|
ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ |
ᠲᠢᠩᠬᠢᠮ ᠤᠨ ᠪᠢᠴᠢᠭ ᠮᠠᠲ᠋ᠧᠷᠢᠶᠠᠯ |
ᠥᠪᠥᠷ ᠵᠠᠰᠠᠭ ᠠᠯᠪᠠᠨ ᠲᠠᠷᠬᠠᠭᠠᠭᠰᠠᠨ ﹇2024﹈ 4 ᠳ᠋ᠦ᠋ᠭᠡᠷ ᠲᠣᠭᠠᠲᠤ |
ᠪᠡᠯᠡᠳᠭᠡᠮᠵᠢᠲᠦ ᠲᠠᠷᠢᠶᠠᠯᠠᠩ᠂ ᠪᠡᠯᠡᠳᠭᠡᠮᠵᠢᠲᠦ ᠮᠠᠯ ᠠᠵᠤ ᠠᠬᠤᠢ ᠶᠢᠨ ᠬᠥᠭᠵᠢᠯᠲᠡ ᠶᠢ ᠳᠡᠮᠵᠢᠬᠦ ᠠᠷᠭ᠎ᠠ |
ᠬᠡᠮᠵᠢᠶ᠎ᠡ ᠨᠦᠭᠦᠳ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ |
ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ |
ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ |
ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠬᠤᠯᠪᠣᠭᠳᠠᠯ ᠪᠦᠬᠦᠢ ᠠᠵᠤ ᠠᠬᠤᠶᠢᠯᠠᠯ᠂ |
ᠠᠵᠢᠯ ᠦᠢᠯᠡᠰ ᠤᠨ ᠨᠢᠭᠡᠴᠢ ᠳᠤ᠄ |
︽ᠪᠡᠯᠡᠳᠭᠡᠮᠵᠢᠳᠤ ᠲᠠᠷᠢᠶᠠᠯᠠᠩ ᠤᠨ ᠬᠥᠭᠵᠢᠯᠲᠡ ᠶᠢ ᠳᠡᠮᠵᠢᠬᠦ ᠲᠤᠬᠠᠢ ᠠᠷᠭ᠎ᠠ ᠬᠡᠮᠵᠢᠶ᠎ᠡ ᠨᠦᠭᠦᠳ︾᠂ ︽ |
ᠪᠡᠯᠡᠳᠭᠡᠮᠵᠢᠳᠤ ᠮᠠᠯ ᠠᠵᠤ ᠠᠬᠤᠢ ᠶᠢᠨ ᠬᠥᠭᠵᠢᠯᠲᠡ ᠶᠢ ᠳᠡᠮᠵᠢᠬᠦ ᠲᠤᠬᠠᠢ ᠠᠷᠭ᠎ᠠ ᠬᠡᠮᠵᠢᠶ᠎ᠡ ᠨᠦᠭᠦᠳ︾ ᠢ |
ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠ |
ᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠲᠤᠭᠤᠰᠢᠯᠠᠭᠤᠯᠤᠨ |
ᠨᠠᠶᠢᠳᠠᠪᠤᠷᠢᠵᠢᠭᠤᠯᠲᠤᠭᠠᠢ᠃ |
2024 ᠣᠨ ᠤ 2 ᠳ᠋ᠤᠭᠠᠷ ᠰᠠᠷ᠎ᠠ ᠶᠢᠨ 7 ᠤ ᠡᠳᠦᠷ |
︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ |
ᠪᠡᠯᠡᠳᠭᠡᠮᠵᠢᠳᠤ ᠲᠠᠷᠢᠶᠠᠯᠠᠩ ᠤᠨ ᠬᠥᠭᠵᠢᠯᠲᠡ ᠶᠢ ᠳᠡᠮᠵᠢᠬᠦ ᠲᠤᠬᠠᠢ ᠠᠷᠭ᠎ᠠ ᠬᠡᠮᠵᠢᠶ᠎ᠡ ᠨᠦᠭᠦᠳ |
ᠪᠥᠬᠦ ᠣᠷᠣᠨ ᠤ ᠪᠡᠯᠡᠳᠭᠡᠮᠵᠢᠳᠤ ᠲᠠᠷᠢᠶᠠᠯᠠᠩ ᠤᠨ ᠲᠠᠯᠠᠪᠠᠶ ᠬᠡᠪᠴᠢᠶ᠎ᠡ ᠪᠠᠭ᠎ᠠ᠂ ᠬᠠᠲᠠᠭᠤ ᠲᠤᠨᠤᠭ ᠪᠡᠯᠡᠳᠬᠡᠮᠵᠢ |
ᠠᠨᠠᠢ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠯ ᠪᠠᠭᠤᠷᠠᠢ᠂ ᠡᠵᠡᠩᠨᠡᠯᠲᠡ ᠶᠢᠨ ᠦᠷ᠎ᠡ ᠠᠰᠢᠭ |
ᠳᠣᠣᠷ᠎ᠠ ᠪᠠᠶᠢᠬᠤ ᠠᠰᠠᠭᠤᠳᠠᠯ ᠢ ᠰᠢᠢᠳᠪᠦᠷᠢᠯᠡᠵᠦ᠂ 2026 ᠣᠨ ᠪᠣᠯᠬᠤ ᠳᠤ ᠪᠡᠯᠡᠳᠭᠡᠮᠵᠢᠳᠤ ᠲᠠᠷᠢᠶᠠᠯᠠᠩ ᠤᠨ |
ᠲᠠᠯᠠᠪᠠᠶ ᠶᠢ ᠨᠡᠮᠡᠭᠳᠡᠭᠦᠯᠦᠭᠡᠳ 280 ᠲᠦᠮᠡ ᠮᠦ ᠠᠴᠠ ᠳᠡᠭᠡᠭᠰᠢ ᠪᠣᠯᠭᠠᠬᠤ᠂ 2030 ᠣᠨ ᠪᠣᠯᠬᠤ ᠳᠤ ᠣᠷᠣᠨ |
ᠪᠦᠰᠡ ᠶᠢᠨ ᠪᠠᠶᠢᠷᠢᠰᠢᠭᠤᠯᠤᠯᠲᠠ ᠨᠠᠩ ᠵᠣᠬᠢᠰᠲᠠᠢ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠨᠤᠭ |
ᠲᠥᠬᠦᠭᠡᠷᠦᠮᠵᠢ ᠶᠢᠨ ᠨᠥᠬᠦᠴᠡᠯ ᠢᠯᠡᠳᠲᠡ ᠰᠠᠶᠢᠵᠢᠷᠠᠭᠰᠠᠨ᠂ ᠬᠥᠭᠵᠢᠯᠲᠡ ᠶᠢᠨ ᠶᠠᠰᠤ ᠴᠢᠨᠠᠷ ᠦᠷ᠎ᠡ ᠠᠰᠢᠭ ᠪᠠ |
ᠥᠷᠢᠰᠦᠯᠳᠦᠬᠦ ᠬᠦᠴᠦᠨ ᠨᠢ ᠲᠠᠰᠤᠷᠠᠯᠲᠠ ᠦᠭᠡᠢ ᠴᠢᠩᠭᠠᠷᠠᠭᠰᠠᠨ ᠣᠲᠣ ᠦᠶ᠎ᠡ ᠶᠢᠨ ᠪᠡᠯᠡᠳᠭᠡᠮᠵᠢᠳᠤ |
ᠲᠠᠷᠢᠶᠠᠯᠠᠩ ᠤᠨ ᠰᠢᠨ᠎ᠡ ᠪᠠᠶᠢᠷᠢᠰᠢᠯ ᠢ ᠴᠣᠭᠴᠠᠯᠠᠬᠤ ᠶᠢ ᠴᠢᠷᠮᠠᠶᠢᠨ ᠪᠡᠶᠡᠯᠡᠭᠦᠯᠬᠦ ᠶᠢᠨ ᠲᠤᠰᠠᠳᠠ᠂ ᠥᠪᠡᠷᠲᠡᠭᠡᠨ |
ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠤᠨ᠂ ᠳᠣᠣᠷᠠᠬᠢ ᠠᠷᠭ᠎ᠠ ᠬᠡᠮᠵᠢᠶ᠎ᠡ ᠶᠢ ᠲᠣᠭᠲᠠᠭᠠᠪᠠ᠃ |
ᠨᠢᠭᠡ᠂ ᠪᠡᠯᠡᠳᠭᠡᠮᠵᠢᠳᠤ ᠲᠠᠷᠢᠶᠠᠯᠠᠩ ᠢ ᠬᠡᠪᠵᠢᠶᠡᠵᠢᠭᠦᠯᠦᠨ ᠬᠥᠭᠵᠢᠭᠦᠯᠬᠦ ᠶᠢ ᠳᠡᠮᠵᠢᠨ᠎ᠡ |
ᠬᠤᠲᠠ ᠶᠢᠨ ᠡᠷᠬᠢᠨ ᠲᠣᠭᠤᠷᠢᠨ ᠤ ︽ᠢᠳᠡᠰᠢᠨ ᠨᠣᠭᠤᠭ᠎ᠠ︾ ᠶᠢᠨ ᠰᠠᠭᠤᠷᠢᠨ ᠭᠠᠵᠠᠷ ᠪᠠ ᠪᠡᠯᠡᠳᠭᠡᠮᠵᠢᠳᠤ |
ᠲᠠᠷᠢᠶᠠᠯᠠᠩ ᠤᠨ ᠬᠥᠭᠵᠢᠯᠲᠡ ᠶᠢᠨ ᠳᠠᠪᠠᠭᠤᠯᠢᠭ ᠣᠷᠣᠨ ᠳᠤ᠂ ᠤᠷᠢᠳ ᠢᠶᠠᠷ ᠪᠠᠶᠢᠭᠤᠯᠵᠤ ᠳᠠᠷᠠᠭ᠎ᠠ ᠳᠤ ᠨᠢ |
ᠨᠥᠬᠦᠪᠦᠷᠢᠯᠡᠬᠦ ᠠᠷᠭ᠎ᠠ ᠮᠠᠶ᠋ᠢᠭ ᠢᠶᠠᠷ ᠬᠡᠪᠴᠢᠶᠡᠵᠢᠭᠦᠯᠦᠨ ᠬᠥᠭᠵᠢᠭᠦᠯᠬᠦ ᠶᠢ ᠳᠡᠮᠵᠢᠵᠦ᠂ ᠡᠩ ᠤᠨ ᠨᠠᠷᠠᠨ ᠬᠦᠯᠡᠮᠵᠢ ᠶᠢ |
500 ᠮᠦ ᠠᠴᠠ ᠳᠡᠭᠡᠭᠰᠢ᠂ ᠰᠦᠯᠢᠶᠥᠦ ᠬᠦᠢᠲᠡᠨ ᠪᠦᠷᠭᠡ ᠶᠢ 1000 ᠮᠦ ᠠᠴᠠ ᠳᠡᠭᠡᠭᠰᠢ᠂ ᠲᠠᠩ ᠴᠣᠭᠴᠠᠲᠤ |
ᠣᠶᠤᠨᠴᠢ ᠬᠦᠯᠡᠮᠵᠢ ᠶᠢ 50 ᠮᠦ ᠠᠴᠠ ᠳᠡᠭᠡᠭᠰᠢ ᠰᠢᠨ᠎ᠡ ᠪᠠᠷ ᠪᠠᠶᠢᠭᠤᠯᠬᠤ ᠵᠢᠴᠢ 1000 ᠮᠦ ᠠᠴᠠ ᠳᠡᠭᠡᠭᠰᠢ |
ᠡᠩ ᠤᠨ ᠨᠠᠷᠠᠨ ᠬᠦᠯᠡᠮᠵᠢ ᠶᠢ ᠲᠥᠪᠯᠡᠷᠡᠭᠦᠯᠦᠨ ᠵᠠᠯᠭᠠᠯᠳᠤᠭᠤᠯᠵᠤ ᠥᠭᠡᠷᠡᠴᠢᠯᠡᠨ ᠰᠢᠨᠡᠳᠬᠡᠵᠦ᠂ ᠰᠢᠨ᠎ᠡ ᠪᠠᠷ |
ᠪᠠᠶᠢᠭᠤᠯᠬᠤ ᠳᠤ ᠡᠩ ᠤᠨ ᠨᠠᠷᠠᠨ ᠬᠦᠯᠡᠮᠵᠢ ᠮᠦ ᠪᠦᠷᠢ 20000 ᠲᠥᠭᠦᠷᠢᠭ᠂ ᠰᠦᠯᠢᠶᠥᠦ ᠬᠦᠢᠲᠡᠨ ᠪᠦᠷᠭᠡ ᠮᠦ |
ᠪᠦᠷᠢ 2000 ᠲᠥᠭᠦᠷᠢᠭ᠂ ᠣᠶᠤᠨᠴᠢ ᠬᠦᠯᠡᠮᠵᠢ ᠲᠡᠭᠰᠢ ᠳᠥᠷᠪᠡᠯᠵᠢᠨ ᠮᠧᠳ᠋ᠷ ᠪᠦᠷᠢ 100 ᠲᠥᠭᠦᠷᠢᠭ᠂ |
ᠥᠭᠡᠷᠡᠴᠢᠯᠡᠵᠦ ᠰᠢᠨᠡᠳᠬᠡᠨ ᠰᠠᠶᠢᠵᠢᠷᠠᠭᠤᠯᠬᠤ ᠡᠩ ᠤᠨ ᠨᠡᠷᠡᠨ ᠬᠦᠯᠡᠮᠵᠢ ᠮᠦ ᠪᠦᠷᠢ 10000 ᠲᠥᠭᠦᠷᠢᠭ ᠤᠨ |
ᠪᠠᠷᠢᠮᠵᠢᠶ᠎ᠠ ᠶᠣᠰᠣᠭᠠᠷ ᠪᠦᠲᠦᠭᠡᠨ ᠪᠠᠶᠢᠭᠤᠯᠤᠯᠲᠠ ᠶᠢᠨ ᠭᠤᠣᠯ ᠴᠣᠭᠴᠠ ᠳᠤ ᠨᠡᠮᠡᠭᠦᠷᠢ ᠣᠯᠭᠤᠨ᠎ᠠ᠃ ᠮᠢᠩᠭᠠᠨ |
ᠮᠦ ᠠᠴᠠ ᠳᠡᠭᠡᠭᠰᠢ ᠰᠢᠨ᠎ᠡ ᠪᠠᠷ ᠪᠠᠶᠢᠭᠤᠯᠤᠭᠰᠠᠨ ᠪᠤᠶᠤ ᠥᠷᠭᠡᠳᠬᠡᠨ ᠪᠠᠶᠢᠭᠤᠯᠤᠭᠰᠠᠨ ᠪᠥᠭᠡᠳ ᠲᠥᠪᠯᠡᠷᠡᠭᠦᠯᠦᠨ |
ᠵᠠᠯᠭᠠᠯᠳᠤᠭᠤᠯᠤᠭᠰᠠᠨ ᠨᠢ ᠲᠦᠮᠡᠨ ᠮᠦ ᠠᠴᠠ ᠳᠡᠭᠡᠭᠰᠢ ᠳᠤ ᠬᠦᠷᠦᠭᠰᠡᠨ ᠪᠡᠯᠡᠳᠬᠡᠮᠵᠢᠲᠦ ᠲᠠᠷᠢᠶᠠᠯᠠᠩ ᠤᠨ ᠬᠦᠷᠢᠶᠡᠯᠡᠩ |
ᠲᠣᠭᠤᠷᠢᠭ ᠤᠨ ᠪᠠᠶᠢᠭ᠎ᠠ ᠬᠤᠰᠢᠭᠤ ᠰᠢᠶᠠᠨ ︵ᠬᠤᠲᠠ᠂ ᠲᠣᠭᠤᠷᠢᠭ︶ ᠪᠦᠷᠢ ᠳᠤ 500 ᠲᠦᠮᠡᠨ ᠲᠥᠭᠦᠷᠢᠭ |
ᠱᠠᠩᠨᠠᠵᠤ᠂ 2000 ᠮᠦ ᠨᠡᠮᠡᠭᠳᠡᠭᠦᠯᠬᠦ ᠪᠦᠷᠢ ᠳᠠᠬᠢᠵᠤ 100 ᠲᠦᠮᠡᠨ ᠲᠥᠭᠦᠷᠢᠭ ᠱᠠᠩᠨᠠᠵᠤ᠂ ᠬᠠᠮᠤᠭ ᠤᠨ |
ᠥᠨᠳᠥᠷ ᠲᠤ ᠪᠠᠨ 1000 ᠲᠦᠮᠡᠨ ᠲᠥᠭᠦᠷᠢᠭ ᠠᠴᠠ ᠳᠠᠪᠠᠭᠤᠯᠬᠤ ᠦᠭᠡᠢ ᠪᠠᠶᠢᠯᠭᠠᠵᠤ᠂ ᠪᠥᠬᠦ ᠠᠵᠤ ᠦᠢᠯᠡᠰ ᠤᠨ |
ᠬᠡᠯᠬᠢᠶᠡᠨ ᠤ ᠬᠥᠭᠵᠢᠯᠲᠡ ᠶᠢ ᠵᠣᠷᠢᠭᠵᠢᠭᠤᠯᠤᠨ᠂ ᠱᠠᠩᠨᠠᠯ ᠤᠨ ᠪᠡᠯᠡ ᠮᠥᠩᠭᠦ ᠶᠢ ᠬᠡᠪᠴᠢᠶ᠎ᠡ ᠪᠠᠨ ᠥᠷᠭᠡᠳᠬᠡᠬᠦ ᠪᠠ |
ᠰᠠᠶᠢᠵᠢᠷᠠᠭᠤᠯᠤᠨ ᠥᠭᠡᠷᠡᠴᠢᠯᠡᠵᠦ ᠰᠢᠨᠡᠳᠬᠡᠬᠦ ᠵᠢᠴᠢ ᠦᠷ᠎ᠡ ᠴᠢᠬᠢ ᠨᠥᠬᠦᠵᠦ ᠪᠤᠶᠢᠵᠢᠭᠤᠯᠬᠤ᠂ ᠣᠶᠤᠨᠴᠢᠯᠠᠨ |
ᠡᠵᠡᠮᠳᠡᠬᠦ᠂ ᠡᠳ᠋ᠰᠢᠭᠦᠯᠦᠨ ᠪᠣᠯᠪᠠᠰᠤᠷᠠᠭᠤᠯᠵᠤ ᠬᠥᠮᠥᠷᠭᠡᠯᠡᠨ ᠬᠠᠳᠠᠭᠠᠯᠠᠬᠤ᠂ ᠬᠦᠢᠲᠡᠨ ᠬᠡᠯᠬᠢᠶᠡᠲᠦ ᠪᠠᠷᠠᠭᠠᠨ ᠤ |
ᠭᠦᠢᠯᠭᠡᠭᠡ᠂ ᠲᠤᠰᠬᠠᠢ ᠵᠠᠬ᠎ᠠ ᠳᠡᠯᠭᠡᠭᠦᠷ ᠵᠡᠷᠭᠡ ᠠᠵᠤ ᠦᠢᠯᠡᠰ ᠤᠨ ᠬᠡᠯᠬᠢᠶ᠎ᠡ ᠶᠢᠨ ᠳᠤᠲᠠᠭᠤᠳᠠᠯ ᠢ ᠨᠥᠬᠦᠪᠦᠷᠢᠯᠡᠬᠦ ᠳᠤ |
ᠭᠤᠣᠯᠳᠠᠯᠭ᠎ᠠ ᠲᠠᠢ ᠬᠡᠷᠡᠭᠯᠡᠵᠦ᠂ ᠢᠳᠡᠰᠢᠨ ᠨᠣᠭᠤᠭ᠎ᠠ ᠶᠢᠨ ᠬᠠᠩᠭᠠᠯᠭ᠎ᠠ ᠶᠢᠨ ᠨᠣᠷᠮ᠎ᠠ ᠶᠢ ᠳᠡᠭᠡᠭᠰᠢᠯᠡᠭᠦᠯᠦᠨ᠎ᠡ᠃ ﹇ |
ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ |
ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶ ᠲᠦᠷᠦᠭᠦᠯᠡᠨ ᠬᠠᠷᠢᠭᠤᠴᠠᠵᠤ᠂ |
ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠬᠠᠮᠵᠢᠯᠴᠠᠨ᠎ᠠ﹈ |
ᠬᠤᠶᠠᠷ᠂ ᠲᠠᠷᠢᠶᠠᠯᠠᠩ ᠤᠨ ᠪᠡᠯᠡᠳᠬᠡᠮᠵᠢ ᠶᠢᠨ ᠥᠮᠴᠢᠯᠡᠯ ᠤᠨ ᠡᠷᠬᠡ ᠶᠢᠨ ᠪᠡᠯᠡ ᠲᠣᠬᠢᠷᠠᠭᠤᠯᠭ᠎ᠠ ᠶᠢᠨ ᠡᠷᠬᠡ |
ᠴᠢᠳᠠᠪᠬᠢ ᠶᠢ ᠳᠡᠭᠡᠭᠰᠢᠯᠡᠭᠦᠯᠦᠨ᠎ᠡ |
ᠪᠥᠬᠦ ᠣᠷᠣᠨ ᠤ ᠬᠡᠪᠴᠢᠶᠡᠨ ᠳᠤ ᠲᠠᠷᠢᠶᠠᠯᠠᠩ ᠤᠨ ᠪᠡᠯᠡᠳᠬᠡᠮᠵᠢ ᠶᠢᠨ ᠡᠷᠬᠡ ᠶᠢ ᠨᠤᠲᠠᠯᠠᠨ ᠳᠡᠩᠰᠡᠯᠡᠵᠦ ᠦᠨᠡᠮᠯᠡᠯ |
ᠣᠯᠭᠤᠬᠤ ᠶᠢ ᠬᠡᠷᠡᠭᠵᠢᠭᠦᠯᠵᠦ᠂ ᠦᠨᠡᠮᠯᠡᠯ ᠣᠯᠭᠤᠬᠤ ᠶᠢᠨ ᠣᠨᠣᠪᠴᠢ ᠶᠢᠨ ᠬᠡᠮᠵᠢᠶ᠎ᠡ ᠪᠠ ᠬᠠᠮᠤᠷᠬᠤ ᠬᠡᠪᠴᠢᠶ᠎ᠡ ᠶᠢ |
ᠳᠡᠭᠡᠭᠰᠢᠯᠡᠭᠦᠯᠦᠨ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠢᠨ ᠤ ᠲᠠᠷᠢᠶᠠᠯᠠᠩ ᠤᠨ ᠪᠡᠯᠡᠳᠬᠡᠮᠵᠢ ᠶᠢᠨ |
ᠪᠣᠳᠠᠰ ᠤᠨ ᠡᠷᠬᠡ ᠶᠢᠨ ᠦᠨᠡᠮᠯᠡᠯ᠂ ᠡᠵᠡᠩᠨᠡᠯᠲᠡ ᠶᠢᠨ ᠡᠷᠬᠡ ᠶᠢᠨ ᠦᠨᠡᠮᠯᠡᠯ ᠵᠡᠷᠭᠡ ᠶᠢᠨ ᠪᠠᠷᠢᠴᠠᠭᠠᠲᠤ ᠵᠢᠭᠡᠯᠡᠯᠭᠡ ᠶᠢ |
ᠰᠢᠨ᠎ᠡ ᠡᠭᠦᠳᠦᠯᠲᠡ ᠲᠠᠢ ᠪᠠᠷ ᠥᠷᠨᠢᠭᠦᠯᠬᠦ ᠶᠢ ᠠᠬᠢᠭᠤᠯᠤᠨ᠎ᠠ᠃ ﹇ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ |
ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ |
ᠮᠠᠨᠳᠤᠭᠤᠯᠬᠤ ᠲᠣᠪᠴᠢᠶ᠎ᠠ︶ ᠲᠦᠷᠦᠭᠦᠯᠡᠨ ᠬᠠᠷᠢᠭᠤᠴᠠᠵᠤ᠂ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ |
ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠲᠣᠪᠴᠢᠶ᠎ᠠ᠂ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ |
ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢᠶᠠᠷᠢ ᠪᠠᠩᠬᠢ᠂ ᠤᠯᠤᠰ ᠤᠨ ᠮᠥᠩᠭᠦᠨ ᠭᠦᠢᠯᠭᠡᠭᠡᠨ ᠤ |
ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢᠨ ᠥᠪᠥᠷ ᠮᠣᠩᠭᠤᠯ ᠤᠨ ᠬᠢᠨᠠᠯᠲᠠ ᠬᠠᠮᠢᠶᠠᠷᠤᠯᠲᠠ ᠶᠢᠨ |
ᠲᠣᠪᠴᠢᠶ᠎ᠠ ᠬᠠᠮᠵᠢᠯᠴᠠᠨ᠎ᠠ﹈ |
ᠭᠤᠷᠪᠠ᠂ ᠮᠥᠩᠭᠦᠨ ᠭᠦᠢᠯᠭᠡᠭᠡᠨ ᠤ ᠳᠡᠮᠵᠢᠯᠭᠡ ᠳᠤ ᠰᠢᠨ᠎ᠡ ᠶᠢ ᠡᠭᠦᠳᠦᠨ᠎ᠡ |
ᠨᠥᠬᠦᠴᠡᠯ ᠳᠤ ᠨᠡᠶᠢᠴᠡᠬᠦ ᠣᠲᠣ ᠦᠶ᠎ᠡ ᠶᠢᠨ ᠪᠡᠯᠡᠳᠭᠡᠮᠵᠢᠳᠤ ᠲᠠᠷᠢᠶᠠᠯᠠᠩ ᠤᠨ ᠲᠥᠷᠥᠯ ᠵᠦᠢᠯ ᠤᠨ |
ᠵᠢᠭᠡᠯᠡᠯᠭᠡ ᠳᠤ ᠳᠡᠮ ᠬᠦᠦ ᠮᠥᠩᠭᠦ ᠶᠢᠨ ᠳᠡᠮᠵᠢᠯᠭᠡ ᠶᠢ ᠬᠡᠷᠡᠭᠵᠢᠭᠦᠯᠵᠦ᠂ ᠨᠢᠭᠡᠨᠲᠡ ᠪᠠᠶᠢᠭ᠎ᠠ ᠳᠠᠮ ᠬᠦᠦ ᠮᠥᠩᠭᠦ ᠶᠢᠨ |
ᠲᠥᠷᠥ ᠶᠢᠨ ᠪᠣᠳᠣᠯᠭ᠎ᠠ ᠶᠢᠨ ᠰᠠᠭᠤᠷᠢᠨ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠡᠳ᠋ ᠤᠨ |
ᠵᠠᠰᠠᠭ ᠠᠴᠠ ᠳᠠᠬᠢᠵᠤ 10% - 20% ᠶᠢᠨ ᠳᠠᠮ ᠬᠦᠦ ᠥᠭᠴᠦ᠂ ᠲᠥᠪ ᠤᠨ ᠪᠠ ᠥᠪᠡᠷᠲᠡᠭᠡᠨ ᠵᠠᠰᠠᠬᠤ |
ᠣᠷᠣᠨ ᠠᠴᠠ ᠥᠭᠬᠦ ᠳᠠᠮ ᠬᠦᠦ ᠮᠥᠩᠭᠦ ᠶᠢ ᠨᠡᠶᠢᠯᠡᠭᠦᠯᠦᠭᠡᠳ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ |
ᠨᠡᠶᠢᠲᠡᠯᠡᠭᠰᠡᠨ ᠠᠳᠠᠯᠢ ᠬᠤᠭᠤᠴᠠᠭᠠᠨ ᠤ ᠠᠳᠠᠯᠢ ᠲᠠᠰ ᠤᠨ ᠵᠢᠭᠡᠯᠡᠯᠭᠡ ᠶᠢᠨ ᠵᠠᠬ᠎ᠠ ᠳᠡᠯᠭᠡᠭᠦᠷ ᠤᠨ ᠮᠡᠳᠡᠭᠦᠯᠦᠭᠰᠡᠨ |
ᠦᠨ᠎ᠡ ᠶᠢᠨ ᠬᠦᠦ ᠮᠥᠩᠭᠦᠨ ᠤ ᠨᠣᠷᠮ᠎ᠠ ︵LPR︶ ᠶᠢᠨ 90% ᠠᠴᠠ ᠥᠨᠳᠥᠷ ᠪᠠᠶᠢᠯᠭᠠᠬᠤ ᠦᠭᠡᠢ ᠮᠥᠷᠲᠡᠭᠡᠨ |
ᠵᠢᠭᠡᠯᠡᠯᠭᠡ ᠶᠢᠨ ᠬᠦᠦ ᠶᠢᠨ ᠨᠤᠷᠮ᠎ᠠ ᠶᠢᠨ 3% ᠠᠴᠠ ᠳᠠᠪᠠᠭᠤᠯᠬᠤ ᠦᠭᠡᠢ ︵ᠪᠣᠳᠠᠲᠠᠢ ᠬᠦᠦ ᠮᠥᠩᠭᠦᠨ ᠤ |
ᠨᠣᠷᠮ᠎ᠠ ᠨᠢ LPR ᠠᠴᠠ ᠳᠣᠣᠷ᠎ᠠ ᠪᠠᠶᠢᠬᠤ ᠶᠢ ᠨᠢ ᠪᠣᠳᠠᠲᠠᠢ ᠬᠦᠦ ᠮᠥᠩᠭᠦᠨ ᠤ ᠨᠤᠷᠮ᠎ᠠ ᠪᠠᠷ ᠨᠢ ᠪᠤᠳᠤᠨ᠎ᠠ︶ |
ᠪᠠᠶᠢᠯᠭᠠᠨ᠎ᠠ᠃ ᠪᠡᠯᠡᠳᠭᠡᠮᠵᠢᠲᠦ ᠲᠠᠷᠢᠶᠠᠯᠠᠩ ᠤᠨ ᠵᠢᠭᠡᠯᠡᠯᠭᠡ ᠶᠢᠨ ᠳᠠᠭᠠᠭᠠᠯᠲᠠ ᠶᠢᠨ ᠵᠠᠷᠤᠳᠠᠯ ᠤᠨ ᠨᠣᠷᠮ᠎ᠠ ᠶᠢ |
1% ᠠᠴᠠ ᠥᠨᠳᠥᠷ ᠪᠠᠶᠢᠯᠭᠠᠬᠤ ᠦᠭᠡᠢ᠃ ᠪᠡᠯᠡᠳᠭᠡᠮᠵᠢᠳᠤ ᠲᠠᠷᠢᠶᠠᠯᠠᠩ ᠤᠨ ᠳᠠᠭᠠᠳᠬᠠᠯ ᠳᠤ ᠣᠷᠣᠯᠴᠠᠬᠤ |
ᠬᠡᠪᠴᠢᠶ᠎ᠡ ᠶᠢ ᠥᠷᠭᠡᠳᠬᠡᠵᠦ᠂ ᠨᠥᠬᠦᠴᠡᠯ ᠪᠦᠷᠢᠳᠦᠭᠦᠯᠦᠭᠰᠡᠨ ᠭᠠᠵᠠᠷ ᠣᠷᠣᠨ ᠳᠤ ᠳᠠᠭᠠᠳᠬᠠᠯ ᠤᠨ ᠨᠡᠶᠢᠳᠡᠮ |
ᠬᠠᠮᠤᠷᠤᠯᠲᠠ ᠶᠢ ᠬᠡᠷᠡᠭᠵᠢᠭᠦᠯᠬᠦ ᠶᠢ ᠵᠣᠷᠢᠭᠵᠢᠭᠤᠯᠵᠤ᠂ ᠢᠯᠭᠠᠪᠤᠷᠢᠯᠠᠨ ᠨᠡᠮᠡᠭᠦᠷᠢ ᠣᠯᠭᠤᠬᠤ ᠲᠥᠷᠥ ᠶᠢᠨ |
ᠪᠣᠳᠣᠯᠭ᠎ᠠ ᠶᠢ ᠨᠡᠶᠢᠲᠡᠯᠡᠨ᠎ᠡ᠃ ﹇ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠲᠦᠷᠦᠭᠦᠯᠡᠨ |
ᠬᠠᠷᠢᠭᠤᠴᠠᠵᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ |
ᠮᠠᠯᠵᠢᠬᠤ ᠣᠷᠣᠨ ᠤ ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂ ᠣᠷᠣᠨ |
ᠨᠤᠲᠤᠭ ᠤᠨ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠲᠣᠪᠴᠢᠶ᠎ᠠ᠂ ᠳᠤᠮᠳᠠᠳᠤ ᠤᠯᠤᠰ ᠤᠨ ᠠᠷᠠᠳ ᠤᠨ |
ᠪᠠᠩᠬᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢᠶᠠᠷᠢ ᠪᠠᠩᠬᠢ᠂ ᠤᠯᠤᠰ ᠤᠨ ᠮᠥᠩᠭᠦᠨ |
ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢᠨ ᠥᠪᠥᠷ ᠮᠣᠩᠭᠤᠯ ᠤᠨ ᠬᠢᠨᠠᠯᠲᠠ |
ᠬᠠᠮᠢᠶᠠᠷᠤᠯᠲᠠ ᠶᠢᠨ ᠲᠣᠪᠴᠢᠶ᠎ᠠ ᠬᠠᠮᠵᠢᠯᠴᠠᠨ᠎ᠠ﹈ |
ᠳᠥᠷᠪᠡ᠂ ᠪᠡᠯᠡᠳᠭᠡᠮᠵᠢᠳᠤ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ |
ᠰᠢᠨ᠎ᠡ ᠶᠢ ᠡᠭᠦᠳᠬᠦ ᠪᠠᠨ ᠴᠢᠩᠭᠠᠳᠬᠠᠨ᠎ᠠ |
ᠪᠡᠯᠡᠳᠭᠡᠮᠵᠢᠳᠤ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠷᠥᠯ ᠵᠦᠢᠯ ᠢ ᠳᠡᠮᠵᠢᠬᠦ |
ᠡᠷᠴᠢᠮ ᠢᠶᠠᠨ ᠴᠢᠩᠭᠠᠷᠠᠭᠤᠯᠵᠤ᠂ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠵᠠᠭᠪᠤᠷ᠂ ᠤᠰᠤ ᠪᠣᠷᠳᠣᠭᠤᠷ ᠢ |
ᠨᠢᠭᠡ ᠴᠣᠭᠴᠠᠵᠢᠭᠤᠯᠬᠤ᠂ ᠣᠷᠴᠢᠨ ᠲᠣᠭᠤᠷᠢᠨ ᠤ ᠣᠶᠤᠨᠴᠢ ᠬᠠᠮᠢᠶᠠᠷᠤᠯᠲᠠ᠂ ᠭᠤᠪᠢ ᠶᠢᠨ ᠪᠡᠯᠡᠳᠭᠡᠮᠵᠢᠲᠦ |
ᠲᠠᠷᠢᠶᠠᠯᠠᠩ᠂ ᠬᠠᠭᠤᠴᠢᠨ ᠬᠦᠯᠡᠮᠵᠢ ᠶᠢ ᠥᠭᠡᠷᠡᠴᠢᠯᠡᠨ ᠰᠢᠨᠡᠳᠬᠡᠵᠦ ᠰᠠᠶᠢᠵᠢᠷᠠᠭᠤᠯᠬᠤ ᠵᠡᠷᠭᠡ ᠰᠢᠨ᠎ᠡ ᠵᠠᠭᠪᠤᠷ᠂ |
ᠰᠢᠨ᠎ᠡ ᠮᠠᠲ᠋ᠧᠷᠢᠶᠠᠯ᠂ ᠰᠢᠨ᠎ᠡ ᠮᠡᠷᠭᠡᠵᠢᠯ ᠢ ᠰᠤᠳᠤᠯᠤᠨ ᠰᠢᠨ᠎ᠡ ᠶᠢ ᠡᠭᠦᠳᠬᠦ ᠪᠠ ᠣᠷᠣᠭᠤᠯᠤᠨ ᠠᠪᠴᠢᠷᠠᠵᠤ |
ᠳᠡᠯᠭᠡᠷᠡᠭᠦᠯᠬᠦ ᠠᠵᠢᠯ ᠢ ᠥᠷᠨᠢᠭᠦᠯᠦᠨ᠎ᠡ᠃ ᠰᠢᠨᠵᠢᠯᠡᠬᠦ ᠤᠬᠠᠭᠠᠨ ᠤ ᠰᠤᠳᠤᠯᠤᠯ ᠤᠨ ᠨᠢᠭᠡᠴᠢ ᠪᠤᠶᠤ ᠠᠵᠤ |
ᠠᠬᠤᠶᠢᠯᠠᠯ ᠳᠤ ᠲᠦᠰᠢᠭᠯᠡᠨ ᠪᠡᠯᠡᠳᠭᠡᠮᠵᠢᠳᠤ ᠲᠠᠷᠢᠶᠠᠯᠠᠩ ᠤᠨ ᠰᠤᠳᠤᠯᠤᠯ ᠤᠨ ᠬᠦᠷᠢᠶᠡᠯᠡᠩ ᠢ ᠪᠠᠶᠢᠭᠤᠯᠵᠤ᠂ |
ᠣᠷᠣᠨ ᠤ ᠳᠣᠲᠣᠷ᠎ᠠ ᠭᠠᠳᠠᠨᠠᠬᠢ ᠪᠡᠯᠡᠳᠭᠡᠮᠵᠢᠳᠤ ᠲᠠᠷᠢᠶᠠᠯᠠᠩ ᠤᠨ ᠬᠦᠷᠢᠶᠡᠨ ᠳᠠᠬᠢ ᠳᠡᠭᠡᠳᠦ ᠲᠠᠰ ᠳᠠᠪᠬᠤᠷᠭ᠎ᠠ ᠶᠢᠨ |
ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠵᠤ᠂ ᠪᠡᠯᠡᠳᠭᠡᠮᠵᠢᠳᠤ |
ᠲᠠᠷᠢᠶᠠᠯᠠᠩ ᠤᠨ ᠲᠠᠯ᠎ᠠ ᠪᠠᠷ ᠬᠢ ᠨᠤᠲᠤᠭ ᠣᠷᠣᠨ ᠤ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠬᠥᠮᠥᠵᠢᠭᠦᠯᠬᠦ |
ᠡᠷᠴᠢᠮ ᠢᠶᠠᠨ ᠴᠢᠩᠭᠠᠷᠠᠭᠤᠯᠤᠨ᠎ᠠ᠃ ᠪᠡᠯᠡᠳᠭᠡᠮᠵᠢᠳᠤ ᠲᠠᠷᠢᠶᠠᠯᠠᠩ ᠤᠨ ᠮᠧᠬᠠᠨᠢᠭᠵᠢᠭᠤᠯᠬᠤ ᠳᠤ ᠲᠣᠬᠢᠷᠠᠮᠵᠢᠲᠠᠢ |
ᠪᠣᠯᠭᠠᠬᠤ ᠲᠠᠯ᠎ᠠ ᠳᠠᠬᠢ ᠳᠤᠲᠠᠭᠤᠳᠠᠯ ᠪᠠ ᠪᠠᠭᠤᠷᠠᠢ ᠲᠠᠯ᠎ᠠ ᠳᠤ ᠴᠢᠭᠯᠡᠭᠦᠯᠦᠨ᠂ ᠨᠠᠩ ᠣᠯᠠᠨ ᠪᠡᠯᠡᠳᠭᠡᠮᠵᠢᠳᠤ |
ᠲᠠᠷᠢᠶᠠᠯᠠᠩ ᠤᠨ ᠮᠧᠬᠠᠨᠢᠭᠵᠢᠭᠤᠯᠤᠭᠰᠠᠨ ᠲᠣᠨᠤᠭ ᠲᠥᠬᠦᠭᠡᠷᠦᠮᠵᠢ ᠶᠢ ᠲᠠᠷᠢᠶᠠᠯᠠᠩ ᠤᠨ ᠮᠠᠰᠢᠨ ᠬᠤᠳᠠᠯᠳᠤᠨ ᠠᠪᠬᠤ |
ᠨᠡᠮᠡᠭᠦᠷᠢ ᠶᠢᠨ ᠬᠡᠪᠴᠢᠶᠡᠨ ᠳᠤ ᠣᠷᠣᠭᠤᠯᠤᠨ᠎ᠠ᠃ ᠢᠳᠡᠰᠢᠨ ᠨᠣᠭᠤᠭ᠎ᠠ᠂ ᠭᠤᠸ᠎ᠠ ᠵᠢᠮᠢᠰ ᠵᠡᠷᠭᠡ ᠶᠢᠨ ᠰᠢᠨ᠎ᠡ |
ᠡᠭᠦᠯᠳᠡᠷ ᠢ ᠡᠮᠦᠨ᠎ᠡ ᠣᠷᠣᠨ ᠳᠤ ᠦᠷᠡᠵᠢᠭᠦᠯᠵᠦ ᠰᠣᠩᠭᠤᠨ ᠪᠤᠶᠢᠵᠢᠭᠤᠯᠬᠤ ᠲᠠᠢ ᠬᠠᠮᠢᠶᠠᠳᠤᠭᠰᠠᠨ ᠪᠡᠯᠡᠳᠬᠡᠮᠵᠢ ᠶᠢᠨ |
ᠪᠦᠲᠦᠭᠡᠨ ᠪᠠᠶᠢᠭᠤᠯᠤᠯᠲᠠ ᠶᠢ ᠳᠡᠮᠵᠢᠨ᠎ᠡ᠃ ﹇ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ |
ᠮᠡᠷᠭᠡᠵᠢᠯ ᠤᠨ ᠲᠢᠩᠬᠢᠮ ᠲᠦᠷᠦᠭᠦᠯᠡᠨ ᠬᠠᠷᠢᠭᠤᠴᠠᠵᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ |
ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ |
ᠮᠠᠨᠳᠤᠭᠤᠯᠬᠤ ᠲᠣᠪᠴᠢᠶ᠎ᠠ︶᠂ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ᠂ ᠥᠪᠥᠷ |
ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠬᠠᠮᠵᠢᠯᠴᠠᠨ᠎ᠠ﹈ |
ᠲᠠᠪᠤ᠂ ᠬᠦᠷᠢᠶᠡᠨ ᠠᠵᠤ ᠠᠬᠤᠢ ᠶᠢ ᠶᠡᠭᠡ ᠪᠠᠷ ᠬᠥᠭᠵᠢᠭᠦᠯᠦᠨ᠎ᠡ |
ᠲᠠᠷᠢᠶᠠᠴᠢᠳ ᠤᠨ ᠭᠡᠷ ᠪᠠᠶᠢᠰᠢᠩ ᠤᠨ ᠢᠶᠠᠨ ᠡᠮᠦᠨ᠎ᠡ ᠠᠷᠤ ᠵᠡᠷᠭᠡ ᠳᠤ ᠰᠤᠯᠠ ᠲᠠᠯᠪᠢᠭᠳᠠᠵᠤ ᠪᠠᠶᠢᠭ᠎ᠠ ᠬᠦᠷᠢᠶ᠎ᠡ |
ᠬᠠᠰᠢᠶᠠᠨ ᠤ ᠣᠷᠣᠨ ᠵᠠᠢ ᠪᠠᠨ ᠠᠰᠢᠭᠯᠠᠨ᠂ ᠪᠡᠯᠡᠳᠬᠡᠮᠵᠢᠲᠦ ᠲᠠᠷᠢᠮᠠᠯ ᠵᠢᠴᠢ ᠪᠡᠯᠡᠳᠭᠡᠮᠵᠢᠭᠦᠯᠵᠦ ᠲᠥᠪᠯᠡᠷᠡᠭᠦᠯᠦᠭᠰᠡᠨ |
ᠭᠡᠷ ᠪᠦᠯᠢ ᠶᠢᠨ ᠦᠢᠯᠡᠳᠪᠦᠷᠢ᠂ ᠭᠠᠷ ᠦᠢᠯᠡᠳᠬᠡᠯ ᠤᠨ ᠭᠠᠵᠠᠷ᠂ ᠣᠨᠴᠠᠯᠢᠭᠲᠤ ᠰᠣᠶᠣᠯ ᠡᠭᠦᠳᠦᠯᠲᠡ ᠶᠢᠨ |
ᠪᠦᠲᠦᠭᠡᠭᠳᠡᠬᠦᠨ ᠤ ᠬᠦᠷᠢᠶᠡᠯᠡᠩ ᠢ ᠲᠤᠬᠠᠢ ᠶᠢᠨ ᠭᠠᠵᠠᠷ ᠣᠷᠣᠨ ᠤ ᠪᠠᠶᠢᠳᠠᠯ ᠳᠤ ᠪᠠᠨ ᠲᠣᠬᠢᠷᠠᠭᠤᠯᠤᠨ |
ᠬᠥᠭᠵᠢᠭᠦᠯᠬᠦ ᠶᠢ ᠨᠢ ᠵᠣᠷᠢᠭᠵᠢᠭᠤᠯᠤᠨ᠎ᠠ᠃ ᠪᠥᠬᠦ ᠣᠷᠣᠨ ᠳᠤ ᠵᠡᠭᠦᠨ᠂ ᠳᠤᠮᠳᠠ᠂ ᠪᠠᠷᠠᠭᠤᠨ ᠬᠡᠰᠡᠭ ᠤᠨ ᠣᠷᠣᠨ |
ᠲᠠᠷᠬᠠᠯᠲᠠ ᠪᠠᠷ᠂ ᠪᠦᠬᠦ ᠲᠣᠰᠬᠤᠨ ᠢᠶᠠᠷ ᠢᠶᠠᠨ ᠬᠦᠷᠢᠶᠡᠨ ᠠᠵᠤ ᠠᠬᠤᠢ ᠶᠢ ᠬᠥᠭᠵᠢᠭᠦᠯᠦᠭᠰᠡᠨ ᠵᠢᠱᠢᠶ᠎ᠡ ᠦᠵᠡᠭᠦᠯᠬᠦ |
ᠲᠤᠰᠬᠤᠨ ᠢ ᠵᠢᠯ ᠪᠦᠷᠢ 150 ᠰᠢᠯᠢᠳᠡᠭᠴᠢᠯᠡᠨ ᠰᠣᠩᠭᠤᠵᠤ᠂ ᠪᠦᠬᠦ ᠲᠣᠰᠬᠤᠨ ᠪᠤᠶᠤ ᠪᠦᠬᠦ ᠰᠢᠶᠠᠩ ᠢᠶᠠᠷ ᠨᠢᠭᠡᠴᠢ |
ᠪᠣᠯᠭᠠᠵᠤ ᠲᠥᠷᠥᠯ ᠵᠦᠢᠯ ᠤᠨ ᠬᠠᠮᠢᠶᠠᠷᠤᠯᠲᠠ ᠶᠣᠰᠣᠭᠠᠷ ᠲᠡᠳᠬᠦᠨ ᠳᠡᠮᠵᠢᠬᠦ ᠪᠡᠯᠡ ᠮᠥᠩᠭᠦ ᠭᠤᠶᠤᠴᠢᠯᠠᠨ |
ᠮᠡᠳᠡᠭᠦᠯᠵᠦ᠂ ᠣᠨᠴᠠᠯᠢᠭᠲᠤ ᠲᠠᠷᠢᠮᠠᠯ᠂ ᠰᠡᠯᠡᠭᠦᠴᠡᠯ ᠵᠤᠭᠠᠴᠠᠯ᠂ ᠡᠯᠧᠺᠳ᠋ᠷᠣᠨ ᠬᠤᠳᠠᠯᠳᠤᠭᠠᠨ ᠤ ᠦᠢᠯᠡᠴᠢᠯᠡᠭᠡ᠂ |
ᠦᠢᠯᠡᠳᠪᠦᠷᠢᠯᠡᠯ ᠠᠮᠢᠳᠤᠷᠠᠯ ᠤᠨ ᠦᠢᠯᠡᠴᠢᠯᠡᠭᠡ ᠵᠡᠷᠭᠡ ᠣᠯᠠᠨ ᠲᠥᠷᠥᠯ ᠬᠡᠯᠪᠡᠷᠢ ᠶᠢᠨ ᠬᠦᠷᠢᠶᠡᠨ ᠠᠵᠤ ᠠᠬᠤᠢ ᠶᠢ |
ᠳᠡᠮᠵᠢᠨ ᠬᠥᠭᠵᠢᠭᠦᠯᠦᠨ᠎ᠡ᠃ ﹇ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ |
ᠲᠤᠰᠬᠤᠨ ᠮᠠᠯᠵᠢᠬᠤ ᠣᠷᠣᠨ ᠤ ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶ |
ᠠᠴᠠ ᠬᠠᠷᠢᠭᠤᠴᠠᠨ᠎ᠠ﹈ |
ᠵᠢᠷᠭᠤᠭ᠎ᠠ᠂ ᠪᠡᠯᠡᠳᠭᠡᠮᠵᠢᠳᠤ ᠲᠠᠷᠢᠶᠠᠯᠠᠩ ᠤᠨ ᠣᠯᠠᠨ ᠡᠰᠢᠵᠢᠭᠰᠡᠨ ᠬᠥᠭᠵᠢᠯᠲᠡ ᠶᠢ ᠠᠬᠢᠭᠤᠯᠤᠨ᠎ᠠ |
ᠪᠣᠬᠢᠷᠲᠤᠯ ᠦᠭᠡᠢ ᠬᠡᠷᠡᠭᠯᠡᠭᠡ᠂ ᠡᠷᠡᠭᠦᠯ ᠮᠡᠨᠳᠦ ᠶᠢᠨ ᠬᠡᠷᠡᠭᠯᠡᠭᠡ ᠶᠢᠨ ᠵᠠᠬ᠎ᠠ ᠳᠡᠯᠭᠡᠭᠦᠷ ᠤᠨ ᠬᠡᠷᠡᠭᠴᠡᠭᠡ |
ᠱᠠᠭᠠᠷᠳᠠᠯᠭ᠎ᠠ ᠳᠤ ᠴᠢᠭᠯᠡᠭᠦᠯᠦᠨ᠂ ᠣᠷᠣᠨ ᠪᠦᠰᠡ ᠶᠢᠨ ᠪᠡᠯᠡᠳᠬᠡᠮᠵᠢ ᠶᠢᠨ ᠣᠨᠴᠠᠯᠢᠭᠲᠤ ᠠᠵᠤ ᠦᠢᠯᠡᠰ ᠤᠨ |
ᠬᠥᠭᠵᠢᠯᠲᠡ ᠶᠢ ᠳᠡᠮᠵᠢᠵᠦ᠂ ᠪᠡᠯᠡᠳᠬᠡᠮᠵᠢᠲᠦ ᠴᠡᠴᠡᠭ ᠡᠪᠡᠰᠦ᠂ ᠭᠤᠸ᠎ᠠ ᠵᠢᠮᠢᠰ᠂ ᠡᠮ ᠤᠨ ᠮᠠᠲ᠋ᠧᠷᠢᠶᠠᠯ᠂ ᠵᠤᠯᠵᠠᠭ᠎ᠠ |
ᠮᠣᠳᠣ᠂ ᠢᠳᠡᠰᠢᠨ ᠮᠥᠭᠦ ᠵᠡᠷᠭᠡ ᠥᠨᠳᠥᠷ ᠨᠡᠮᠡᠯᠲᠡ ᠥᠷᠲᠡᠭ ᠪᠦᠬᠦᠢ ᠣᠨᠴᠠᠯᠢᠭᠲᠤ ᠠᠵᠤ ᠦᠢᠯᠡᠰ ᠢ |
ᠵᠣᠷᠢᠭᠵᠢᠭᠤᠯᠤᠨ ᠬᠥᠭᠵᠢᠭᠦᠯᠦᠨ᠎ᠡ᠃ ᠪᠡᠯᠡᠳᠭᠡᠮᠵᠢᠳᠤ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ |
ᠪᠠᠶᠢᠭᠤᠯᠤᠯᠲᠠ ᠶᠢᠨ ᠬᠢᠨ ᠤ ᠥᠨᠳᠥᠷ ᠪᠦᠲᠦᠮᠵᠢᠲᠡᠶ ᠲᠠᠷᠢᠵᠤ ᠤᠷᠭᠤᠭᠤᠯᠬᠤ᠂ ᠤᠰᠤ ᠪᠣᠷᠳᠣᠭᠤᠷ ᠢ ᠨᠢᠭᠡ |
ᠴᠣᠭᠴᠠᠵᠢᠭᠤᠯᠬᠤ᠂ ᠨᠢᠭᠡᠳᠦᠯᠲᠡᠢ ᠰᠡᠷᠭᠡᠶᠢᠯᠡᠨ ᠨᠢᠭᠡᠳᠦᠯᠲᠡᠢ ᠵᠠᠰᠠᠬᠤ ᠵᠡᠷᠭᠡ ᠪᠠᠷᠢᠮᠵᠢᠶᠠᠵᠢᠭᠤᠯᠤᠭᠰᠠᠨ ᠪᠥᠭᠡᠳ |
ᠨᠡᠶᠢᠭᠡᠮᠴᠢᠯᠡᠭᠰᠡᠨ ᠦᠢᠯᠡᠴᠢᠯᠡᠭᠡ ᠬᠠᠩᠭᠠᠬᠤ ᠶᠢ ᠨᠢ ᠵᠣᠷᠢᠭᠵᠢᠭᠤᠯᠤᠨ᠎ᠠ᠃ ﹇ᠥᠪᠡᠷᠲᠡᠭᠡᠨ ᠵᠠᠰᠠᠬᠤ ᠣᠷᠣᠨ ᠤ |
ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︵ᠬᠥᠳᠡᠭᠡ ᠲᠣᠰᠬᠤᠨ ᠢ |
ᠬᠥᠭᠵᠢᠭᠦᠯᠦᠨ ᠮᠠᠨᠳᠤᠭᠤᠯᠬᠤ ᠲᠣᠪᠴᠢᠶ᠎ᠠ︶ ᠲᠦᠷᠦᠭᠦᠯᠡᠨ ᠬᠠᠷᠢᠭᠤᠴᠠᠵᠤ᠂ ᠥᠪᠡᠷᠲᠡᠭᠡᠨ ᠵᠠᠰᠠᠬᠤ ᠣᠷᠣᠨ ᠤ ᠣᠶ |
ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠬᠠᠮᠵᠢᠯᠴᠠᠨ᠎ᠠ﹈ |
ᠳᠣᠯᠤᠭ᠎ᠠ᠂ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠷᠠᠭᠤᠯᠤᠨ᠎ᠠ |
ᠭᠠᠵᠠᠷ ᠰᠢᠷᠣᠢ ᠶᠢ ᠲᠥᠯᠥᠪᠦᠷᠢᠲᠡᠢ ᠰᠢᠯᠵᠢᠭᠦᠯᠦᠭᠰᠡᠨ ᠣᠷᠣᠯᠭ᠎ᠠ ᠶᠢᠨ ᠪᠡᠯᠡ ᠮᠥᠩᠭᠦ᠂ ᠭᠠᠵᠠᠷ ᠰᠢᠷᠣᠢ ᠶᠢᠨ |
ᠭᠦᠢᠴᠡᠳᠬᠡᠯ ᠲᠤᠭ᠎ᠠ ᠶᠢᠨ ᠠᠷᠠᠯᠵᠢᠶᠠᠨ ᠤ ᠣᠷᠣᠯᠭ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ |
ᠣᠷᠣᠭᠤᠯᠤᠯᠲᠠ ᠶᠢᠨ ᠪᠡᠯᠡ ᠮᠥᠩᠭᠦ ᠵᠡᠷᠭᠡ ᠪᠠᠷ ᠪᠡᠯᠡᠳᠭᠡᠮᠵᠢᠳᠤ ᠲᠠᠷᠢᠶᠠᠯᠠᠩ ᠤᠨ ᠲᠥᠷᠥᠯ ᠵᠦᠢᠯ ᠢ ᠤᠷᠢᠳ ᠢᠶᠠᠷ |
ᠳᠡᠮᠵᠢᠨ᠎ᠡ᠃ ᠨᠥᠬᠦᠴᠡᠯ ᠲᠠᠢ ᠪᠠᠶᠢᠭ᠎ᠠ ᠭᠤᠪᠢ᠂ ᠴᠦᠯ᠂ ᠬᠤᠵᠢᠷᠯᠢᠭ ᠠᠲᠠᠷ ᠭᠠᠵᠠᠷ ᠵᠡᠷᠭᠡ ᠣᠷᠣᠨ ᠪᠦᠰᠡ ᠳᠤ |
ᠪᠡᠯᠡᠳᠭᠡᠮᠵᠢᠳᠤ ᠲᠠᠷᠢᠶᠠᠯᠠᠩ ᠢ ᠬᠥᠭᠵᠢᠭᠦᠯᠬᠦ ᠶᠢ ᠳᠡᠮᠵᠢᠨ᠎ᠡ᠃ ︽ᠤᠰᠤ ᠪᠠᠷ ᠭᠠᠵᠠᠷ ᠢ ᠲᠣᠭᠲᠠᠭᠠᠬᠤ︾ ᠤᠷᠢᠲᠠᠯ |
ᠳᠣᠣᠷ᠎ᠠ᠂ ᠪᠡᠯᠡᠳᠭᠡᠮᠵᠢᠳᠤ ᠲᠠᠷᠢᠶᠠᠯᠠᠩ ᠳᠤ ᠬᠡᠷᠡᠭᠯᠡᠬᠦ ᠤᠰᠤ ᠶᠢ ᠪᠠᠲᠤᠯᠠᠨ᠎ᠠ᠃ ᠪᠡᠯᠡᠳᠭᠡᠮᠵᠢᠳᠤ ᠲᠠᠷᠢᠶᠠᠯᠠᠩ ᠤᠨ |
ᠦᠢᠯᠡᠳᠪᠦᠷᠢᠯᠡᠯ ᠤᠨ ᠬᠡᠷᠡᠭᠯᠡᠬᠦ ᠴᠠᠬᠢᠯᠭᠠᠨ ᠳᠤ ᠲᠠᠷᠢᠶᠠᠯᠠᠩ ᠳᠤ ᠬᠡᠷᠡᠭᠯᠡᠬᠦ ᠴᠠᠬᠢᠯᠭᠠᠨ ᠤ ᠲᠦᠷᠦ ᠶᠢᠨ ᠪᠣᠳᠣᠯᠭ᠎ᠠ ᠶᠢ |
ᠬᠡᠷᠡᠭᠵᠢᠭᠦᠯᠦᠨ᠎ᠡ᠃ ᠪᠡᠯᠡᠳᠭᠡᠮᠵᠢᠳᠤ ᠲᠠᠷᠢᠶᠠᠯᠠᠩ ᠤᠨ ᠪᠣᠬᠢᠷᠲᠤᠯ ᠦᠭᠡᠢ ᠡᠷᠭᠢᠯᠳᠦᠨ ᠬᠥᠭᠵᠢᠬᠦ ᠶᠢ ᠳᠡᠮᠵᠢᠵᠦ᠂ |
ᠭᠡᠷᠡᠯᠴᠢ ᠴᠡᠨᠡᠭ ᠢᠶᠠᠷ ᠴᠠᠬᠢᠯᠭᠠᠨ ᠭᠠᠷᠭᠠᠬᠤ ᠶᠢ ᠠᠰᠢᠭᠯᠠᠨ ᠳᠤᠯᠠᠭᠠᠯᠠᠨ ᠬᠡᠷᠡᠯᠲᠦᠭᠦᠯᠬᠦ᠂ ᠭᠠᠵᠠᠷ ᠤᠨ ᠢᠯᠴᠢ ᠪᠠ |
ᠠᠵᠤ ᠦᠢᠯᠡᠳᠪᠦᠷᠢ ᠶᠢᠨ ᠬᠠᠶᠠᠭᠳᠠᠮᠠᠯ ᠢᠯᠴᠢ᠂ ᠬᠠᠶᠠᠭᠳᠠᠮᠠᠯ ᠬᠡᠢ ︵ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ︶ |
ᠵᠡᠷᠭᠡ ᠶᠢ ᠭᠦᠢᠴᠡᠳ ᠠᠰᠢᠭᠯᠠᠨ ᠪᠡᠯᠡᠳᠭᠡᠮᠵᠢᠳᠤ ᠲᠠᠷᠢᠶᠠᠯᠠᠩ ᠤᠨ ᠦᠢᠯᠡᠳᠪᠦᠷᠢᠯᠡᠯ ᠳᠤ ᠳᠠᠬᠢᠨᠲᠠ ᠠᠰᠢᠭᠯᠠᠬᠤ ᠶᠢ |
ᠵᠣᠷᠢᠭᠵᠢᠭᠤᠯᠤᠨ᠎ᠠ᠃ ﹇ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠰᠢᠨᠵᠢᠯᠡᠬᠦ ᠤᠬᠠᠭᠠᠨ |
ᠲᠧᠭᠨᠢᠭ ᠮᠡᠷᠭᠡᠵᠢᠯ ᠤᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠪᠠᠶᠢᠭᠠᠯᠢ ᠶᠢᠨ |
ᠡᠬᠢ ᠪᠠᠶᠠᠯᠢᠭ ᠤᠨ ᠲᠢᠩᠬᠢᠮ᠂ ᠤᠰᠤᠨ ᠠᠰᠢᠭᠯᠠᠯᠲᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ |
ᠲᠤᠰᠬᠤᠨ ᠮᠠᠯᠵᠢᠬᠤ ᠣᠷᠣᠨ ᠤ ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂ |
ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ᠂ ᠡᠨᠧᠷᠭᠢ ᠶᠢᠨ ᠲᠣᠪᠴᠢᠶ᠎ᠠ᠂ ᠥᠪᠥᠷ ᠮᠣᠩᠭᠤᠯ ᠤᠨ |
ᠴᠠᠬᠢᠯᠭᠠᠨ ᠬᠦᠴᠦᠨ ︵ᠪᠦᠯᠦᠭᠯᠡᠯ︶ ᠤ ᠺᠣᠮᠫᠠᠨᠢ᠂ ᠤᠯᠤᠰ ᠤᠨ ᠴᠠᠬᠢᠯᠭᠠᠨ ᠬᠦᠴᠦᠨ ᠤ ᠲᠣᠣᠷ ᠤᠨ ᠥᠪᠥᠷ |
ᠮᠣᠩᠭᠤᠯ ᠤᠨ ᠵᠡᠭᠦᠨ ᠬᠡᠰᠡᠭ ᠤᠨ ᠴᠠᠬᠢᠯᠭᠠᠨ ᠬᠦᠴᠦᠨ ᠤ ᠺᠣᠮᠫᠠᠨᠢ ᠡᠭᠦᠷᠭᠡ ᠬᠠᠷᠢᠭᠤᠴᠠᠯᠭ᠎ᠠ ᠠᠵᠢᠯ ᠤᠨ |
ᠬᠤᠪᠢᠶᠠᠷᠢᠯᠠᠯ ᠶᠣᠰᠣᠭᠠᠷ ᠬᠠᠷᠢᠭᠤᠴᠠᠨ᠎ᠠ﹈ |
ᠡᠯ᠎ᠡ ᠭᠠᠵᠠᠷ ᠣᠷᠣᠨ ᠨᠢ ︽ᠢᠳᠡᠰᠢᠨ ᠨᠣᠭᠤᠭ᠎ᠠ︾ ᠶᠢᠨ ᠬᠤᠳᠠ ᠶᠢᠨ ᠳᠠᠷᠤᠭ᠎ᠠ ᠶᠢᠨ ᠬᠠᠷᠢᠭᠤᠴᠠᠯᠭ᠎ᠠ ᠶᠢᠨ |
ᠳᠦᠷᠢᠮ ᠢ ᠴᠢᠩᠭ᠎ᠠ ᠬᠡᠷᠡᠭᠵᠢᠭᠦᠯᠵᠦ᠂ ᠪᠡᠯᠡᠳᠭᠡᠮᠵᠢᠳᠤ ᠲᠠᠷᠢᠶᠠᠯᠠᠩ ᠢ ᠢᠳᠡᠪᠬᠢᠲᠡᠢ ᠪᠠᠷ ᠬᠥᠭᠵᠢᠭᠦᠯᠦᠨ᠂ ᠲᠣᠰ |
ᠠᠷᠭ᠎ᠠ ᠬᠡᠮᠵᠢᠶ᠎ᠡ ᠳᠤ ᠬᠤᠯᠪᠣᠭᠳᠠᠭᠰᠠᠨ ᠲᠤᠰᠬᠠᠢ ᠳᠡᠮᠵᠢᠯᠭᠡ ᠶᠢᠨ ᠪᠡᠯᠡ ᠮᠥᠩᠭᠦ ᠶᠢ ᠴᠥᠮ ︽ᠤᠷᠢᠳ ᠢᠶᠠᠷ |
ᠪᠠᠶᠢᠭᠤᠯᠵᠤ ᠳᠠᠷᠠᠭ᠎ᠠ ᠳᠤ ᠨᠢ ᠨᠥᠬᠦᠪᠦᠷᠢᠯᠡᠬᠦ᠂ ᠱᠠᠲᠤ ᠬᠤᠪᠢᠶᠠᠨ ᠡᠭᠦᠷᠭᠡᠯᠡᠬᠦ᠂ ᠪᠣᠳᠠᠲᠠᠢ ᠪᠠᠶᠢᠳᠠᠯ ᠢ ᠨᠢ |
ᠦᠨᠳᠦᠰᠦᠯᠡᠨ ᠨᠡᠮᠡᠭᠦᠷᠢ ᠣᠯᠭᠤᠬᠤ᠂ ᠳᠠᠷᠠᠭᠠᠯᠠᠨ ᠬᠡᠷᠡᠭᠵᠢᠭᠦᠯᠬᠦ︾ ᠠᠷᠭ᠎ᠠ ᠮᠠᠶ᠋ᠢᠭ ᠢᠶᠠᠷ ᠰᠠᠯᠭᠠᠨ ᠥᠭᠴᠦ᠂ ᠡᠯ᠎ᠡ |
ᠲᠦᠷᠦᠭᠦᠯᠡᠨ ᠬᠠᠷᠢᠭᠤᠴᠠᠬᠤ ᠰᠠᠯᠠᠭ᠎ᠠ ᠮᠥᠴᠢᠷ ᠨᠢ ᠪᠣᠳᠠᠲᠠᠢ ᠬᠡᠷᠡᠭᠵᠢᠭᠦᠯᠬᠦ ᠨᠠᠷᠢᠨ ᠳᠦᠷᠢᠮ ᠲᠣᠭᠲᠠᠭᠠᠵᠤ᠂ ᠬᠠᠮᠢᠶ᠎ᠠ |
ᠪᠦᠬᠦᠢ ᠪᠠᠷᠢᠮᠵᠢᠶ᠎ᠠ᠂ ᠭᠤᠶᠤᠴᠢᠯᠠᠨ ᠮᠡᠳᠡᠭᠦᠯᠬᠦ ᠳᠡᠰ ᠳᠠᠷᠠᠭᠠᠯᠠᠯ᠂ ᠪᠦᠲᠦᠭᠡᠨ ᠪᠠᠶᠢᠭᠤᠯᠬᠤ ᠠᠭᠤᠯᠭ᠎ᠠ᠂ ᠰᠢᠯᠭᠠᠨ |
ᠬᠢᠨᠠᠵᠤ ᠰᠢᠯᠭᠠᠨ ᠬᠤᠷᠢᠶᠠᠬᠤ ᠵᠡᠷᠭᠡ ᠶᠢ ᠲᠣᠳᠣᠷᠬᠠᠶᠢᠯᠠᠬᠤ ᠬᠡᠷᠡᠭᠲᠡᠢ᠃ |
ᠪᠡᠯᠡᠳᠬᠡᠮᠵᠢᠲᠦ ᠮᠠᠯ ᠠᠵᠤ ᠠᠬᠤᠢ ᠶᠢᠨ ᠬᠥᠭᠵᠢᠯᠲᠡ ᠶᠢ ᠳᠡᠮᠵᠢᠬᠦ ᠲᠤᠬᠠᠢ ᠠᠷᠭ᠎ᠠ ᠬᠡᠮᠵᠢᠶ᠎ᠡ ᠨᠦᠭᠦᠳ |
ᠪᠦᠬᠦ ᠣᠷᠣᠨ ᠤ ᠪᠡᠯᠡᠳᠬᠡᠮᠵᠢᠲᠦ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠠᠷᠭ᠎ᠠ ᠮᠠᠶ᠋ᠢᠭ ᠪᠦᠳᠦᠭᠦᠯᠢᠭ᠂ |
ᠪᠣᠷᠳᠣᠭᠰᠠᠨ ᠬᠤᠪᠢ ᠶᠢᠨ ᠵᠢᠩ ᠬᠠᠷᠢᠴᠠᠩᠭᠤᠢ ᠳᠣᠣᠷ᠎ᠠ᠂ ᠡᠵᠡᠩᠨᠡᠯᠲᠡ ᠶᠢᠨ ᠦᠷ᠎ᠡ ᠠᠰᠢᠭ ᠥᠨᠳᠥᠷ ᠪᠤᠰᠤ ᠪᠠᠶᠢᠬᠤ |
ᠠᠰᠠᠭᠤᠳᠠᠯ ᠢ ᠰᠢᠢᠳᠪᠦᠷᠢᠯᠡᠵᠦ᠂ 2026 ᠣᠨ ᠪᠣᠯᠬᠤ ᠳᠤ ᠮᠠᠯ ᠵᠢᠭᠦᠷᠲᠡᠨ ᠢ ᠲᠡᠵᠢᠭᠡᠨ ᠦᠷᠡᠵᠢᠭᠦᠯᠦᠭᠰᠡᠨ |
ᠬᠡᠪᠴᠢᠶᠡᠵᠢᠯ ᠤᠨ ᠨᠣᠷᠮ᠎ᠠ ᠶᠢ 78% ᠠᠴᠠ ᠳᠡᠭᠡᠭᠰᠢ ᠳᠤ ᠬᠦᠷᠦᠭᠦᠯᠦᠨ᠂ ᠣᠳᠣ ᠦᠶ᠎ᠡ ᠶᠢᠨ ᠪᠡᠯᠡᠳᠬᠡᠮᠵᠢᠲᠦ ᠮᠠᠯ |
ᠠᠵᠤ ᠠᠬᠤᠢ ᠶᠢᠨ ᠦᠢᠯᠡᠳᠪᠦᠷᠢᠯᠡᠯ ᠤᠨ ᠦᠷ᠎ᠡ ᠪᠦᠲᠦᠮᠵᠢ᠂ ᠭᠠᠷᠤᠯᠲᠠ ᠶᠢᠨ ᠶᠠᠰᠤ ᠴᠢᠨᠠᠷ ᠪᠠ ᠳᠠᠶᠢᠴᠢᠯᠠᠬᠤ |
ᠦᠢᠯᠡᠳᠦᠯ ᠤᠨ ᠢᠯᠡᠷᠬᠡᠢ ᠳᠡᠭᠡᠭᠰᠢᠯᠡᠬᠦ ᠶᠢ ᠴᠢᠷᠮᠠᠶᠢᠨ ᠪᠡᠶᠡᠯᠡᠭᠦᠯᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ |
ᠪᠣᠳᠠᠲᠠᠢ ᠲᠠᠢ ᠤᠶᠠᠯᠳᠤᠭᠤᠯᠤᠨ᠂ ᠳᠣᠣᠷᠠᠬᠢ ᠠᠷᠭ᠎ᠠ ᠬᠡᠮᠵᠢᠶ᠎ᠡ ᠶᠢ ᠲᠣᠭᠲᠠᠭᠠᠪᠠ᠃ |
ᠨᠢᠭᠡ᠂ ᠪᠡᠯᠡᠳᠭᠡᠮᠵᠢᠳᠤ ᠮᠠᠯ ᠠᠵᠤ ᠠᠬᠤᠢ ᠶᠢᠨ ᠶᠠᠰᠤ ᠴᠢᠨᠠᠷ ᠦᠷ᠎ᠡ ᠠᠰᠢᠭ ᠤᠨ ᠳᠡᠭᠡᠭᠰᠢᠯᠡᠯᠲᠡ ᠶᠢ |
ᠠᠬᠢᠭᠤᠯᠤᠨ᠎ᠠ |
ᠬᠠᠰᠢᠶᠠᠯᠠᠨ ᠲᠡᠵᠢᠭᠡᠬᠦ ᠶᠢ ᠶᠡᠭᠡ ᠪᠠᠷ ᠠᠬᠢᠭᠤᠯᠵᠤ᠂ ᠵᠢᠯ ᠳᠤ ᠪᠣᠳᠠᠲᠠᠢ ᠲᠡᠵᠢᠭᠡᠯ ᠠᠴᠠ ᠭᠠᠷᠭᠠᠭᠰᠠᠨ |
ᠪᠣᠷᠳᠣᠭᠰᠠᠨ ᠠᠯᠠᠰᠢᠨ ᠦᠬᠡᠷ 500 ᠲᠣᠯᠣᠭᠠᠢ ᠪᠤᠶᠤ ᠠᠯᠠᠰᠢᠨ ᠬᠤᠨᠢ 3000 ᠲᠣᠯᠣᠭᠠᠢ ᠠᠴᠠ ᠳᠡᠭᠡᠭᠰᠢᠬᠢ |
ᠬᠡᠪᠴᠢᠶᠡᠲᠦ ᠲᠡᠵᠢᠭᠡᠨ ᠦᠷᠡᠵᠢᠭᠦᠯᠬᠦ ᠲᠠᠯᠠᠪᠠᠶ᠂ ᠬᠤᠷᠰᠢᠶ᠎ᠠ᠂ ᠲᠡᠵᠢᠭᠡᠨ ᠦᠷᠡᠵᠢᠭᠦᠯᠬᠦ ᠬᠦᠷᠢᠶᠡᠯᠡᠩ ᠲᠣᠭᠤᠷᠢᠭ |
ᠪᠣᠯᠬᠤ ᠮᠥᠷᠲᠡᠭᠡᠨ ᠥᠪᠡᠷᠲᠡᠭᠡᠨ ᠵᠠᠰᠠᠬᠤ ᠣᠷᠣᠨ ᠤ ᠳᠣᠲᠣᠷ᠎ᠠ ᠨᠢᠲᠤᠯᠤᠭᠰᠠᠨ ᠪᠥᠭᠡᠳ ᠭᠠᠷᠤᠯᠲᠠ ᠶᠢᠨ ᠣᠷᠣᠨ ᠤ |
ᠬᠢᠵᠢᠭ ᠪᠠᠶᠢᠴᠠᠭᠠᠭᠰᠠᠨ ᠭᠡᠷᠡᠴᠢ ᠲᠠᠢ ᠪᠠᠶᠢᠪᠠᠯ᠂ ᠲᠡᠵᠢᠭᠡᠯ ᠠᠴᠠ ᠭᠠᠷᠭᠠᠭᠰᠠᠨ ᠠᠯᠠᠰᠢᠨ ᠦᠬᠡᠷ ᠤᠨ ᠲᠣᠯᠣᠭᠠᠢ |
ᠪᠦᠷᠢ ᠳᠤ 300 ᠲᠥᠭᠦᠷᠢᠭ᠂ ᠠᠯᠠᠰᠢᠨ ᠬᠤᠨᠢ ᠶᠢᠨ ᠲᠣᠯᠣᠭᠠᠢ ᠪᠦᠷᠢ ᠳᠤ 60 ᠲᠥᠭᠦᠷᠢᠭ ᠢᠶᠠᠷ ᠱᠠᠩᠨᠠᠨ᠎ᠠ᠃ |
ᠱᠠᠩᠨᠠᠯ ᠤᠨ ᠪᠡᠯᠡ ᠮᠥᠩᠭᠦ ᠶᠢ ᠭᠤᠣᠯᠳᠠᠭᠤ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ᠂ ᠰᠢᠭᠡᠭ |
ᠰᠠᠩᠭᠠᠰᠤ ᠰᠢᠢᠳᠪᠦᠷᠢᠯᠡᠬᠦ ᠪᠡᠯᠡᠳᠬᠡᠮᠵᠢ ᠶᠢ ᠢᠵᠢ ᠪᠦᠷᠢᠳᠦᠭᠦᠯᠬᠦ ᠵᠢᠴᠢ ᠤᠳᠤ ᠦᠶ᠎ᠡ ᠶᠢᠨ ᠲᠡᠵᠢᠭᠡᠨ ᠦᠷᠡᠵᠢᠭᠦᠯᠬᠦ |
ᠪᠡᠯᠡᠳᠬᠡᠮᠵᠢ ᠲᠥᠬᠦᠭᠡᠷᠦᠮᠵᠢ ᠶᠢ ᠲᠡᠰ ᠳᠡᠪᠰᠢᠭᠦᠯᠦᠨ ᠥᠭᠡᠷᠡᠴᠢᠯᠡᠨ ᠰᠢᠨᠡᠳᠬᠡᠬᠦ ᠳᠤ ᠵᠠᠷᠤᠴᠠᠭᠤᠯᠵᠤ᠂ ᠦᠬᠡᠷ ᠬᠤᠨᠢ |
ᠪᠣᠷᠳᠣᠬᠤ ᠶᠢᠨ ᠬᠡᠪᠴᠢᠶᠡᠵᠢᠭᠦᠯᠦᠭᠰᠡᠨ᠂ ᠪᠠᠷᠢᠮᠵᠢᠶᠠᠵᠢᠭᠤᠯᠤᠭᠰᠠᠨ᠂ ᠣᠶᠤᠨᠴᠢᠯᠠᠭᠰᠠᠨ ᠲᠦᠪᠰᠢᠨ ᠢ |
ᠳᠡᠭᠡᠭᠰᠢᠯᠡᠭᠦᠯᠦᠨ᠎ᠡ᠃ ᠲᠠᠷᠢᠶᠠᠴᠢᠨ ᠮᠠᠯᠴᠢᠳ ᠢ ᠬᠥᠲᠥᠯᠥᠨ ᠵᠢᠯᠤᠭᠤᠳᠴᠤ ᠪᠠᠶᠢᠭᠠᠳ ᠵᠣᠬᠢᠬᠤ ᠬᠡᠪᠴᠢᠶ᠎ᠡ ᠪᠠᠷ |
ᠦᠬᠡᠷ ᠬᠤᠨᠢ ᠪᠠᠨ ᠪᠣᠷᠳᠣᠬᠤ ᠶᠢ ᠨᠢ ᠬᠥᠭᠵᠢᠭᠦᠯᠦᠨ᠎ᠡ᠃ ᠲᠠᠬᠢᠶ᠎ᠠ᠂ ᠨᠤᠭᠤᠰᠤ᠂ ᠭᠠᠯᠠᠭᠤ ᠶᠢᠨ |
ᠬᠡᠪᠴᠢᠶᠡᠵᠢᠭᠦᠯᠦᠭᠰᠡᠨ ᠥᠨᠳᠥᠷ ᠦᠷ᠎ᠡ ᠠᠰᠢᠭᠲᠤ ᠪᠡᠯᠡᠳᠭᠡᠮᠵᠢᠲᠦ ᠲᠡᠵᠢᠭᠡᠨ ᠦᠷᠡᠵᠢᠭᠦᠯᠬᠦ ᠲᠠᠯᠠᠪᠠᠢ ᠶᠢᠨ ᠪᠦᠲᠦᠭᠡᠨ |
ᠪᠠᠶᠢᠭᠤᠯᠤᠯᠲᠠ ᠶᠢ ᠳᠡᠮᠵᠢᠨ᠎ᠡ᠃ ᠠᠳᠤᠭᠤ᠂ ᠡᠯᠵᠢᠭᠡ᠂ ᠲᠡᠮᠡᠭᠡ᠂ ᠪᠤᠭᠤ᠂ ᠲᠡᠮᠡᠭᠡᠨ ᠬᠢᠷᠭᠤᠤᠯ ᠵᠡᠷᠭᠡ ᠣᠨᠴᠠᠯᠢᠭᠲᠤ |
ᠮᠠᠯ ᠵᠢᠭᠦᠷᠲᠡᠨ ᠲᠡᠵᠢᠭᠡᠨ ᠦᠷᠡᠵᠢᠭᠦᠯᠬᠦ ᠶᠢ ᠵᠣᠷᠢᠭᠵᠢᠭᠤᠯᠬᠤ ᠪᠠ ᠬᠥᠲᠥᠯᠥᠨ ᠵᠢᠯᠤᠭᠤᠳᠴᠤ᠂ ᠣᠨᠴᠠᠯᠢᠭᠲᠤ |
ᠪᠦᠲᠦᠭᠡᠭᠳᠡᠬᠦᠨ ᠡᠳ᠋ᠰᠢᠭᠦᠯᠦᠨ ᠪᠣᠯᠪᠠᠰᠤᠷᠠᠭᠤᠯᠬᠤ ᠬᠡᠯᠬᠢᠶ᠎ᠡ ᠶᠢ ᠤᠷᠲᠤᠳᠬᠠᠨ᠎ᠠ᠃ ﹇ᠥᠪᠡᠷᠲᠡᠭᠡᠨ ᠵᠠᠰᠠᠬᠤ |
ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︵ᠬᠥᠳᠡᠭᠡ |
ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶ ᠲᠦᠷᠦᠭᠦᠯᠡᠨ ᠬᠠᠷᠢᠭᠤᠴᠠᠵᠤ᠂ ᠥᠪᠡᠷᠲᠡᠭᠡᠨ ᠵᠠᠰᠠᠬᠤ |
ᠣᠷᠣᠨ ᠤ ᠡᠳ᠋ ᠤᠨ ᠵᠠᠰᠠᠭ ᠤᠨ ᠲᠢᠩᠬᠢᠮ ᠬᠠᠮᠵᠢᠯᠴᠠᠨ᠎ᠠ﹈ |
ᠬᠤᠶᠠᠷ᠂ ᠲᠡᠵᠢᠭᠡᠯ ᠡᠪᠡᠰᠦᠨ ᠤ ᠠᠵᠤ ᠦᠢᠯᠡᠰ ᠤᠨ ᠬᠦᠷᠢᠶᠡᠯᠡᠩ ᠲᠣᠭᠤᠷᠢᠭ ᠢ ᠪᠤᠵᠠᠭᠠᠶᠢᠷᠠᠭᠤᠯᠤᠨ |
ᠬᠦᠴᠦᠷᠬᠡᠭᠵᠢᠭᠦᠯᠦᠨ᠎ᠡ |
ᠠᠵᠤ ᠠᠬᠤᠶᠢᠯᠠᠯ ᠤᠨ ᠣᠳᠣ ᠦᠶ᠎ᠡ ᠶᠢᠨ ᠲᠡᠵᠢᠭᠡᠯ ᠡᠪᠡᠰᠦᠨ ᠤ ᠠᠵᠤ ᠦᠢᠯᠡᠰ ᠤᠨ ᠬᠦᠷᠢᠶᠡᠯᠡᠩ ᠲᠣᠭᠤᠷᠢᠭ |
ᠪᠠᠶᠢᠭᠤᠯᠬᠤ ᠶᠢ ᠳᠡᠮᠵᠢᠵᠦ᠂ ᠴᠠᠷᠭᠠᠰᠤ᠂ ᠬᠢᠶᠠᠭ᠂ ᠨᠣᠬᠠᠢ ᠶᠢᠨ ᠬᠤᠰᠢᠭᠤ ᠵᠡᠷᠭᠡ ᠲᠡᠵᠢᠭᠡᠯ ᠡᠪᠡᠰᠦᠨ ᠤ ᠲᠠᠷᠢᠮᠠᠯ ᠤᠨ |
ᠰᠢᠯᠭᠠᠨ ᠬᠤᠷᠢᠶᠠᠬᠤ ᠪᠠᠷᠢᠮᠵᠢᠶ᠎ᠠ ᠳᠤ ᠬᠦᠷᠦᠭᠰᠡᠨ ᠪᠠᠶᠢᠪᠠᠯ᠂ ᠣᠲᠣ ᠶᠢᠨ ᠪᠠᠶᠢᠭ᠎ᠠ ᠲᠥᠷᠥ ᠶᠢᠨ ᠪᠣᠳᠣᠯᠭ᠎ᠠ ᠶᠢᠨ |
ᠶᠣᠰᠣᠭᠠᠷ ᠱᠠᠩᠨᠠᠨ ᠬᠥᠬᠢᠭᠦᠯᠵᠦ᠂ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠲᠡᠵᠢᠭᠡᠯ ᠡᠪᠡᠰᠦ |
ᠳᠠᠷᠢᠬᠤ ᠲᠠᠯᠠᠪᠠᠶ ᠶᠢ ᠥᠷᠭᠡᠳᠬᠡᠨ᠂ ᠣᠯᠠᠨ ᠶᠠᠩᠵᠤ ᠶᠢᠨ ᠲᠡᠵᠢᠭᠡᠯ ᠡᠪᠡᠰᠦ ᠪᠣᠷᠳᠣᠭᠠᠨ ᠤ ᠪᠦᠲᠦᠭᠡᠭᠳᠡᠬᠦᠨ ᠢ |
ᠨᠡᠭᠡᠭᠡᠨ ᠬᠥᠭᠵᠢᠭᠦᠯᠵᠦ᠂ ᠲᠡᠵᠢᠭᠡᠯ ᠡᠪᠡᠰᠦ ᠬᠤᠷᠢᠶᠠᠨ ᠬᠠᠳᠠᠭᠠᠯᠠᠵᠤ ᠡᠳ᠋ᠰᠢᠭᠦᠯᠬᠦ ᠪᠡᠯᠡᠳᠬᠡᠮᠵᠢ ᠲᠣᠨᠤᠭ |
ᠲᠥᠬᠦᠭᠡᠷᠦᠮᠵᠢ ᠶᠢ ᠰᠠᠶᠢᠵᠢᠷᠠᠭᠤᠯᠤᠨ᠂ ᠡᠪᠡᠰᠦᠨ ᠦᠷ᠎ᠡ ᠪᠤᠶᠢᠵᠢᠭᠤᠯᠬᠤ ᠰᠢᠨᠵᠢᠯᠡᠬᠦ ᠤᠬᠠᠭᠠᠨ ᠲᠧᠭᠨᠢᠭ |
ᠮᠡᠷᠭᠡᠵᠢᠯ ᠤᠨ ᠰᠤᠳᠤᠯᠤᠨ ᠨᠡᠭᠡᠭᠡᠬᠦ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ﹇ᠥᠪᠡᠷᠲᠡᠭᠡᠨ ᠵᠠᠰᠠᠬᠤ ᠣᠷᠣᠨ ᠤ |
ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︵ᠬᠥᠳᠡᠭᠡ ᠲᠣᠰᠬᠤᠨ ᠢ |
ᠬᠥᠭᠵᠢᠭᠦᠯᠦᠨ ᠮᠠᠨᠳᠤᠭᠤᠯᠬᠤ ᠲᠣᠪᠴᠢᠶ᠎ᠠ︶ ᠠᠴᠠ ᠬᠠᠷᠢᠭᠤᠴᠠᠨ᠎ᠠ﹈ |
ᠭᠤᠷᠪᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠨᠤᠭ ᠲᠥᠬᠦᠭᠡᠷᠦᠮᠵᠢ ᠶᠢᠨ ᠢᠵᠢ ᠪᠦᠷᠢᠳᠦᠭᠦᠯᠬᠦ |
ᠴᠢᠳᠠᠪᠤᠷᠢ ᠶᠢ ᠴᠢᠩᠭᠠᠷᠠᠭᠤᠯᠤᠨ᠎ᠠ |
ᠪᠡᠯᠡᠳᠭᠡᠮᠵᠢᠳᠤ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠷᠥᠯ ᠵᠦᠢᠯ ᠢ |
ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠲᠡᠵᠢᠭᠡᠯ ᠡᠪᠡᠰᠦ ᠪᠣᠷᠳᠤᠭ᠎ᠠ᠂ ᠰᠠᠶᠢᠨ ᠡᠭᠦᠯᠳᠡᠷ ᠦᠷᠡᠵᠢᠭᠦᠯᠦᠨ |
ᠪᠤᠶᠢᠵᠢᠭᠤᠯᠬᠤ᠂ ᠨᠠᠷᠢᠯᠢᠭ ᠭᠦᠨ ᠡᠳ᠋ᠰᠢᠭᠦᠯᠦᠨ ᠪᠣᠯᠪᠠᠰᠤᠷᠠᠭᠤᠯᠬᠤ᠂ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ |
ᠵᠡᠷᠭᠡ ᠬᠦᠷᠢᠶ᠎ᠡ ᠴᠠᠷᠠᠭᠠᠨ ᠳᠠᠬᠢ ᠰᠤᠳᠤᠯᠤᠯ ᠰᠢᠨ᠎ᠡ ᠡᠭᠦᠳᠦᠯᠲᠡ ᠪᠠ ᠣᠷᠣᠭᠤᠯᠤᠨ ᠠᠪᠴᠢᠷᠠᠵᠤ ᠳᠡᠯᠭᠡᠷᠡᠭᠦᠯᠬᠦ |
ᠠᠵᠢᠯ ᠢ ᠥᠷᠨᠢᠭᠦᠯᠦᠨ᠎ᠡ᠃ ᠨᠥᠬᠦᠴᠡᠯ ᠳᠤ ᠨᠡᠶᠢᠴᠡᠬᠦ ᠬᠤᠰᠢᠭᠤ ᠰᠢᠶᠠᠨ ︵ᠬᠤᠲᠠ᠂ ᠲᠣᠭᠤᠷᠢᠭ︶ ᠤ ᠲᠠᠷᠢᠶᠠᠴᠢᠨ |
ᠮᠠᠯᠴᠢᠳ ᠪᠣᠯᠣᠨ ᠦᠢᠯᠡᠳᠪᠦᠷᠢᠯᠡᠯ ᠡᠵᠡᠩᠨᠡᠯᠲᠡ ᠶᠢᠨ ᠵᠣᠬᠢᠶᠠᠨ ᠪᠠᠶᠢᠭᠤᠯᠤᠯᠲᠠ ᠶᠢᠨ ᠬᠤᠳᠠᠯᠳᠤᠨ ᠠᠪᠤᠭᠰᠠᠨ |
ᠲᠠᠷᠮᠠᠭᠤᠷ᠂ ᠪᠦᠷᠢᠨ ᠬᠤᠯᠢᠮᠠᠭ ᠡᠳᠦᠷ ᠲᠤ ᠠᠮᠤ ᠬᠦᠨᠡᠰᠦ ᠦᠢᠯᠡᠳᠬᠦ ᠮᠠᠰᠢᠨ᠂ ᠢᠯᠭᠠᠳᠠᠰᠤ ᠴᠡᠪᠡᠷᠯᠡᠬᠦ ᠮᠠᠰᠢᠨ |
ᠵᠡᠷᠭᠡ 16 ᠲᠠᠸᠠᠷ ᠤᠨ ᠲᠦᠷᠦᠯ ᠳᠤ᠂ ᠲᠥᠪ ᠤᠨ ᠡᠳ᠋ ᠤᠨ ᠵᠠᠰᠠᠭ ᠤᠨ ᠲᠣᠭᠲᠠᠭᠰᠠᠨ ᠨᠣᠷᠮᠠᠲᠤ ᠨᠡᠮᠡᠭᠦᠷᠢ ᠶᠢᠨ |
ᠰᠠᠭᠤᠷᠢᠨ ᠳᠡᠭᠡᠷ᠎ᠡ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠪᠡᠯᠡ ᠮᠥᠩᠭᠦ ᠶᠢ ᠬᠡᠷᠡᠭᠯᠡᠨ ᠨᠡᠮᠡᠵᠦ |
ᠨᠥᠬᠦᠪᠦᠷᠢᠯᠡᠨ᠎ᠡ᠂ ᠨᠡᠮᠡᠭᠦᠷᠢ ᠥᠭᠬᠦ ᠲᠤᠭ᠎ᠠ ᠶᠢ ᠲᠥᠪ ᠤᠨ ᠡᠳ᠋ ᠤᠨ ᠵᠠᠰᠠᠭ ᠤᠨ ᠲᠣᠭᠲᠠᠭᠰᠠᠨ ᠨᠣᠷᠮᠠᠲᠤ |
ᠨᠡᠮᠡᠭᠦᠷᠢ ᠶᠢᠨ 1/3 ᠠᠴᠠ ᠳᠠᠪᠠᠭᠤᠯᠬᠤ ᠦᠭᠡᠢ᠃ ᠲᠥᠪ ᠤᠨ ᠡᠳ᠋ ᠤᠨ ᠵᠠᠰᠠᠭ ᠤᠨ ᠨᠡᠮᠡᠭᠦᠷᠢ ᠥᠭᠬᠦ |
ᠬᠡᠪᠴᠢᠶᠡᠨ ᠳᠤ ᠵᠢᠭᠰᠠᠭᠠᠨ ᠣᠷᠣᠭᠤᠯᠤᠭᠠᠳᠤᠢ᠂ ᠲᠠᠷᠢᠶᠠᠴᠢᠨ ᠮᠠᠯᠴᠢᠳ ᠤᠨ ᠦᠢᠯᠡᠳᠪᠦᠷᠢᠯᠡᠯ ᠳᠤ ᠪᠠᠴᠢᠮ ᠬᠡᠷᠡᠭᠰᠡᠬᠦ |
ᠮᠠᠯ ᠠᠵᠤ ᠠᠬᠤᠢ ᠶᠢᠨ ᠮᠧᠬᠠᠨᠢᠭ ᠢ ᠪᠣᠯ ᠥᠪᠡᠷᠲᠡᠭᠡᠨ ᠵᠠᠰᠠᠬᠤ ᠣᠷᠣᠨ ᠤ ᠲᠣᠳᠣᠷᠬᠠᠶᠢᠯᠠᠭᠰᠠᠨ ᠮᠠᠰᠢᠨ ᠪᠠᠭᠠᠵᠢ ᠶᠢᠨ |
ᠬᠡᠪᠴᠢᠶᠡᠨ ᠳᠣᠲᠣᠷ᠎ᠠ᠂ ᠳᠡᠭᠡᠷ᠎ᠡ ᠵᠢᠯ ᠤᠨ ᠪᠣᠷᠣᠯᠠᠭᠤᠯᠤᠨ ᠬᠤᠳᠠᠯᠳᠤᠭᠰᠠᠨ ᠳᠤᠮᠳᠠᠴᠢ ᠦᠨ᠎ᠡ ᠬᠠᠩᠰᠢ ᠶᠢᠨ |
30% ᠠᠴᠠ ᠥᠨᠳᠥᠷ ᠪᠠᠶᠢᠯᠭᠠᠬᠤ ᠦᠭᠡᠢ ᠬᠠᠷᠢᠴᠠᠯ ᠢᠶᠠᠷ ᠲᠥᠰᠥᠭᠡᠯᠡᠨ ᠪᠣᠳᠣᠵᠤ᠂ ᠥᠪᠡᠷᠲᠡᠭᠡᠨ ᠵᠠᠰᠠᠬᠤ |
ᠣᠷᠣᠨ ᠤ ᠡᠳ᠋ ᠤᠨ ᠵᠠᠰᠠᠭ ᠤᠨ ᠪᠡᠯᠡ ᠮᠥᠩᠭᠦ ᠶᠢ ᠬᠡᠷᠡᠭᠯᠡᠨ ᠲᠣᠭᠲᠠᠭᠰᠠᠨ ᠨᠤᠷᠮ᠎ᠠ ᠪᠠᠷ ᠨᠥᠬᠦᠪᠦᠷᠢᠯᠡᠨ᠎ᠡ᠃ ﹇ |
ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ |
ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶ ᠲᠦᠷᠦᠭᠦᠯᠡᠨ ᠬᠠᠷᠢᠭᠤᠴᠠᠵᠤ᠂ |
ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠬᠠᠮᠵᠢᠯᠴᠠᠨ᠎ᠠ﹈ |
ᠳᠥᠷᠪᠡ᠂ ᠮᠥᠩᠭᠦᠨ ᠭᠦᠢᠯᠭᠡᠭᠡᠨ ᠤ ᠳᠠᠭᠠᠳᠬᠠᠯ ᠤᠨ ᠦᠢᠯᠡᠴᠢᠯᠡᠭᠡᠨ ᠳᠤ ᠰᠢᠨ᠎ᠡ ᠶᠢ ᠡᠭᠦᠳᠦᠨ᠎ᠡ |
ᠨᠥᠬᠦᠴᠡᠯ ᠳᠤ ᠨᠡᠶᠢᠴᠡᠬᠦ ᠣᠲᠣ ᠦᠶ᠎ᠡ ᠶᠢᠨ ᠪᠡᠯᠡᠳᠭᠡᠮᠵᠢᠳᠤ ᠮᠠᠯ ᠠᠵᠤ ᠠᠬᠤᠢ ᠶᠢᠨ ᠲᠥᠷᠥᠯ ᠵᠦᠢᠯ ᠤᠨ |
ᠵᠢᠭᠡᠯᠡᠯᠭᠡ ᠳᠤ ᠳᠠᠮ ᠬᠦᠦ ᠮᠥᠩᠭᠦ ᠶᠢᠨ ᠳᠡᠮᠵᠢᠯᠭᠡ ᠶᠢ ᠬᠡᠷᠡᠭᠵᠢᠭᠦᠯᠵᠦ᠂ ᠨᠢᠭᠡᠨᠲᠡ ᠪᠠᠶᠢᠭ᠎ᠠ ᠳᠠᠮ ᠬᠦᠦ ᠮᠥᠩᠭᠦ ᠶᠢᠨ |
ᠲᠥᠷᠥ ᠶᠢᠨ ᠪᠣᠳᠣᠯᠭ᠎ᠠ ᠶᠢᠨ ᠰᠠᠭᠤᠷᠢᠨ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠡᠳ᠋ ᠤᠨ |
ᠵᠠᠰᠠᠭ ᠳᠠᠬᠢᠵᠤ 10% - 20% ᠶᠢᠨ ᠳᠠᠮ ᠬᠦᠦ ᠥᠭᠴᠦ᠂ ᠲᠥᠪ ᠤᠨ ᠪᠠ ᠥᠪᠡᠷᠲᠡᠭᠡᠨ ᠵᠠᠰᠠᠬᠤ |
ᠣᠷᠣᠨ ᠠᠴᠠ ᠥᠭᠬᠦ ᠳᠠᠮ ᠬᠦᠦ ᠮᠥᠩᠭᠦ ᠶᠢ ᠨᠡᠶᠢᠯᠡᠭᠦᠯᠦᠭᠡᠳ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ |
ᠨᠡᠶᠢᠲᠡᠯᠡᠭᠰᠡᠨ ᠠᠳᠠᠯᠢ ᠬᠤᠭᠤᠴᠠᠭᠠᠨ ᠤ ᠠᠳᠠᠯᠢ ᠲᠠᠰ ᠤᠨ ᠵᠢᠭᠡᠯᠡᠯᠭᠡ ᠶᠢᠨ ᠵᠠᠬ᠎ᠠ ᠳᠡᠯᠭᠡᠭᠦᠷ ᠤᠨ ᠮᠡᠳᠡᠭᠦᠯᠦᠭᠰᠡᠨ |
ᠦᠨ᠎ᠡ ᠶᠢᠨ ᠬᠦᠦ ᠮᠥᠩᠭᠦᠨ ᠤ ᠨᠣᠷᠮ᠎ᠠ ︵LPR︶ ᠶᠢᠨ 90% ᠠᠴᠠ ᠥᠨᠳᠥᠷ ᠪᠠᠶᠢᠯᠭᠠᠬᠤ ᠦᠭᠡᠢ ᠮᠥᠷᠲᠡᠭᠡᠨ |
ᠵᠢᠭᠡᠯᠡᠯᠭᠡ ᠶᠢᠨ ᠬᠦᠦ ᠮᠥᠩᠭᠦ ᠶᠢᠨ ᠨᠤᠷᠮ᠎ᠠ ᠶᠢᠨ 3% ᠠᠴᠠ ᠳᠠᠪᠠᠭᠤᠯᠬᠤ ᠦᠭᠡᠢ ︵ᠪᠣᠳᠠᠲᠠᠢ ᠬᠦᠦ ᠮᠥᠩᠭᠦᠨ ᠤ |
ᠨᠣᠷᠮ᠎ᠠ ᠨᠢ LPR ᠠᠴᠠ ᠳᠣᠣᠷ᠎ᠠ ᠪᠠᠶᠢᠪᠠᠯ ᠪᠣᠳᠠᠲᠠᠢ ᠬᠦᠦ ᠮᠥᠩᠭᠦᠨ ᠤ ᠨᠤᠷᠮ᠎ᠠ ᠪᠠᠷ ᠪᠤᠳᠤᠨ᠎ᠠ︶ ᠪᠠᠶᠢᠯᠭᠠᠨ᠎ᠠ᠃ |
ᠮᠥᠩᠭᠦᠨ ᠭᠦᠢᠯᠭᠡᠭᠡᠨ ᠢᠶᠠᠷ ᠠᠯᠠᠰᠢᠨ ᠦᠬᠡᠷ ᠤᠨ ᠠᠵᠤ ᠦᠢᠯᠡᠰ ᠢ ᠳᠡᠮᠵᠢᠬᠦ ᠬᠠᠮᠵᠢᠯᠴᠠᠭᠠᠨ ᠤ ᠲᠣᠭᠲᠠᠴᠠ ᠶᠢ |
ᠪᠠᠶᠢᠭᠤᠯᠵᠤ᠂ ᠪᠠᠲᠤᠯᠠᠭ᠎ᠠ ᠶᠢᠨ ᠳᠠᠭᠠᠭᠠᠯᠲᠠ᠂ ᠳᠠᠭᠠᠳᠬᠠᠯ ᠤᠨ ᠪᠠᠲᠤᠯᠠᠭ᠎ᠠ᠂ ᠪᠠᠩᠬᠢ ᠶᠢᠨ ᠢᠲᠡᠭᠡᠮᠵᠢᠲᠦ |
ᠵᠢᠭᠡᠯᠡᠯᠭᠡ ᠶᠢᠨ ᠬᠤᠯᠪᠤᠭᠠᠯᠠᠨ ᠬᠥᠳᠡᠯᠦᠯᠴᠡᠬᠦ ᠵᠠᠭᠪᠤᠷ ᠢ ᠪᠠᠶᠢᠭᠤᠯᠵᠤ᠂ ᠠᠮᠢᠲᠠᠨ ᠢᠶᠠᠷ ᠪᠠᠷᠢᠴᠠᠭ᠎ᠠ ᠪᠣᠯᠭᠠᠭᠰᠠᠨ |
ᠵᠢᠭᠡᠯᠡᠯᠭᠡ ᠶᠢᠨ ᠲᠤᠬᠠᠶᠢᠯᠠᠭᠰᠠᠨ ᠠᠵᠢᠯ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ |
ᠲᠡᠭᠦᠯᠳᠡᠷᠵᠢᠭᠦᠯᠦᠨ᠎ᠡ᠃ ᠪᠡᠯᠡᠳᠬᠡᠮᠵᠢᠲᠦ ᠮᠠᠯ ᠠᠵᠤ ᠠᠬᠤᠢ ᠶᠢᠨ ᠵᠢᠭᠡᠯᠡᠯᠭᠡ ᠶᠢᠨ ᠳᠠᠭᠠᠭᠠᠯᠲᠠ ᠶᠢᠨ ᠵᠠᠷᠤᠳᠠᠯ ᠤᠨ |
ᠨᠣᠷᠮ᠎ᠠ ᠶᠢ 1% ᠠᠴᠠ ᠥᠨᠳᠥᠷ ᠪᠠᠶᠢᠯᠭᠠᠵᠤ ᠪᠣᠯᠬᠤ ᠦᠭᠡᠢ᠃ ᠠᠯᠠᠰᠢᠨ ᠦᠬᠡᠷ ᠠᠯᠠᠰᠢᠨ ᠬᠤᠨᠢᠨ ᠤ ᠣᠷᠣᠨ |
ᠨᠤᠲᠤᠭ ᠤᠨ ᠳᠠᠪᠠᠭᠤᠯᠢᠭ ᠣᠨᠴᠠᠯᠢᠭᠲᠤ ᠳᠠᠭᠠᠳᠬᠠᠯ ᠢ ᠠᠯᠠᠰᠢᠨ ᠦᠬᠡᠷ᠂ ᠠᠯᠠᠰᠢᠨ ᠬᠤᠨᠢ ᠶᠢ ᠬᠡᠪᠴᠢᠶᠡᠵᠢᠭᠦᠯᠦᠨ |
ᠲᠡᠵᠢᠭᠡᠨ ᠦᠷᠡᠵᠢᠭᠦᠯᠬᠦ ᠲᠡᠰᠢ ᠬᠡᠯᠪᠠᠶᠢᠯᠭᠡᠬᠦ ᠶᠢ ᠠᠬᠢᠭᠤᠯᠤᠨ᠎ᠠ᠃ ﹇ᠥᠪᠡᠷᠲᠡᠭᠡᠨ ᠵᠠᠰᠠᠬᠤ ᠣᠷᠣᠨ ᠤ ᠡᠳ᠋ ᠤᠨ |
ᠵᠠᠰᠠᠭ ᠤᠨ ᠲᠢᠩᠬᠢᠮ ᠲᠦᠷᠦᠭᠦᠯᠡᠨ ᠬᠠᠷᠢᠭᠤᠴᠠᠵᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ |
ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ |
ᠮᠠᠨᠳᠤᠭᠤᠯᠬᠤ ᠲᠣᠪᠴᠢᠶ᠎ᠠ︶᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠲᠣᠪᠴᠢᠶ᠎ᠠ᠂ |
ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢᠶᠠᠷᠢ |
ᠪᠠᠩᠬᠢ᠂ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢᠨ ᠥᠪᠥᠷ |
ᠮᠣᠩᠭᠤᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠮᠵᠢᠯᠴᠠᠨ᠎ᠠ﹈ |
ᠲᠠᠪᠤ᠂ ᠦᠢᠯᠡᠳᠪᠦᠷᠢᠯᠡᠯ ᠤᠨ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠷᠠᠭᠤᠯᠤᠨ᠎ᠠ |
ᠭᠠᠵᠠᠷ ᠰᠢᠷᠣᠢ ᠶᠢ ᠲᠥᠯᠥᠪᠦᠷᠢᠲᠡᠢ ᠰᠢᠯᠵᠢᠭᠦᠯᠦᠭᠰᠡᠨ ᠣᠷᠣᠯᠭ᠎ᠠ ᠶᠢᠨ ᠪᠡᠯᠡ ᠮᠥᠩᠭᠦ᠂ ᠭᠠᠵᠠᠷ ᠰᠢᠷᠣᠢ ᠶᠢᠨ |
ᠭᠦᠢᠴᠡᠳᠬᠡᠯ ᠲᠤᠭ᠎ᠠ ᠶᠢᠨ ᠠᠷᠠᠯᠵᠢᠶᠠᠨ ᠤ ᠣᠷᠣᠯᠭ᠎ᠠ ᠵᠡᠷᠭᠡ ᠪᠠᠷ ᠪᠡᠯᠡᠳᠬᠡᠮᠵᠢᠲᠦ ᠮᠠᠯ ᠠᠵᠤ ᠠᠬᠤᠢ ᠶᠢᠨ ᠲᠥᠷᠥᠯ |
ᠵᠦᠢᠯ ᠢ ᠤᠷᠢᠳ ᠢᠶᠠᠷ ᠳᠡᠮᠵᠢᠬᠦ ᠬᠡᠷᠡᠭᠲᠡᠢ᠃ ᠨᠥᠬᠦᠴᠡᠯ ᠲᠠᠢ ᠪᠠᠶᠢᠭ᠎ᠠ ᠭᠤᠪᠢ᠂ ᠴᠦᠯ᠂ ᠬᠤᠵᠢᠷᠯᠢᠭ ᠭᠠᠵᠠᠷ ᠵᠡᠷᠭᠡ |
ᠣᠷᠣᠨ ᠪᠦᠰᠡ ᠳᠤ ᠪᠡᠯᠡᠳᠬᠡᠮᠵᠢᠲᠦ ᠮᠠᠯ ᠠᠵᠤ ᠠᠬᠤᠢ ᠶᠢ ᠬᠥᠭᠵᠢᠭᠦᠯᠬᠦ ᠶᠢ ᠳᠡᠮᠵᠢᠨ᠎ᠡ᠃ ᠮᠠᠯ ᠵᠢᠭᠦᠷᠲᠡᠨ ᠲᠡᠵᠢᠭᠡᠨ |
ᠦᠷᠡᠵᠢᠭᠦᠯᠬᠦ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠲᠠᠷᠢᠶᠠᠯᠠᠩ ᠳᠤ ᠬᠡᠷᠡᠭᠯᠡᠬᠦ |
ᠭᠠᠵᠠᠷ ᠤᠨ ᠶᠣᠰᠣᠭᠠᠷ ᠬᠠᠮᠢᠶᠠᠷᠤᠨ᠎ᠠ᠃ ︽ᠤᠰᠤ ᠪᠠᠷ ᠳᠥᠷᠪᠡ ᠶᠢ ᠲᠣᠭᠲᠠᠭᠠᠬᠤ︾ ᠤᠷᠢᠲᠠᠯ ᠳᠣᠣᠷ᠎ᠠ᠂ ᠮᠠᠯ |
ᠠᠵᠤ ᠠᠬᠤᠢ ᠳᠤ ᠬᠡᠷᠡᠭᠯᠡᠬᠦ ᠤᠰᠤ ᠶᠢ ᠪᠠᠲᠤᠯᠠᠬᠤ ᠬᠡᠷᠡᠭᠲᠡᠢ᠃ ᠪᠡᠯᠡᠳᠬᠡᠮᠵᠢᠲᠦ ᠮᠠᠯ ᠠᠵᠤ ᠠᠬᠤᠢ ᠶᠢᠨ |
ᠦᠢᠯᠡᠳᠪᠦᠷᠢᠯᠡᠯ ᠤᠨ ᠬᠡᠷᠡᠭᠯᠡᠬᠦ ᠴᠠᠬᠢᠯᠭᠠᠨ ᠳᠤ ᠲᠠᠷᠢᠶᠠᠯᠠᠩ ᠳᠤ ᠬᠡᠷᠡᠭᠯᠡᠬᠦ ᠴᠠᠬᠢᠯᠭᠠᠨ ᠤ ᠲᠥᠷᠥ ᠶᠢᠨ ᠪᠣᠳᠣᠯᠭ᠎ᠠ ᠶᠢ |
ᠬᠡᠷᠡᠭᠵᠢᠭᠦᠯᠦᠨ᠎ᠡ᠃ ﹇ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠪᠠᠶᠢᠭᠠᠯᠢ ᠶᠢᠨ ᠡᠬᠢ |
ᠪᠠᠶᠠᠯᠢᠭ ᠤᠨ ᠲᠢᠩᠬᠢᠮ᠂ ᠤᠰᠤᠨ ᠠᠰᠢᠭᠯᠠᠯᠲᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ |
ᠲᠤᠰᠬᠤᠨ ᠮᠠᠯᠵᠢᠬᠤ ᠣᠷᠣᠨ ᠤ ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂ |
ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ᠂ ᠥᠪᠥᠷ ᠮᠣᠩᠭᠤᠯ ᠤᠨ ᠴᠠᠬᠢᠯᠭᠠᠨ ᠬᠦᠴᠦᠨ ︵ᠪᠦᠯᠦᠭᠯᠡᠯ︶ |
ᠤ ᠺᠣᠮᠫᠠᠨᠢ᠂ ᠤᠯᠤᠰ ᠤᠨ ᠴᠠᠬᠢᠯᠭᠠᠨ ᠬᠦᠴᠦᠨ ᠤ ᠲᠣᠣᠷ ᠤᠨ ᠥᠪᠥᠷ ᠮᠣᠩᠭᠤᠯ ᠤᠨ ᠵᠡᠭᠦᠨ ᠬᠡᠰᠡᠭ ᠤᠨ ᠴᠠᠬᠢᠯᠭᠠᠨ |
ᠬᠦᠴᠦᠨ ᠤ ᠺᠣᠮᠫᠠᠨᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶﹈ |
ᠵᠢᠷᠭᠤᠭ᠎ᠠ᠂ ᠨᠡᠶᠢᠲᠡᠯᠢᠭ ᠢᠶᠠᠷ ᠵᠢᠱᠢᠶ᠎ᠡ ᠦᠵᠡᠭᠦᠯᠬᠦ ᠶᠢ ᠳᠡᠯᠭᠡᠷᠡᠭᠦᠯᠬᠦ ᠪᠠᠨ ᠴᠢᠩᠭᠠᠷᠠᠭᠤᠯᠤᠨ᠎ᠠ |
ᠵᠢᠯ ᠪᠦᠷᠢ 1 - 3 ᠬᠤᠰᠢᠭᠤ ᠰᠢᠶᠠᠨ ︵ᠬᠤᠲᠠ᠂ ᠲᠣᠭᠤᠷᠢᠭ︶ ᠢ ᠰᠢᠯᠢᠳᠡᠭᠴᠢᠯᠡᠨ ᠰᠣᠩᠭᠤᠵᠤ |
ᠪᠡᠯᠡᠳᠭᠡᠮᠵᠢᠳᠤ ᠮᠠᠯ ᠠᠵᠤ ᠠᠬᠤᠢ ᠶᠢᠨ ᠵᠢᠱᠢᠶ᠎ᠡ ᠦᠵᠡᠭᠦᠯᠬᠦ ᠬᠤᠰᠢᠭᠤ ᠰᠢᠶᠠᠨ ᠤ ᠪᠦᠲᠦᠭᠡᠨ ᠪᠠᠶᠢᠭᠤᠯᠤᠯᠲᠠ ᠶᠢ |
ᠥᠷᠨᠢᠭᠦᠯᠦᠨ᠂ ᠵᠢᠱᠢᠶ᠎ᠡ ᠦᠵᠡᠭᠦᠯᠬᠦ ᠬᠤᠰᠢᠭᠤ ᠰᠢᠶᠠᠨ ᠪᠦᠷᠢ ᠳᠤ 1000 ᠲᠦᠮᠡᠨ ᠲᠥᠭᠦᠷᠢᠭ ᠱᠠᠩᠨᠠᠨ᠎ᠠ᠃ ᠵᠢᠯ |
ᠪᠦᠷᠢ 2 - 5 ᠬᠤᠰᠢᠭᠤ ᠰᠢᠶᠠᠨ ︵ᠬᠤᠲᠠ᠂ ᠲᠣᠭᠤᠷᠢᠭ︶ ᠳᠤ ᠮᠠᠯ ᠠᠵᠤ ᠠᠬᠤᠢ ᠶᠢᠨ ᠨᠡᠶᠢᠭᠡᠮᠴᠢᠯᠡᠭᠰᠡᠨ |
ᠦᠢᠯᠡᠴᠢᠯᠡᠭᠡᠨ ᠤ ᠲᠤᠷᠰᠢᠯᠲᠠ ᠶᠢ ᠥᠷᠨᠢᠭᠦᠯᠵᠦ᠂ ᠲᠡᠳᠡᠨ ᠤ ᠪᠡᠯᠡᠳᠬᠡᠮᠵᠢᠲᠦ ᠮᠠᠯ ᠠᠵᠤ ᠠᠬᠤᠢ ᠶᠢᠨ ᠵᠢᠱᠢᠶ᠎ᠡ |
ᠦᠵᠡᠭᠦᠯᠬᠦ ᠬᠤᠰᠢᠭᠤ ᠰᠢᠶᠠᠨ ᠢ ᠡᠭᠦᠳᠦᠨ ᠪᠠᠶᠢᠭᠤᠯᠬᠤ ᠶᠢ ᠨᠢ ᠡᠩ ᠲᠡᠷᠢᠭᠦᠨ ᠳᠤ ᠳᠡᠮᠵᠢᠵᠦ᠂ ᠱᠠᠩᠨᠠᠬᠤ ᠪᠠᠷ |
ᠨᠥᠬᠦᠪᠦᠷᠢ ᠶᠢ ᠣᠷᠣᠯᠠᠬᠤ᠂ ᠣᠯᠠᠨ ᠨᠡᠶᠢᠲᠡ ᠶᠢᠨ ᠦᠢᠯᠡᠴᠢᠯᠡᠭᠡ ᠬᠤᠳᠠᠯᠳᠤᠨ ᠠᠪᠬᠤ ᠵᠡᠷᠭᠡ ᠬᠡᠯᠪᠡᠷᠢ ᠪᠠᠷ |
ᠳᠠᠮᠵᠢᠭᠤᠯᠤᠨ ᠲᠡᠵᠢᠭᠡᠯ ᠡᠪᠡᠰᠦ ᠪᠣᠷᠳᠤᠭ᠎ᠠ ᠡᠳ᠋ᠰᠢᠭᠦᠯᠦᠨ ᠪᠣᠯᠪᠠᠰᠤᠷᠠᠭᠤᠯᠬᠤ᠂ ᠨᠠᠷᠢᠯᠢᠭ ᠣᠨᠣᠴᠠᠲᠠᠢ ᠲᠡᠵᠢᠭᠡᠨ |
ᠠᠷᠠᠴᠢᠯᠠᠬᠤ᠂ ᠬᠢᠵᠢᠭ ᠡᠪᠡᠳᠴᠢᠨ ᠢ ᠰᠡᠷᠭᠡᠶᠢᠯᠡᠨ ᠬᠤᠷᠢᠭᠯᠠᠬᠤ᠂ ᠦᠷ᠎ᠡ ᠡᠭᠦᠯᠳᠡᠷ ᠢ ᠰᠠᠶᠢᠵᠢᠷᠠᠭᠤᠯᠬᠤ ᠵᠡᠷᠭᠡ |
ᠨᠡᠶᠢᠭᠡᠮᠴᠢᠯᠡᠭᠰᠡᠨ ᠦᠢᠯᠡᠴᠢᠯᠡᠭᠡ ᠬᠠᠩᠭᠠᠵᠤ᠂ ᠲᠤᠷᠰᠢᠯᠲᠠ ᠪᠦᠷᠢ ᠳᠤ ᠠᠳᠠᠭ ᠲᠤ ᠪᠠᠨ 10 ᠲᠦᠮᠡᠨ ᠬᠤᠨᠢᠨ |
ᠨᠢᠭᠡᠴᠢ ᠠᠴᠠ ᠳᠡᠭᠡᠭᠰᠢᠬᠢ ᠮᠠᠯ ᠢ ᠬᠠᠮᠤᠷᠤᠨ᠎ᠠ᠃ ᠰᠢᠨᠵᠢᠯᠡᠬᠦ ᠤᠬᠠᠭᠠᠨ ᠤ ᠰᠤᠳᠤᠯᠤᠯ ᠤᠨ ᠨᠢᠭᠡᠴᠢ᠂ ᠶᠡᠭᠡ ᠳᠡᠭᠡᠳᠦ |
ᠰᠤᠷᠭᠠᠭᠤᠯᠢ ᠳᠤ ᠲᠦᠰᠢᠭᠯᠡᠨ ᠲᠤᠰᠬᠠᠢ ᠮᠡᠷᠭᠡᠵᠢᠯᠲᠡᠨ ᠤ ᠪᠦᠯᠬᠦᠮ ᠢ ᠵᠣᠬᠢᠶᠠᠨ ᠪᠠᠶᠢᠭᠤᠯᠵᠤ᠂ ᠰᠢᠨ᠎ᠡ ᠮᠡᠷᠭᠡᠵᠢᠯ᠂ |
ᠰᠢᠨ᠎ᠡ ᠵᠠᠭᠪᠤᠷ ᠤᠨ ᠬᠡᠷᠡᠭᠯᠡᠯᠲᠡ ᠶᠢ ᠳᠡᠯᠭᠡᠷᠡᠭᠦᠯᠬᠦ ᠪᠣᠯᠪᠠᠰᠤᠷᠠᠭᠤᠯᠤᠯ ᠢ ᠥᠷᠨᠢᠭᠦᠯᠦᠨ᠂ ᠴᠢᠳᠠᠪᠤᠷᠢᠲᠠᠨ ᠤ |
ᠪᠠᠲᠤᠯᠠᠭ᠎ᠠ ᠶᠢ ᠴᠢᠩᠭᠠᠷᠠᠭᠤᠯᠵᠤ᠂ ᠵᠢᠱᠢᠶ᠎ᠡ ᠦᠵᠡᠭᠦᠯᠬᠦ ᠬᠤᠰᠢᠭᠤ ᠰᠢᠶᠠᠨ ᠤ ᠮᠠᠯ ᠠᠵᠤ ᠠᠬᠤᠢ ᠶᠢᠨ ᠰᠢᠨᠵᠢᠯᠡᠬᠦ |
ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠬᠤ ᠬᠢᠷᠢ ᠲᠦᠪᠰᠢᠨ ᠢ ᠳᠡᠭᠡᠭᠰᠢᠯᠡᠭᠦᠯᠬᠦ ᠶᠢ ᠠᠬᠢᠭᠤᠯᠤᠨ᠎ᠠ᠃ ﹇ |
ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ |
ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶ ᠨᠢ ᠲᠦᠷᠦᠭᠦᠯᠡᠨ ᠬᠠᠷᠢᠭᠤᠴᠠᠵᠤ᠂ |
ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ᠂ |
ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠬᠠᠮᠵᠢᠯᠴᠠᠨ᠎ᠠ﹈ |
ᠲᠣᠰ ᠠᠷᠭ᠎ᠠ ᠬᠡᠮᠵᠢᠶ᠎ᠡ ᠳᠤ ᠬᠤᠯᠪᠣᠭᠳᠠᠭᠰᠠᠨ ᠲᠤᠰᠬᠠᠢ ᠳᠡᠮᠵᠢᠯᠭᠡ ᠶᠢᠨ ᠪᠡᠯᠡ ᠮᠥᠩᠭᠦ ᠶᠢ ᠴᠥᠮ ︽ |
ᠤᠷᠢᠳ ᠢᠶᠠᠷ ᠪᠠᠶᠢᠭᠤᠯᠵᠤ ᠳᠠᠷᠠᠭ᠎ᠠ ᠳᠤ ᠨᠢ ᠨᠥᠬᠦᠪᠦᠷᠢᠯᠡᠬᠦ᠂ ᠱᠠᠲᠤ ᠬᠤᠪᠢᠶᠠᠨ ᠡᠭᠦᠷᠭᠡᠯᠡᠬᠦ᠂ ᠪᠣᠳᠠᠲᠠᠢ |
ᠪᠠᠶᠢᠳᠠᠯ ᠢ ᠨᠢ ᠦᠨᠳᠦᠰᠦᠯᠡᠨ ᠨᠡᠮᠡᠭᠦᠷᠢ ᠣᠯᠭᠤᠬᠤ᠂ ᠳᠠᠷᠠᠭᠠᠯᠠᠨ ᠬᠡᠷᠡᠭᠵᠢᠭᠦᠯᠬᠦ︾ ᠠᠷᠭ᠎ᠠ ᠮᠠᠶ᠋ᠢᠭ ᠢᠶᠠᠷ ᠰᠠᠯᠭᠠᠨ |
ᠥᠭᠭᠦᠨ᠎ᠡ᠃ ᠡᠯ᠎ᠡ ᠲᠦᠷᠦᠭᠦᠯᠡᠨ ᠬᠠᠷᠢᠭᠤᠴᠠᠬᠤ ᠰᠠᠯᠠᠭ᠎ᠠ ᠮᠥᠴᠢᠷ ᠨᠢ ᠪᠣᠳᠠᠲᠠᠢ ᠬᠡᠷᠡᠭᠵᠢᠭᠦᠯᠬᠦ ᠨᠠᠷᠢᠨ ᠳᠦᠷᠢᠮ |
ᠲᠣᠭᠲᠠᠭᠠᠵᠤ᠂ ᠬᠠᠮᠢᠶ᠎ᠠ ᠪᠦᠬᠦᠢ ᠪᠠᠷᠢᠮᠵᠢᠶ᠎ᠠ᠂ ᠭᠤᠶᠤᠴᠢᠯᠠᠨ ᠮᠡᠳᠡᠭᠦᠯᠬᠦ ᠳᠡᠰ ᠳᠠᠷᠠᠭᠠᠯᠠᠯ᠂ ᠪᠦᠲᠦᠭᠡᠨ ᠪᠠᠶᠢᠭᠤᠯᠬᠤ |
ᠠᠭᠤᠯᠭ᠎ᠠ᠂ ᠰᠢᠯᠭᠠᠨ ᠬᠢᠨᠠᠵᠤ ᠰᠢᠯᠭᠠᠨ ᠬᠤᠷᠢᠶᠠᠬᠤ ᠵᠡᠷᠭᠡ ᠶᠢ ᠲᠣᠳᠣᠷᠬᠠᠶᠢᠯᠠᠬᠤ ᠬᠡᠷᠡᠭᠲᠡᠢ᠃ |
ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ |
2024 ᠣᠨ ᠤ 2 ᠳ᠋ᠤᠭᠠᠷ ᠰᠠᠷ᠎ᠠ ᠶᠢᠨ 19 ᠤ ᠡᠳᠦᠷ ᠳᠠᠷᠤᠮᠠᠯᠯᠠᠨ ᠲᠠᠷᠬᠠᠭᠠᠪᠠ |
|
|
|
|
|
|
|
|
|
|
|
᠁ |