|
|
|
ᠪᠣᠣ ᠭᠠᠩ ᠲᠤᠰᠬᠠᠢ ᠰᠡᠳᠦᠪᠲᠦ ᠬᠠᠪᠰᠤᠷᠤᠨ ᠵᠢᠯᠣᠭᠤᠳᠤᠯᠭ᠎ᠠ ᠬᠢᠵᠦ ᠾᠧ ᠬᠠᠢ ᠳ᠋ᠦᠩ ᠯᠢ ᠵᠢᠶᠦ᠋ᠩ ᠼᠦᠢ |
ᠵᠧᠨ ᠦ᠋ ᠣᠷᠣᠯᠴᠠᠪᠠ ︵ᠰᠤᠷᠪᠤᠯᠵᠢᠯᠠᠭᠴᠢ ᠶᠦᠨ ᠵᠢᠩ ᠭᠧᠩ ᠰᠢᠨ︶ 12 ᠳ᠋ᠤᠭᠠᠷ ᠰᠠᠷ᠎ᠠ ᠶᠢᠨ 7 ᠠᠴᠠ 8 ᠤ |
ᠡᠳᠦᠷ ᠪᠣᠯᠲᠠᠯ᠎ᠠ᠂ ᠬᠤᠲᠠ ᠶᠢᠨ ᠨᠠᠮ ᠤᠨ ᠬᠤᠷᠢᠶ᠎ᠠ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ |
ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ᠂ ᠣᠷᠣᠨ ᠤ ᠲᠥᠪ ᠬᠤᠲᠠ ᠶᠢᠨ |
ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠠᠵᠢᠯ ᠢ ᠪᠥᠬᠦ ᠲᠠᠯ᠎ᠠ ᠪᠠᠷ ᠲᠦᠯᠬᠢᠨ ᠠᠬᠢᠭᠤᠯᠬᠤ ᠲᠤᠰᠬᠠᠢ ᠰᠡᠳᠦᠪᠲᠦ |
ᠪᠣᠯᠪᠠᠰᠤᠷᠠᠯ ᠤᠨ ᠠᠩᠭᠢ ᠵᠢᠴᠢ ᠣᠨᠣᠯ ᠰᠤᠷᠤᠯᠴᠠᠬᠤ ᠭᠤᠣᠯ ᠳᠤᠭᠤᠶᠢᠯᠠᠩ ︵ᠥᠷᠭᠡᠳᠬᠡᠭᠰᠡᠨ︶ 2024 ᠣᠨ ᠤ |
ᠠᠷᠪᠠᠨ ᠵᠢᠷᠭᠤᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠶᠠᠪᠤᠭᠳᠠᠪᠠ᠃ ᠥᠪᠡᠷᠲᠡᠭᠡᠨ ᠵᠠᠰᠠᠬᠤ |
ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠦᠦ |
ᠭᠠᠩ ᠲᠤᠰᠬᠠᠢ ᠰᠡᠳᠦᠪᠲᠦ ᠬᠠᠪᠰᠤᠷᠤᠨ ᠵᠢᠯᠣᠭᠤᠳᠤᠯᠭ᠎ᠠ ᠬᠢᠪᠡ᠃ ᠪᠣᠣ ᠭᠠᠩ ᠨᠠᠮ ᠤᠨ ᠬᠤᠷᠢᠳᠤᠭᠠᠷ ᠶᠡᠭᠡ |
ᠬᠤᠷᠠᠯ ᠤᠨ ᠳᠠᠷᠠᠭᠠᠬᠢ ᠠᠯᠢ ᠤᠯᠠᠨ ᠴᠢᠬᠤᠯᠠ ᠶᠠᠷᠢᠶᠠᠨ ᠤ ᠵᠣᠷᠢᠭ ᠰᠠᠨᠠᠭᠠᠨ ᠤ ᠭᠤᠣᠯ ᠠᠭᠤᠯᠭ᠎ᠠ ᠶᠢ |
ᠰᠢᠰᠲ᠋ᠧᠮ ᠲᠠᠢ ᠡᠮᠬᠢᠯᠡᠵᠦ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ᠂ ᠰᠢᠨᠵᠢᠯᠡᠬᠦ |
ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ |
ᠤᠬᠠᠮᠰᠠᠷ ᠢ ᠪᠠᠲᠤ ᠴᠤᠭᠴᠠᠯᠠᠬᠤ᠂ ᠰᠢᠨ᠎ᠡ ᠬᠡᠯᠪᠡᠷᠢ ᠶᠢᠨ ᠬᠤᠳᠠ ᠪᠠᠯᠭᠠᠰᠤᠵᠢᠯᠳᠠ ᠶᠢ ᠠᠬᠢᠭᠤᠯᠬᠤ᠂ ᠠᠮᠢ |
ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠴᠢᠩᠭᠠᠳᠬᠠᠬᠤ᠂ ᠳᠣᠲᠣᠭᠠᠳᠤ ᠭᠠᠳᠠᠭᠠᠳᠤ ᠶᠢᠨ |
ᠨᠡᠬᠡᠬᠡᠯᠳᠡ ᠶᠢ ᠦᠷᠭᠡᠳᠭᠡᠬᠦ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ᠂ ᠰᠣᠶᠣᠯ ᠵᠢᠭᠤᠯᠴᠢᠯᠠᠯ ᠢ |
ᠠᠭᠤᠰᠤᠯᠴᠠᠭᠤᠯᠤᠨ ᠬᠥᠭᠵᠢᠭᠦᠯᠬᠦ᠂ ᠨᠠᠮ ᠤᠨ ᠪᠠᠶᠢᠭᠤᠯᠤᠯᠲᠠ ᠶᠢ ᠴᠢᠩᠭᠠᠳᠬᠠᠬᠤ᠂ ᠥᠭᠡᠷᠡᠴᠢᠯᠡᠯᠲᠡ ᠶᠢ |
ᠴᠢᠨᠠᠭᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠡᠷᠭᠡ ᠠᠷᠪᠠᠨ ᠲᠠᠯ᠎ᠠ ᠶᠢᠨ ᠲᠣᠭᠤᠷᠢᠨ ᠳᠤ᠂ ᠤᠯᠠᠨ ᠢ |
ᠳᠠᠭᠠᠭᠤᠯᠤᠨ ᠶᠡᠷᠦᠩᠬᠡᠢ ᠱᠦᠵᠢ ᠰᠢ ᠶᠢᠨ ᠫᠢᠩ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ |
ᠲᠤᠬᠠᠢ ᠠᠯᠢ ᠤᠯᠠᠨ ᠰᠢᠨ᠎ᠡ ᠦᠵᠡᠯ ᠰᠠᠨᠠᠭ᠎ᠠ᠂ ᠰᠢᠨ᠎ᠡ ᠦᠵᠡᠯᠲᠡ᠂ ᠰᠢᠨ᠎ᠡ ᠨᠤᠲᠠᠯᠠᠯᠲᠠ ᠶᠢ ᠭᠦᠨᠵᠡᠭᠡᠢ ᠰᠤᠷᠤᠯᠴᠠᠨ |
ᠣᠶᠢᠯᠠᠭᠠᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ |
ᠨᠠᠷᠢᠨ ᠬᠢᠨᠠᠮᠠᠭᠠᠢ ᠲᠤᠭᠤᠰᠢᠯᠠᠭᠤᠯᠵᠤ᠂ ᠡᠯ᠎ᠡ ᠵᠦᠢᠯ ᠤᠨ ᠥᠭᠡᠷᠡᠴᠢᠯᠡᠯᠲᠡ ᠶᠢᠨ ᠪᠠᠶᠢᠷᠢᠯᠠᠭᠤᠯᠤᠯᠲᠠ ᠶᠢ |
ᠦᠷᠭᠦᠯᠵᠢᠯᠡᠨ ᠪᠤᠲᠠᠲᠠᠶᠢᠵᠢᠭᠤᠯᠤᠨ ᠨᠠᠶᠢᠳᠠᠪᠤᠷᠢᠵᠢᠭᠤᠯᠵᠤ ᠶᠢ ᠠᠬᠢᠭᠤᠯᠵᠤ᠂ ︽ᠬᠤᠶᠠᠷ ᠢ ᠲᠤᠭᠲᠠᠭᠠᠭᠰᠠᠨ︾ ᠢ |
ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠪᠣᠳᠠᠲᠤ ᠠᠵᠢᠯᠯᠠᠭ᠎ᠠ ᠳᠡᠭᠡᠷ᠎ᠡ ᠪᠠᠨ ᠨᠠᠶᠢᠳᠠᠪᠤᠷᠢᠵᠢᠭᠤᠯᠬᠤ ᠬᠡᠷᠡᠭᠲᠡᠢ |
ᠭᠡᠵᠦ ᠱᠠᠭᠠᠷᠳᠠᠪᠠ᠃ ᠪᠣᠣ ᠭᠠᠩ ᠪᠠᠰᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠶᠡᠷᠦᠩᠬᠡᠢ |
ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ |
ᠰᠡᠳᠬᠢᠴᠡ ᠠᠷᠭ᠎ᠠ ᠬᠡᠮᠵᠢᠶ᠎ᠡ ᠶᠢ ᠡᠮᠬᠢᠯᠡᠵᠦ ᠬᠤᠷᠢᠶᠠᠩᠭᠤᠶᠢᠯᠠᠪᠠ᠃ ᠲᠡᠷᠡ ᠬᠡᠯᠡᠬᠦ ᠳᠡᠭᠡᠨ᠂ ᠣᠶᠢᠷ᠎ᠠ ᠶᠢᠨ ᠵᠢᠯ ᠤᠨ |
ᠲᠤᠷᠰᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠡᠷᠦᠩᠬᠡᠶ ᠱᠦᠵᠢ ᠰᠢ ᠶᠢᠨ ᠫᠢᠩ ᠪᠣᠯᠤᠨ ᠨᠠᠮ ᠤᠨ |
ᠲᠥᠪ ᠬᠤᠷᠢᠶ᠎ᠠ ᠠᠴᠠ ᠥᠪᠥᠷ ᠮᠣᠩᠭᠤᠯ ᠳᠤ ᠣᠯᠭᠤᠭᠰᠠᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ |
ᠪᠠᠲᠤ ᠡᠵᠡᠮᠳᠡᠵᠦ᠂ ᠠᠯᠢ ᠣᠯᠠᠨ ᠥᠪᠥᠷ ᠮᠣᠩᠭᠤᠯ ᠤᠨ ᠠᠯᠤᠰ ᠬᠡᠲᠦ ᠶᠢᠨ ᠬᠥᠭᠵᠢᠯᠲᠡ ᠳᠤ ᠬᠤᠯᠪᠣᠭᠳᠠᠬᠤ |
ᠵᠠᠩᠭᠢᠯᠠᠭ᠎ᠠ ᠶᠢᠨ ᠠᠷᠭ᠎ᠠ ᠬᠡᠮᠵᠢᠶ᠎ᠡ ᠶᠢ ᠭᠦᠨᠵᠡᠭᠡᠶ ᠲᠥᠯᠥᠪᠵᠢᠭᠦᠯᠬᠦ ᠶᠢᠨ ᠬᠠᠮᠲᠤ ᠡᠷᠴᠢᠮᠲᠡᠢ ᠠᠬᠢᠭᠤᠯᠵᠤ᠂ |
ᠭᠤᠤᠯᠳᠠᠭᠤ ︽ᠨᠢᠭᠡ ᠭᠤᠤᠯ ᠱᠤᠭᠤᠮ︾ ᠳᠤ ᠠᠩᠬᠠᠷᠤᠯ ᠢᠶᠠᠨ ᠲᠥᠪᠯᠡᠷᠡᠭᠦᠯᠦᠨ᠂ ︽ᠬᠤᠶᠠᠷ ᠶᠡᠭᠡ ᠶᠠᠪᠤᠳᠠᠯ︾ ᠢ |
ᠲᠣᠳᠣᠷᠬᠠᠶᠢᠯᠠᠵᠤ᠂ ᠠᠵᠤ ᠠᠬᠤᠶ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠵᠠᠬ᠎ᠠ ᠳᠡᠯᠭᠡᠭᠦᠷ ᠤᠨ |
ᠤᠬᠠᠮᠰᠠᠷ ᠢᠶᠠᠨ ᠳᠡᠭᠡᠭᠰᠢᠯᠡᠭᠦᠯᠵᠦ᠂ ︽ᠲᠠᠪᠤ ᠶᠢ ᠲᠦᠢᠯᠪᠤᠷᠢᠲᠠᠢ ᠪᠠᠶᠢᠴᠠᠭᠠᠬᠤ︾ ᠶᠢ ᠥᠷᠨᠢᠭᠦᠯᠵᠦ᠂ ︽ᠵᠢᠷᠭᠤᠭᠠᠨ |
ᠢᠨᠵᠧᠨᠧᠷᠢᠩ︾ ᠢ ᠬᠡᠷᠡᠭᠵᠢᠭᠦᠯᠵᠦ᠂ ︽ᠳᠤᠯᠤᠭ᠎ᠠ ᠶᠢ ᠲᠠᠶᠠᠭᠳᠠᠬᠤ︾ ᠶᠢ ᠳᠤᠷᠠᠳᠴᠤ᠂ ︽ᠤᠮᠠᠷᠠᠲᠤ ᠬᠢᠯᠢ ᠶᠢᠨ |
ᠰᠣᠶᠣᠯ︾ ᠤᠨ ᠨᠠᠷᠠᠲᠤ ᠲᠡᠮᠳᠡᠭ ᠢ ᠡᠭᠦᠳᠴᠦ᠂ ︽ᠲᠥᠪ ᠬᠤᠲᠠ ᠶᠢ ᠬᠦᠴᠦᠷᠬᠡᠭᠵᠢᠭᠦᠯᠬᠦ︾ ᠢᠨᠵᠧᠨᠧᠷᠢᠩ ᠢ |
ᠬᠡᠷᠡᠭᠵᠢᠭᠦᠯᠵᠦ᠂ ᠵᠥᠪ ᠲᠠᠯ᠎ᠠ ᠶᠢᠨ ᠳᠦᠷᠢ ᠲᠥᠷᠬᠦ ᠶᠢ ᠢᠳᠡᠪᠬᠢᠲᠡᠶ ᠪᠣᠶ ᠪᠣᠯᠭᠠᠬᠤ ᠵᠡᠷᠭᠡ ᠠᠷᠪᠠᠨ ᠲᠠᠯ᠎ᠠ ᠳᠤ ᠪᠢᠳᠡ |
ᠡᠷᠬᠡᠪᠰᠢ ᠲᠡᠷᠡ ᠶᠣᠰᠣᠭᠠᠷ ᠨᠢ ᠰᠠᠶᠢᠲᠤᠷ ᠠᠳᠬᠤᠵᠤ᠂ ᠥᠪᠡᠷᠲᠡᠭᠡᠨ ᠵᠠᠰᠠᠬᠤ ᠣᠷᠣᠨ ᠤ ︽ᠰᠢᠨ᠎ᠡ ᠵᠠᠮ ᠨᠡᠭᠡᠭᠡᠵᠦ᠂ |
ᠳᠤᠮᠳᠠᠳᠤ ᠤᠷᠤᠰᠬᠠᠯ ᠳᠤ ᠣᠷᠣᠬᠤ︾ ᠳᠤ ᠨᠠᠩ ᠣᠯᠠᠨ ᠤᠷᠤᠨ ᠤ ᠲᠥᠪ ᠬᠤᠲᠠ ᠶᠢᠨ ᠬᠦᠴᠦᠨ ᠴᠢᠳᠠᠯ ᠢᠶᠠᠨ |
ᠡᠷᠭᠦᠬᠦ ᠬᠡᠷᠡᠭᠲᠡᠶ ᠭᠡᠵᠡᠶ᠃ ᠪᠣᠣ ᠭᠠᠩ ᠬᠡᠯᠡᠬᠦ ᠳᠡᠭᠡᠨ᠂ ᠬᠤᠳᠠ ᠶᠢᠨ ᠠᠷᠪᠠᠨ ᠭᠤᠷᠪᠠᠳᠤᠭᠠᠷ ᠤᠳᠠᠭ᠎ᠠ ᠶᠢᠨ ᠨᠠᠮ ᠤᠨ |
ᠲᠥᠯᠥᠭᠡᠯᠡᠭᠴᠢᠳ ᠤᠨ ᠶᠡᠭᠡ ᠬᠤᠷᠠᠯ ᠠᠴᠠ ᠨᠠᠭᠠᠰᠢ᠂ ᠪᠦᠬᠦ ᠬᠤᠳᠠ ᠪᠠᠷ ᠢᠶᠠᠨ ᠶᠡᠷᠦᠩᠬᠡᠢ ᠱᠦᠵᠢ ᠰᠢ ᠶᠢᠨ |
ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ |
ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠶᠢ ᠨᠠᠷᠢᠨ |
ᠬᠢᠨᠠᠮᠠᠭᠠᠢ ᠨᠠᠶᠢᠳᠠᠪᠤᠷᠢᠵᠢᠭᠤᠯᠵᠤ᠂ ᠵᠣᠷᠢᠭᠲᠠᠢ ᠪᠠᠷ ᠥᠭᠡᠷᠡᠴᠢᠯᠡᠯᠲᠡ ᠬᠢᠵᠦ᠂ ᠬᠦᠴᠢᠷ ᠢ ᠲᠤᠭᠤᠯᠤᠨ ᠪᠡᠷᠬᠡ ᠶᠢ |
ᠳᠠᠪᠠᠵᠤ᠂ ᠣᠷᠣᠨ ᠤ ᠲᠥᠪ ᠬᠤᠲᠠ ᠶᠢᠨ ᠠᠯᠤᠰ ᠬᠡᠳᠤ ᠶᠢᠨ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠠᠯᠢ ᠤᠯᠠᠨ |
ᠲᠤᠪᠤᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠪᠡ᠃ ᠨᠢᠭᠡ ᠳᠤ᠂ ᠬᠠᠷᠠᠯᠲᠠ ᠶᠢᠨ ᠪᠠᠶᠢᠷᠢ ᠲᠣᠭᠲᠠᠭᠠᠯᠲᠠ ᠶᠢᠨ |
ᠠᠰᠠᠭᠤᠳᠠᠯ ᠢ ᠰᠢᠢᠳᠪᠦᠷᠢᠯᠡᠵᠦ᠂ ︽ᠭᠤᠷᠪᠠᠨ ᠬᠤᠲᠠ︾ ᠶᠢ ᠴᠢᠷᠮᠠᠶᠢᠨ ᠡᠭᠦᠳᠬᠦ᠂ ︽ᠵᠢᠷᠭᠤᠭᠠᠨ ᠶᠡᠭᠡ ᠠᠵᠤ |
ᠦᠢᠯᠡᠰ ᠤᠨ ᠪᠥᠭᠡᠮᠨᠡᠷᠡᠯ︾ ᠢ ᠪᠤᠶᠢᠵᠢᠭᠤᠯᠬᠤ᠂ ︽ᠳᠥᠷᠪᠡᠨ ᠶᠡᠭᠡ ᠠᠵᠤ ᠠᠬᠤᠶ ᠶᠢᠨ ᠴᠠᠭᠠᠷᠢᠭ︾ ᠢ ᠠᠬᠢᠭᠤᠯᠤᠨ |
ᠠᠭᠤᠰᠤᠯᠴᠠᠭᠤᠯᠬᠤ᠂ ︽ᠲᠠᠪᠤᠨ ᠲᠣᠬᠢᠷᠠᠮᠵᠢᠲᠠᠶ︾ ᠬᠤᠲᠠ ᠶᠢ ᠪᠥᠲᠥᠭᠡᠨ ᠪᠠᠶᠢᠭᠤᠯᠬᠤ᠂ ︽ᠵᠢᠷᠭᠤᠭᠠᠨ ᠣᠷᠣᠨ |
ᠪᠦᠰᠡ ᠶᠢᠨ ᠲᠥᠪ︾ ᠢ ᠴᠣᠭᠴᠠᠯᠠᠬᠤ ᠶᠡᠷᠦᠩᠬᠡᠶ ᠰᠡᠳᠬᠢᠮᠵᠢ ᠶᠢ ᠲᠣᠳᠣᠷᠬᠠᠶ ᠲᠣᠭᠲᠠᠭᠠᠪᠠ᠃ ᠬᠤᠶᠠᠷ ᠲᠤ᠂ |
ᠲᠥᠯᠥᠪᠵᠢᠭᠦᠯᠭᠡ ᠶᠢᠨ ᠪᠠᠶᠢᠷᠢᠰᠢᠭᠤᠯᠤᠯᠲᠠ ᠶᠢᠨ ᠠᠰᠠᠭᠤᠳᠠᠯ ᠢ ᠰᠢᠢᠳᠪᠦᠷᠢᠯᠡᠵᠦ᠂ ︽ᠨᠢᠭᠡ ᠭᠤᠣᠯ ᠨᠢᠭᠡ ᠳᠡᠳ᠋᠂ |
ᠨᠢᠭᠡ ᠲᠦᠪ ᠬᠤᠶᠠᠷ ᠵᠢᠭᠦᠷ︾ ᠤᠨ ᠬᠤᠳᠠ ᠶᠢᠨ ᠣᠷᠣᠨ ᠵᠠᠢ ᠶᠢᠨ ᠪᠠᠶᠢᠷᠢᠰᠢᠭᠤᠯᠤᠯᠲᠠ᠂ ︽ᠨᠢᠭᠡ ᠬᠥᠨᠳᠡᠯᠡᠨ |
ᠬᠤᠶᠠᠷ ᠭᠤᠯᠳᠤ ᠳᠦᠷᠪᠡᠨ ᠲᠣᠭᠤᠷᠢᠯ ᠭᠤᠷᠪᠠᠨ ᠬᠦᠢᠰᠦ ᠠᠷᠪᠠᠨ ᠬᠤᠶᠠᠷ ᠰᠠᠴᠤᠷᠠᠭ︾ ᠶᠢᠨ ᠪᠣᠰᠤᠭ᠎ᠠ ᠴᠣᠭᠴᠠᠲᠤ |
ᠵᠠᠮ ᠬᠠᠷᠢᠯᠴᠠᠭᠠᠨ ᠤ ᠪᠠᠶᠢᠷᠢᠰᠢᠭᠤᠯᠤᠯᠲᠠ᠂ ︽ᠬᠤᠶᠠᠷ ᠬᠠᠯᠬᠠᠪᠴᠢ ᠲᠦᠷᠪᠡᠨ ᠪᠦᠰᠡ ᠤᠯᠠᠨ ᠴᠡᠭ︾ ᠤᠨ ᠠᠮᠢ |
ᠠᠬᠤᠢ ᠶᠢᠨ ᠣᠷᠣᠨ ᠵᠠᠢ ᠶᠢᠨ ᠪᠠᠶᠢᠷᠢᠰᠢᠭᠤᠯᠤᠯᠲᠠ᠂ ︽ᠨᠢᠭᠡ ᠬᠤᠩᠬᠢᠯ ᠬᠤᠶᠠᠷ ᠲᠡᠩᠭᠡᠯᠢᠭ ᠲᠠᠪᠤᠨ ᠪᠦᠰᠡ︾ ᠶᠢᠨ |
ᠰᠣᠶᠣᠯ ᠵᠢᠭᠤᠯᠴᠢᠯᠠᠯ ᠤᠨ ᠬᠥᠭᠵᠢᠯᠲᠡ ᠶᠢᠨ ᠪᠠᠶᠢᠷᠢᠰᠢᠭᠤᠯᠤᠯᠲᠠ᠂ ︽ᠨᠢᠭᠡ ᠲᠤᠭᠤᠷᠢᠭ ᠨᠢᠭᠡ ᠬᠦᠷᠢᠶᠡᠯᠡᠩ ᠤᠯᠠᠨ |
ᠲᠠᠪᠴᠠᠩ︾ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠶᠢᠷᠢᠰᠢᠭᠤᠯᠤᠯᠲᠠ᠂ ︽ᠭᠤᠷᠪᠠᠨ |
ᠲᠣᠭᠤᠷᠢᠭ ᠭᠤᠷᠪᠠᠨ ᠭᠠᠷᠠᠮ ᠨᠠᠢᠮᠠᠨ ᠲᠠᠯᠠᠪᠤᠷ︾ ᠤᠨ ᠭᠠᠳᠠᠭᠠᠳᠤ ᠨᠡᠭᠡᠭᠡᠯᠲᠡ ᠶᠢᠨ ᠪᠠᠶᠢᠷᠢᠰᠢᠭᠤᠯᠤᠯᠲᠠ ᠵᠡᠷᠭᠡ ᠶᠢ |
ᠲᠡᠭᠦᠯᠳᠡᠷᠵᠢᠭᠦᠯᠪᠡ᠃ ᠭᠤᠷᠪᠠ ᠳᠤ᠂ ᠠᠵᠤ ᠦᠢᠯᠡᠰ ᠤᠨ ᠬᠥᠭᠵᠢᠯᠲᠡ ᠶᠢᠨ ᠠᠰᠠᠭᠤᠳᠠᠯ ᠢ ᠰᠢᠢᠳᠪᠦᠷᠢᠯᠡᠵᠦ᠂ ᠠᠵᠤ |
ᠦᠢᠯᠡᠳᠪᠦᠷᠢ ᠶᠢᠨ ᠠᠵᠤ ᠠᠬᠤᠢ᠂ ᠪᠣᠳᠠᠲᠤ ᠴᠣᠭᠴᠠ ᠶᠢᠨ ᠠᠵᠤ ᠠᠬᠤᠢ᠂ ᠠᠷᠠᠳ ᠤᠨ ᠡᠵᠡᠩᠨᠡᠯᠲᠡ ᠶᠢᠨ ᠠᠵᠤ |
ᠠᠬᠤᠢ ᠶᠢ ᠶᠡᠬᠡᠪᠡᠷ ᠠᠳᠬᠤᠬᠤ ᠶᠢ ᠭᠤᠶᠢᠪᠢᠰᠢ ᠦᠭᠡᠢ ᠪᠠᠷᠢᠮᠲᠠᠯᠠᠵᠤ᠂ 3 ᠵᠢᠯ ᠳᠠᠷᠠᠭᠠᠯᠠᠨ ᠭᠤᠣᠯᠳᠠᠯᠭ᠎ᠠ ᠲᠠᠢ |
ᠲᠦᠷᠦᠯ ᠵᠦᠢᠯ ᠤᠨ ︽ᠬᠤᠣᠰ ᠨᠢᠭᠡ ᠮᠢᠩᠭ᠎ᠠ︾ ᠶᠢᠨ ᠢᠨᠵᠧᠨᠧᠷᠢᠩ ᠢ ᠬᠡᠷᠡᠭᠵᠢᠭᠦᠯᠵᠦ᠂ ᠤᠯᠠᠮᠵᠢᠯᠠᠯᠲᠤ ᠠᠵᠤ |
ᠦᠢᠯᠡᠰ ᠢ ᠲᠡᠰ ᠳᠡᠪᠰᠢᠭᠦᠯᠦᠨ ᠥᠭᠡᠷᠡᠴᠢᠯᠡᠵᠦ᠂ ᠰᠢᠨ᠎ᠡ ᠪᠠᠷ ᠭᠦᠭᠵᠢᠭᠰᠡᠨ ᠠᠵᠤ ᠦᠢᠯᠡᠰ ᠢ ᠪᠤᠶᠢᠵᠢᠭᠤᠯᠤᠨ |
ᠪᠤᠵᠠᠭᠠᠶᠢᠷᠠᠭᠤᠯᠵᠤ᠂ ᠬᠢᠮᠡᠯ ᠤᠶᠤᠨ᠂ ᠨᠡᠶᠢᠯᠡᠯᠭᠡ ᠠᠮᠢᠳᠤ ᠪᠣᠳᠠᠰ᠂ ᠳᠣᠣᠷ᠎ᠠ ᠤᠭᠲᠠᠷᠭᠤᠢ ᠶᠢᠨ ᠠᠵᠤ ᠠᠬᠤᠢ᠂ |
ᠳᠣᠬᠢᠭᠤᠷ ᠳᠣᠯᠣᠭᠠᠨ ᠣᠳᠣᠨ ᠵᠠᠮᠴᠢᠯᠠᠭᠤᠷ᠂ ᠬᠤᠳᠠᠯᠳᠤᠭᠠᠨ ᠤ ᠰᠠᠨᠰᠠᠷ ᠤᠨ ᠠᠶᠠᠯᠠᠯ ᠵᠡᠷᠭᠡ ᠢᠷᠡᠭᠡᠳᠦᠢ ᠶᠢᠨ ᠠᠵᠤ |
ᠦᠢᠯᠡᠰ ᠢ ᠤᠷᠢᠳᠴᠢᠯᠠᠨ ᠪᠠᠶᠢᠷᠢᠰᠢᠭᠤᠯᠵᠤ᠂ ᠰᠣᠶᠣᠯ ᠵᠢᠭᠤᠯᠴᠢᠯᠠᠯ ᠤᠨ ᠭᠦᠨᠵᠡᠭᠡᠢ ᠠᠭᠤᠰᠤᠯᠴᠠᠨ ᠬᠥᠭᠵᠢᠬᠦ ᠶᠢ |
ᠠᠬᠢᠭᠤᠯᠵᠤ᠂ ᠣᠷᠣᠨ ᠤ ᠲᠥᠪ ᠬᠤᠲᠠ ᠶᠢᠨ ᠣᠨᠴᠠᠯᠢᠭ ᠢ ᠢᠯᠡᠷᠡᠭᠦᠯᠦᠭᠰᠡᠨ ᠣᠳᠣᠬᠢᠴᠢᠯᠠᠭᠰᠠᠨ ᠠᠵᠤ ᠦᠢᠯᠡᠰ ᠤᠨ |
ᠰᠢᠰᠲ᠋ᠧᠮ ᠢ ᠠᠯᠬᠤᠮ ᠠᠯᠬᠤᠮ ᠢᠶᠠᠷ ᠪᠠᠶᠢᠭᠤᠯᠪᠠ᠃ ᠲᠦᠷᠪᠡ ᠳᠤ᠂ ᠬᠥᠮᠦᠨ ᠠᠮᠠ ᠶᠢ ᠲᠥᠪᠯᠡᠷᠡᠭᠦᠯᠬᠦ ᠠᠰᠠᠭᠤᠳᠠᠯ ᠢ |
ᠰᠢᠢᠳᠪᠦᠷᠢᠯᠡᠵᠦ᠂ ᠤᠳᠤ ᠦᠶ᠎ᠡ ᠶᠢᠨ ᠠᠵᠤ ᠦᠢᠯᠡᠰ ᠲᠤ ᠲᠦᠰᠢᠭᠯᠡᠨ ᠬᠥᠮᠦᠨ ᠢ ᠲᠥᠪᠯᠡᠷᠡᠭᠦᠯᠬᠦ᠂ ᠰᠤᠷᠭᠠᠨ |
ᠬᠥᠮᠦᠵᠢᠯ ᠡᠮᠴᠢᠯᠡᠭᠡ ᠳᠤ ᠲᠦᠰᠢᠭᠯᠡᠨ ᠬᠥᠮᠦᠨ ᠢ ᠲᠥᠪᠯᠡᠷᠡᠭᠦᠯᠬᠦ᠂ ᠣᠷᠣᠰᠢᠨ ᠰᠠᠭᠤᠬᠤ ᠳᠤ ᠲᠣᠬᠢᠷᠠᠮᠵᠢᠲᠠᠢ |
ᠣᠷᠴᠢᠨ ᠲᠣᠭᠤᠷᠢᠨ ᠳᠤ ᠲᠦᠰᠢᠭᠯᠡᠨ ᠬᠥᠮᠦᠨ ᠢ ᠲᠥᠪᠯᠡᠷᠡᠭᠦᠯᠬᠦ ᠶᠢ ᠪᠠᠷᠢᠮᠲᠠᠯᠠᠵᠤ᠂ ᠬᠥᠮᠦᠨ ᠠᠮᠠ ᠶᠢᠨ ᠲᠠᠲᠠᠬᠤ |
ᠬᠦᠴᠦᠨ ᠢ ᠦᠷᠭᠦᠯᠵᠢᠯᠡᠨ ᠳᠡᠭᠡᠭᠰᠢᠯᠡᠭᠦᠯᠪᠡ᠃ ᠲᠠᠪᠤ ᠳᠤ᠂ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ |
ᠰᠢᠢᠳᠪᠦᠷᠢᠯᠡᠵᠦ᠂ ᠡᠬᠢ ᠪᠠᠶᠠᠯᠢᠭ ᠠᠰᠢᠭᠯᠠᠭᠳᠠᠭ᠎ᠠ ᠦᠭᠡᠢ᠂ ᠬᠤᠳᠠ ᠶᠢᠨ ᠵᠠᠮ ᠨᠡᠪᠲᠡᠷᠡᠯᠭᠡ ᠶᠢᠨ ᠲᠣᠣᠷ ᠤᠨ |
ᠨᠢᠭᠲᠠᠴᠠ ᠳᠣᠣᠷ᠎ᠠ᠂ ᠵᠠᠩᠭᠢᠯᠠᠭ᠎ᠠ ᠶᠢᠨ ᠴᠡᠭ ᠲᠤ ᠵᠦᠷᠢᠯᠢᠭ ᠲᠥᠬᠦᠭᠡᠷᠦᠮᠵᠢ ᠳᠤᠲᠠᠮᠠᠭ᠂ ︽ᠮᠤᠬᠤᠷ ᠵᠠᠮ︾ ᠤᠯᠠᠨ |
ᠵᠢᠴᠢ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠡᠵᠡᠩᠨᠡᠯᠲᠡ ᠬᠠᠮᠢᠶᠠᠷᠤᠯᠲᠠ ᠶᠢᠨ ᠲᠦᠪᠰᠢᠨ ᠳᠣᠣᠷ᠎ᠠ᠂ |
ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠤᠨ ᠵᠦᠢᠯᠡᠰ ᠤᠯᠠᠨ ᠵᠡᠷᠭᠡ ᠲᠠᠯ᠎ᠠ ᠶᠢᠨ ᠠᠰᠠᠭᠤᠳᠠᠯ ᠳᠤ ᠴᠢᠭᠯᠡᠭᠦᠯᠦᠨ᠂ |
ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠵᠦ᠂ ᠢᠳᠡᠪᠬᠢᠲᠡᠢ ᠠᠵᠢᠯᠯᠠᠵᠤ᠂ ᠨᠢᠭᠡ ᠪᠦᠯᠦᠭ ᠤᠯᠠᠨ |
ᠲᠦᠮᠡᠨ ᠳᠤ ᠠᠰᠢᠭ ᠬᠦᠷᠲᠡᠭᠡᠬᠦ ᠶᠠᠪᠤᠳᠠᠯ ᠢ ᠦᠨᠡᠨ ᠪᠣᠳᠠᠲᠠᠢ ᠪᠡᠶᠡᠯᠡᠭᠦᠯᠪᠡ᠃ ᠵᠢᠷᠭᠤᠭ᠎ᠠ ᠳᠤ᠂ ᠺᠠᠳ᠋ᠷ ᠤᠨ |
ᠡᠩᠨᠡᠭᠡᠨ ᠤ ᠠᠰᠠᠭᠤᠳᠠᠯ ᠢ ᠰᠢᠢᠳᠪᠦᠷᠢᠯᠡᠵᠦ᠂ ᠺᠠᠳ᠋ᠷ ᠤᠨ ᠲᠠᠪᠰᠢᠵᠤ ᠪᠠᠭᠤᠵᠤ ᠪᠦᠷ ᠪᠣᠯᠬᠤ ᠪᠠᠶᠢᠩᠭᠤᠵᠢᠭᠰᠠᠨ |
ᠲᠣᠭᠲᠠᠴᠠ ᠶᠢ ᠪᠠᠶᠢᠭᠤᠯᠵᠤ᠂ ︽ᠭᠤᠷᠪᠠ ᠶᠢ ᠢᠯᠭᠠᠬᠤ︾ ᠶᠢ ᠨᠠᠶᠢᠳᠠᠪᠤᠷᠢᠵᠢᠭᠤᠯᠵᠤ᠂ ᠢᠯᠡ ᠲᠣᠳᠣ |
ᠤᠳᠤᠷᠢᠳᠤᠮᠵᠢ ᠪᠠᠷ ᠺᠠᠳ᠋ᠷ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠤᠷᠮᠠᠰᠢᠭᠤᠯᠤᠨ |
ᠵᠤᠷᠢᠭᠵᠢᠭᠤᠯᠪᠠ ᠭᠡᠵᠡᠢ᠃ ᠲᠤᠰᠬᠠᠢ ᠰᠡᠳᠦᠪᠲᠦ ᠬᠠᠪᠰᠤᠷᠤᠨ ᠵᠢᠯᠤᠭᠤᠳᠤᠯᠭ᠎ᠠ ᠳᠠᠭᠤᠰᠤᠭᠰᠠᠨ ᠤ ᠲᠠᠷᠠᠭ᠎ᠠ᠂ ᠾᠧ |
ᠬᠠᠢ ᠳ᠋ᠦᠩ᠂ ᠯᠢ ᠵᠢᠶᠦ᠋ᠩ᠂ ᠼᠦᠢ ᠵᠧᠨ ᠡᠦ᠂ ᠰᠦᠨ ᠬᠤᠤ ᠬᠤᠳᠠ ᠶᠢᠨ ᠲᠦᠷᠪᠡᠨ ᠶᠡᠭᠡ ᠪᠠᠭ ᠢ ᠲᠥᠯᠥᠭᠡᠯᠡᠨ |
ᠥᠭᠡᠷᠡᠴᠢᠯᠡᠯᠲᠡ ᠶᠢ ᠴᠢᠨᠠᠭᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠰᠡᠳᠬᠢᠴᠡ ᠠᠷᠭ᠎ᠠ ᠬᠡᠮᠵᠢᠶ᠎ᠡ ᠶᠢ ᠬᠠᠷᠢᠭᠤ |
ᠮᠡᠳᠡᠭᠦᠯᠪᠡ᠃ ᠪᠣᠣ ᠭᠠᠩ ᠴᠢᠬᠤᠯᠠᠴᠢᠯᠠᠬᠤ ᠳᠠᠭᠠᠨ᠂ ᠣᠷᠣᠨ ᠤ ᠲᠥᠪ ᠬᠤᠲᠠ ᠶᠢᠨ ᠡᠯ᠎ᠡ ᠵᠦᠢᠯ ᠤᠨ ᠠᠵᠢᠯ |
ᠦᠢᠯᠡᠰ ᠪᠣᠯ ᠥᠭᠡᠷᠡᠴᠢᠯᠡᠯᠲᠡ ᠶᠢᠨ ᠳᠤᠮᠳᠠ ᠲᠠᠰᠤᠷᠠᠯᠲᠠ ᠦᠭᠡᠢ ᠠᠬᠢᠳᠠᠭ᠂ ᠥᠭᠡᠷᠡᠴᠢᠯᠡᠯᠲᠡ ᠶᠢᠨ ᠤᠬᠠᠮᠰᠠᠷ ᠢᠶᠠᠨ |
ᠴᠢᠩᠭᠠᠳᠬᠠᠵᠤ᠂ ᠴᠢᠨᠠᠷ ᠰᠠᠶᠢᠲᠠᠢ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠬᠦᠴᠢᠷ ᠠᠰᠠᠭᠤᠳᠠᠯ ᠢ ᠦᠷᠭᠦᠯᠵᠢᠯᠡᠨ |
ᠰᠢᠢᠳᠪᠦᠷᠢᠯᠡᠵᠦ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠪᠠᠷ ᠳᠤᠮᠳᠠᠳᠤ ᠤᠯᠤᠰ ᠤᠨ |
ᠮᠠᠶ᠋ᠢᠭ ᠤᠨ ᠣᠳᠣᠬᠢᠴᠢᠯᠠᠭᠰᠠᠨ ᠣᠷᠣᠨ ᠤ ᠲᠥᠪ ᠬᠤᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠢ |
᠃ ᠰᠢᠰᠲ᠋ᠧᠮ ᠲᠠᠢ ᠪᠠᠷ ᠥᠭᠡᠷᠡᠴᠢᠯᠡᠯᠲᠡ ᠶᠢ ᠰᠦᠪᠡᠭᠴᠢᠯᠡᠬᠦ ᠶᠢ ᠪᠠᠷᠢᠮᠲᠠᠯᠠᠵᠤ᠂ ᠣᠷᠣᠨ ᠤ ᠲᠥᠪ ᠬᠤᠲᠠ ᠶᠢᠨ |
ᠢᠷᠡᠭᠡᠳᠦᠢ ᠶᠢᠨ ᠬᠥᠭᠵᠢᠯᠲᠡ ᠶᠢ ᠪᠣᠳᠣᠯᠬᠢᠯᠠᠵᠤ᠂ ᠥᠭᠡᠷᠡᠴᠢᠯᠡᠯᠲᠡ ᠶᠢᠨ ᠲᠥᠯᠦᠪᠵᠢᠭᠦᠯᠭᠡ ᠶᠢᠨ ᠪᠠᠷᠠᠭᠠᠯᠬᠢᠯᠠᠯᠲᠤ |
ᠴᠢᠨᠠᠷ᠂ ᠵᠣᠬᠢᠴᠠᠩᠭᠤᠢ ᠴᠢᠨᠠᠷ᠂ ᠪᠦᠬᠦᠯᠢ ᠴᠣᠭᠴᠠᠲᠤ ᠴᠢᠨᠠᠷ᠂ ︽ᠠᠷᠪᠠᠨ ᠬᠤᠷᠤᠭᠤ ᠪᠠᠷ ᠲᠡᠭᠦᠯᠳᠡᠷ ᠬᠤᠭᠤᠷ |
ᠳᠠᠷᠤᠬᠤ︾ ᠶᠢ ᠴᠢᠩᠭᠠᠳᠬᠠᠵᠤ᠂ ᠥᠭᠡᠷᠡᠴᠢᠯᠡᠯᠲᠡ ᠶᠢᠨ ᠪᠦᠬᠦᠯᠢ ᠴᠣᠭᠴᠠ ᠶᠢᠨ ᠦᠷ᠎ᠡ ᠪᠦᠲᠦᠮᠵᠢ ᠶᠢ |
ᠳᠡᠭᠡᠭᠰᠢᠯᠡᠭᠦᠯᠬᠦ ᠬᠡᠷᠡᠭᠲᠡᠢ᠃ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠦ ᠥᠭᠡᠷᠡᠴᠢᠯᠡᠯᠲᠡ ᠶᠢ |
ᠠᠬᠢᠭᠤᠯᠬᠤ ᠶᠢ ᠪᠠᠷᠢᠮᠲᠠᠯᠠᠵᠤ᠂ ᠠᠵᠢᠯ ᠤᠨ ᠭᠤᠣᠯ ᠰᠢᠵᠢᠮ ᠳᠤ ᠠᠩᠬᠠᠷᠤᠯ ᠢᠶᠠᠨ ᠲᠥᠪᠯᠡᠷᠡᠭᠦᠯᠦᠨ ︽ᠬᠤᠶᠠᠷ ᠶᠡᠭᠡ |
ᠶᠠᠪᠤᠳᠠᠯ︾ ᠢ ᠰᠠᠶᠢᠲᠤᠷ ᠬᠢᠵᠦ᠂ ᠰᠢᠨ᠎ᠡ ᠶᠢ ᠡᠭᠦᠳᠬᠦ ᠤᠬᠠᠮᠰᠠᠷ ᠢᠶᠠᠨ ᠬᠦᠴᠦᠯᠡᠨ ᠳᠡᠭᠡᠭᠰᠢᠯᠡᠭᠦᠯᠵᠦ᠂ ᠲᠦᠷᠢᠮ ᠤᠨ |
ᠰᠢᠨ᠎ᠡ ᠶᠢ ᠡᠭᠦᠳᠬᠦ ᠶᠢ ᠶᠡᠭᠡ ᠪᠠᠷ ᠠᠬᠢᠭᠤᠯᠵᠤ᠂ ᠰᠢᠨ᠎ᠡ ᠶᠢ ᠡᠭᠦᠳᠬᠦ ᠣᠷᠴᠢᠨ ᠲᠣᠭᠤᠷᠢᠨ ᠢ ᠢᠳᠡᠪᠬᠢᠲᠡᠢ ᠪᠤᠢ |
ᠪᠣᠯᠭᠠᠬᠤ ᠬᠡᠷᠡᠭᠲᠡᠢ᠃ ᠬᠦᠴᠢᠷ ᠢ ᠲᠤᠭᠤᠯᠤᠨ ᠪᠡᠷᠬᠡ ᠶᠢ ᠳᠠᠪᠠᠵᠤ ᠥᠭᠡᠷᠡᠴᠢᠯᠡᠯᠲᠡ ᠶᠢ ᠠᠬᠢᠭᠤᠯᠬᠤ ᠶᠢ ᠪᠠᠷᠢᠮᠲᠠᠯᠠᠵᠤ |
᠂ ︽ᠠᠯᠳᠠᠭ᠎ᠠ ᠪᠤᠷᠤᠭᠤ ᠪᠠᠨ ᠵᠠᠯᠠᠷᠠᠭᠤᠯᠬᠤ ᠪᠣᠯ ᠳᠠᠷᠤᠢ ᠥᠭᠡᠷᠡᠴᠢᠯᠡᠯᠲᠡ ᠮᠥᠨ︾ ᠭᠡᠬᠦ ᠤᠬᠠᠮᠰᠠᠷ ᠢ |
ᠴᠢᠩᠭᠠᠳᠬᠠᠵᠤ᠂ ︽ᠬᠠᠭᠤᠴᠢᠨ ᠲᠠᠩᠰᠠ︾ ᠶᠢ ᠲᠣᠳᠣᠷᠬᠠᠶ ᠪᠣᠯᠭᠠᠬᠤ᠂ ︽ᠰᠢᠨ᠎ᠡ ᠲᠠᠩᠰᠠ︾ ᠦᠯᠡᠳᠡᠭᠡᠬᠦ ᠦᠭᠡᠢ |
ᠬᠠᠷᠢᠭᠤᠴᠠᠯᠭ᠎ᠠ ᠲᠠᠢ ᠪᠠᠶᠢᠵᠦ᠂ ᠠᠵᠤ ᠦᠢᠯᠡᠰ ᠤᠨ ᠪᠠᠶᠢᠷᠢᠰᠢᠭᠤᠯᠤᠯᠲᠠ᠂ ᠰᠣᠶᠣᠯ ᠵᠢᠭᠤᠯᠴᠢᠯᠠᠯ ᠤᠨ ᠠᠭᠤᠰᠤᠯᠴᠠᠯ |
᠂ ᠭᠠᠳᠠᠭᠠᠳᠤ ᠨᠡᠬᠡᠬᠡᠯᠳᠡ ᠵᠡᠷᠭᠡ ᠬᠦᠷᠢᠶᠡᠨ ᠤ ᠲᠦᠭᠵᠢᠷᠡᠯ ᠤᠨ ᠴᠡᠭ ᠵᠢᠴᠢ ᠵᠠᠬ᠎ᠠ ᠳᠡᠯᠭᠡᠭᠦᠷᠴᠢᠯᠡᠭᠰᠡᠨ |
ᠥᠷᠢᠰᠥᠯᠳᠦᠭᠡᠨ ᠢ ᠨᠥᠯᠥᠭᠡᠯᠡᠬᠦ᠂ ᠬᠥᠮᠦᠨ ᠠᠮᠠ ᠶᠢ ᠲᠥᠪᠯᠡᠷᠡᠭᠦᠯᠬᠦ ᠶᠢ ᠬᠢᠵᠠᠭᠠᠷᠯᠠᠬᠤ᠂ ᠬᠤᠳᠠ ᠶᠢᠨ ᠬᠠᠮᠢᠶᠠᠷᠤᠯᠲᠠ |
ᠵᠡᠷᠭᠡ ᠲᠠᠯ᠎ᠠ ᠶᠢᠨ ᠬᠦᠴᠢᠷ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠥᠭᠡᠷᠡᠴᠢᠯᠡᠯᠲᠡ ᠶᠢᠨ ᠪᠣᠳᠠᠲᠤ ᠦᠷ᠎ᠡ |
ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠵᠤ ᠪᠠᠶᠢᠭᠠᠳ |
ᠥᠭᠡᠷᠡᠴᠢᠯᠡᠯᠲᠡ ᠶᠢ ᠠᠳᠬᠤᠬᠤ ᠶᠢ ᠪᠠᠷᠢᠮᠲᠠᠯᠠᠵᠤ᠂ ᠡᠯ᠎ᠡ ᠱᠠᠲᠤᠨ ᠤ ᠤᠳᠤᠷᠢᠳᠬᠤ ᠺᠠᠳ᠋ᠷ ᠥᠭᠡᠷᠡᠴᠢᠯᠡᠯᠲᠡ ᠶᠢ |
ᠴᠢᠩᠭ᠎ᠠ ᠠᠳᠬᠤᠵᠤ᠂ ᠡᠩ ᠤᠨ ᠠᠵᠢᠯ ᠢ ᠥᠭᠡᠷᠡᠴᠢᠯᠡᠯᠲᠡ ᠶᠢᠨ ᠠᠵᠢᠯ ᠲᠠᠢ ᠠᠳᠠᠯᠢ ᠪᠠᠷ ᠦᠵᠡᠬᠦ ᠦᠭᠡᠢ ᠪᠠᠶᠢᠵᠤ᠂ |
ᠬᠡᠯᠪᠡᠷᠢᠴᠢ ᠦᠵᠡᠯ ᠪᠠ ᠬᠠᠭᠤᠷᠮᠠᠭ ᠥᠭᠡᠷᠡᠴᠢᠯᠡᠯᠲᠡ ᠬᠢᠬᠦ ᠦᠭᠡᠢ ᠪᠠᠶᠢᠵᠤ᠂ ᠡᠯ᠎ᠡ ᠵᠦᠢᠯ ᠤᠨ ᠥᠭᠡᠷᠡᠴᠢᠯᠡᠯᠲᠡ ᠶᠢᠨ |
ᠡᠭᠦᠷᠭᠡ ᠶᠢ ᠦᠨᠡᠨ ᠬᠦ ᠪᠡᠶᠡᠯᠡᠭᠦᠯᠵᠦ᠂ ᠪᠣᠳᠠᠲᠤ ᠠᠮᠵᠢᠯᠲᠠ ᠪᠠ ᠠᠷᠠᠳ ᠤᠯᠠᠨ ᠤ ᠬᠠᠨᠤᠮᠵᠢ ᠶᠢᠨ ᠬᠡᠮᠵᠢᠶ᠎ᠡ ᠪᠠᠷ |
ᠥᠭᠡᠷᠡᠴᠢᠯᠡᠯᠲᠡ ᠶᠢᠨ ᠦᠷ᠎ᠡ ᠪᠦᠲᠦᠮᠵᠢ ᠶᠢ ᠰᠢᠯᠭᠠᠬᠤ ᠬᠡᠷᠡᠭᠲᠡᠢ ᠭᠡᠪᠡ᠃ ᠪᠦᠬᠦ ᠬᠤᠳᠠ ᠶᠢᠨ ᠳᠡᠳ᠋ ᠲᠢᠩᠬᠢᠮ ᠤᠨ |
ᠲᠡᠰ ᠠᠴᠠ ᠳᠡᠭᠡᠭᠰᠢᠬᠢ ᠤᠳᠤᠷᠢᠳᠬᠤ ᠨᠥᠬᠦᠳ᠂ ᠬᠤᠳᠠ ᠶᠢᠨ ᠡᠯ᠎ᠡ ᠰᠠᠯᠠᠭ᠎ᠠ ᠮᠥᠴᠢᠷ᠂ ᠨᠢᠭᠡᠴᠢ ᠶᠢᠨ ᠭᠤᠣᠯ |
ᠬᠠᠷᠢᠭᠤᠴᠠᠯᠭᠠᠲᠠᠨ ᠭᠤᠣᠯ ᠬᠤᠷᠠᠯ ᠤᠨ ᠲᠠᠯᠠᠪᠠᠶ ᠳᠤ ᠰᠤᠷᠤᠯᠴᠠᠯᠭ᠎ᠠ ᠳᠤ ᠣᠷᠣᠯᠴᠠᠪᠠ᠃ ᠡᠯ᠎ᠡ ᠬᠤᠰᠢᠭᠤ ᠰᠢᠶᠠᠨ |
ᠲᠣᠭᠤᠷᠢᠭ᠂ ᠬᠤᠷᠢᠨᠭᠡᠷ ᠰᠢᠨ᠎ᠡ ᠲᠣᠭᠤᠷᠢᠭ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠲᠤ |
ᠬᠤᠪᠢᠶᠠᠷᠢ ᠬᠤᠷᠠᠯ ᠤᠨ ᠲᠠᠯᠠᠪᠠᠶ ᠭᠠᠷᠭᠠᠪᠠ᠃ |
|
|
|
|
|
|
|
|
|
|
|
|
|
|
|
|
|
|
|
|
|
|
᠁ |