ᠠᠭᠠᠷ ᠤᠨ ᠳᠤᠯᠠᠭᠠᠨ ᠳᠣᠷᠣᠭᠰᠢᠯᠠᠬᠤ ᠶᠢ ᠳᠠᠭᠠᠯᠳᠤᠨ ᠤᠷᠳᠤᠰ ᠬᠤᠲᠠ ᠡᠪᠦᠯ ᠤᠨ ᠵᠢᠭᠤᠯᠴᠢᠯᠡᠯ ᠤᠨ |
ᠬᠥᠭᠵᠢᠶᠡᠨᠲᠤ ᠤᠯᠠᠷᠢᠯ ᠢᠶᠠᠨ ᠣᠭᠲᠤᠨ ᠠᠪᠤᠯ᠎ᠠ᠃ ᠡᠯ᠎ᠡ ᠦᠵᠡᠮᠵᠢ ᠶᠢᠨ ᠣᠷᠣᠨ ᠨᠢ ᠡᠪᠦᠯ ᠤᠨ ᠤᠯᠠᠷᠢᠯ ᠤᠨ |
ᠣᠨᠴᠠᠯᠢᠭᠲᠤ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ ᠱᠠᠯᠠᠪᠲᠠᠨ ᠬᠢᠵᠦ᠂ ᠡᠪᠦᠯ ᠤᠨ ᠤᠯᠠᠷᠢᠯ ᠤᠨ ᠰᠣᠶᠣᠯ |
ᠵᠢᠭᠤᠯᠴᠢᠯᠠᠯ ᠤᠨ ᠵᠠᠬ᠎ᠠ ᠳᠡᠯᠭᠡᠭᠦᠷ ᠢ ᠬᠥᠭᠵᠢᠶᠡᠨ ᠲᠠᠢ ᠪᠣᠯᠭᠠᠵᠤ ᠪᠠᠶᠢᠨ᠎ᠠ᠃ |
ᠡᠭᠦᠨ ᠳᠤ ᠵᠢᠦ ᠴᠧᠩ ᠬᠦᠩ ᠤᠯᠠᠨ ᠤᠯᠤᠰ ᠤᠨ ᠴᠠᠨᠠᠯᠠᠯᠲᠠ ᠶᠢᠨ ᠳᠠᠯᠠᠪᠠᠢ 11 ᠰᠠᠷ᠎ᠠ ᠶᠢᠨ 17 ᠤ |
ᠡᠳᠦᠷ ᠠᠴᠠ ᠡᠬᠢᠯᠡᠨ ᠬᠢᠮᠡᠯ ᠴᠠᠰᠤ ᠣᠷᠣᠭᠤᠯᠵᠤ᠂ 11 ᠰᠠᠷ᠎ᠠ ᠶᠢᠨ 25 ᠤ ᠡᠳᠤᠷ ᠵᠢᠩᠭᠢᠨᠢ ᠪᠠᠷ ᠡᠭᠦᠳᠡ ᠪᠠᠨ |
ᠨᠡᠬᠡᠭᠡᠵᠦ ᠵᠣᠴᠢᠨ ᠢᠶᠠᠨ ᠣᠭᠲᠣᠭᠰᠠᠨ ᠪᠠᠶᠢᠨ᠎ᠠ᠃ ᠡᠨᠡ ᠵᠢᠯ ᠲᠣᠰ ᠵᠢᠭᠤᠯᠴᠢᠯᠡᠯ ᠤᠨ ᠣᠷᠣᠨ ᠰᠢᠨ᠎ᠡ ᠪᠠᠷ 700 |
ᠭᠠᠷᠤᠢ ᠰᠡᠭᠦᠳᠡᠷᠯᠡᠬᠦ ᠬᠤᠪᠴᠠᠰᠤ ᠨᠡᠮᠡᠵᠤ᠂ ᠴᠠᠨᠠᠯᠠᠬᠤ ᠳᠤ ᠡᠮᠦᠰᠳᠡᠭ ᠬᠤᠪᠴᠡᠰᠤ ᠪᠣᠯᠣᠨ ᠴᠠᠨᠠᠯᠡᠯᠲᠠ ᠶᠢᠨ |
ᠬᠡᠷᠡᠭᠰᠡᠯ ᠢ ᠴᠤ 500 ᠭᠠᠷᠤᠢ ᠢᠵᠢ ᠨᠡᠮᠡᠵᠡᠢ᠃ ᠪᠠᠰᠠ ᠮᠥᠰᠤᠨ ᠱᠤᠭᠤᠮᠠᠯ ᠤᠨ ᠦᠵᠡᠭᠦᠯᠭᠡ᠂ ᠴᠠᠰᠤᠨ ᠳᠤ |
ᠭᠤᠯᠭᠤᠬᠤ ᠬᠦᠳᠡᠯᠭᠡᠭᠡᠨ᠂ ᠪᠣᠳᠠᠰ ᠤᠨ ᠪᠤᠰᠤ ᠰᠣᠶᠣᠯ ᠤᠨ ᠥᠪ ᠠᠮᠳᠠᠲᠤ ᠢᠳᠡᠭᠡᠨ ᠵᠡᠷᠭᠡ ᠶᠢ ᠠᠭᠤᠰᠤᠯᠴᠠᠭᠤᠯᠵᠤ |
᠂ ᠬᠤᠲᠠ ᠶᠢᠨ ᠠᠷᠠᠳ ᠪᠠ ᠵᠤᠭᠠᠴᠠᠭᠰᠠᠳ ᠲᠤ ᠨᠢᠭᠡᠨ ᠭᠤᠶᠤ ᠰᠠᠶᠢᠬᠠᠨ ᠮᠥᠰᠣ ᠴᠠᠰᠤᠨ ᠤ ᠷᠢᠳᠢ ᠰᠢᠳᠢ ᠶᠢ |
ᠮᠡᠳᠡᠷᠡᠭᠦᠯᠬᠦ ᠪᠠᠷ ᠪᠥᠬᠦ ᠬᠦᠴᠣᠨ ᠢᠶᠠᠷ ᠢᠶᠠᠨ ᠴᠢᠷᠮᠡᠶᠢᠵᠤ ᠪᠠᠶᠢᠨ᠎ᠠ᠃ |
ᠤᠷᠳᠤᠰ ᠤᠨ ᠭᠡᠭᠡᠷ᠎ᠡ ᠶᠢᠨ ᠠᠮᠢᠲᠠᠨ ᠤ ᠬᠦᠷᠢᠶᠡᠯᠡᠩ ᠶᠠᠭ ᠠᠮᠢᠲᠡᠨ ᠤ ᠬᠦᠷᠢᠶᠡᠯᠠᠩ ᠤᠨ ᠮᠥᠰᠣ ᠴᠠᠰᠤᠨ ᠤ |
ᠳᠠᠭᠤᠤ ᠬᠥᠭᠵᠢᠮ ᠤᠨ ᠤᠯᠠᠷᠢᠯ ᠤᠨ ᠠᠵᠢᠯᠯᠠᠭ᠎ᠠ ᠶᠢ ᠶᠠᠭᠠᠷᠠᠯᠲᠠᠢ ᠪᠡᠯᠡᠳᠭᠡᠵᠦ ᠪᠠᠶᠢᠨ᠎ᠠ᠂ ᠲᠣᠰ ᠤᠳᠠᠭᠠᠨ ᠤ ᠮᠥᠰᠣ |
ᠴᠠᠰᠤᠨ ᠤ ᠳᠠᠭᠤᠤ ᠬᠥᠭᠵᠢᠮ ᠤᠨ ᠤᠯᠠᠷᠢᠯ ᠳᠤ ᠳᠠᠭᠤᠤ ᠪᠦᠵᠢᠭ ᠤᠷᠠᠨ ᠰᠠᠶᠢᠬᠠᠨ ᠤ ᠲᠤᠭᠯᠠᠯᠲᠠ᠂ ᠤᠮᠠᠷᠠᠲᠤ |
ᠲᠦᠢᠯ ᠤᠨ ᠴᠢᠨ᠋ᠸ᠎ᠠ ᠶᠢᠨ ᠦᠵᠡᠭᠦᠯᠭᠡ ᠵᠢᠴᠢ ᠥᠪᠣᠷ ᠮᠣᠩᠭᠤᠯ ᠤᠨ ᠬᠠᠮᠤᠭ ᠤᠨ ᠣᠷᠲᠤ ᠮᠥᠰᠥ ᠴᠠᠰᠤᠨ ᠤ |
ᠭᠤᠯᠭᠤᠭᠤᠷ ᠱᠠᠲᠤ ᠵᠡᠷᠭᠡ ᠲᠦᠷᠤᠯ ᠵᠦᠢᠯ ᠢ ᠪᠠᠭᠲᠠᠭᠠᠵᠤ᠂ ᠡᠪᠦᠯ ᠤᠨ ᠤᠯᠠᠷᠢᠯ ᠤᠨ ᠠᠮᠢᠲᠠᠨ ᠤ ᠬᠦᠷᠢᠶᠡᠯᠠᠩ ᠤᠨ |
ᠥᠪᠡᠷᠮᠢᠴᠠ ᠣᠨᠴᠠᠯᠢᠭ ᠲᠠᠢ᠂ ᠰᠣᠨᠢᠷᠬᠠᠯᠲᠠᠢ ᠰᠢᠨ᠎ᠡ ᠣᠶᠢᠯᠭᠠᠯᠲᠠ ᠶᠢ ᠪᠠᠶᠠᠴᠢᠯᠠᠨ ᠣᠶᠢᠯᠠᠭᠠᠭᠤᠯᠵᠤ᠂ ᠡᠪᠦᠯ ᠤᠨ |
ᠤᠯᠠᠷᠢᠯ ᠤᠨ ᠰᠣᠶᠣᠯ ᠵᠢᠭᠤᠯᠴᠢᠯᠡᠯ ᠤᠨ ᠵᠠᠬ᠎ᠠ ᠳᠡᠯᠭᠡᠭᠦᠷ ᠤᠨ ᠰᠢᠨ᠎ᠡ ᠠᠮᠢᠵᠢᠷᠡᠯ ᠤᠨ ᠬᠦᠴᠣᠨ ᠢ ᠬᠥᠭᠵᠢᠭᠡᠵᠦ |
ᠪᠠᠶᠢᠨ᠎ᠠ᠃ |
ᠡᠨᠡ ᠡᠪᠦᠯ ᠤᠷᠳᠤᠰ ᠬᠤᠲᠠ ᠮᠥᠰᠥ ᠴᠠᠰᠤᠨ ᠤ ᠵᠢᠭᠤᠯᠴᠢᠯᠠᠯ᠂ ᠮᠥᠰᠥ ᠴᠠᠰᠤᠨ ᠤ ᠨᠠᠭᠠᠳᠤᠮ᠂ ᠮᠥᠰᠣ |
ᠴᠠᠰᠤᠨ ᠤ ᠨᠠᠶᠢᠷ ᠵᠡᠷᠭᠡ 50 ᠭᠠᠷᠤᠢ ᠵᠦᠢᠯ ᠤᠨ ᠣᠨᠴᠠᠯᠢᠭᠲᠤ ᠰᠣᠶᠣᠯ ᠵᠢᠭᠤᠯᠴᠢᠯᠡᠯ ᠤᠨ ᠠᠵᠢᠯᠯᠠᠭ᠎ᠠ ᠶᠢ |
ᠦᠷᠨᠢᠭᠦᠯᠬᠦ ᠪᠠᠷ ᠲᠦᠯᠤᠪᠯᠡᠵᠦ᠂ ᠤᠷᠠᠨ ᠰᠠᠶᠢᠬᠠᠨ ᠤ ᠲᠤᠭᠯᠠᠯᠲᠠ᠂ ᠪᠣᠳᠠᠰ ᠤᠨ ᠪᠤᠰᠤ ᠰᠣᠶᠣᠯ ᠤᠨ ᠥᠪ ᠤᠨ |
ᠦᠵᠡᠭᠦᠯᠭᠡ᠂ ᠮᠥᠰᠥ ᠴᠠᠰᠤᠨ ᠤ ᠲᠠᠮᠢᠷ ᠤᠨ ᠬᠦᠳᠡᠯᠭᠡᠭᠡᠨ ᠵᠡᠷᠭᠡ ᠠᠭᠤᠯᠭ᠎ᠠ ᠶᠢ ᠬᠠᠮᠤᠷᠬᠤ ᠶᠢᠨ ᠬᠠᠮᠲᠤ |
ᠬᠤᠲᠠ ᠶᠢᠨ ᠰᠠᠶᠢᠨ ᠳᠤᠷ᠎ᠠ ᠶᠢᠨ ᠦᠢᠯᠠᠴᠢᠯᠡᠭᠡ᠂ ᠵᠠᠮ ᠬᠠᠷᠢᠯᠴᠠᠭᠠᠨ ᠤ ᠲᠤᠯᠠᠭᠠᠨ ᠦᠢᠯᠠᠴᠢᠯᠡᠭᠡ᠂ ᠦᠨ᠎ᠡ |
ᠬᠠᠩᠰᠢ ᠶᠢᠨ ᠪᠠᠲᠤᠯᠠᠭ᠎ᠠ ᠶᠢᠨ ᠦᠢᠯᠡᠴᠢᠯᠡᠭᠡ ᠶᠢ ᠬᠠᠩᠭᠠᠵᠤ᠂ ᠳᠥᠷᠪᠡᠨ ᠵᠦᠭ ᠨᠠᠢᠮᠠᠨ ᠵᠣᠪᠬᠢᠰ ᠠᠴᠠ ᠢᠷᠡᠭᠰᠡᠨ |
ᠵᠣᠴᠢᠳ ᠢ ᠪᠠᠶᠠᠷᠯᠠᠨ ᠤᠭᠲᠣᠵᠤ᠂ ᠤᠷᠳᠤᠰ ᠤᠨ ᠡᠪᠦᠯ ᠤᠨ ᠤᠯᠠᠷᠢᠯ ᠤᠨ ᠵᠢᠭᠤᠯᠴᠢᠯᠡᠯ ᠤᠨ ᠥᠪᠡᠳᠡᠭᠰᠢ ᠨᠠᠶᠢᠷ ᠢ |
ᠲᠠ ᠨᠠᠷ ᠲᠤ ᠪᠡᠶᠡᠴᠢᠯᠡᠨ ᠣᠶᠢᠯᠠᠭᠠᠭᠤᠯᠬᠤ ᠪᠠᠷ ᠪᠡᠯᠡᠭᠡᠨ ᠪᠠᠶᠢᠨ᠎ᠠ᠃ |
|
|
|
|
|
|
|
|
|
|
᠁ |