᠦ ᠤᠨ ᠵᠠᠮ ᠱᠤᠭᠤᠮ ᠢ ᠲᠥᠰᠦᠪᠯᠡᠵᠦ᠂ ᠦᠬᠠᠢ ᠶᠢᠨ ᠣᠨᠴᠠᠯᠢᠭ ᠲᠠᠢ |
ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠢ ᠡᠭᠦᠳᠴᠦ᠂ ᠬᠤᠳᠠ ᠶᠢᠨ ᠠᠷᠠᠳ ᠪᠣᠯᠤᠨ ᠵᠤᠭᠠᠴᠠᠭᠰᠠᠳ ᠤᠨ |
ᠤᠯᠠᠨ ᠶᠠᠩᠵᠤ ᠶᠢᠨ ᠬᠡᠷᠡᠭᠴᠡᠭᠡ ᠶᠢ ᠨᠡᠩ ᠰᠠᠶᠢᠲᠤᠷ ᠬᠠᠩᠭᠠᠬᠤ ᠬᠡᠷᠡᠭᠲᠡᠢ᠃ ᠤᠬᠠᠭᠤᠯᠤᠨ ᠳᠡᠯᠭᠡᠷᠡᠭᠦᠯᠬᠦ |
ᠡᠷᠴᠢᠮ ᠢᠶᠠᠨ ᠴᠢᠩᠭᠠᠷᠠᠭᠤᠯᠵᠤ᠂ ᠨᠠᠷᠢᠨ ᠨᠢᠮᠪᠠᠶ ᠤᠬᠠᠭᠠᠯᠠᠨ ᠲᠥᠯᠥᠪᠯᠡᠵᠦ᠂ ᠲᠠᠪᠠᠭᠤᠯᠢᠭ ᠪᠠᠶᠢᠳᠠᠯ ᠪᠤᠯᠤᠨ |
ᠬᠦᠴᠦᠨ ᠢᠶᠠᠨ ᠥᠷᠭᠡᠨ ᠢᠶᠠᠷ ᠠᠰᠢᠭᠯᠠᠵᠤ᠂ ᠡᠯ᠎ᠡ ᠲᠥᠷᠥᠯ ᠤᠨ ᠲᠠᠪᠴᠠᠩ ᠤᠨ ᠠᠴᠢᠶᠠᠯᠠᠪᠤᠷᠢ ᠳᠤ ᠲᠦᠰᠢᠭᠯᠡᠨ᠂ ︽ |
ᠡᠯᠡᠰᠦᠨ ᠴᠦᠯ ᠳᠤ ᠲᠡᠯᠡᠶ ᠶᠢ ᠦᠵᠡᠬᠦ · ᠳᠤᠮᠳᠠᠳᠤ ᠤᠯᠤᠰ ᠤᠨ ᠦᠬᠠᠶ︾ ᠶᠢ ᠦᠷᠭᠦᠯᠵᠢᠯᠡᠨ ᠨᠥᠯᠥᠭᠡᠯᠡᠬᠦ |
ᠬᠦᠴᠦᠨ ᠪᠠ ᠥᠪᠡᠷᠮᠢᠴᠡ ᠲᠠᠲᠠᠬᠤ ᠬᠦᠴᠦᠨ ᠲᠠᠢ ᠰᠣᠶᠣᠯ ᠵᠢᠭᠤᠯᠴᠢᠯᠠᠯ ᠤᠨ ᠨᠠᠷᠠᠲᠤ ᠲᠥᠷᠥᠯ ᠲᠡᠮᠳᠡᠭᠲᠦ |
ᠪᠣᠯᠭᠠᠬᠤ ᠬᠡᠷᠡᠭᠲᠡᠶ᠃ ᠠᠯᠠᠱᠠ ᠠᠶᠢᠮᠠᠭ ᠯᠤᠭ᠎ᠠ ᠶᠢᠨ ᠵᠢᠭᠤᠯᠴᠢᠯᠠᠯ ᠤᠨ ᠬᠠᠮᠲᠤᠷᠠᠯᠴᠠᠭᠠᠨ ᠤ ᠭᠠᠷᠳᠠᠬᠤ ᠴᠢᠭ ᠢ |
ᠣᠨᠣᠪᠴᠢᠲᠠᠢ ᠣᠯᠵᠤ᠂ ᠵᠢᠭᠤᠯᠴᠢᠯᠠᠯ ᠤᠨ ᠲᠥᠬᠦᠭᠡᠷᠦᠮᠵᠢ ᠶᠢᠨ ᠬᠤᠯᠪᠣᠯᠳᠤᠨ ᠨᠡᠪᠲᠡᠷᠡᠯᠴᠡᠬᠦ᠂ ᠵᠢᠭᠤᠯᠴᠢᠯᠠᠯ ᠤᠨ |
ᠱᠤᠭᠤᠮ ᠢ ᠵᠣᠯᠭᠠᠭᠤᠯᠵᠤ ᠨᠡᠶᠢᠳᠬᠡᠬᠦ ᠵᠡᠷᠭᠡ ᠲᠠᠯ᠎ᠠ ᠪᠠᠷ ᠬᠠᠮᠲᠤᠷᠠᠯᠴᠠᠨ ᠨᠡᠭᠡᠭᠡᠨ ᠬᠥᠭᠵᠢᠭᠦᠯᠬᠦ ᠡᠷᠴᠢᠮ ᠢᠶᠠᠨ |
ᠦᠷᠭᠦᠯᠵᠢᠯᠡᠨ ᠴᠢᠩᠭᠠᠷᠠᠭᠤᠯᠵᠤ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ᠂ ᠬᠠᠷᠢᠯᠴᠠᠨ ᠠᠰᠢᠭᠲᠠᠢ |
ᠬᠠᠮᠲᠤᠪᠠᠷ ᠠᠰᠢᠭ ᠬᠦᠷᠳᠡᠬᠦ ᠣᠷᠣᠨ ᠪᠦᠰᠡ ᠶᠢᠨ ᠬᠠᠮᠲᠤᠷᠠᠯᠴᠠᠭᠠᠨ ᠤ ᠰᠢᠨ᠎ᠡ ᠪᠠᠶᠢᠳᠠᠯ ᠢ ᠬᠦᠴᠦᠯᠡᠨ ᠪᠠᠶᠢᠭᠤᠯᠬᠤ |
ᠬᠡᠷᠡᠭᠲᠡᠢ ᠭᠡᠵᠡᠢ᠃ |
|
|
|
|
|
|
|
|
|
|
|
᠁ |