ᠤᠮᠠᠷᠠᠲᠤ ᠬᠢᠯᠢ ᠶᠢᠨ ᠰᠣᠶᠣᠯ ᠪᠣᠯ ᠳᠤᠮᠳᠠᠳᠤ ᠶᠢᠨ ᠰᠣᠶᠣᠯ ᠤᠨ ᠴᠢᠬᠤᠯᠠ ᠪᠦᠷᠢᠯᠳᠦᠭᠦᠨ ᠬᠡᠰᠡᠭ ᠪᠦᠭᠡᠳ |
ᠡᠯᠪᠡᠭ ᠪᠠᠶᠠᠯᠢᠭ ᠰᠣᠶᠣᠯ ᠤᠨ ᠥᠪ ᠶᠤᠮ᠂ ᠶᠠᠭ ᠯᠠ ᠭᠡᠷᠡᠯ ᠰᠠᠴᠤᠷᠠᠭᠰᠠᠨ ᠤᠳᠤᠨ ᠮᠡᠴᠢᠳ ᠮᠡᠲᠦ ᠪᠠᠶᠢᠳᠠᠭ᠃ |
ᠣᠶᠢᠷ᠎ᠠ ᠶᠢᠨ ᠵᠢᠯ ᠠᠴᠠ᠂ ᠥᠪᠥᠷ ᠮᠣᠩᠭᠤᠯ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠨ ᠠᠰᠢᠭᠯᠠᠬᠤ ᠶᠢ |
ᠯᠠᠪᠳᠠᠭᠤᠨ ᠢᠶᠠᠷ ᠠᠬᠢᠭᠤᠯᠵᠤ᠂ ᠡᠯᠪᠡᠭ ᠪᠠᠶᠠᠯᠢᠭ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠭᠤᠴᠢ |
ᠰᠤᠳᠤᠯᠤᠯ ᠤᠨ ᠦᠷ᠎ᠡ ᠪᠦᠲᠦᠭᠡᠯ ᠢᠶᠠᠷ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ |
ᠦᠯᠢᠭᠡᠷ ᠢ ᠰᠠᠶᠢᠲᠤᠷ ᠶᠠᠷᠢᠵᠤ᠂ ᠰᠣᠶᠣᠯ ᠤᠨ ᠥᠪ ᠤᠨ ᠭᠧᠨ ᠢ ᠲᠠᠰᠤᠷᠠᠯᠲᠠ ᠦᠭᠡᠢ ᠬᠥᠭᠵᠢᠭᠡᠵᠦ᠂ ᠰᠣᠶᠣᠯ ᠤᠨ |
ᠥᠪ ᠤᠨ ᠴᠠᠭ ᠦᠶ᠎ᠡ ᠶᠢᠨ ᠭᠡᠷᠡᠯ ᠭᠢᠯᠪᠠᠭ᠎ᠠ ᠶᠢ ᠰᠠᠴᠤᠷᠠᠭᠤᠯᠵᠠᠢ᠃ |
ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠭᠤᠴᠢ |
ᠰᠤᠳᠤᠯᠤᠯ ᠤᠨ ᠰᠤᠳᠤᠯᠭᠠᠨ ᠤ ᠬᠦᠷᠢᠶᠡᠯᠡᠩ ᠤᠨ ᠰᠣᠶᠣᠯ ᠤᠨ ᠬᠠᠮᠠᠭᠠᠯᠠᠯᠲᠠ ᠶᠢᠨ ᠠᠵᠢᠯᠲᠠᠳ ᠤᠯᠠᠭᠠᠨᠬᠠᠳᠠ |
ᠬᠤᠳᠠ ᠶᠢᠨ ᠰᠦᠩᠱᠠᠨ ᠲᠣᠭᠤᠷᠢᠭ ᠤᠨ ᠼᠠᠢ ᠲᠤᠤ ᠫᠦᠸᠧ ᠶᠢᠨ ᠪᠠᠭᠤᠷᠢ ᠠᠴᠠ ᠣᠯᠳᠠᠭᠰᠠᠨ ᠲᠡᠦᠬᠡ ᠶᠢᠨ |
ᠳᠤᠷᠠᠰᠬᠠᠯᠲᠤ ᠵᠦᠢᠯᠡᠰ ᠢ ᠵᠦᠢᠴᠢᠯᠡᠬᠦ᠂ ᠰᠡᠯᠪᠢᠨ ᠵᠠᠰᠠᠬᠤ ᠪᠠ ᠰᠡᠭᠦᠯᠴᠢ ᠶᠢᠨ ᠬᠤᠭᠤᠴᠠᠭᠠᠨ ᠤ ᠬᠠᠮᠠᠭᠠᠯᠠᠯᠲᠠ ᠶᠢᠨ |
ᠠᠵᠢᠯ ᠢ ᠬᠢᠵᠦ ᠪᠤᠢ᠃ 2023 ᠣᠨ ᠤ 8 ᠳ᠋ᠤᠭᠠᠷ ᠰᠠᠷ᠎ᠠ ᠳᠤ᠂ ︽ᠬᠠᠭᠤᠴᠢ ᠰᠤᠳᠤᠯᠤᠯ ᠤᠨ ᠳᠤᠮᠳᠠᠳᠤ ᠤᠯᠤᠰ |
︾ ᠤᠨ ᠴᠢᠬᠤᠯᠠ ᠶᠡᠭᠡ ᠲᠥᠷᠥᠯ ᠵᠦᠢᠯ ᠤᠨ ᠬᠤᠩᠱᠠᠨ ᠤ ᠨᠡᠶᠢᠭᠡᠮ ᠤᠨ ᠪᠣᠯᠪᠠᠰᠤᠨ ᠤ ᠠᠬᠢᠴᠠ ᠶᠢᠨ ᠬᠤᠪᠢᠶᠠᠷᠢ |
ᠲᠥᠷᠥᠯ ᠵᠦᠢᠯ ᠪᠣᠯᠤᠭᠰᠠᠨ ᠤ ᠬᠤᠪᠢ ᠳᠤ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠠᠵᠢᠯᠲᠠᠳ ᠰᠦᠩᠱᠠᠨ |
ᠲᠣᠭᠤᠷᠢᠭ ᠤᠨ ᠼᠠᠢ ᠲᠤᠸ ᠫᠥᠸᠧ ᠶᠢᠨ ᠪᠠᠭᠤᠷᠢ ᠶᠢᠨ ᠬᠠᠭᠤᠴᠢ ᠰᠤᠳᠤᠯᠤᠯ ᠤᠨ ᠶᠠᠪᠤᠴᠠ ᠳᠤ ᠨᠢᠭᠡᠨ ᠯᠣᠸ ᠶᠢᠨ |
ᠬᠡᠯᠪᠡᠷᠢ ᠲᠠᠢ ᠬᠢᠰᠤᠭ᠎ᠠ ᠶᠢᠨ ᠴᠢᠮᠡᠭᠯᠡᠯ ᠢ ᠮᠠᠯᠲᠠᠨ ᠭᠠᠷᠭᠠᠵᠠᠢ᠂ ᠣᠨ ᠵᠢᠯ ᠤᠨ ᠲᠠᠯ᠎ᠠ ᠪᠠᠷ ᠡᠭᠦᠨ ᠠᠴᠠ ᠡᠮᠦᠨ᠎ᠡ |
ᠣᠯᠳᠠᠭᠰᠠᠨ ᠬᠠᠰ ᠯᠣᠸ ᠠᠴᠠ ᠬᠤᠯᠠ ᠡᠷᠲᠡ ᠪᠠᠶᠢᠵᠤ᠂ ᠬᠤᠩᠱᠠᠨ ᠤ ᠰᠣᠶᠣᠯ ᠤᠨ ᠠᠩᠬᠠᠨ ᠤ ᠦᠶ᠎ᠡ ᠶᠢᠨ |
ᠯᠣᠸ ᠶᠢᠨ ᠳᠦᠷᠢ ᠲᠥᠷᠬᠦ ᠶᠢᠨ ᠬᠤᠭᠤᠰᠤᠨ ᠢ ᠨᠥᠬᠦᠪᠦᠷᠢᠯᠡᠭᠰᠡᠨ ᠪᠠᠶᠢᠨ᠎ᠠ᠃ |
ᠤᠯᠠᠭᠠᠨᠬᠠᠳᠠ ᠬᠤᠳᠠ ᠶᠢᠨ ᠰᠦᠩᠱᠠᠨ ᠲᠣᠭᠤᠷᠢᠭ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ |
ᠬᠠᠮᠠᠭᠠᠯᠠᠯᠲᠠ ᠶᠢᠨ ᠲᠥᠪ ᠤᠨ ᠡᠷᠬᠢᠯᠡᠭᠴᠢ ᠬᠤᠸᠠᠩ ᠯᠢ᠄ ᠬᠠᠳᠠᠭᠠᠯᠠᠨ ᠦᠯᠡᠳᠡᠭᠡᠭᠰᠡᠨ ᠪᠦᠷᠢᠨ ᠪᠦᠲᠦᠨ᠂ ᠦᠨ᠎ᠡ |
ᠦᠷᠳᠡᠭ ᠲᠠᠢ ᠬᠤᠩᠱᠠᠨ ︵ᠰᠣᠶᠣᠯ︶ ᠤ ᠪᠠᠭᠤᠷᠢ ᠮᠠᠰᠢ ᠴᠥᠭᠡᠨ ᠪᠤᠯᠬᠤᠷ ᠮᠠᠨ ᠤ ᠬᠠᠭᠤᠴᠢ ᠰᠤᠳᠤᠯᠤᠭᠴᠢᠳ ᠲᠤ |
ᠠᠪᠴᠤ ᠬᠡᠯᠡᠪᠡᠯ ᠮᠠᠰᠢ ᠶᠡᠭᠡ ᠲᠠᠲᠠᠬᠤ ᠬᠦᠴᠦᠨ ᠲᠠᠢ ᠶᠤᠮ᠃ |
ᠥᠪᠡᠷᠲᠡᠭᠡᠨ ᠵᠠᠰᠠᠬᠤ ᠣᠷᠣᠨ ︽ᠳᠤᠮᠳᠠᠳᠤ ᠶᠢᠨ ᠪᠣᠯᠪᠠᠰᠤᠨ ᠤ ᠡᠬᠢ ᠰᠤᠷᠪᠤᠯᠵᠢ ᠶᠢ ᠬᠠᠶᠢᠬᠤ ᠢᠨᠵᠧᠨᠧᠷᠢᠩ |
︾ ︽ᠬᠠᠭᠤᠴᠢ ᠰᠤᠳᠤᠯᠤᠯ ᠤᠨ ᠳᠤᠮᠳᠠᠳᠤ ᠤᠯᠤᠰ︾ ᠭᠡᠬᠦ ᠰᠡᠳᠦᠪ ᠤᠨ ᠰᠤᠳᠤᠯᠭᠠᠨ ᠢ ᠭᠦᠨᠵᠡᠭᠡᠶᠢᠷᠡᠭᠦᠯᠪᠡ᠃ |
2023 ᠣᠨ ᠳᠤ᠂ 11 ᠵᠦᠢᠯ ᠤᠨ ᠰᠠᠨᠠᠭᠠᠴᠢᠯᠠᠭ᠎ᠠ ᠠᠴᠠ ᠪᠠᠨ ᠬᠠᠭᠤᠴᠢ ᠰᠤᠳᠤᠯᠤᠯ ᠤᠨ ᠨᠡᠭᠡᠭᠡᠨ ᠮᠠᠯᠲᠠᠬᠤ |
ᠲᠦᠷᠦᠯ ᠵᠦᠢᠯ ᠢ ᠪᠦᠬᠦ ᠲᠠᠯ᠎ᠠ ᠪᠠᠷ ᠡᠬᠢᠯᠡᠭᠦᠯᠵᠦ᠂ ᠼᠠᠢ ᠲᠤᠤ ᠫᠦᠸᠧ ᠶᠢᠨ ᠪᠠᠭᠤᠷᠢ ᠶᠢᠨ ᠬᠠᠶᠢᠨ |
ᠰᠢᠨᠵᠢᠯᠡᠯᠲᠡ ᠶᠢᠨ ᠲᠠᠯᠠᠪᠠᠢ 7 ᠲᠦᠮᠡ ᠭᠠᠷᠤᠢ ᠲᠡᠭᠰᠢ ᠳᠥᠷᠪᠡᠯᠵᠢᠨ ᠮᠧᠲᠷ᠂ ᠨᠡᠭᠡᠭᠡᠨ ᠮᠠᠯᠲᠠᠭᠰᠠᠨ ᠲᠠᠯᠠᠪᠠᠢ |
1300 ᠭᠠᠷᠤᠢ ᠲᠡᠭᠰᠢ ᠳᠥᠷᠪᠡᠯᠵᠢᠨ ᠮᠧᠲᠷ ᠲᠤ ᠬᠦᠷᠴᠦ᠂ ᠬᠤᠩᠱᠠᠨ ᠤ ᠰᠣᠶᠣᠯ ᠢ ᠪᠣᠳᠠᠰ ᠤᠨ ᠪᠤᠰᠤ |
ᠰᠣᠶᠣᠯ ᠤᠨ ᠥᠪ ᠢᠶᠠᠷ ᠮᠡᠳᠡᠭᠦᠯᠬᠦ ᠳᠤ ᠬᠦᠴᠦᠲᠡᠢ ᠲᠤᠯᠭᠠᠭᠤᠷᠢᠯᠠᠯ ᠬᠠᠩᠭᠠᠵᠠᠢ᠃ |
ᠬᠤᠪᠢᠰᠬᠠᠯᠲᠤ ᠰᠣᠶᠣᠯ ᠪᠣᠯ ᠤᠮᠠᠷᠠᠲᠤ ᠬᠢᠯᠢ ᠶᠢᠨ ᠰᠣᠶᠣᠯ ᠤᠨ ᠢᠯᠡ ᠲᠣᠳᠣ ᠰᠠᠭᠤᠷᠢ ᠥᠩᠭᠡ ᠪᠦᠭᠡᠳ |
ᠣᠶᠤᠨ ᠰᠠᠨᠠᠭᠠᠨ ᠤ ᠲᠤᠭ ᠲᠡᠮᠳᠡᠭ ᠮᠥᠨ᠃ ᠣᠳᠣᠬᠠᠨ ᠳᠤ᠂ ᠪᠦᠬᠦ ᠣᠷᠣᠨ ᠤ 397 ᠰᠢᠯᠵᠢᠭᠦᠯᠵᠦ ᠪᠣᠯᠣᠰᠢ |
ᠦᠭᠡᠢ ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯᠡᠰ᠂ 13155 ᠬᠤᠪᠢ ︵ᠢᠵᠢ︶ ᠰᠢᠯᠵᠢᠭᠦᠯᠵᠦ |
ᠪᠣᠯᠬᠤ ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯᠡᠰ ᠲᠠᠢ᠂ 12 ᠪᠠᠭᠤᠷᠢ ᠶᠢᠨ ᠳᠤᠷᠠᠰᠬᠠᠯ ᠤᠨ ᠣᠷᠳᠣᠨ |
ᠨᠢ ᠤᠯᠤᠰ ᠤᠨ ᠲᠡᠰ ᠤᠨ ᠶᠠᠫᠤᠨ ᠢ ᠡᠰᠡᠷᠭᠦᠴᠡᠬᠦ ᠳᠠᠶᠢᠨ ᠤ ᠳᠤᠷᠠᠰᠬᠠᠯ ᠤᠨ ᠲᠥᠬᠦᠭᠡᠷᠦᠮᠵᠢ ᠶᠢᠨ ᠪᠠᠭᠤᠷᠢ ᠶᠢᠨ |
ᠨᠡᠷᠡᠰ ᠲᠤ ᠰᠣᠩᠭᠤᠭᠳᠠᠵᠤ᠂ 2 ᠲᠠᠯ᠎ᠠ ᠨᠤᠲᠤᠭ ᠨᠢ ᠲᠦᠷᠦᠭᠦᠦ ᠪᠦᠯᠦᠭ ᠤᠨ ᠤᠯᠤᠰ ᠤᠨ ᠲᠡᠰ ᠤᠨ ︽ |
ᠬᠤᠪᠢᠰᠬᠠᠯ ᠤᠨ ᠲᠠᠯ᠎ᠠ ᠨᠤᠲᠤᠭ︾ ᠤᠨ ᠨᠡᠷᠡᠰ ᠲᠤ ᠰᠣᠩᠭᠤᠭᠳᠠᠵᠤ᠂ 8 ᠬᠤᠪᠢᠰᠬᠠᠯ ᠤᠨ ᠳᠤᠷᠠᠰᠬᠠᠯᠲᠤ |
ᠵᠢᠭᠤᠯᠴᠢᠯᠠᠯ ᠤᠨ ᠦᠵᠡᠮᠵᠢ ᠶᠢᠨ ᠣᠷᠣᠨ ᠨᠢ ᠪᠦᠬᠦ ᠤᠯᠤᠰ ᠤᠨ ᠬᠤᠪᠢᠰᠬᠠᠯ ᠤᠨ ᠳᠤᠷᠠᠰᠬᠠᠯᠲᠤ ᠵᠢᠭᠤᠯᠴᠢᠯᠠᠯ ᠤᠨ |
ᠰᠣᠩᠭᠤᠳᠠᠭ ᠦᠵᠡᠮᠵᠢ ᠶᠢᠨ ᠣᠷᠣᠨ ᠪᠣᠯᠤᠭᠰᠠᠨ ᠪᠠᠶᠢᠨ᠎ᠠ᠃ |
ᠥᠪᠥᠷ ᠮᠣᠩᠭᠤᠯ ᠤᠨ ᠦᠨᠳᠦᠰᠦᠲᠡᠨ ᠤ ᠴᠢᠯᠦᠭᠡᠯᠡᠯᠲᠡ ᠶᠢᠨ ᠳᠤᠷᠠᠰᠬᠠᠯ ᠤᠨ ᠣᠷᠳᠣᠨ ᠤ ᠳᠡᠳ᠋ ᠳᠠᠷᠤᠭ᠎ᠠ |
ᠭᠤᠸ ᠭᠦᠸᠧ ᠴᠢᠩ᠄ ︽ᠨᠢᠭᠡ ᠣᠷᠳᠣᠨ ᠭᠤᠷᠪᠠᠨ ᠪᠠᠭᠤᠷᠢ︾ ᠶᠢ ᠬᠠᠮᠠᠭᠠᠯᠠᠵᠤ ᠰᠡᠯᠪᠢᠨ ᠵᠠᠰᠠᠬᠤ ᠪᠠ ᠳᠡᠯᠭᠡᠨ |
ᠦᠵᠡᠭᠦᠯᠦᠯᠲᠡ ᠶᠢ ᠳᠡᠰ ᠳᠡᠪᠰᠢᠭᠦᠯᠦᠨ᠎ᠡ᠃ ᠪᠢᠳᠡ ᠤᠮᠠᠷᠠᠲᠤ ᠬᠢᠯᠢ ᠶᠢᠨ ᠰᠣᠶᠣᠯ ᠤᠨ ᠲᠦᠷᠦᠯ ᠲᠡᠮᠳᠡᠭ ᠤᠨ |
ᠪᠠᠶᠢᠭᠤᠯᠤᠯᠲᠠ ᠶᠢᠨ ᠠᠵᠢᠯ ᠳᠤ ᠰᠠᠭᠤᠷᠢᠯᠠᠵᠤ᠂ ᠳᠡᠯᠭᠡᠨ ᠦᠵᠡᠭᠦᠯᠬᠦ ᠶᠢ ᠳᠡᠭᠡᠭᠰᠢᠯᠡᠭᠦᠯᠬᠦ᠂ ᠬᠤᠪᠢᠰᠬᠠᠯ ᠤᠨ |
ᠰᠣᠶᠣᠯ ᠢ ᠰᠤᠳᠤᠯᠬᠤ᠂ ᠵᠠᠯᠠᠭᠤᠴᠤᠳ ᠪᠠᠭᠠᠴᠤᠳ ᠤᠨ ᠰᠤᠳᠤᠯᠤᠨ ᠰᠤᠷᠤᠯᠴᠠᠬᠤ᠂ ᠰᠣᠶᠣᠯ ᠤᠨ ᠡᠭᠦᠳᠦᠯᠲᠡ ᠶᠢᠨ |
ᠪᠦᠲᠦᠭᠡᠭᠳᠡᠬᠦᠨ ᠢ ᠨᠡᠭᠡᠭᠡᠨ ᠬᠥᠭᠵᠢᠭᠦᠯᠬᠦ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠵᠡᠷᠭᠡ |
ᠭᠤᠣᠯᠳᠠᠯᠭ᠎ᠠ ᠲᠠᠢ ᠠᠵᠢᠯ ᠢ ᠴᠢᠨᠠᠭᠰᠢᠳᠠ ᠰᠠᠶᠢᠲᠤᠷ ᠬᠢᠨ᠎ᠡ᠃ |
ᠥᠪᠥᠷ ᠮᠣᠩᠭᠤᠯ ︽ᠳᠡᠯᠡᠬᠡᠢ ᠶᠢᠨ ᠥᠪ ᠤᠨ ᠡᠳᠦᠷ︾᠂ ︽5.18 ᠤ ᠣᠯᠠᠨ ᠤᠯᠤᠰ ᠤᠨ ᠮᠦᠽᠧᠢ ᠶᠢᠨ |
ᠡᠳᠦᠷ︾ ᠵᠡᠷᠭᠡ ᠠᠵᠠ ᠲᠣᠬᠢᠶᠠᠯ ᠢ ᠭᠦᠢᠴᠡᠳ ᠠᠰᠢᠭᠯᠠᠨ ᠰᠣᠶᠣᠯ ᠤᠨ ᠥᠪ ᠢᠶᠠᠨ ᠳᠡᠯᠭᠡᠨ ᠦᠵᠡᠭᠦᠯᠵᠦ ᠪᠠᠶᠢᠨ᠎ᠠ᠃ |
ᠣᠶᠢᠷ᠎ᠠ ᠶᠢᠨ ᠵᠢᠯ ᠳᠤ᠂ ︽ᠮᠦᠽᠧᠢ ᠶᠢᠨ ᠰᠥᠨᠢ︾ ᠬᠦᠷ ᠬᠥᠭᠵᠢᠶᠡᠨ ᠲᠠᠢ ᠶᠠᠪᠤᠭᠳᠠᠵᠤ᠂ ᠨᠡᠷ᠎ᠡ ᠮᠡᠳᠡᠭᠦᠯᠦᠭᠴᠢᠳ |
ᠬᠤᠷᠠᠨ ᠴᠤᠭᠯᠠᠷᠠᠵᠤ᠂ ᠮᠦᠽᠧᠢ ᠳᠤ ᠰᠢᠨᠡᠯᠡᠬᠦ᠂ ᠮᠦᠽᠧᠢ ᠳᠤ ᠨᠠᠢᠮᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠢ |
ᠥᠩᠭᠡᠷᠡᠭᠦᠯᠬᠦ ᠵᠡᠷᠭᠡ ᠰᠢᠷᠢᠰ ᠠᠵᠢᠯᠯᠠᠭ᠎ᠠ ᠶᠢ ᠲᠣᠭᠤᠷᠢᠨ ᠦᠵᠡᠭᠴᠢᠳ ᠤᠨ ᠲᠤᠭ᠎ᠠ ᠨᠢ ᠳᠠᠰᠤᠷᠠᠯᠳᠠ ᠦᠭᠡᠢ ᠰᠢᠨ᠎ᠡ |
ᠲᠡᠮᠳᠡᠭᠯᠡᠯ ᠢ ᠡᠭᠦᠳᠴᠡᠢ᠃ 2023 ᠣᠨ ᠤ ᠵᠤᠨ ᠤ ᠠᠮᠠᠷᠠᠯᠲᠠ ᠳᠤ᠂ ᠡᠳᠦᠷ ᠳᠤᠮᠳᠠᠴᠢ ᠶᠢᠨ |
ᠵᠢᠭᠤᠯᠴᠢᠯᠠᠭᠴᠢᠳ ᠤᠨ ᠲᠤᠭ᠎ᠠ 2.3 ᠲᠦᠮᠡᠨ ᠬᠥᠮᠥᠨ ᠤᠳᠠᠭ᠎ᠠ ᠳᠤ ᠬᠦᠷᠴᠦ᠂ ᠥᠪᠥᠷ ᠮᠣᠩᠭᠤᠯ ᠤᠨ |
ᠮᠦᠽᠧᠢ ᠶᠢᠨ ᠡᠳᠦᠷ ᠳᠤᠮᠳᠠᠴᠢ ᠶᠢᠨ ᠬᠦᠯᠢᠶᠡᠨ ᠠᠪᠤᠭᠰᠠᠨ ᠵᠢᠭᠤᠯᠴᠢᠯᠠᠭᠴᠢᠳ ᠤᠨ ᠲᠤᠭ᠎ᠠ ᠪᠠᠷᠢᠮᠲᠠ ᠶᠢ |
ᠰᠢᠨᠡᠳᠬᠡᠵᠡᠢ᠃ |
ᠲᠡᠦᠬᠡ ᠰᠣᠶᠣᠯ ᠤᠨ ᠥᠪ ᠢ ᠳᠠᠬᠢᠨ ᠠᠮᠢᠯᠠᠭᠤᠯᠵᠤ ᠪᠣᠯᠬᠤ ᠦᠭᠡᠢ᠂ ᠣᠷᠣᠯᠠᠭᠤᠯᠵᠤ ᠪᠣᠯᠬᠤ ᠦᠭᠡᠢ᠂ |
ᠡᠷᠬᠡᠪᠰᠢ ᠬᠠᠮᠠᠭᠠᠯᠠᠯᠲᠠ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ |
ᠣᠶᠢᠷ᠎ᠠ ᠶᠢᠨ ᠬᠡᠳᠦᠨ ᠵᠢᠯ ᠳᠤ ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠬᠠᠤᠯᠢ ᠲᠣᠭᠲᠠᠭᠠᠯ ᠤᠨ ᠪᠢᠴᠢᠭ |
ᠮᠠᠲ᠋ᠧᠷᠢᠶᠠᠯ ᠢ ᠣᠯᠠᠨ ᠳᠠᠷᠤᠮᠠᠯᠯᠠᠨ ᠲᠠᠷᠬᠠᠭᠠᠵᠤ᠂ ︽13 · 5︾ ᠶᠢᠨ ᠲᠥᠯᠦᠪᠵᠢᠭᠦᠯᠭᠡ ᠠᠴᠠ ᠨᠠᠭᠠᠰᠢ ᠨᠡᠶᠢᠲᠡ |
13.86 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠣᠷᠣᠭᠤᠯᠵᠤ᠂ ᠲᠡᠦᠬᠡ ᠶᠢᠨ ᠳᠤᠷᠠᠰᠬᠠᠯᠲᠤ ᠵᠦᠢᠯ ᠢ |
ᠰᠡᠯᠪᠢᠨ ᠵᠠᠰᠠᠵᠤ ᠬᠠᠮᠠᠭᠠᠯᠠᠬᠤ ᠢᠨᠵᠧᠨᠧᠷᠢᠩ ᠢ 550 ᠭᠠᠷᠤᠢ ᠵᠦᠢᠯ ᠬᠡᠷᠡᠭᠵᠢᠭᠦᠯᠪᠡ᠃ 2024 ᠣᠨ ᠳᠤ᠂ |
ᠥᠪᠥᠷ ᠮᠣᠩᠭᠤᠯ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠢᠶᠠᠷᠤᠯᠲᠠ ᠶᠢ ᠴᠢᠨᠠᠭᠰᠢᠳᠠ ᠴᠢᠩᠭᠠᠳᠬᠠᠵᠤ᠂ |
ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠲᠦᠮᠡᠨ |
ᠭᠠᠵᠠᠷ ᠤᠨ ᠴᠠᠢ ᠶᠢᠨ ᠵᠠᠮ᠂ ᠯᠢᠶᠣᠤ ᠤᠯᠤᠰ ᠤᠨ ᠳᠡᠭᠡᠳᠦ ᠨᠡᠶᠢᠰᠯᠡᠯ ᠪᠣᠯᠣᠨ ᠳᠡᠭᠡᠳᠦᠰ ᠤᠨ ᠤᠡᠭᠭᠤᠨ᠂ ᠬᠤᠩᠱᠠᠨ |
ᠤ ᠪᠠᠭᠤᠷᠢ ᠶᠢᠨ ᠰᠦᠷᠦᠭᠵᠢᠯ᠂ ᠮᠤᠨᠢ ᠠᠭᠤᠯᠠ ᠶᠢᠨ ᠬᠠᠳᠠᠨ ᠰᠡᠶᠢᠯᠦᠮᠡᠯ ᠢ ᠪᠣᠳᠠᠰ ᠤᠨ ᠪᠤᠰᠤ ᠰᠣᠶᠣᠯ ᠤᠨ |
ᠥᠪ ᠢᠶᠠᠷ ᠮᠡᠳᠡᠭᠦᠯᠬᠦ ᠠᠬᠢᠴᠠ ᠶᠢ ᠠᠬᠢᠭᠤᠯᠤᠨ᠎ᠠ︔ ᠲᠣᠮᠣ ᠪᠠᠭᠤᠷᠢ ᠶᠢ ᠬᠠᠮᠠᠭᠠᠯᠠᠬᠤ ᠢᠨᠵᠧᠨᠧᠷᠢᠩ ᠢ |
ᠬᠡᠷᠡᠭᠵᠢᠭᠦᠯᠵᠦ᠂ ᠲᠣᠮᠣ ᠤᠭᠤᠷᠬᠠᠶ ᠶᠢᠨ ᠪᠠᠭᠤᠷᠢ᠂ ᠰᠢᠷᠬᠤᠰᠤᠨ ᠤ ᠪᠠᠭᠤᠷᠢ᠂ ᠵᠢᠦᠢ ᠶᠠᠨ ᠤ ᠪᠠᠭᠤᠷᠢ ᠶᠢᠨ |
ᠲᠣᠭᠤᠷᠢᠨ ᠳᠤ ᠬᠠᠮᠠᠭᠠᠯᠠᠵᠤ ᠰᠡᠯᠪᠢᠨ ᠵᠠᠰᠠᠬᠤ ᠠᠵᠢᠯ ᠢ ᠥᠷᠨᠢᠭᠦᠯᠦᠨ᠎ᠡ︔ ᠣᠷᠳᠣ ᠴᠠᠭᠠᠨ ᠬᠡᠷᠡᠮ᠂ ᠬᠠᠲᠤᠨ |
ᠭᠤᠣᠯ ᠤᠨ ᠤᠯᠤᠰ ᠤᠨ ᠰᠣᠶᠣᠯ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ︔ ᠥᠪᠥᠷ |
ᠮᠣᠩᠭᠤᠯ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠪᠠᠷᠢᠯᠭ᠎ᠠ ᠶᠢ ᠰᠡᠯᠪᠢᠨ ᠵᠠᠰᠠᠬᠤ ᠲᠥᠯᠥᠪᠯᠡᠭᠡ ᠶᠢ |
ᠦᠷᠭᠦᠯᠵᠢᠯᠡᠨ ᠠᠬᠢᠭᠤᠯᠵᠤ᠂ ᠥᠪᠥᠷ ᠮᠣᠩᠭᠤᠯ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠳ᠋ᠠᠶᠢᠲ᠋ᠠ ᠶᠢᠨ |
ᠬᠦᠮᠦᠷᠬᠡ ᠶᠢ ᠪᠦᠷᠢᠨᠰᠢᠭᠦᠯᠦᠨ᠎ᠡ︔ ᠪᠠᠷᠠᠭᠤᠨ ᠯᠢᠶᠣᠤ ᠾᠧ ᠭᠤᠣᠯ ᠤᠨ ᠪᠣᠯᠪᠠᠰᠤᠨ ᠢ ︽ᠳᠤᠮᠳᠠᠳᠤ ᠶᠢᠨ |
ᠪᠣᠯᠪᠠᠰᠤᠨ ᠤ ᠡᠬᠢ ᠰᠤᠷᠪᠤᠯᠵᠢ ᠶᠢ ᠬᠠᠶᠢᠬᠤ ᠢᠨᠵᠧᠨᠧᠷᠢᠩ︾ ᠳᠤ ᠣᠷᠣᠭᠤᠯᠬᠤ ᠶᠢ ᠠᠬᠢᠭᠤᠯᠵᠤ᠂ ᠰᠢᠩ ᠯᠦᠩ |
ᠸᠠ ᠰᠣᠶᠣᠯ᠂ ᠬᠤᠩᠱᠠᠨ ᠤ ᠰᠣᠶᠣᠯ᠂ ᠰᠢᠶᠠ ᠵᠢᠶᠠ ᠳ᠋ᠢᠶᠠᠨ ᠤ ᠳᠣᠣᠷᠠᠳᠤ ᠳᠠᠪᠬᠤᠷᠭ᠎ᠠ ᠶᠢᠨ ᠰᠣᠶᠣᠯ ᠤᠨ |
ᠬᠠᠭᠤᠴᠢ ᠰᠤᠳᠤᠯᠤᠯ ᠤᠨ ᠨᠡᠭᠡᠭᠡᠨ ᠮᠠᠯᠲᠠᠬᠤ ᠵᠡᠷᠭᠡ ᠠᠵᠢᠯ ᠢ ᠥᠷᠨᠢᠭᠦᠯᠦᠨ᠎ᠡ᠃ |
ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ ᠶᠢᠨ ᠳᠡᠳ᠋ ᠳᠠᠷᠤᠭ᠎ᠠ |
ᠵᠤᠤ ᠵᠢᠶᠠᠨ ᠬᠤᠸᠠ᠄ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ |
ᠭᠤᠣᠯ ᠰᠢᠵᠢᠮ ᠪᠣᠯᠭᠠᠵᠤ᠂ ᠤᠮᠠᠷᠠᠲᠤ ᠬᠢᠯᠢ ᠶᠢᠨ ᠰᠣᠶᠣᠯ ᠢᠶᠠᠷ ᠭᠤᠣᠯ ᠰᠡᠳᠦᠪ ᠪᠣᠯᠭᠠᠭᠰᠠᠨ ᠨᠢᠭᠡ ᠪᠦᠯᠦᠭ |
ᠲᠡᠦᠬᠡ ᠶᠢᠨ ᠳᠤᠷᠠᠰᠬᠠᠯᠲᠤ ᠵᠦᠢᠯᠡᠰ ᠤᠨ ᠰᠢᠨ᠎ᠡ ᠦᠵᠡᠰᠬᠦᠯᠡᠩ᠂ ᠰᠣᠶᠣᠯ ᠦᠵᠡᠰᠬᠦᠯᠡᠩ ᠤᠨ ᠰᠢᠨ᠎ᠡ ᠫᠷᠤᠭ᠍ᠷᠠᠮ ᠢ |
ᠭᠠᠷᠭᠠᠵᠤ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠭᠤᠴᠢ ᠰᠤᠳᠤᠯᠤᠯ ᠤᠨ ᠨᠡᠭᠡᠭᠡᠨ ᠮᠠᠯᠲᠠᠬᠤ ᠬᠠᠷᠠᠭᠠᠰᠤ᠂ |
ᠲᠡᠦᠬᠡ ᠶᠢᠨ ᠳᠤᠷᠠᠰᠬᠠᠯᠲᠤ ᠵᠦᠢᠯᠡᠰ ᠢ ᠰᠤᠳᠤᠯᠤᠨ ᠲᠠᠶᠢᠯᠪᠤᠷᠢᠯᠠᠬᠤ ᠭᠦᠨᠴᠡ᠂ ᠲᠡᠦᠬᠡ ᠶᠢᠨ ᠳᠤᠷᠠᠰᠬᠠᠯᠲᠤ |
ᠵᠦᠢᠯᠡᠰ ᠢ ᠠᠮᠢᠳᠤᠯᠢᠭᠵᠢᠭᠤᠯᠤᠨ ᠠᠰᠢᠭᠯᠠᠬᠤ ᠥᠷᠭᠡᠴᠡ ᠶᠢᠨ ᠲᠠᠯ᠎ᠠ ᠪᠠᠷ ᠬᠦᠴᠦ ᠲᠠᠯᠪᠢᠵᠤ᠂ ᠪᠦᠲᠦᠭᠡᠯᠴᠢ |
ᠴᠢᠨᠠᠷᠲᠠᠢ ᠬᠤᠪᠢᠷᠠᠭᠤᠯᠤᠯᠲᠠ᠂ ᠰᠢᠨ᠎ᠡ ᠶᠢ ᠡᠭᠦᠳᠬᠦ ᠴᠢᠨᠠᠷᠲᠠᠢ ᠬᠥᠭᠵᠢᠯᠲᠡ ᠶᠢ ᠠᠬᠢᠭᠤᠯᠤᠨ᠎ᠠ᠃ |
|
|
|
|
|
|
|
|
|
|
|
|