ᠨᠢᠭᠡ᠂ ︽ᠥᠪᠥᠷ ᠮᠣᠩᠭᠤᠯ ᠤᠨ ᠤᠯᠤᠰ ᠤᠨ ᠥᠮᠴᠢᠯᠡᠯᠲᠦ ᠪᠤᠰᠤ ᠮᠦᠽᠧᠢ ᠶᠢᠨ ᠬᠠᠮᠢᠶᠠᠷᠤᠯᠲᠠ ᠶᠢᠨ |
ᠠᠷᠭ᠎ᠠ︾ ︵ᠲᠤᠷᠰᠢᠨ ᠬᠡᠷᠡᠭᠵᠢᠭᠦᠯᠬᠦ︶ ᠶᠢ ᠲᠣᠭᠲᠠᠭᠠᠭᠰᠠᠨ ᠵᠣᠷᠢᠯᠭ᠎ᠠ ᠨᠢ ᠶᠠᠭᠤ ᠪᠣᠶ︖ |
ᠣᠳᠣᠬᠠᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠠᠩᠰᠠᠯᠠᠭᠤᠯᠤᠨ |
ᠪᠦᠷᠢᠳᠬᠡᠭᠦᠯᠦᠭᠰᠡᠨ ᠤᠯᠤᠰ ᠤᠨ ᠥᠮᠴᠢᠯᠡᠯᠲᠦ ᠪᠤᠰᠤ ᠮᠦᠽᠧᠢ 40 ᠪᠠᠶᠢᠵᠤ᠂ ᠪᠥᠬᠦ ᠣᠷᠣᠨ ᠤ |
ᠳᠠᠩᠰᠠᠯᠠᠭᠤᠯᠤᠭᠰᠠᠨ ᠮᠦᠽᠧᠢ ᠶᠢᠨ ᠶᠡᠷᠦᠩᠬᠡᠢ ᠲᠣᠭᠠᠨ ᠤ ᠳᠥᠷᠪᠡᠨ ᠤ ᠨᠢᠭᠡ ᠠᠴᠠ ᠳᠠᠪᠠᠵᠠᠢ᠃ ᠤᠯᠤᠰ ᠤᠨ |
ᠥᠮᠴᠢᠯᠡᠯᠲᠦ ᠪᠤᠰᠤ ᠮᠦᠽᠧᠢ ᠲᠦᠷᠭᠡᠨ ᠬᠥᠭᠵᠢᠵᠦ᠂ ᠪᠥᠬᠦ ᠣᠷᠣᠨ ᠤ ᠮᠦᠽᠧᠢ ᠶᠢᠨ ᠰᠢᠰᠲ᠋ᠧᠮ ᠳᠤ ᠠᠮᠢᠳᠤ |
ᠬᠦᠴᠦᠨ ᠠᠪᠴᠢᠷᠠᠬᠤ ᠶᠢᠨ ᠬᠠᠮᠲᠤ ᠪᠠᠰᠠ ᠮᠠᠰᠢ ᠣᠯᠠᠨ ᠠᠰᠠᠭᠤᠳᠠᠯ ᠣᠷᠣᠰᠢᠵᠤ᠂ ᠵᠢᠷᠤᠮᠵᠢᠭᠤᠯᠤᠨ ᠬᠠᠮᠢᠶᠠᠷᠬᠤ ᠶᠢ |
ᠲᠤᠯᠭᠠᠮ᠎ᠠ ᠱᠠᠭᠠᠷᠳᠠᠵᠤ ᠪᠠᠶᠢᠨ᠎ᠠ᠃ ︽ᠥᠪᠥᠷ ᠮᠣᠩᠭᠤᠯ ᠤᠨ ᠤᠯᠤᠰ ᠤᠨ ᠥᠮᠴᠢᠯᠡᠯᠲᠦ ᠪᠤᠰᠤ ᠮᠦᠽᠧᠢ ᠶᠢᠨ |
ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ︵ᠳᠣᠷᠣᠭᠰᠢ ︽ᠠᠷᠭ᠎ᠠ︾ ᠭᠡᠵᠦ ᠲᠣᠪᠴᠢᠯᠠᠨ᠎ᠠ︶ ᠶᠢ |
ᠨᠡᠶᠢᠲᠡᠯᠡᠬᠦ ᠪᠠᠷ ᠳᠠᠮᠵᠢᠭᠤᠯᠤᠨ ᠦᠢᠯᠡᠴᠢᠯᠡᠭᠡ ᠪᠠ ᠬᠠᠮᠢᠶᠠᠷᠤᠯᠲᠠ ᠶᠢ ᠴᠢᠩᠭᠠᠷᠠᠭᠤᠯᠬᠤ ᠪᠣᠯ ᠪᠥᠬᠦ ᠣᠷᠣᠨ ᠤ |
ᠤᠯᠤᠰ ᠤᠨ ᠥᠮᠴᠢᠯᠡᠯᠲᠦ ᠪᠤᠰᠤ ᠮᠦᠽᠧᠢ ᠶᠢᠨ ᠦᠷᠭᠦᠯᠵᠢᠯᠡᠨ ᠬᠥᠭᠵᠢᠬᠦ ᠶᠢ ᠲᠦᠯᠬᠢᠨ ᠠᠬᠢᠭᠤᠯᠬᠤ ᠪᠣᠳᠠᠲᠤ |
ᠬᠡᠷᠡᠭᠴᠡᠭᠡ ᠪᠣᠯᠬᠤ ᠪᠥᠭᠡᠳ ᠪᠠᠰᠠ ᠴᠤ ᠪᠥᠬᠦ ᠣᠷᠣᠨ ᠤ ᠮᠦᠽᠧᠢ ᠶᠢᠨ ᠦᠢᠯᠡᠰ ᠤᠨ ᠴᠢᠨᠠᠷ ᠰᠠᠶᠢᠲᠠᠢ |
ᠬᠥᠭᠵᠢᠯᠲᠡ ᠶᠢ ᠲᠦᠯᠬᠢᠨ ᠠᠬᠢᠭᠤᠯᠬᠤ ᠴᠢᠬᠤᠯᠠ ᠠᠷᠭ᠎ᠠ ᠪᠠᠷᠢᠯ ᠪᠣᠯᠣᠨ᠎ᠠ᠃ |
ᠬᠤᠶᠠᠷ᠂ ︽ᠠᠷᠭ᠎ᠠ︾ ᠶᠢ ᠲᠣᠭᠲᠠᠭᠠᠭᠰᠠᠨ ᠶᠠᠪᠤᠴᠠ ᠨᠢ ᠶᠠᠭᠤ ᠪᠤᠢ︖ |
ᠪᠦᠬᠦ ᠣᠷᠣᠨ ᠤ ᠤᠯᠤᠰ ᠤᠨ ᠥᠮᠴᠢᠯᠡᠯᠲᠦ ᠪᠤᠰᠤ ᠮᠦᠽᠧᠢ ᠶᠢᠨ ᠡᠷᠡᠭᠦᠯ ᠢᠶᠠᠷ ᠦᠷᠬᠦᠯᠵᠢᠯᠡᠨ ᠬᠥᠭᠵᠢᠬᠦ ᠶᠢ |
ᠠᠬᠢᠭᠤᠯᠬᠤ ᠶᠢᠨ ᠲᠥᠯᠥᠭᠡ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯ ᠤᠨ ᠲᠣᠪᠴᠢᠶ᠎ᠠ |
ᠤᠯᠤᠰ ᠤᠨ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠵᠦ ᠤᠯᠤᠰ ᠤᠨ ᠲᠡᠦᠬᠡ ᠶᠢᠨ |
ᠳᠤᠷᠠᠰᠬᠠᠯᠲᠤ ᠵᠦᠢᠯ ᠤᠨ ᠲᠣᠪᠴᠢᠶ᠎ᠠ᠂ ᠬᠠᠮᠢᠶ᠎ᠠ ᠪᠦᠬᠦᠢ ᠶᠠᠮᠤᠨ ᠬᠤᠷᠢᠶᠠᠨ ᠤ ᠨᠡᠶᠢᠲᠡᠯᠡᠭᠰᠡᠨ ᠲᠥᠷᠥ ᠶᠢᠨ |
ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠪᠦᠬᠦ ᠣᠷᠣᠨ ᠤ ᠤᠯᠤᠰ ᠤᠨ ᠥᠮᠴᠢᠯᠡᠯᠲᠦ ᠪᠤᠰᠤ ᠮᠦᠽᠧᠢ ᠶᠢᠨ |
ᠬᠠᠮᠢᠶᠠᠷᠤᠯᠲᠠ ᠶᠢᠨ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ ︽ᠠᠷᠭ᠎ᠠ︾ ᠶᠢ ᠲᠤᠭᠤᠷᠪᠢᠵᠤ᠂ |
ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ᠂ ᠬᠠᠤᠯᠢ ᠴᠠᠭᠠᠵᠠ᠂ ᠡᠳ᠋ ᠤᠨ ᠵᠠᠰᠠᠭ ᠵᠡᠷᠭᠡ ᠬᠠᠮᠢᠶ᠎ᠠ |
ᠪᠦᠬᠦᠢ ᠰᠠᠯᠠᠭ᠎ᠠ ᠮᠥᠴᠢᠷ᠂ ᠡᠯ᠎ᠡ ᠠᠶᠢᠮᠠᠭ ᠬᠤᠲᠠ ᠶᠢᠨ ᠰᠣᠶᠣᠯ ᠵᠢᠭᠤᠯᠴᠢᠯᠠᠯ ᠤᠨ ᠲᠣᠪᠴᠢᠶ᠎ᠠ᠂ ᠥᠪᠥᠷ |
ᠮᠣᠩᠭᠤᠯ ᠤᠨ ᠮᠦᠽᠧᠢ ᠵᠢᠴᠢ ᠬᠡᠰᠡᠭ ᠤᠯᠤᠰ ᠤᠨ ᠥᠮᠴᠢᠯᠡᠯᠲᠦ ᠪᠤᠰᠤ ᠮᠦᠽᠧᠢ ᠵᠡᠷᠭᠡ ᠬᠠᠮᠢᠶ᠎ᠠ ᠪᠦᠬᠦᠢ |
ᠨᠢᠭᠡᠴᠢ ᠠᠴᠠ ᠰᠠᠨᠠᠯ ᠬᠤᠷᠢᠶᠠᠭᠰᠠᠨ ᠪᠥᠭᠡᠳ ᠰᠦᠯᠵᠢᠶᠡᠨ ᠳᠡᠭᠡᠷ᠎ᠡ ᠢᠯᠡ ᠪᠠᠷ ᠰᠠᠨᠠᠯ ᠬᠤᠷᠢᠶᠠᠪᠠ᠃ ᠥᠪᠥᠷ |
ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ ᠡᠯ᠎ᠡ |
ᠲᠠᠯ᠎ᠠ ᠶᠢᠨ ᠵᠠᠰᠠᠪᠤᠷᠢ ᠣᠷᠣᠭᠤᠯᠬᠤ ᠰᠠᠨᠠᠯ ᠪᠠ ᠰᠠᠨᠠᠭᠤᠯᠭ᠎ᠠ ᠶᠢ ᠶᠡᠷᠦᠩᠬᠡᠶᠢᠯᠡᠵᠦ ︽ᠠᠷᠭ᠎ᠠ︾ ᠳᠤ ᠵᠠᠰᠠᠪᠤᠷᠢ |
ᠣᠷᠣᠭᠤᠯᠪᠠ᠃ ᠡᠭᠦᠨ ᠤ ᠬᠠᠮᠲᠤ ︽ᠠᠷᠭ᠎ᠠ︾ ᠳᠤ ᠲᠤᠰᠬᠠᠢ ᠮᠡᠷᠭᠡᠵᠢᠯᠲᠡᠨ ᠤ ᠨᠤᠲᠠᠯᠠᠯᠲᠠ᠂ ᠠᠶᠤᠯ |
ᠲᠦᠭᠰᠢᠭᠦᠷᠢ ᠶᠢᠨ ᠦᠨᠡᠯᠡᠯᠲᠡ᠂ ᠬᠠᠤᠯᠢ ᠶᠣᠰᠣᠴᠢ ᠴᠢᠨᠠᠷ ᠤᠨ ᠬᠢᠨᠠᠨ ᠬᠠᠷᠭᠤᠭᠤᠯᠤᠯᠲᠠ ᠵᠢᠴᠢ ᠭᠤᠥᠯᠴᠢ |
ᠥᠷᠢᠰᠦᠯᠳᠦᠭᠡᠨ ᠤ ᠬᠢᠨᠠᠨ ᠪᠠᠶᠢᠴᠠᠭᠠᠯᠲᠠ ᠬᠢᠵᠦ᠂ ᠲᠤᠪᠴᠢᠶᠠᠨ ᠤ ᠶᠠᠪᠤᠳᠠᠯ ᠤᠨ ᠬᠤᠷᠠᠯ᠂ ᠲᠢᠩᠬᠢᠮ ᠤᠨ ᠨᠠᠮ ᠤᠨ |
ᠤᠳᠤᠷᠢᠳᠬᠤ ᠳᠤᠭᠤᠶᠢᠯᠠᠩ ᠤᠨ ᠬᠤᠷᠠᠯ ᠳᠤ ᠮᠡᠳᠡᠭᠦᠯᠦᠨ ᠰᠤᠳᠤᠯᠤᠨ ᠬᠢᠨᠠᠨ ᠶᠠᠷᠢᠯᠴᠠᠭᠤᠯᠤᠭᠠᠳ ᠡᠴᠦᠰ ᠲᠤ ᠪᠠᠨ |
︽ᠠᠷᠭ᠎ᠠ︾ ᠶᠢ ᠪᠣᠶ ᠪᠣᠯᠭᠠᠪᠠ᠃ |
ᠭᠤᠷᠪᠠ᠂ ︽ᠠᠷᠭ᠎ᠠ︾ ᠶᠢᠨ ᠭᠤᠣᠯ ᠠᠭᠤᠯᠭ᠎ᠠ ᠨᠢ ᠶᠠᠭᠤ ᠶᠠᠭᠤ ᠪᠤᠢ︖ |
︽ᠠᠷᠭ᠎ᠠ︾ ᠨᠢ ᠨᠡᠶᠢᠲᠡ 6 ᠪᠦᠯᠦᠭ 45 ᠵᠦᠢᠯ ᠲᠠᠢ᠃ ᠡᠯ᠎ᠡ ᠪᠦᠯᠦᠭ ᠬᠡᠰᠡᠭ ᠤᠨ ᠠᠭᠤᠯᠭ᠎ᠠ ᠨᠢ |
ᠳᠣᠣᠷᠠᠬᠢ ᠮᠡᠲᠦ᠄ |
ᠨᠢᠭᠡᠳᠦᠭᠡᠷ ᠪᠦᠯᠦᠭ᠄ ᠶᠡᠷᠦᠩᠬᠡᠢ ᠳᠦᠷᠢᠮ ︵1 ︱ 7 ᠳ᠋ᠤᠭᠠᠷ ᠵᠦᠢᠯ︶᠂ ᠨᠡᠶᠢᠲᠡ 7 ᠵᠦᠢᠯ ᠪᠠᠶᠢᠵᠤ᠂ |
ᠲᠣᠰ ᠠᠷᠭ᠎ᠠ ᠳᠤ ᠲᠣᠭᠲᠠᠭᠠᠭᠰᠠᠨ ᠬᠠᠤᠯᠢ ᠲᠣᠭᠲᠠᠭᠠᠬᠤ ᠦᠨᠳᠦᠰᠦᠯᠡᠯ ᠢ ᠲᠣᠳᠣᠷᠬᠠᠶᠢᠯᠠᠵᠤ ᠬᠡᠷᠡᠭᠯᠡᠬᠦ ᠬᠡᠪᠴᠢᠶ᠎ᠡ᠂ |
ᠲᠣᠮᠢᠶᠠᠯᠠᠯ ᠤᠨ ᠠᠢ᠂ ᠬᠥᠭᠵᠢᠯᠲᠡ ᠶᠢᠨ ᠤᠳᠤᠷᠢᠳᠤᠮᠵᠢ ᠵᠡᠷᠭᠡ ᠠᠭᠤᠯᠭ᠎ᠠ ᠶᠢ ᠲᠣᠳᠣᠷᠬᠠᠶᠢᠯᠠᠪᠠ᠃ |
ᠬᠤᠶᠠᠳᠤᠭᠠᠷ ᠪᠦᠯᠦᠭ᠄ ᠪᠠᠶᠢᠭᠤᠯᠬᠤ᠂ ᠬᠤᠪᠢᠷᠠᠭᠤᠯᠬᠤ ᠪᠠ ᠡᠴᠦᠰᠯᠡᠬᠦᠯᠬᠦ ( 8 - 14 ᠳ᠋ᠤᠭᠡᠷ ᠵᠦᠢᠯ )᠂ |
ᠨᠡᠶᠢᠲᠡ 7 ᠵᠤᠷᠪᠤᠰ ᠲᠠᠢ᠂ ᠤᠯᠤᠰ ᠤᠨ ᠥᠮᠴᠢᠯᠡᠯᠲᠦ ᠮᠦᠽᠧᠢ ᠶᠢ ᠪᠠᠶᠢᠭᠤᠯᠬᠤ ᠨᠥᠬᠦᠴᠡᠯ᠂ ᠬᠠᠮᠢᠶᠠᠷᠤᠯᠲᠠ ᠶᠢᠨ |
ᠳᠦᠷᠢᠮ᠂ ᠨᠡᠷᠡᠶᠢᠳᠦᠯ ᠤᠨ ᠲᠣᠭᠲᠠᠭᠠᠯ᠂ ᠭᠤᠶᠤᠴᠢᠯᠠᠬᠤ ᠮᠠᠲ᠋ᠧᠷᠢᠶᠠᠯ᠂ ᠡᠴᠦᠰᠯᠡᠬᠦᠯᠬᠦ ᠨᠥᠬᠦᠴᠡᠯ ᠵᠡᠷᠭᠡ |
ᠠᠭᠤᠯᠭ᠎ᠠ ᠶᠢ ᠲᠣᠭᠲᠠᠭᠠᠵᠤ᠂ ᠤᠯᠤᠰ ᠤᠨ ᠥᠮᠴᠢᠯᠡᠯᠲᠦ ᠪᠤᠰᠤ ᠮᠦᠽᠧᠢ ᠶᠢ ᠪᠠᠶᠢᠭᠤᠯᠬᠤ᠂ ᠬᠤᠪᠢᠷᠠᠭᠤᠯᠬᠤ ᠪᠠ |
ᠳᠠᠩᠰᠠᠯᠠᠭᠤᠯᠬᠤ ᠶᠢ ᠡᠴᠦᠰᠯᠡᠬᠦᠯᠬᠦ ᠱᠠᠭᠠᠷᠳᠠᠯᠭ᠎ᠠ ᠵᠢᠴᠢ ᠭᠦᠢᠴᠡᠳᠬᠡᠬᠦ ᠵᠢᠷᠤᠮ ᠢ ᠲᠣᠳᠣᠷᠬᠠᠶᠢᠯᠠᠭᠰᠠᠨ ᠤ ᠬᠠᠮᠲᠤ |
ᠬᠠᠳᠠᠭᠠᠯᠠᠵᠤ ᠪᠠᠶᠢᠭ᠎ᠠ ᠡᠳ᠋ ᠨᠢ ᠡᠷᠲᠡᠨ ᠤ ᠠᠮᠢᠳᠤ ᠪᠣᠳᠠᠰ ᠤᠨ ᠴᠢᠯᠠᠭᠤᠵᠢᠮᠠᠯ ᠳᠤ ᠲᠣᠭᠠᠴᠠᠭᠳᠠᠬᠤ ᠤᠯᠤᠰ ᠤᠨ |
ᠥᠮᠴᠢᠯᠡᠯᠲᠦ ᠪᠤᠰᠤ ᠮᠦᠽᠧᠢ ᠵᠡᠷᠭᠡ ᠣᠨᠴᠠᠭᠠᠶ ᠪᠠᠶᠢᠳᠠᠯ ᠳᠤ ᠲᠣᠭᠲᠠᠭᠠᠯ ᠭᠠᠷᠭᠠᠵᠠᠢ᠃ |
ᠭᠤᠷᠪᠠᠳᠤᠭᠠᠷ ᠪᠦᠯᠦᠭ᠄ ᠬᠢᠨᠠᠯᠲᠠ ᠬᠠᠮᠢᠶᠠᠷᠤᠯᠲᠠ ︵15 ︱ 32 ᠳ᠋ᠤᠭᠠᠷ ᠵᠦᠢᠯ︶᠂ ᠨᠡᠶᠢᠲᠡ 18 |
ᠵᠦᠢᠯ ᠲᠠᠢ᠂ ᠮᠦᠽᠧᠢ ᠶᠢᠨ ᠭᠠᠳᠠᠭᠠᠳᠤ ᠨᠡᠭᠡᠭᠡᠯᠲᠡ᠂ ᠦᠵᠡᠰᠬᠦᠯᠡᠩ ᠤᠨ ᠳᠠᠩᠰᠠᠯᠠᠯᠲᠠ᠂ ᠬᠠᠳᠠᠭᠠᠯᠠᠮᠵᠢ ᠶᠢᠨ |
ᠡᠳ᠋ ᠤᠨ ᠬᠠᠮᠢᠶᠠᠷᠤᠯᠲᠠ ᠵᠡᠷᠭᠡ ᠲᠠᠯ᠎ᠠ ᠪᠠᠷ ᠤᠯᠤᠰ ᠤᠨ ᠥᠮᠴᠢᠯᠡᠯᠲᠦ ᠪᠤᠰᠤ ᠮᠦᠽᠧᠢ ᠶᠢᠨ ᠬᠠᠮᠢᠶᠠᠷᠤᠯᠲᠠ ᠶᠢᠨ |
ᠦᠨᠳᠦᠰᠦᠨ ᠱᠠᠭᠠᠷᠳᠠᠯᠭ᠎ᠠ ᠪᠠ ᠵᠢᠷᠤᠮᠵᠢᠯ ᠢ ᠲᠣᠳᠣᠷᠬᠠᠶᠢᠯᠠᠪᠠ᠃ |
ᠳᠥᠷᠪᠡᠳᠦᠭᠡᠷ ᠪᠦᠯᠦᠭ᠄ ᠲᠥᠷᠥ ᠶᠢᠨ ᠪᠣᠳᠣᠯᠭ᠎ᠠ ᠶᠢᠨ ᠳᠡᠮᠵᠢᠯᠭᠡ ︵33 ︱ 37 ᠳ᠋ᠤᠭᠠᠷ ᠵᠦᠢᠯ︶᠂ |
ᠨᠡᠶᠢᠲᠡ 5 ᠵᠦᠢᠯ ᠲᠠᠢ᠂ ᠭᠡᠷ ᠪᠠᠶᠢᠰᠢᠩ ᠤᠨ ᠪᠦᠲᠦᠭᠡᠨ ᠪᠠᠶᠢᠭᠤᠯᠤᠯᠲᠠ᠂ ᠭᠠᠶᠢᠯᠢ ᠲᠠᠲᠠᠪᠤᠷᠢ ᠶᠢᠨ ᠳᠡᠮᠵᠢᠯᠭᠡ᠂ |
ᠬᠤᠷᠰᠢᠨ ᠬᠠᠪᠰᠤᠷᠤᠨ ᠲᠡᠳᠬᠦᠬᠦ ᠵᠡᠷᠭᠡ ᠲᠠᠯ᠎ᠠ ᠪᠠᠷ ᠵᠠᠰᠠᠭ ᠤᠨ ᠣᠷᠳᠣᠨ ᠵᠢᠴᠢ ᠲᠡᠭᠦᠨ ᠤ ᠬᠤᠯᠪᠣᠭᠳᠠᠯ ᠪᠦᠬᠦᠢ |
ᠰᠠᠯᠠᠭ᠎ᠠ ᠮᠥᠴᠢᠷ ᠤᠨ ᠤᠯᠤᠰ ᠤᠨ ᠥᠮᠴᠢᠯᠡᠯᠲᠦ ᠪᠤᠰᠤ ᠮᠦᠽᠧᠢ ᠶᠢ ᠳᠡᠮᠵᠢᠬᠦ ᠶᠢ ᠲᠣᠳᠣᠷᠬᠠᠶᠢᠯᠠᠪᠠ᠃ |
ᠲᠠᠪᠤᠳᠤᠭᠠᠷ ᠪᠦᠯᠦᠭ᠄ ᠱᠠᠩᠨᠠᠬᠤ ᠪᠠ ᠲᠣᠷᠭᠠᠬᠤ ︵38 ︱ 41 ᠳ᠋ᠤᠭᠡᠷ ᠵᠦᠢᠯ︶᠂ ᠨᠡᠶᠢᠲᠡ 4 |
ᠵᠦᠢᠯ ᠲᠠᠢ᠂ ᠤᠯᠤᠰ ᠤᠨ ᠥᠮᠴᠢᠯᠡᠯᠲᠦ ᠪᠤᠰᠤ ᠮᠦᠽᠧᠢ ᠶᠢᠨ ᠱᠠᠩᠨᠠᠯ ᠭᠥᠷᠳᠡᠵᠦ ᠪᠣᠯᠬᠤ ᠪᠠᠶᠢᠳᠠᠯ ᠵᠢᠴᠢ |
ᠲᠣᠷᠭᠠᠬᠤ ᠪᠠᠶᠢᠳᠠᠯ ᠢ ᠳᠤᠳᠤᠷᠬᠠᠶᠢᠯᠠᠪᠠ᠃ |
ᠵᠢᠷᠭᠤᠳᠤᠭᠠᠷ ᠪᠦᠯᠦᠭ᠄ ᠳᠠᠭᠠᠯᠳᠤᠭᠤᠯᠤᠭᠰᠠᠨ ᠳᠦᠷᠢᠮ ︵42 ︱ 45 ᠳ᠋ᠤᠭᠠᠷ ᠵᠦᠢᠯ︶᠂ ᠨᠡᠶᠢᠲᠡ 4 |
ᠵᠦᠢᠯ ᠲᠠᠢ᠂ ︽ᠠᠷᠭ᠎ᠠ︾ ᠶᠢᠨ ᠭᠦᠢᠴᠡᠳᠬᠡᠭᠰᠡᠨ ᠦᠭᠡᠢ ᠵᠦᠢᠯᠡᠰ ᠲᠤ ᠲᠣᠭᠲᠠᠭᠠᠭᠰᠠᠨ ᠪᠠᠶᠢᠳᠠᠯ᠂ |
ᠬᠡᠷᠡᠭᠵᠢᠭᠦᠯᠦᠭᠰᠡᠨ ᠡᠳᠦᠷ ᠬᠤᠭᠤᠴᠠᠭ᠎ᠠ ᠵᠢᠴᠢ ᠲᠠᠶᠢᠯᠪᠤᠷᠢᠯᠠᠬᠤ ᠡᠷᠬᠡ ᠪᠠᠷ ᠯᠠᠪᠯᠠᠯᠲᠠ ᠪᠣᠯᠭᠠᠵᠤ ᠲᠣᠳᠣᠷᠬᠠᠶᠢᠯᠠᠯᠲᠠ |
ᠬᠢᠪᠡ᠃ |
ᠳᠥᠷᠪᠡ᠂ ᠮᠦᠽᠧᠢ ᠪᠠᠶᠢᠭᠤᠯᠬᠤ ᠳᠤ ᠳᠠᠩᠰᠠᠯᠠᠭᠤᠯᠬᠤ ᠶᠠᠮᠠᠷ ᠶᠠᠮᠠᠷ ᠮᠠᠲ᠋ᠧᠷᠢᠶᠠᠯ ᠬᠡᠷᠡᠭᠰᠡᠬᠦ ᠪᠤᠢ︖ |
︵ᠨᠢᠭᠡ︶ ᠪᠠᠶᠢᠭᠤᠯᠬᠤ ᠶᠢ ᠳᠠᠩᠰᠠᠯᠠᠭᠤᠯᠬᠤ ᠭᠤᠶᠤᠴᠢᠯᠠᠯ ᠤᠨ ᠪᠢᠴᠢᠭ |
( ᠬᠤᠶᠠᠷ ) ᠤᠯᠤᠰ ᠤᠨ ᠥᠮᠴᠢᠯᠡᠯᠲᠦ ᠪᠤᠰᠤ ᠮᠦᠽᠧᠢ ᠶᠢᠨ ᠳᠥᠷᠢᠮ ᠤᠨ ᠲᠥᠰᠥᠯ |
︵ᠭᠤᠷᠪᠠ︶ ᠭᠡᠷ ᠪᠠᠶᠢᠰᠢᠩ ᠤᠨ ᠥᠮᠴᠢᠯᠡᠬᠦ ᠡᠷᠬᠡ ᠪᠤᠶᠤ ᠬᠡᠷᠡᠭᠯᠡᠬᠦ ᠡᠷᠬᠡ ᠶᠢᠨ ᠭᠡᠷᠡᠴᠢᠯᠡᠯ᠂ ᠳᠡᠯᠭᠡᠨ |
ᠦᠵᠡᠭᠦᠯᠬᠦ ᠲᠢᠩᠬᠢᠮ ︵ᠦᠷᠦᠭᠡ︶ ᠪᠠ ᠬᠠᠳᠠᠭᠠᠯᠠᠮᠵᠢ ᠶᠢᠨ ᠡᠳ᠋ ᠢ ᠬᠠᠳᠠᠭᠠᠯᠠᠨ ᠬᠠᠮᠢᠶᠠᠷᠬᠤ ᠲᠠᠯᠠᠪᠤᠷ ᠤᠨ ᠣᠷᠴᠢᠨ |
ᠲᠣᠭᠤᠷᠢᠨ ᠤ ᠨᠥᠬᠦᠴᠡᠯ ᠨᠢ ᠬᠠᠳᠠᠭᠠᠯᠠᠮᠵᠢ ᠶᠢᠨ ᠡᠳ᠋ ᠢ ᠳᠡᠯᠭᠡᠨ ᠦᠵᠡᠭᠦᠯᠬᠦ᠂ ᠬᠠᠮᠠᠭᠠᠯᠠᠬᠤ᠂ ᠬᠠᠮᠢᠶᠠᠷᠬᠤ |
ᠬᠡᠷᠡᠭᠴᠡᠭᠡ ᠳᠤ ᠨᠡᠶᠢᠴᠡᠭᠰᠡᠨ ᠨᠤᠲᠠᠯᠠᠯᠲᠠ ᠶᠢᠨ ᠮᠠᠲ᠋ᠧᠷᠢᠶᠠᠯ︔ |
( ᠳᠥᠷᠪᠡ ) ᠬᠠᠳᠠᠭᠠᠯᠠᠵᠤ ᠪᠠᠶᠢᠭ᠎ᠠ ᠡᠳ᠋ ᠤᠨ ᠨᠠᠷᠢᠨ ᠲᠡᠩᠰᠠ ᠬᠢᠭᠡᠳ ᠬᠠᠤᠯᠢ ᠶᠣᠰᠣᠨ ᠤ ᠢᠷᠡᠯᠲᠡ ᠶᠢᠨ |
ᠲᠣᠳᠣᠷᠬᠠᠶᠢᠯᠠᠯᠲᠠ᠂ ᠠᠯᠪᠠᠨ ᠭᠡᠷᠡᠴᠢᠯᠡᠭᠡ ᠶᠢᠨ ᠪᠠᠶᠢᠭᠤᠯᠭ᠎ᠠ ᠠᠴᠠ ᠭᠠᠷᠭᠠᠵᠤ ᠥᠭᠭᠦᠭᠰᠡᠨ ᠬᠠᠳᠠᠭᠠᠯᠠᠵᠤ ᠪᠠᠶᠢᠭ᠎ᠠ |
ᠡᠳ᠋ ᠤᠨ ᠨᠠᠷᠢᠨ ᠲᠡᠩᠰᠠ ᠳᠤ ᠬᠢ ᠪᠦᠬᠦ ᠡᠳ᠋ ᠪᠣᠳᠠᠰ ᠢ ᠴᠥᠮ ᠪᠠᠶᠢᠭᠤᠯᠬᠤ ᠪᠠᠷ ᠪᠠᠶᠢᠭ᠎ᠠ ᠮᠦᠽᠧᠢ ᠶᠢᠨ |
ᠲᠣᠭᠲᠠᠮᠠᠯ ᠬᠥᠷᠥᠩᠭᠡ ᠪᠤᠯᠭᠠᠬᠤ ᠪᠠᠷ ᠲᠤᠭᠲᠠᠭᠰᠠᠨ ᠠᠯᠪᠠᠨ ᠭᠡᠷᠡᠴᠢᠯᠡᠭᠡ ᠶᠢᠨ ᠪᠢᠴᠢᠭ ᠬᠠᠷ᠎ᠠ︔ |
︵ᠲᠠᠪᠤ︶ ᠳᠡᠯᠭᠡᠨ ᠦᠵᠡᠬᠦᠯᠬᠦ ᠲᠥᠰᠥᠯ ︵ᠲᠤᠰᠬᠠᠢ ᠮᠡᠷᠭᠡᠵᠢᠯᠲᠡᠨ ᠤ ᠨᠤᠲᠠᠯᠠᠭᠰᠠᠨ ᠰᠠᠨᠠᠯ ᠢ |
ᠪᠠᠭᠲᠠᠭᠠᠨ᠎ᠠ︶ |
︵ᠵᠢᠷᠭᠤᠭ᠎ᠠ︶ ᠬᠠᠤᠯᠢ ᠶᠣᠰᠣᠨ ᠤ ᠬᠦᠴᠦᠨ ᠪᠦᠬᠦᠢ ᠮᠥᠽᠸᠢ ᠡᠷᠭᠢᠯᠡᠬᠦ ᠪᠡᠯᠡ ᠮᠥᠩᠭᠦ ︵50 ᠲᠦᠮᠡᠨ |
ᠲᠥᠭᠦᠷᠢᠭ ᠠᠴᠠ ᠳᠣᠣᠷ᠎ᠠ ᠦᠭᠡᠢ︶ ᠶᠢᠨ ᠭᠡᠷᠡᠴᠢᠯᠡᠬᠦ ᠮᠠᠲ᠋ᠧᠷᠢᠶᠠᠯ᠂ ᠡᠷᠭᠢᠯᠡᠨ ᠬᠢᠭᠴᠢ ᠤᠯᠤᠰ ᠤᠨ ᠥᠮᠴᠢᠯᠡᠯᠲᠦ |
ᠪᠤᠰᠤ ᠮᠦᠽᠧᠢ ᠶᠢᠨ ᠣᠷᠣᠰᠢᠨ ᠦᠷᠭᠦᠯᠵᠢᠯᠡᠬᠦ ᠬᠤᠭᠤᠴᠠᠭᠠᠨ ᠳᠤ ᠳᠠᠩᠰᠠᠯᠠᠭᠤᠯᠤᠭᠰᠠᠨ ᠪᠡᠯᠡ ᠮᠥᠩᠭᠦ ᠪᠠᠨ ᠲᠠᠲᠠᠨ |
ᠵᠠᠶᠢᠯᠠᠭᠤᠯᠬᠤ ᠦᠭᠡᠢ ᠭᠡᠰᠡᠨ ᠠᠮᠠᠯᠠᠯᠲᠠ ᠶᠢᠨ ᠪᠢᠴᠢᠭ ᠪᠠ ᠲᠣᠭᠲᠠᠪᠤᠷᠢᠲᠠᠢ ᠠᠵᠢᠯᠯᠠᠭᠠᠨ ᠤ ᠵᠠᠷᠤᠳᠠᠯ ᠤᠨ |
ᠢᠷᠡᠯᠲᠡ ᠶᠢᠨ ᠲᠣᠳᠣᠷᠬᠠᠶᠢᠯᠠᠯᠲᠠ︔ |
︵ᠲᠤᠯᠤᠭ᠎ᠠ︶ ᠪᠠᠶᠢᠭᠤᠯᠵᠤ ᠳᠠᠩᠰᠠᠯᠠᠭᠤᠯᠬᠤ ᠳᠤ ᠡᠭᠦᠷᠢᠳᠡ ᠶᠢᠨ ᠴᠢᠨᠠᠷ ᠢᠶᠠᠷ ᠬᠠᠷᠠᠯᠲᠠ ᠪᠣᠯᠭᠠᠵᠤ᠂ ᠠᠵᠤ |
ᠠᠬᠤᠢ ᠶᠢᠨ ᠬᠠᠷᠢᠭᠤ ᠬᠠᠷᠠᠮᠵᠢ ᠣᠯᠬᠤ ᠪᠠᠷ ᠱᠠᠭᠠᠷᠳᠠᠬᠤ ᠦᠭᠡᠢ ︵ᠮᠦᠽᠧᠢ ᠶᠢᠨ ᠠᠰᠢᠭ ᠲᠤᠰᠠ ᠶᠢ |
ᠬᠤᠪᠢᠶᠠᠷᠢᠯᠠᠵᠤ ᠪᠣᠯᠬᠤ ᠦᠭᠡᠢ︶ ᠠᠮᠠᠯᠠᠯᠲᠠ ᠶᠢᠨ ᠪᠢᠴᠢᠭ︔ |
︵ᠨᠠᠢᠮᠠ︶ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ᠂ ᠲᠤᠰᠬᠠᠢ ᠮᠡᠷᠭᠡᠵᠢᠯ ᠤᠨ ᠠᠵᠢᠯᠲᠠᠨ ᠪᠠ |
ᠬᠠᠮᠢᠶᠠᠷᠤᠯᠲᠠ ᠶᠢᠨ ᠠᠵᠢᠯᠲᠠᠨ ᠤ ᠦᠨᠳᠦᠰᠦᠨ ᠪᠠᠶᠢᠳᠠᠯ ᠤᠨ ᠲᠣᠳᠣᠷᠬᠠᠶᠢᠯᠠᠯᠲᠠ ᠵᠢᠴᠢ ᠭᠡᠷᠡᠴᠢᠯᠡᠬᠦ ᠮᠠᠲ᠋ᠧᠷᠢᠶᠠᠯ︔ |
︵ᠶᠢᠰᠦ︶ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠪᠤᠶᠤ ᠪᠤᠰᠤᠳ ᠵᠠᠰᠠᠭ ᠵᠠᠬᠢᠷᠭᠠᠨ ᠤ ᠬᠢᠨᠠᠨ |
ᠵᠥᠪᠰᠢᠶᠡᠷᠡᠬᠦ ᠰᠠᠯᠠᠭ᠎ᠠ ᠮᠥᠴᠢᠷ ᠤᠨ ᠭᠠᠷᠭᠠᠭᠰᠠᠨ ︽ᠠᠷᠠᠳ ᠠᠴᠠ ᠡᠷᠭᠢᠯᠡᠭᠰᠡᠨ ᠠᠵᠤ ᠠᠬᠤᠶᠢᠯᠠᠯ ᠤᠨ ᠪᠤᠰᠤ |
ᠨᠢᠭᠡᠴᠢ ᠶᠢᠨ ᠨᠡᠷᠡᠶᠢᠳᠦᠯ ᠢ ᠤᠷᠢᠳᠴᠢᠯᠠᠨ ᠳᠠᠩᠰᠠᠯᠠᠭᠤᠯᠬᠤ ᠮᠡᠳᠡᠭᠳᠡᠯ ᠤᠨ ᠪᠢᠴᠢᠭ︾︔ |
︵ᠠᠷᠪᠠ︶ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠤᠨ ᠬᠢᠵᠦ ᠥᠭᠭᠦᠭᠰᠡᠨ ᠮᠥᠽᠸᠢ ᠡᠷᠬᠢᠯᠡᠬᠦ |
ᠲᠠᠯᠠᠪᠤᠷ ᠤᠨ ᠠᠶᠤᠯ ᠦᠭᠡᠢ ᠶᠢᠨ ᠰᠢᠯᠭᠠᠨ ᠠᠪᠤᠯᠲᠠ ᠳᠤ ᠬᠢᠷᠢ ᠲᠡᠩᠴᠡᠭᠰᠡᠨ ᠭᠡᠷᠡᠴᠢ︔ ᠣᠷᠣᠨ ᠰᠠᠭᠤᠴᠠ ᠪᠠ |
ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠤᠨ ᠭᠠᠷᠭᠠᠭᠰᠠᠨ ᠤᠨᠴᠠᠭᠠᠢ ᠪᠦᠲᠦᠭᠡᠨ |
ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠯᠲᠠ ᠶᠢᠨ ᠰᠢᠯᠭᠠᠨ ᠠᠪᠬᠤ ᠰᠠᠨᠠᠯ ᠤᠨ ᠪᠢᠴᠢᠭ ᠪᠤᠶᠤ ᠭᠠᠯ |
ᠤᠨᠲᠠᠷᠠᠭᠠᠯᠲᠠ ᠶᠢᠨ ᠰᠢᠯᠭᠠᠨ ᠠᠪᠬᠤ ᠶᠢ ᠳᠠᠩᠰᠠᠯᠠᠭᠤᠯᠤᠭᠰᠠᠨ ᠭᠡᠷᠡᠴᠢ ᠪᠠᠷᠢᠮᠲᠠ᠂ ᠭᠠᠯ ᠤᠨᠲᠠᠷᠠᠭᠠᠯᠲᠠ ᠶᠢᠨ |
ᠰᠢᠯᠭᠠᠨ ᠠᠪᠬᠤ ᠶᠢ ᠳᠡᠩᠰᠡᠯᠡᠵᠦ ᠰᠤᠭᠤᠴᠢᠨ ᠪᠠᠶᠢᠴᠠᠭᠠᠭᠰᠠᠨ/ᠳᠠᠬᠢᠨ ᠪᠠᠶᠢᠴᠠᠭᠠᠭᠰᠠᠨ ᠦᠷ᠎ᠡ ᠳ᠋ᠦᠩ ᠤᠨ |
ᠮᠡᠳᠡᠭᠳᠡᠯ ᠤᠨ ᠪᠢᠴᠢᠭ ᠵᠡᠷᠭᠡ ᠪᠢᠴᠢᠭ ᠮᠠᠲ᠋ᠧᠷᠢᠶᠠᠯ︔ |
︵ᠠᠷᠪᠠᠨ ᠨᠢᠭᠡ︶ ᠪᠠᠶᠢᠭ᠎ᠠ ᠭᠠᠵᠠᠷ ︵ᠠᠶᠢᠮᠠᠭ ᠬᠤᠲᠠ ᠶᠢᠨ ᠱᠠᠲᠤ ᠪᠤᠶᠤ ᠬᠤᠰᠢᠭᠤ ᠰᠢᠶᠠᠨ ᠤ ᠱᠠᠲᠤ︶ |
ᠤᠨ ᠲᠡᠦᠬᠡ ᠶᠢᠨ ᠳᠤᠷᠠᠰᠬᠠᠯᠲᠤ ᠵᠦᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠭᠠᠷᠭᠠᠭᠰᠠᠨ |
ᠲᠤᠬᠠᠶᠢᠯᠠᠭᠰᠠᠨ ᠠᠵᠢᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠬᠤ ᠶᠢ ᠵᠥᠪᠰᠢᠶᠡᠷᠡᠭᠰᠡᠨ ᠭᠡᠷᠡᠴᠢᠯᠡᠬᠦ |
ᠪᠢᠴᠢᠭ ᠮᠠᠲ᠋ᠧᠷᠢᠶᠠᠯ︔ |
︵ᠠᠷᠪᠠᠨ ᠬᠤᠶᠠᠷ︶ ᠦᠵᠡᠰᠬᠦᠯᠡᠩ ᠳᠤ ᠬᠡᠷᠡᠭᠯᠡᠬᠦ ᠭᠠᠵᠠᠷ ᠤᠨ ᠵᠢᠷᠤᠭ ᠤᠨ ᠲᠣᠳᠣᠷᠬᠠᠶᠢᠯᠠᠯᠲᠠ︔ |
︵ᠠᠷᠪᠠᠨ ᠭᠤᠷᠪᠠ︶ ᠠᠶᠢᠮᠠᠭ ᠬᠤᠲᠠ ᠶᠢᠨ ᠱᠠᠲᠤᠨ ᠤ ᠲᠡᠦᠬᠡ ᠶᠢᠨ ᠳᠤᠷᠠᠰᠬᠠᠯᠲᠤ ᠵᠦᠢᠯ ᠤᠨ ᠵᠠᠰᠠᠭ |
ᠵᠠᠬᠢᠷᠭᠠᠨ ᠤ ᠰᠠᠯᠠᠭ᠎ᠠ ᠮᠥᠴᠢᠷ ᠤᠨ ᠮᠦᠽᠧᠢ ᠶᠢ ᠳᠠᠩᠰᠠᠯᠠᠭᠤᠯᠬᠤ ᠪᠠᠷ ᠭᠤᠶᠤᠴᠢᠯᠠᠭᠰᠠᠨ ᠠᠩᠬ᠎ᠠ ᠬᠢᠨᠠᠭᠰᠠᠨ |
ᠰᠠᠨᠠᠯ ᠤᠨ ᠲᠤᠬᠠᠢ ᠪᠢᠴᠢᠭ ᠮᠠᠲ᠋ᠧᠷᠢᠶᠠᠯ᠃ |
ᠬᠠᠮᠢᠶ᠎ᠠ ᠪᠦᠬᠦᠢ ᠪᠣᠳᠠᠲᠠᠢ ᠲᠣᠭᠲᠠᠭᠠᠯ ᠵᠢᠴᠢ ᠮᠡᠳᠡᠭᠦᠯᠬᠦ ᠮᠠᠲ᠋ᠧᠷᠢᠶᠠᠯ ᠤᠨ ᠥᠯᠢᠭᠡᠷ ᠳᠡᠪᠲᠡᠷ ᠢ ᠥᠪᠥᠷ |
ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶᠡᠨ ᠤ ︽ᠮᠦᠽᠧᠢ ᠶᠢ ᠪᠠᠶᠢᠭᠤᠯᠬᠤ᠂ |
ᠬᠤᠪᠢᠷᠠᠭᠤᠯᠬᠤ᠂ ᠡᠴᠦᠰᠯᠡᠬᠦᠯᠬᠦ ᠳᠤ ᠳᠠᠩᠰᠠᠯᠠᠭᠤᠯᠬᠤ ᠵᠦᠢᠯᠡᠰ︾ ᠤᠨ ᠬᠠᠮᠢᠶ᠎ᠠ ᠪᠦᠬᠦᠢ ᠬᠡᠷᠡᠭ ᠭᠦᠢᠴᠡᠳᠬᠡᠬᠦ |
ᠵᠦᠭᠯᠡᠭᠦᠷ ᠠᠴᠠ ᠯᠠᠪᠯᠠᠭᠠᠷᠠᠢ᠃ |
ᠲᠠᠪᠤ᠂ ᠤᠯᠤᠰ ᠤᠨ ᠥᠮᠴᠢᠯᠡᠯᠲᠦ ᠪᠤᠰᠤ ᠮᠦᠽᠧᠢ ᠳᠤ ᠶᠠᠮᠠᠷ ᠲᠦᠷᠦ ᠶᠢᠨ ᠪᠣᠳᠣᠯᠭ᠎ᠠ ᠶᠢᠨ ᠳᠡᠮᠵᠢᠯᠭᠡ |
ᠦᠵᠡᠭᠦᠯᠬᠦ ᠪᠤᠢ︖ |
︽ᠠᠷᠭ᠎ᠠ︾ ᠳᠤ ᠭᠡᠷ ᠪᠠᠶᠢᠰᠢᠩ ᠤᠨ ᠪᠦᠲᠦᠭᠡᠨ ᠪᠠᠶᠢᠭᠤᠯᠤᠯᠲᠠ᠂ ᠭᠠᠶᠢᠯᠢ ᠲᠠᠲᠠᠪᠤᠷᠢ ᠶᠢᠨ ᠳᠡᠮᠵᠢᠯᠭᠡ᠂ |
ᠬᠠᠮᠵᠢᠨ ᠬᠠᠪᠰᠤᠷᠤᠨ ᠲᠡᠳᠬᠦᠬᠦ᠂ ᠲᠤᠰᠬᠠᠢ ᠮᠡᠷᠭᠡᠵᠢᠯ ᠤᠨ ᠠᠵᠢᠯᠲᠠᠨ ᠵᠡᠷᠭᠡ ᠲᠠᠯ᠎ᠠ ᠪᠠᠷ ᠤᠯᠤᠰ ᠤᠨ ᠥᠮᠴᠢᠯᠡᠯᠲᠦ |
ᠪᠤᠰᠤ ᠮᠦᠽᠧᠢ ᠳᠤ ᠲᠥᠷᠥ ᠶᠢᠨ ᠪᠣᠳᠣᠯᠭ᠎ᠠ ᠶᠢᠨ ᠳᠡᠮᠵᠢᠯᠭᠡ ᠦᠵᠡᠭᠦᠯᠬᠦ ᠶᠢ ᠲᠣᠳᠣᠷᠬᠠᠢ ᠲᠣᠭᠲᠠᠭᠠᠵᠠᠢ᠃ |
ᠵᠢᠱᠢᠶᠡᠯᠡᠪᠡᠯ᠄ ᠡᠷᠲᠡᠨ ᠤ ᠠᠶᠢᠯ ᠲᠣᠰᠬᠤᠨ᠂ ᠡᠷᠲᠡᠨ ᠤ ᠪᠠᠷᠢᠯᠭ᠎ᠠ᠂ ᠣᠷᠴᠢᠨ ᠤᠳᠤ ᠦᠶ᠎ᠡ ᠶᠢᠨ ᠴᠢᠬᠤᠯᠠ |
ᠲᠡᠦᠬᠡ ᠶᠢᠨ ᠤᠯᠠ ᠮᠥᠷ ᠵᠢᠴᠢ ᠲᠥᠯᠥᠭᠡᠯᠡᠬᠦ ᠴᠢᠨᠠᠷᠲᠠᠢ ᠪᠠᠷᠢᠯᠭ᠎ᠠ ᠵᠡᠷᠭᠡ ᠶᠢ ᠠᠰᠢᠭᠯᠠᠨ ᠤᠯᠤᠰ ᠤᠨ ᠥᠮᠴᠢᠯᠡᠯᠲᠦ |
ᠪᠤᠰᠤ ᠮᠦᠽᠧᠢ ᠪᠠᠶᠢᠭᠤᠯᠬᠤ ᠶᠢ ᠵᠣᠷᠢᠭᠵᠢᠭᠤᠯᠵᠤ᠂ ᠤᠯᠤᠰ ᠤᠨ ᠥᠮᠴᠢᠯᠡᠯᠲᠦ ᠮᠦᠽᠧᠢ ᠪᠣᠯᠣᠨ ᠤᠯᠤᠰ ᠤᠨ |
ᠥᠮᠴᠢᠯᠡᠯᠲᠦ ᠪᠤᠰᠤ ᠮᠦᠽᠧᠢ ᠶᠢᠨ ᠬᠠᠷᠢᠯᠴᠠᠨ ᠬᠠᠪᠰᠤᠷᠤᠨ ᠲᠡᠳᠬᠦᠬᠦ ᠶᠢ ᠵᠣᠷᠢᠭᠵᠢᠭᠤᠯᠤᠨ᠎ᠠ︔ ᠤᠯᠤᠰ ᠤᠨ |
ᠥᠮᠴᠢᠯᠡᠯᠲᠦ ᠪᠤᠰᠤ ᠮᠦᠽᠧᠢ ᠨᠢ ᠪᠠᠶᠢᠭᠤᠯᠬᠤ ᠨᠥᠬᠦᠴᠡᠯ᠂ ᠨᠡᠶᠢᠭᠡᠮ ᠤᠨ ᠦᠢᠯᠡᠴᠢᠯᠡᠭᠡ ᠬᠠᠩᠭᠠᠬᠤ᠂ |
ᠵᠢᠷᠤᠮᠵᠢᠭᠤᠯᠤᠨ ᠬᠠᠮᠢᠶᠠᠷᠬᠤ᠂ ᠭᠠᠶᠢᠯᠢ ᠲᠠᠲᠠᠪᠤᠷᠢ ᠶᠢᠨ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠵᠡᠷᠭᠡ |
ᠲᠠᠯ᠎ᠠ ᠪᠠᠷ ᠤᠯᠤᠰ ᠤᠨ ᠥᠮᠴᠢᠯᠡᠯᠲᠦ ᠮᠦᠽᠧᠢ ᠲᠠᠢ ᠠᠳᠠᠯᠢᠬᠠᠨ ᠬᠠᠷᠠᠭᠠᠯᠵᠠᠯ ᠭᠥᠷᠳᠡᠨ᠎ᠡ᠃ |