| 7 ᠳ᠋ᠤᠭᠠᠷ ᠰᠠᠷ᠎ᠠ ᠶᠢᠨ 10 ᠤ ᠡᠳᠦᠷ ᠠᠴᠠ 13 ᠤ ᠡᠳᠦᠷ ᠪᠣᠯᠲᠠᠯ᠎ᠠ᠂ ᠪᠥᠬᠦ ᠤᠯᠤᠰ ᠤᠨ ᠠᠷᠠᠳ ᠤᠨ |
ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠬᠤᠷᠢᠶᠠᠨ ᠳᠠᠷᠤᠭ᠎ᠠ ᠬᠤᠤ ᠮᠢᠩ ᠶᠢᠨ |
ᠬᠠᠤᠯᠢ ᠬᠡᠷᠡᠭᠵᠢᠭᠦᠯᠦᠯᠲᠡ ᠶᠢ ᠪᠠᠶᠢᠴᠠᠭᠠᠬᠤ ᠳᠤᠭᠤᠶᠢᠯᠠᠩ ᠢ ᠳᠠᠭᠠᠭᠤᠯᠤᠨ ᠮᠠᠨ ᠤ ᠣᠷᠣᠨ ᠤ ︽ᠪᠥᠬᠦᠳᠡ |
ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠣᠳᠠᠰ ᠤᠨ ᠪᠤᠰᠤ ᠰᠣᠶᠣᠯ ᠤᠨ ᠥᠪ ᠤᠨ ᠬᠠᠤᠯᠢ︾ ᠶᠢ |
ᠲᠤᠭᠤᠰᠢᠯᠠᠭᠤᠯᠤᠨ ᠬᠡᠷᠡᠭᠵᠢᠭᠦᠯᠦᠭᠰᠡᠨ ᠪᠠᠶᠢᠳᠠᠯ ᠳᠤ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠥᠷᠨᠢᠭᠦᠯᠪᠡ᠃ |
7 ᠳ᠋ᠤᠭᠠᠷ ᠰᠠᠷ᠎ᠠ ᠶᠢᠨ 10 ᠤ ᠡᠳᠦᠷ ᠤᠨ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ |
ᠬᠤᠷᠢᠶ᠎ᠠ ᠶᠢᠨ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ |
ᠡᠷᠬᠢᠯᠡᠭᠴᠢ ᠰᠦᠨ ᠱᠤᠤ ᠴᠧᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ |
ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠥᠬᠡᠬᠤᠲᠠ ᠳᠤ ᠬᠤᠤ ᠮᠢᠩ ᠶᠢᠨ ᠲᠠᠢ ᠵᠤᠯᠭᠠᠪᠠ᠃ |
|
7 ᠳ᠋ᠤᠭᠠᠷ ᠰᠠᠷ᠎ᠠ ᠶᠢᠨ 10 ᠤ ᠡᠳᠦᠷ ᠤᠨ ᠦᠳᠡ ᠶᠢᠨ ᠡᠮᠦᠨ᠎ᠡ᠂ ᠬᠠᠤᠯᠢ ᠬᠡᠷᠡᠭᠵᠢᠭᠦᠯᠦᠯᠲᠡ ᠶᠢ ᠪᠠᠶᠢᠴᠠᠭᠠᠬᠤ |
ᠳᠤᠭᠤᠶᠢᠯᠠᠩ ᠶᠠᠷᠢᠯᠴᠠᠬᠤ ᠬᠤᠷᠠᠯ ᠬᠤᠷᠠᠯᠳᠤᠭᠤᠯᠵᠤ᠂ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ |
ᠳᠠᠷᠠᠭ᠎ᠠ᠂ ᠬᠤᠤ ᠮᠢᠩ ᠶᠢᠨ ᠬᠠᠤᠯᠢ ᠬᠡᠷᠡᠭᠵᠢᠭᠦᠯᠦᠯᠲᠡ ᠶᠢ ᠪᠠᠶᠢᠴᠠᠭᠠᠬᠤ ᠳᠤᠭᠤᠶᠢᠯᠠᠩ ᠢ ᠲᠥᠯᠥᠭᠡᠯᠡᠨ ᠮᠠᠨ ᠤ |
ᠣᠷᠣᠨ ᠤ ᠪᠣᠳᠠᠰ ᠤᠨ ᠪᠤᠰᠤ ᠰᠣᠶᠣᠯ ᠤᠨ ᠥᠪ ᠤᠨ ᠬᠠᠤᠯᠢ ᠶᠢ ᠲᠤᠭᠤᠰᠢᠯᠠᠭᠤᠯᠤᠨ ᠬᠡᠷᠡᠭᠵᠢᠭᠦᠯᠦᠭᠰᠡᠨ ᠪᠠᠶᠢᠳᠠᠯ ᠢ |
ᠭᠦᠢᠴᠡᠳ ᠨᠤᠲᠠᠯᠠᠪᠠ᠃ |
ᠬᠤᠷᠠᠯ ᠤᠨ ᠳᠠᠷᠠᠭ᠎ᠠ᠂ ᠬᠠᠤᠯᠢ ᠬᠡᠷᠡᠭᠵᠢᠭᠦᠯᠦᠯᠲᠡ ᠶᠢ ᠪᠠᠶᠢᠴᠠᠭᠠᠬᠤ ᠳᠤᠭᠤᠶᠢᠯᠠᠩ ᠤᠷᠢᠳ ᠬᠤᠵᠢᠳ |
ᠬᠥᠬᠡᠬᠤᠲᠠ᠂ ᠪᠠᠶᠠᠨᠨᠠᠭᠤᠷ ᠬᠤᠲᠠ᠂ ᠦᠬᠠᠶ ᠬᠤᠲᠠ ᠳᠤ ᠭᠦᠨᠵᠡᠭᠡᠶᠢᠷᠡᠨ ᠪᠣᠳᠠᠰ ᠤᠨ ᠪᠤᠰᠤ ᠰᠣᠶᠣᠯ ᠤᠨ ᠥᠪ ᠤᠨ |
ᠬᠠᠤᠯᠢ ᠶᠢ ᠲᠤᠭᠤᠰᠢᠯᠠᠭᠤᠯᠤᠨ ᠬᠡᠷᠡᠭᠵᠢᠭᠦᠯᠦᠭᠰᠡᠨ ᠪᠠᠶᠢᠳᠠᠯ ᠤᠨ ᠲᠤᠬᠠᠶ ᠲᠤᠬᠠᠶ ᠶᠢᠨ ᠭᠠᠵᠠᠷ ᠤᠨ ᠪᠠᠶᠢᠴᠠᠭᠠᠯᠲᠠ |
ᠥᠷᠨᠢᠭᠦᠯᠪᠡ᠃ |
|