|
ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠦᠨᠳᠦᠰᠦᠲᠡᠨ ᠤ |
ᠪᠦᠯᠬᠦᠮᠳᠡᠯ ᠤᠨ ᠦᠯᠢᠭᠡᠷ ᠢ ᠰᠠᠶᠢᠲᠤᠷ ᠶᠠᠷᠢᠰᠤᠭᠠᠢ |
|
2024 ᠣᠨ ᠠᠴᠠ ᠡᠬᠢᠯᠡᠵᠦ᠂ ᠵᠢᠯ ᠪᠦᠷᠢ ᠥᠪᠡᠷᠲᠡᠭᠡᠨ ᠵᠠᠰᠠᠬᠤ ᠣᠷᠣᠨ ᠤ ᠲᠡᠰ ᠤᠨ ᠳᠤᠮᠳᠠᠳᠤ ᠶᠢᠨ |
ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠬᠥᠮᠦᠵᠢᠯ ᠦᠢᠯᠡᠳᠦᠯᠭᠡ ᠶᠢᠨ ᠰᠠᠭᠤᠷᠢᠨ |
ᠭᠠᠵᠠᠷ ᠢ 25 ᠣᠷᠴᠢᠮ ᠢ ᠪᠠᠶᠢᠭᠤᠯᠬᠤ ᠶᠢ ᠳᠠᠮᠵᠢᠨ᠎ᠠ᠃ ᠰᠣᠶᠣᠯ ᠮᠦᠽᠸᠢ ᠶᠢᠨ ᠲᠥᠷᠥᠯ᠂ ᠬᠤᠪᠢᠰᠬᠠᠯ ᠤᠨ |
ᠳᠤᠷᠠᠰᠬᠠᠯ ᠤᠨ ᠲᠥᠷᠥᠯ᠂ ᠵᠢᠱᠢᠶ᠎ᠡ ᠦᠵᠡᠭᠦᠯᠵᠦ ᠡᠭᠦᠳᠦᠨ ᠪᠠᠶᠢᠭᠤᠯᠬᠤ ᠲᠥᠷᠥᠯ ᠵᠡᠷᠭᠡ ᠠᠳᠠᠯᠢ ᠪᠤᠰᠤ |
ᠣᠨᠴᠠᠯᠢᠭ ᠲᠠᠢ ᠬᠥᠮᠦᠵᠢᠯ ᠦᠢᠯᠡᠳᠦᠯᠭᠡ ᠶᠢᠨ ᠰᠠᠭᠤᠷᠢᠨ ᠭᠠᠵᠠᠷ ᠢ ᠲᠥᠷᠥᠯ ᠬᠤᠪᠢᠶᠠᠨ ᠪᠥᠲᠥᠭᠡᠨ ᠪᠠᠶᠢᠭᠤᠯᠤᠨ᠎ᠠ᠃ |
ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ |
ᠬᠡᠯᠲᠡᠰ ᠤᠨ ᠳᠠᠷᠤᠭ᠎ᠠ ᠬᠢᠭᠡᠳ ᠥᠪᠡᠷᠲᠡᠭᠡᠨ ᠵᠠᠰᠠᠬᠤ ᠣᠷᠣᠨ ᠤ ᠬᠤᠪᠢᠳᠠᠨ ᠬᠠᠮᠢᠶᠠᠷᠴᠤ ᠪᠥᠬᠦᠶ ᠳᠡᠳ᠋ |
ᠲᠡᠷᠢᠭᠦᠯᠡᠭᠴᠢ ᠪᠠᠷ ᠬᠤᠤᠰ ᠳᠤᠭᠤᠶᠢᠯᠠᠩ ᠤᠨ ᠳᠠᠷᠤᠭ᠎ᠠ ᠪᠣᠯᠭᠠᠭᠰᠠᠨ ᠪᠥᠬᠦ ᠣᠷᠣᠨ ᠤ ᠳᠤᠮᠳᠠᠳᠤ ᠶᠢᠨ |
ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠳᠤᠳᠬᠠᠬᠤ ᠬᠥᠮᠦᠵᠢᠯ ᠦᠢᠯᠡᠳᠦᠯᠭᠡ ᠶᠢᠨ |
ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠤᠨ᠎ᠠ᠃ |
ᠦᠢᠯᠡᠳᠦᠯᠭᠡ ᠶᠢᠨ ᠰᠠᠭᠤᠷᠢᠨ ᠭᠠᠵᠠᠷ ᠲᠤ ᠬᠥᠳᠡᠯᠦᠩᠭᠦᠶ ᠬᠠᠮᠢᠶᠠᠷᠤᠯᠲᠠ ᠶᠢ ᠬᠡᠷᠡᠭᠵᠢᠭᠦᠯᠵᠦ᠂ 5 ᠵᠢᠯ ᠪᠦᠷᠢ ᠳᠤ |
ᠨᠢᠭᠡ ᠤᠳᠠᠭ᠎ᠠ ᠰᠢᠯᠭᠠᠨ ᠬᠢᠨᠠᠵᠤ ᠪᠠᠳᠤᠯᠠᠨ ᠲᠣᠭᠲᠠᠭᠠᠨ᠎ᠠ᠃ ᠬᠤᠶᠠᠷ ᠵᠢᠯ ᠳᠠᠷᠠᠭᠠᠯᠠᠨ ᠬᠢᠨᠠᠨ ᠰᠢᠯᠭᠠᠯᠲᠠ ᠳᠤ ᠬᠢᠷᠢ |
ᠲᠡᠩᠴᠡᠭᠰᠡᠨ ᠥᠬᠡᠶ ᠪᠤᠶᠤ ᠴᠡᠭᠴᠡᠯᠡᠨ ᠰᠠᠶᠢᠵᠢᠷᠠᠭᠤᠯᠤᠭᠰᠠᠨ ᠤ ᠳᠠᠷᠠᠭ᠎ᠠ ᠮᠥᠨ ᠬᠦ ᠪᠠᠳᠤᠯᠠᠨ ᠲᠣᠭᠲᠠᠭᠠᠬᠤ |
ᠨᠥᠬᠦᠴᠡᠯ ᠳᠤ ᠨᠡᠶᠢᠴᠡᠭᠰᠡᠨ ᠥᠬᠡᠶ ᠪᠣᠯᠪᠠᠯ᠂ ᠨᠡᠷᠡᠶᠢᠳᠦᠯ ᠢ ᠨᠢ ᠬᠦᠴᠦᠨ ᠥᠬᠡᠶ ᠪᠣᠯᠭᠠᠨ᠎ᠠ᠃ |
ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠮᠡᠯ |
ᠹᠷᠣᠨᠲ ᠤᠨ ᠬᠡᠯᠲᠡᠰ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ︽ᠪᠥᠬᠦ ᠣᠷᠣᠨ ᠤ |
ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠬᠥᠮᠦᠵᠢᠯ |
ᠦᠢᠯᠡᠳᠦᠯᠭᠡ ᠶᠢᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠠᠵᠢᠯ ᠤᠨ ᠲᠥᠰᠦᠯ ︵2023 — |
2027 ᠣᠨ︶︾ ︵ᠳᠣᠷᠣᠭᠰᠢ ︽ᠲᠥᠰᠦᠯ︾ ᠭᠡᠵᠦ ᠲᠣᠪᠴᠢᠯᠠᠨ᠎ᠠ︶ ᠢ ᠲᠣᠭᠲᠠᠭᠠᠨ ᠨᠡᠶᠢᠲᠡᠯᠡᠵᠦ᠂ |
ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠬᠥᠮᠦᠵᠢᠯ |
ᠦᠢᠯᠡᠳᠦᠯᠭᠡ ᠶᠢᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ ᠪᠠᠶᠢᠷᠢᠯᠠᠭᠤᠯᠪᠠ᠃ |
ᠲᠤᠰ ᠰᠣᠨᠢᠨ ᠤ ᠰᠤᠷᠪᠤᠯᠵᠢᠯᠠᠭᠴᠢ ︽ᠲᠥᠰᠦᠯ︾ ᠢ ᠲᠣᠭᠲᠠᠭᠠᠵᠤ ᠨᠡᠶᠢᠲᠡᠯᠡᠭᠰᠡᠨ ᠬᠤᠯᠪᠣᠭᠳᠠᠯ ᠪᠦᠬᠦᠢ |
ᠠᠰᠠᠭᠤᠳᠠᠯ ᠤᠨ ᠲᠤᠬᠠᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ |
ᠬᠡᠯᠲᠡᠰ ᠤᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠤᠨ ᠨᠠᠮ ᠤᠨ |
ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠭᠤᠤ ᠵᠠᠨ ᠱᠧᠩ ᠢ ᠰᠤᠷᠪᠤᠯᠵᠢᠯᠠᠪᠠ᠃ |
ᠰᠤᠷᠪᠤᠯᠵᠢᠯᠠᠭᠴᠢ᠄ ᠲᠠ ︽ᠲᠥᠰᠦᠯ︾ ᠢ ᠨᠡᠶᠢᠲᠡᠯᠡᠭᠰᠡᠨ ᠠᠬᠤᠶ ᠪᠠᠶᠢᠳᠠᠯ ᠢ ᠲᠠᠨᠢᠯᠴᠠᠭᠤᠯᠤᠭᠠᠳ ᠥᠭᠭᠦᠨ᠎ᠡ |
ᠤᠤ︖ |
ᠭᠤᠤ ᠵᠠᠨ ᠱᠧᠩ᠄ 2021 ᠣᠨ ᠤ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠳᠡᠭᠡᠷ᠎ᠡ ᠶᠡᠷᠦᠩᠬᠡᠢ |
ᠱᠦᠵᠢ ᠰᠢ ᠶᠢᠨ ᠫᠢᠩ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ |
ᠪᠣᠯ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ︽ᠬᠥᠲᠥᠯᠪᠦᠷᠢ︾ ᠮᠥᠨ᠂ ᠪᠤᠢ ᠪᠦᠬᠦᠢ |
ᠠᠵᠢᠯ ᠢ ᠡᠭᠦᠨ ᠳᠤ ᠲᠥᠪᠯᠡᠷᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ 2023 ᠣᠨ ᠤ 6 ᠳ᠋ᠤᠭᠠᠷ ᠰᠠᠷ᠎ᠠ ᠳᠤ᠂ |
ᠶᠡᠷᠦᠩᠬᠡᠶ ᠱᠦᠵᠢ ᠰᠢ ᠶᠢᠨ ᠫᠢᠩ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠳᠤ ᠪᠠᠨ ᠳᠤᠮᠳᠠᠳᠤ ᠶᠢᠨ |
ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠪᠣᠯ ᠰᠢᠨ᠎ᠡ ᠴᠠᠭ ᠦᠶ᠎ᠡ ᠶᠢᠨ ᠨᠠᠮ ᠤᠨ |
ᠦᠨᠳᠦᠰᠦᠲᠡᠨ ᠤ ᠠᠵᠢᠯ ᠤᠨ ᠭᠤᠤᠯ ᠰᠢᠵᠢᠮ ᠮᠥᠨ᠂ ᠮᠦᠨ ᠴᠤ ᠦᠨᠳᠦᠰᠦᠲᠡᠨ ᠤ ᠭᠠᠵᠠᠷ ᠣᠷᠣᠨ ᠤ ᠡᠯ᠎ᠡ |
ᠲᠦᠷᠦᠯ ᠤᠨ ᠠᠵᠢᠯ ᠤᠨ ᠭᠤᠤᠯ ᠰᠢᠵᠢᠮ ᠮᠥᠨ᠃ ᠦᠨᠳᠦᠰᠦᠲᠡᠨ ᠤ ᠭᠠᠵᠠᠷ ᠣᠷᠣᠨ ᠤ ᠠᠵᠤ ᠠᠬᠤᠢ ᠶᠢᠨ |
ᠪᠦᠲᠦᠭᠡᠨ ᠪᠠᠶᠢᠭᠤᠯᠤᠯᠲᠠ᠂ ᠤᠯᠤᠰ ᠲᠦᠷᠦ ᠶᠢᠨ ᠪᠦᠳᠦᠭᠡᠨ ᠪᠠᠶᠢᠭᠤᠯᠤᠯᠲᠠ᠂ ᠰᠣᠶᠣᠯ ᠤᠨ ᠪᠦᠳᠦᠭᠡᠨ |
ᠪᠠᠶᠢᠭᠤᠯᠤᠯᠲᠠ᠂ ᠨᠡᠶᠢᠭᠡᠮ ᠤᠨ ᠪᠦᠳᠦᠭᠡᠨ ᠪᠠᠶᠢᠭᠤᠯᠤᠯᠲᠠ᠂ ᠠᠮᠢ ᠠᠬᠤᠢ ᠶᠢᠨ ᠪᠣᠯᠪᠠᠰᠤᠨ ᠤ ᠪᠦᠳᠦᠭᠡᠨ |
ᠪᠠᠶᠢᠭᠤᠯᠤᠯᠲᠠ ᠪᠠ ᠨᠠᠮ ᠤᠨ ᠪᠦᠳᠦᠭᠡᠨ ᠪᠠᠶᠢᠭᠤᠯᠤᠯᠲᠠ ᠵᠡᠷᠭᠡ ᠶᠢ ᠴᠥᠮ ᠡᠨᠡ ᠬᠦ ᠭᠤᠣᠯ ᠱᠤᠭᠤᠮ ᠲᠠᠢ ᠨᠢᠬᠳᠠ |
ᠤᠶᠠᠯᠳᠤᠭᠤᠯᠵᠦ ᠥᠴᠦᠬᠡᠨ ᠴᠦ ᠬᠡᠯᠪᠠᠶᠢᠯᠭᠡᠯᠡᠬᠦ ᠦᠬᠡᠢ ᠪᠠᠶᠢᠬᠤ ᠬᠡᠷᠡᠭᠲᠡᠢ ᠭᠡᠪᠡ᠃ ᠥᠪᠡᠷᠲᠡᠭᠡᠨ ᠵᠠᠰᠠᠬᠤ |
ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠵᠢᠷᠭᠤᠳᠤᠭᠠᠷ ᠪᠦᠬᠦᠳᠡ ᠬᠤᠷᠠᠯ ᠠᠴᠠ ︽ |
ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠵᠢᠱᠢᠶᠡᠴᠢ ᠥᠪᠡᠷᠲᠡᠭᠡᠨ ᠵᠠᠰᠠᠬᠤ |
ᠣᠷᠣᠨ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠲᠤᠬᠠᠢ ᠲᠣᠭᠲᠠᠭᠠᠯ︾ ᠢ ᠬᠢᠨᠠᠨ ᠵᠦᠪᠯᠡᠨ ᠪᠠᠳᠤᠯᠠᠵᠤ᠂ ︽ |
ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠲᠠᠯ᠎ᠠ ᠪᠠᠷ ᠵᠢᠱᠢᠶᠡᠴᠢ |
ᠪᠣᠯᠬᠤ ᠬᠡᠷᠡᠭᠲᠡᠢ︾ ᠭᠡᠵᠦ ᠳᠤᠷᠠᠳᠴᠤ᠂ ᠪᠦᠬᠦ ᠣᠷᠣᠨ ᠳᠠᠶᠠᠭᠠᠷ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ |
ᠴᠣᠭᠴᠠ ᠶᠢᠨ ᠤᠬᠠᠮᠰᠠᠷ ᠢ ᠪᠠᠳᠤᠳᠬᠠᠬᠤ ᠶᠢ ᠡᠯ᠎ᠡ ᠲᠦᠷᠦᠯ ᠤᠨ ᠠᠵᠢᠯ ᠳᠤ ᠪᠠᠨ ᠲᠤᠭᠤᠰᠢᠯᠠᠭᠤᠯᠬᠤ ᠬᠡᠷᠡᠭᠲᠡᠢ |
ᠭᠡᠵᠦ ᠱᠠᠭᠠᠷᠳᠠᠪᠠ᠃ |
ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ |
ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠲᠥᠪ ᠶᠢᠨ |
ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠦᠨᠳᠦᠰᠦᠲᠡᠨ ᠤ ᠠᠵᠢᠯ ᠤᠨ ᠬᠤᠷᠠᠯᠳᠤᠭᠠᠨ ᠤ |
ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ |
ᠡᠭᠦᠷᠭᠡ ᠪᠣᠯᠤᠨ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ |
ᠬᠤᠶᠠᠷ ᠶᠡᠭᠡ ᠶᠠᠪᠤᠳᠠᠯ ᠢ ᠴᠢᠨᠠᠷ ᠰᠠᠶᠢᠲᠠᠶ ᠪᠡᠶᠡᠯᠡᠭᠦᠯᠬᠦ ᠳᠤ ᠠᠩᠬᠠᠷᠤᠯ ᠢᠶᠠᠨ ᠲᠦᠪᠯᠡᠷᠡᠬᠦᠯᠵᠦ᠂ ᠪᠦᠬᠦ ᠨᠡᠶᠢᠭᠡᠮ |
ᠪᠣᠯᠤᠨ ᠦᠨᠳᠦᠰᠦᠲᠡᠨ ᠨᠦᠭᠦᠳ ᠲᠤ ᠬᠠᠨᠳᠤᠭᠤᠯᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ |
ᠤᠬᠠᠮᠰᠠᠷ ᠢ ᠪᠠᠳᠤᠳᠬᠠᠬᠤ ᠤᠬᠠᠭᠤᠯᠭ᠎ᠠ ᠬᠥᠮᠦᠵᠢᠯ ᠢ ᠪᠤᠳᠠᠲᠠᠢ ᠲᠦᠷᠦᠭᠳᠡᠯ ᠲᠠᠢ ᠪᠦᠳᠦᠮᠵᠢᠳᠠᠢ ᠦᠷᠨᠢᠬᠦᠯᠵᠦ᠂ |
ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ ᠥᠪᠡᠷᠲᠡᠭᠡᠨ ᠵᠠᠰᠠᠬᠤ |
ᠣᠷᠣᠨ ᠤ ᠦᠨᠳᠦᠰᠦᠲᠡᠨ ᠤ ᠵᠥᠪᠯᠡᠯ ᠠᠴᠠ ︽ᠲᠥᠰᠦᠯ︾ ᠢ ᠲᠣᠭᠲᠠᠭᠠᠨ ᠨᠡᠶᠢᠳᠡᠯᠡᠵᠦ᠂ ᠪᠦᠬᠦ ᠣᠷᠣᠨ ᠤ |
ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠬᠥᠮᠦᠵᠢᠯ |
ᠦᠢᠯᠡᠳᠦᠯᠭᠡ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠠᠵᠢᠯ ᠳᠤ ᠪᠠᠶᠢᠷᠢᠯᠠᠭᠤᠯᠤᠯᠲᠠ ᠬᠢᠪᠡ᠃ |
ᠰᠤᠷᠪᠤᠯᠵᠢᠯᠠᠭᠴᠢ᠄ ︽ᠲᠥᠰᠦᠯ︾ ᠳᠤ ᠶᠠᠮᠠᠷ ᠶᠠᠮᠠᠷ ᠭᠤᠤᠯ ᠠᠭᠤᠯᠭ᠎ᠠ ᠪᠠᠶᠢᠬᠤ ᠪᠣᠶ︖ ᠶᠠᠮᠠᠷ ᠶᠡᠷᠦᠩᠬᠡᠶ |
ᠬᠠᠷᠠᠯᠲᠠ ᠳᠤ ᠬᠦᠷᠭᠡᠬᠦ ᠪᠣᠶ︖ |
ᠭᠤᠤ ᠵᠠᠨ ᠱᠧᠩ᠄ ︽ᠲᠥᠰᠦᠯ︾ ᠳᠤ ᠭᠤᠤᠯᠳᠠᠭᠤ ᠵᠢᠯᠣᠭᠤᠳᠬᠤ ᠦᠵᠡᠯ ᠰᠠᠨᠠᠭ᠎ᠠ᠂ ᠠᠵᠢᠯ ᠤᠨ ᠵᠠᠷᠴᠢᠮ |
᠂ ᠶᠡᠷᠦᠩᠬᠡᠶ ᠬᠠᠷᠠᠯᠲᠠ᠂ ᠲᠥᠷᠥᠯ ᠬᠤᠪᠢᠶᠠᠨ ᠠᠬᠢᠭᠤᠯᠬᠤ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ᠂ |
ᠬᠡᠷᠡᠭᠵᠢᠭᠦᠯᠬᠦ ᠠᠯᠬᠤᠮ ᠳᠠᠷᠠᠭ᠎ᠠ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠵᠡᠷᠭᠡ ᠲᠤᠯᠤᠭᠠᠨ ᠬᠡᠰᠡᠭ |
ᠠᠭᠤᠯᠭ᠎ᠠ ᠶᠢ ᠪᠠᠭᠲᠠᠭᠠᠨ᠎ᠠ᠃ ︽ᠲᠥᠰᠦᠯ︾ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ |
ᠤᠬᠠᠮᠰᠠᠷ ᠢ ᠪᠠᠳᠤᠳᠬᠠᠬᠤ ᠭᠤᠣᠯ ᠰᠢᠵᠢᠮ ᠢ ᠴᠢᠩᠭ᠎ᠠ ᠮᠦᠷᠳᠡᠵᠦ᠂ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢᠨ |
ᠰᠠᠭᠤᠷᠢᠨ ᠭᠠᠵᠠᠷ ᠤᠨ ᠤᠬᠠᠭᠤᠯᠭ᠎ᠠ᠂ ᠬᠥᠮᠦᠵᠢᠯ᠂ ᠦᠢᠯᠡᠳᠦᠯᠭᠡ᠂ ᠪᠣᠯᠪᠠᠰᠤᠷᠠᠭᠤᠯᠤᠯ ᠵᠡᠷᠭᠡ ᠭᠤᠣᠯᠯᠠᠬᠤ |
ᠴᠢᠳᠠᠮᠵᠢ ᠶᠢ ᠭᠦᠢᠴᠡᠳ ᠪᠠᠳᠠᠷᠠᠭᠤᠯᠵᠤ᠂ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢᠨ ᠪᠣᠳᠠᠲᠤ ᠪᠦᠲᠦᠮᠵᠢ ᠪᠠᠷ |
ᠬᠥᠮᠦᠵᠢᠯ ᠦᠢᠯᠡᠳᠦᠯᠭᠡ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠬᠢᠨᠠᠬᠤ ᠭᠤᠣᠯ ᠪᠠᠷᠢᠮᠵᠢᠶ᠎ᠠ |
ᠪᠣᠯᠭᠠᠵᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠳᠠᠯᠠᠵᠤ᠂ ᠬᠥᠳᠡᠯᠦᠩᠭᠦᠶ ᠬᠠᠮᠢᠶᠠᠷᠤᠯᠲᠠ ᠶᠢ |
ᠴᠢᠩᠭᠠᠳᠬᠠᠵᠤ᠂ ᠬᠢᠨᠠᠨ ᠰᠢᠯᠭᠠᠬᠤ ᠪᠠᠷᠢᠮᠵᠢᠶ᠎ᠠ ᠶᠢ ᠨᠠᠷᠢᠯᠢᠭᠵᠢᠭᠤᠯᠵᠤ᠂ ᠦᠨᠡᠯᠡᠨ ᠵᠢᠱᠢᠬᠦ ᠰᠢᠰᠲ᠋ᠧᠮ ᠢ |
ᠰᠢᠯᠢᠳᠡᠭᠵᠢᠭᠦᠯᠵᠦ᠂ ᠬᠥᠮᠦᠵᠢᠯ ᠦᠢᠯᠡᠳᠦᠯᠭᠡ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠬᠢᠷᠢ |
ᠲᠦᠪᠰᠢᠨ ᠢ ᠲᠠᠰᠤᠷᠠᠯᠲᠠ ᠦᠭᠡᠶ ᠳᠡᠬᠡᠭᠰᠢᠯᠡᠬᠦᠯᠬᠦ ᠪᠤᠯᠤᠨ᠎ᠠ᠃ |
︽ᠲᠥᠰᠦᠯ︾ ᠳᠤ᠂ ᠬᠥᠮᠦᠵᠢᠯ ᠦᠢᠯᠡᠳᠦᠯᠭᠡ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠨᠢ |
︽ᠨᠠᠮ ᠤᠨ ᠠᠴᠢ ᠳᠤ ᠲᠠᠯᠠᠷᠬᠠᠵᠤ ᠨᠠᠮ ᠤᠨ ᠦᠭᠡ ᠶᠢ ᠰᠣᠨᠣᠰᠴᠤ ᠨᠠᠮ ᠢᠶᠠᠨ ᠲᠠᠭᠠᠨ ᠤᠷᠤᠭᠰᠢᠯᠠᠬᠤ᠂ ᠶᠡᠷᠦᠩᠬᠡᠢ |
ᠱᠦᠵᠢ ᠰᠢ ᠶᠢᠨ ᠫᠢᠩ ᠢ ᠳᠠᠭᠠᠵᠦ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠬᠤ ᠪᠠᠷ ᠦᠨᠳᠦᠰᠦᠨ ᠤᠯᠤᠰ |
ᠲᠦᠷᠦ ᠶᠢᠨ ᠤᠷᠢᠲᠠᠯ ᠪᠤᠯᠭᠠᠵᠤ᠂ ᠭᠤᠣᠯ ᠰᠢᠵᠢᠮ ᠢ ᠴᠢᠩᠭ᠎ᠠ ᠠᠳᠬᠤᠬᠤ᠂ ᠥᠪᠡᠷᠲᠡᠭᠡᠨ ᠵᠠᠰᠠᠬᠤ ᠣᠷᠣᠨ ᠤ |
ᠣᠳᠣ ᠪᠠᠶᠢᠭ᠎ᠠ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠤᠨ ᠰᠠᠭᠤᠷᠢᠨ ᠭᠠᠵᠠᠷ ᠪᠣᠯᠤᠨ ᠡᠯ᠎ᠡ |
ᠱᠠᠲᠤᠨ ᠤ ᠡᠯ᠎ᠡ ᠲᠥᠷᠥᠯ ᠤᠨ ᠮᠦᠽᠧᠶ᠂ ᠦᠵᠡᠰᠬᠦᠯᠡᠩ ᠤᠨ ᠣᠷᠳᠣᠨ᠂ ᠭᠤᠤᠯ ᠰᠡᠳᠦᠪᠲᠦ ᠴᠡᠴᠡᠷᠯᠢᠭ ᠵᠡᠷᠭᠡ |
ᠲᠠᠯᠠᠪᠤᠷ ᠢ ᠬᠦᠢᠴᠡᠳ ᠠᠰᠢᠭᠯᠠᠵᠤ᠂ ᠪᠣᠳᠠᠲᠤ ᠦᠵᠡᠬᠦᠯᠬᠡ᠂ ᠬᠦᠷᠦᠭ ᠵᠢᠷᠤᠭ ᠢᠶᠠᠷ ᠳᠠᠬᠢᠨ ᠢᠯᠡᠷᠡᠬᠦᠯᠬᠦ᠂ |
ᠦᠵᠡᠭᠳᠡᠯ ᠢ ᠳᠠᠬᠢᠨ ᠰᠡᠷᠬᠦᠬᠡᠬᠦ᠂ ᠪᠡᠶᠡᠴᠢᠯᠡᠨ ᠤᠷᠤᠯᠴᠠᠬᠤ ᠵᠡᠷᠭᠡ ᠣᠯᠠᠨ ᠡᠰᠢᠲᠦ ᠢᠯᠡᠷᠡᠭᠦᠯᠬᠦ ᠠᠷᠭ᠎ᠠ ᠬᠡᠯᠪᠡᠷᠢ ᠪᠠᠷ |
ᠭᠦᠨᠵᠡᠭᠡᠶ ᠠᠭᠤᠳᠠᠯᠬᠤ᠂ ᠡᠮᠬᠢᠯᠡᠬᠦ᠂ ᠡᠯ᠎ᠡ ᠦᠨᠳᠦᠰᠦᠲᠡᠨ ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠶᠢᠨ |
ᠲᠡᠦᠬᠡ ᠰᠣᠶᠣᠯ ᠤᠨ ᠡᠬᠢ ᠪᠠᠶᠠᠯᠢᠭ ᠪᠠ ᠬᠤᠪᠢᠰᠬᠠᠯᠲᠤ ᠤᠳᠤᠮᠰᠢᠯ ᠢ ᠳᠡᠯᠭᠡᠨ ᠦᠵᠡᠬᠦᠯᠵᠦ᠂ ᠢᠳᠡᠪᠬᠢ ᠬᠦᠴᠦᠨ ᠢ |
ᠪᠠᠳᠠᠷᠠᠭᠤᠯᠵᠤ᠂ ᠭᠤᠣᠯ ᠬᠦᠭ ᠠᠶᠠᠰ ᠢ ᠴᠤᠤᠷᠢᠶᠠᠳᠤᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ |
ᠦᠯᠢᠭᠡᠷ ᠢ ᠰᠠᠶᠢᠲᠤᠷ ᠶᠠᠷᠢᠵᠤ᠂ ᠥᠪᠡᠷᠲᠡᠭᠡᠨ ᠵᠠᠰᠠᠬᠤ ᠣᠷᠣᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ |
ᠴᠣᠭᠴᠠ ᠶᠢᠨ ᠤᠬᠠᠮᠰᠠᠷ ᠢ ᠪᠠᠳᠤᠳᠬᠠᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ |
ᠠᠮᠢᠳᠤᠯᠢᠭ ᠦᠢᠯᠡᠳᠦᠯᠭᠡ ᠪᠠ ᠡᠯᠪᠡᠭ ᠪᠠᠶᠠᠯᠢᠭ ᠦᠷ᠎ᠡ ᠪᠦᠲᠦᠭᠡᠯ ᠢ ᠪᠦᠳᠦᠬᠡᠨ ᠪᠠᠶᠢᠭᠤᠯᠬᠤ ᠬᠡᠷᠡᠭᠳᠡᠢ ᠬᠡᠵᠦ |
ᠱᠠᠭᠠᠷᠳᠠᠪᠠ᠃ |
︽ᠲᠥᠰᠦᠯ︾ ᠳᠤ᠂ 2024 ᠣᠨ ᠠᠴᠠ ᠡᠬᠢᠯᠡᠵᠦ᠂ ᠵᠢᠯ ᠪᠦᠷᠢ ᠥᠪᠡᠷᠲᠡᠭᠡᠨ ᠵᠠᠰᠠᠬᠤ ᠣᠷᠣᠨ ᠤ |
ᠱᠠᠲᠤᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ 25 ᠣᠷᠴᠢᠮ |
ᠬᠥᠮᠦᠵᠢᠯ ᠦᠢᠯᠡᠳᠦᠯᠭᠡ ᠶᠢᠨ ᠰᠠᠭᠤᠷᠢᠨ ᠢ ᠪᠠᠶᠢᠭᠤᠯᠬᠤ ᠶᠢ ᠳᠠᠮᠵᠢᠨ᠎ᠠ᠃ 2027 ᠣᠨ ᠪᠣᠯᠬᠤ ᠳᠤ᠂ ᠥᠪᠡᠷᠲᠡᠭᠡᠨ |
ᠵᠠᠰᠠᠬᠤ ᠣᠷᠣᠨ ᠤ ᠱᠠᠲᠤᠨ ᠤ ᠬᠥᠮᠦᠵᠢᠯ ᠦᠢᠯᠡᠳᠦᠯᠭᠡ ᠶᠢᠨ ᠰᠠᠭᠤᠷᠢᠨ ᠭᠠᠵᠠᠷ ᠢ 100 ᠢᠯᠡᠭᠦᠦ ᠪᠠᠶᠢᠭᠤᠯᠵᠤ᠂ |
ᠠᠶᠢᠮᠠᠭ ᠬᠤᠲᠠ᠂ ᠬᠤᠰᠢᠭᠤ ᠰᠢᠶᠠᠨ ᠤ ᠱᠠᠲᠤᠨ ᠤ ᠬᠥᠮᠦᠵᠢᠯ ᠦᠢᠯᠡᠳᠦᠯᠭᠡ ᠶᠢᠨ ᠰᠠᠭᠤᠷᠢᠨ ᠭᠠᠵᠠᠷ ᠢ 500 |
ᠢᠯᠡᠭᠦᠤ ᠶᠢ ᠪᠠᠶᠢᠭᠤᠯᠵᠤ᠂ ᠪᠦᠬᠦ ᠣᠷᠣᠨ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ |
ᠤᠬᠠᠮᠰᠠᠷ ᠢ ᠪᠠᠳᠤᠳᠬᠠᠬᠤ ᠬᠥᠮᠦᠵᠢᠯ ᠦᠢᠯᠡᠳᠦᠯᠭᠡ ᠶᠢᠨ ᠰᠠᠭᠤᠷᠢᠨ ᠭᠠᠵᠠᠷ ᠤᠨ ᠰᠢᠰᠲ᠋ᠧᠮ ᠢ ᠠᠩᠬ᠎ᠠ ᠠᠯᠬᠤᠮ |
ᠪᠠᠶᠢᠭᠤᠯᠤᠨ᠎ᠠ᠃ ᠡᠯ᠎ᠡ ᠰᠠᠭᠤᠷᠢᠨ ᠭᠠᠵᠠᠷ ᠨᠢ ᠪᠦᠲᠦᠮᠵᠢᠲᠡᠶ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠵᠣᠬᠢᠶᠠᠨ |
ᠪᠠᠶᠢᠭᠤᠯᠵᠤ ᠥᠷᠨᠢᠭᠦᠯᠬᠦ ᠪᠠᠷ ᠳᠠᠮᠵᠢᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ |
ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ᠂ ᠢᠯᠠᠩᠭᠤᠶ᠎ᠠ ᠶᠡᠷᠦᠩᠬᠡᠶ ᠱᠦᠵᠢ ᠰᠢ ᠶᠢᠨ ᠫᠢᠩ ᠤᠨ |
ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠬᠥᠮᠦᠰ ᠤᠨ |
ᠰᠡᠳᠬᠢᠯ ᠳᠤ ᠨᠡᠩ ᠭᠦᠨ ᠬᠠᠳᠠᠩᠰᠢᠭᠤᠯᠵᠤ᠂ ︽ᠭᠤᠷᠪᠠᠨ ᠰᠠᠯᠵᠦ ᠪᠣᠯᠣᠰᠢ ᠦᠬᠡᠢ︾᠂ ︽ᠳᠥᠷᠪᠡ ᠶᠢ |
ᠬᠠᠮᠳᠤᠳᠬᠠᠬᠤ︾᠂ ︽ᠳᠠᠪᠤᠨ ᠢᠵᠢᠯᠢᠰᠢᠯ︾ ᠵᠡᠷᠭᠡ ᠦᠵᠡᠯ ᠰᠠᠨᠠᠭᠠᠨ ᠤ ᠣᠶᠢᠯᠠᠭᠠᠭᠳᠠᠬᠤᠨ ᠢ |
ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠤ ᠰᠡᠳᠬᠢᠯ ᠤᠨ ᠭᠦᠨ ᠳᠤ ᠦᠨᠳᠦᠰᠦᠯᠡᠬᠦᠯᠵᠦ᠂ |
ᠦᠨᠳᠦᠰᠦᠲᠡᠨ ᠨᠦᠭᠦᠳ ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠵᠦ᠂ ᠡᠬᠡ ᠣᠷᠣᠨ ᠤ ᠬᠢᠯᠢ ᠬᠢᠵᠠᠭᠠᠷ ᠢ |
ᠬᠠᠮᠲᠤ ᠪᠠᠷ ᠰᠠᠬᠢᠨ ᠬᠠᠮᠠᠭᠠᠯᠠᠵᠤ᠂ ᠰᠠᠶᠢᠨ ᠰᠠᠶᠢᠬᠠᠨ ᠭᠡᠷ ᠣᠷᠣᠨ ᠢᠶᠠᠨ ᠬᠠᠮᠲᠤ ᠪᠠᠷ ᠪᠦᠲᠦᠭᠡᠨ ᠪᠠᠶᠢᠭᠤᠯᠤᠨ᠎ᠠ |
ᠬᠡᠵᠦ ᠲᠤᠳᠤᠷᠬᠠᠶᠢᠯᠠᠪᠠ᠃ |
ᠰᠤᠷᠪᠤᠯᠵᠢᠯᠠᠭᠴᠢ᠄ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠬᠡᠷᠬᠢᠨ ᠰᠠᠶᠢᠲᠤᠷ ᠲᠥᠷᠥᠯ |
ᠬᠤᠪᠢᠶᠠᠨ ᠠᠬᠢᠭᠤᠯᠬᠤ ᠪᠣᠶ︖ |
ᠭᠤᠤ ᠵᠠᠨ ᠱᠧᠩ᠄ ᠪᠥᠬᠦ ᠣᠷᠣᠨ ᠤ ᠪᠣᠳᠠᠲᠤ ᠪᠠᠶᠢᠳᠠᠯ ᠳᠤ ᠰᠠᠭᠤᠷᠢᠯᠠᠵᠤ᠂ ᠪᠢᠳᠡ ᠰᠣᠶᠣᠯ ᠮᠦᠽᠧᠶ ᠶᠢᠨ |
ᠲᠥᠷᠥᠯ᠂ ᠬᠤᠪᠢᠰᠬᠠᠯ ᠤᠨ ᠳᠤᠷᠠᠰᠬᠠᠯ ᠤᠨ ᠲᠥᠷᠥᠯ᠂ ᠵᠢᠱᠢᠶ᠎ᠡ ᠦᠵᠡᠭᠦᠯᠵᠦ ᠡᠭᠦᠳᠦᠨ ᠪᠠᠶᠢᠭᠤᠯᠬᠤ ᠲᠥᠷᠥᠯ |
ᠵᠡᠷᠭᠡ ᠠᠳᠠᠯᠢ ᠪᠤᠰᠤ ᠣᠨᠴᠠᠯᠢᠭ ᠲᠠᠢ ᠬᠥᠮᠦᠵᠢᠯ ᠦᠢᠯᠡᠳᠦᠯᠭᠡ ᠶᠢᠨ ᠰᠠᠭᠤᠷᠢᠨ ᠭᠠᠵᠠᠷ ᠢ ᠲᠥᠷᠥᠯ ᠬᠤᠪᠢᠶᠠᠨ |
ᠪᠥᠲᠥᠭᠡᠨ ᠪᠠᠶᠢᠭᠤᠯᠤᠨ᠎ᠠ᠃ |
ᠰᠣᠶᠣᠯ ᠮᠦᠽᠧᠶ ᠶᠢᠨ ᠲᠥᠷᠥᠯ ᠤᠨ ᠬᠥᠮᠦᠵᠢᠯ ᠦᠢᠯᠡᠳᠦᠯᠭᠡ ᠶᠢᠨ ᠰᠠᠭᠤᠷᠢᠨ ᠭᠠᠵᠠᠷ ᠨᠢ ᠡᠯ᠎ᠡ ᠱᠠᠲᠤᠨ ᠤ |
ᠡᠯ᠎ᠡ ᠲᠥᠷᠥᠯ ᠤᠨ ᠮᠦᠽᠧᠶ᠂ ᠰᠣᠶᠣᠯ ᠤᠨ ᠣᠷᠳᠣᠨ᠂ ᠤᠷᠠᠯᠢᠭ ᠤᠨ ᠣᠷᠳᠣᠨ᠂ ᠰᠣᠶᠣᠯ ᠢᠷᠭᠡᠨᠰᠢᠯ ᠤᠨ |
ᠦᠵᠡᠮᠵᠢ ᠵᠡᠷᠭᠡ ᠣᠯᠠᠨ ᠨᠡᠶᠢᠲᠡ ᠶᠢᠨ ᠰᠣᠶᠣᠯ ᠤᠨ ᠲᠥᠬᠦᠭᠡᠷᠦᠮᠵᠢ ᠳᠤ ᠲᠦᠰᠢᠭᠯᠡᠵᠦ᠂ ᠳᠤᠮᠳᠠᠳᠤ ᠶᠢᠨ |
ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠰᠣᠶᠣᠯ ᠤᠨ ᠠᠭᠤᠯᠤᠭᠳᠠᠬᠤᠨ ᠤ |
ᠪᠠᠶᠢᠭᠤᠯᠤᠯᠲᠠ ᠶᠢ ᠴᠢᠩᠭᠠᠳᠬᠠᠬᠤ᠂ ᠲᠡᠦᠬᠡ ᠶᠢᠨ ᠳᠤᠷᠠᠰᠬᠠᠯᠲᠤ ᠵᠦᠶ᠋ᠯᠡᠰ ᠤᠨ ᠳᠡᠯᠭᠡᠨ ᠦᠵᠡᠭᠦᠯᠭᠡ᠂ ᠤᠷᠠᠨ |
ᠰᠠᠶᠢᠬᠠᠨ ᠤ ᠲᠣᠭᠯᠠᠯᠲᠠ᠂ ᠰᠣᠶᠣᠯ ᠤᠨ ᠲᠠᠶᠢᠯᠪᠤᠷᠢᠯᠠᠯᠲᠠ ᠵᠡᠷᠭᠡ ᠠᠷᠭ᠎ᠠ ᠬᠡᠯᠪᠡᠷᠢ ᠶᠢ ᠠᠰᠢᠭᠯᠠᠵᠤ᠂ ᠳᠤᠮᠳᠠᠳᠤ ᠶᠢᠨ |
ᠦᠨᠳᠦᠰᠦᠲᠡᠨ ᠤ ᠠᠭᠤᠤ ᠶᠡᠭᠡ ᠵᠣᠷᠢᠭ ᠰᠠᠨᠠᠭ᠎ᠠ ᠪᠠ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ |
ᠪᠠᠳᠠᠷᠠᠭᠤᠯᠤᠨ ᠤᠯᠠᠮᠵᠢᠯᠠᠵᠤ᠂ ᠦᠨᠳᠦᠰᠦᠲᠡᠨ ᠤ ᠪᠦᠯᠬᠦᠮᠳᠡᠯ ᠤᠨ ᠥᠯᠢᠭᠡᠷ ᠢ ᠰᠠᠶᠢᠳᠤᠷ ᠶᠠᠷᠢᠵᠤ᠂ ᠰᠠᠬᠢᠨ |
ᠪᠡᠷᠡᠯᠡᠵᠦ ᠬᠠᠷᠢᠯᠴᠠᠨ ᠬᠠᠪᠰᠤᠷᠤᠯᠴᠠᠬᠤ ᠰᠠᠶᠢᠨ ᠬᠡᠪ ᠰᠤᠷᠲᠠᠯ ᠢ ᠪᠠᠳᠠᠷᠠᠭᠤᠯᠤᠨ᠎ᠠ᠃ |
ᠬᠤᠪᠢᠰᠬᠠᠯ ᠤᠨ ᠳᠤᠷᠠᠰᠬᠠᠯ ᠤᠨ ᠲᠥᠷᠥᠯ ᠤᠨ ᠬᠥᠮᠦᠵᠢᠯ ᠦᠢᠯᠡᠳᠦᠯᠭᠡ ᠶᠢᠨ ᠰᠠᠭᠤᠷᠢᠨ ᠭᠠᠵᠠᠷ ᠨᠢ |
ᠬᠤᠪᠢᠰᠬᠠᠯ ᠤᠨ ᠳᠤᠷᠠᠰᠬᠠᠯ ᠤᠨ ᠣᠷᠳᠣᠨ᠂ ᠬᠤᠪᠢᠰᠬᠠᠯ ᠤᠨ ᠪᠠᠭᠤᠷᠢ᠂ ᠤᠯᠤᠰ ᠢᠶᠠᠨ ᠬᠠᠶᠢᠷᠠᠯᠠᠬᠤ ᠦᠵᠡᠯ ᠤᠨ |
ᠬᠥᠮᠦᠵᠢᠯ ᠤᠨ ᠰᠠᠭᠤᠷᠢᠨ ᠭᠠᠵᠠᠷ᠂ ᠬᠢᠯᠢ ᠶᠢᠨ ᠬᠠᠮᠠᠭᠠᠯᠠᠯᠲᠠ ᠶᠢᠨ ᠬᠠᠷᠠᠭᠤᠯ ᠤᠨ ᠭᠠᠵᠠᠷ ᠵᠡᠷᠭᠡ ᠳᠤ ᠲᠦᠰᠢᠭᠯᠡᠵᠦ᠂ |
ᠤᠯᠤᠰ ᠢᠶᠠᠨ ᠬᠠᠶᠢᠷᠠᠯᠠᠵᠤ ᠴᠡᠷᠢᠭ ᠢᠶᠠᠨ ᠬᠦᠷᠢᠶᠡᠯᠡᠵᠦ᠂ ᠵᠠᠰᠠᠭ ᠢᠶᠠᠨ ᠳᠠᠮᠵᠢᠵᠤ ᠢᠷᠬᠡᠳ ᠢᠶᠠᠨ ᠬᠠᠶᠢᠷᠠᠯᠠᠭᠰᠠᠨ |
ᠲᠡᠷᠢᠭᠦᠨ ᠤ ᠨᠡᠶᠢᠲᠡᠯᠢᠭ ᠦᠶ᠋ᠯᠡ ᠠᠵᠢᠯᠯᠠᠭ᠎ᠠ ᠶᠢ ᠥᠷᠭᠡᠨ ᠢᠶᠠᠷ ᠤᠬᠠᠭᠤᠯᠵᠤ᠂ ᠦᠨᠳᠦᠰᠦᠲᠡᠨ ᠨᠦᠭᠦᠳ ᠤᠨ ᠣᠯᠠᠨ |
ᠲᠦᠮᠡᠨ ᠤ ᠤᠯᠤᠰ ᠢᠶᠠᠨ ᠬᠠᠮᠠᠭᠠᠯᠠᠬᠤ ᠬᠠᠷᠢᠭᠤᠴᠠᠯᠭᠠᠲᠤ ᠰᠡᠳᠬᠢᠯᠭᠡ ᠶᠢ ᠬᠦᠭᠵᠢᠬᠡᠵᠦ᠂ |
ᠦᠨᠳᠦᠰᠦᠲᠡᠨ ᠨᠦᠭᠦᠳ ᠤᠨ ᠡᠬᠡ ᠤᠯᠤᠰ ᠤᠨ ᠤᠮᠠᠷᠠᠲᠤ ᠬᠢᠯᠢ ᠶᠢ ᠬᠠᠮᠳᠤ ᠪᠠᠷ ᠰᠠᠶᠢᠲᠤᠷ ᠰᠠᠬᠢᠨ ᠬᠠᠮᠠᠭᠠᠯᠠᠳᠠᠭ |
ᠦᠨᠳᠦᠰᠦᠲᠡᠨ ᠤ ᠪᠦᠯᠬᠦᠮᠳᠡᠯ ᠤᠨ ᠣᠷᠳᠣ ᠴᠠᠭᠠᠨ ᠬᠡᠷᠡᠮ ᠢ ᠪᠠᠶᠢᠭᠤᠯᠵᠤ᠂ ᠡᠬᠡ ᠤᠯᠤᠰ ᠤᠨ ᠤᠮᠠᠷᠠᠲᠤ ᠬᠢᠯᠢ ᠶᠢᠨ |
ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠨ᠎ᠠ᠃ |
ᠵᠢᠱᠢᠶ᠎ᠡ ᠦᠵᠡᠭᠦᠯᠵᠦ ᠡᠭᠦᠳᠦᠨ ᠪᠠᠶᠢᠭᠤᠯᠬᠤ ᠲᠥᠷᠥᠯ ᠤᠨ ᠬᠥᠮᠦᠵᠢᠯ ᠦᠢᠯᠡᠳᠦᠯᠭᠡ ᠶᠢᠨ ᠰᠠᠭᠤᠷᠢᠨ |
ᠭᠠᠵᠠᠷ ᠨᠢ ᠬᠤᠲᠠ ᠶᠢᠨ ᠨᠡᠶᠢᠭᠡᠮ ᠲᠣᠭᠤᠷᠢᠭ᠂ ᠮᠠᠯᠵᠢᠬᠤ ᠲᠠᠷᠢᠶᠠᠯᠠᠬᠤ ᠣᠷᠣᠨ ᠤ ᠭᠠᠴᠠᠭ᠎ᠠ ᠲᠣᠰᠬᠤᠨ᠂ ᠠᠵᠤ |
ᠠᠬᠤᠶᠢᠯᠠᠯ ᠠᠵᠢᠯ ᠦᠶ᠋ᠯᠡᠰ ᠤᠨ ᠨᠢᠬᠡᠴᠢ ᠳᠤ ᠲᠦᠰᠢᠭᠯᠡᠵᠦ᠂ ᠬᠠᠷᠢᠯᠴᠠᠨ ᠰᠢᠬᠢᠳᠬᠡᠯᠳᠦ ᠮᠠᠶ᠋ᠢᠭ ᠤᠨ ᠨᠡᠶᠢᠭᠡᠮ ᠤᠨ |
ᠪᠦᠲᠦᠴᠡ ᠪᠠ ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠤ ᠪᠥᠲᠥᠭᠡᠨ ᠪᠠᠶᠢᠭᠤᠯᠤᠯᠲᠠ ᠶᠢ ᠴᠢᠩᠭᠠᠳᠬᠠᠨ᠎ᠠ᠂ |
ᠦᠨᠳᠦᠰᠦᠲᠡᠨ ᠨᠦᠭᠦᠳ ᠤᠨ ᠣᠯᠠᠨ ᠲᠦᠮᠡᠨ ᠬᠠᠮᠳᠤ ᠪᠠᠷ ᠠᠳᠠᠯ ᠦᠶ᠋ᠯᠡᠰ ᠴᠣᠭᠴᠠᠯᠠᠬᠤ᠂ ᠶᠠᠳᠠᠭᠤ |
ᠬᠦᠴᠢᠷᠳᠡᠯᠲᠡᠶ ᠶᠢ ᠲᠤᠰᠠᠯᠠᠨ ᠳᠡᠮᠵᠢᠬᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ |
ᠭᠠᠵᠠᠷ ᠣᠷᠣᠨ ︵ᠨᠢᠬᠡᠴᠢ︶ ᠢ ᠡᠭᠦᠳᠦᠨ ᠪᠠᠶᠢᠭᠤᠯᠤᠨ᠎ᠠ᠂ ᠦᠨᠳᠦᠰᠦᠲᠡᠨ ᠨᠦᠭᠦᠳ ᠤᠨ ᠣᠯᠠᠨ ᠲᠦᠮᠡᠨ ᠤ |
ᠬᠠᠮᠳᠤ ᠪᠠᠷ ᠣᠷᠣᠰᠢᠨ ᠰᠠᠭᠤᠷᠢᠰᠢᠬᠤ ᠬᠠᠮᠳᠤ ᠪᠠᠷ ᠰᠤᠷᠤᠯᠴᠠᠬᠤ᠂ ᠬᠠᠮᠳᠤ ᠪᠠᠷ ᠪᠠᠶᠢᠭᠤᠯᠬᠤ ᠬᠠᠮᠳᠤ ᠪᠠᠷ ᠭᠥᠷᠳᠡᠬᠦ᠂ |
ᠬᠠᠮᠳᠤ ᠪᠠᠷ ᠠᠵᠢᠯᠯᠠᠬᠤ ᠬᠠᠮᠳᠤ ᠪᠠᠷ ᠵᠢᠷᠭᠠᠬᠤ ᠨᠡᠶᠢᠭᠡᠮ ᠤᠨ ᠤᠷᠴᠢᠨ ᠨᠥᠬᠦᠴᠡᠯ ᠢ ᠪᠦᠷᠢᠯᠳᠦᠭᠦᠯᠬᠦ ᠶᠢ |
ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠤᠳᠠᠲᠠᠢ ᠲᠦᠷᠦᠭᠳᠡᠯ |
ᠲᠠᠢ ᠪᠦᠲᠦᠮᠵᠢᠲᠡᠶ ᠪᠠᠷ ᠪᠠᠳᠤᠳᠬᠠᠨ᠎ᠠ᠃ |
ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠲᠦᠯᠬᠢᠨ ᠠᠬᠢᠭᠤᠯᠬᠤ ᠶᠠᠪᠤᠴᠠ ᠳᠤ᠂ |
ᠪᠢᠳᠡ ᠵᠦᠢ ᠵᠣᠬᠢᠰᠲᠠᠶ ᠪᠠᠶᠢᠷᠢᠯᠠᠭᠤᠯᠬᠤ ᠶᠢ ᠪᠣᠳᠣᠯᠬᠢᠯᠠᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠢᠶᠠᠷ |
ᠤᠬᠠᠭᠤᠯᠭ᠎ᠠ ᠬᠥᠮᠦᠵᠢᠯ ᠪᠣᠯᠤᠨ ᠦᠢᠯᠡᠴᠢᠯᠡᠬᠦ ᠡᠲᠡᠭᠡᠳ ᠢᠶᠠᠨ ᠪᠣᠯᠭᠠᠵᠤ᠂ ᠣᠷᠣᠨ ᠪᠦᠰᠡ᠂ ᠠᠵᠢᠯ ᠲᠥᠷᠥᠯ᠂ |
ᠬᠥᠮᠦᠨ ᠠᠮᠠ ᠶᠢᠨ ᠲᠠᠷᠬᠠᠯᠲᠠ ᠶᠢᠨ ᠣᠨᠴᠠᠯᠢᠭ ᠪᠣᠯᠤᠨ ᠲᠡᠦᠬᠡ ᠰᠤᠶᠤᠯ ᠤᠨ ᠡᠬᠢ ᠪᠠᠶᠠᠯᠢᠭ ᠢ ᠭᠦᠢᠴᠡᠳ |
ᠪᠤᠳᠤᠯᠬᠢᠯᠠᠵᠤ᠂ ᠬᠥᠮᠦᠵᠢᠯ ᠦᠢᠯᠡᠳᠦᠯᠭᠡ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠵᠦᠢ |
ᠵᠣᠬᠢᠰᠲᠠᠶ ᠪᠠᠶᠢᠷᠢᠯᠠᠭᠤᠯᠵᠤ᠂ ᠨᠢᠭᠡᠳᠦᠯᠲᠡᠶ ᠲᠦᠯᠦᠪᠵᠢᠬᠦᠯᠵᠦ᠂ ᠪᠦᠬᠦᠯᠢ ᠴᠣᠭᠴᠠ ᠪᠠᠷ ᠨᠢ ᠠᠬᠢᠭᠤᠯᠵᠤ᠂ |
ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠪᠦᠬᠦ ᠣᠷᠣᠨ |
ᠪᠦᠰᠡ ᠶᠢ ᠬᠠᠮᠤᠷᠴᠦ᠂ ᠪᠦᠬᠦ ᠠᠷᠠᠳ ᠤᠨ ᠬᠥᠮᠦᠵᠢᠯ ᠦᠢᠯᠡᠳᠦᠯᠭᠡ ᠶᠢᠨ ᠰᠠᠭᠤᠷᠢᠨ ᠭᠠᠵᠠᠷ ᠤᠨ ᠰᠢᠰᠲ᠋ᠧᠮ ᠢ |
ᠪᠠᠶᠢᠭᠤᠯᠬᠤ ᠬᠡᠷᠡᠭᠲᠡᠶ ᠭᠡᠵᠦ ᠳᠤᠷᠠᠳᠪᠠ᠃ ᠡᠯ᠎ᠡ ᠭᠠᠵᠠᠷ ᠤᠨ ᠬᠢᠨ ᠳᠠᠪᠠᠭᠤᠯᠢᠭ ᠲᠠᠯ᠎ᠠ ᠪᠠᠨ ᠪᠠᠳᠠᠷᠠᠭᠤᠯᠤᠨ |
ᠬᠦᠷᠦᠯᠴᠡᠬᠦ ᠦᠭᠡᠶ ᠲᠠᠯ᠎ᠠ ᠪᠠᠨ ᠨᠥᠬᠦᠪᠥᠷᠢᠯᠡᠵᠦ᠂ ᠴᠢᠳᠠᠮᠵᠢ ᠪᠠᠨ ᠳᠡᠬᠦᠯᠳᠡᠷᠵᠢᠬᠦᠯᠵᠦ᠂ ᠠᠳᠠᠯᠢ ᠪᠤᠰᠤ ᠲᠥᠷᠥᠯ |
ᠬᠡᠯᠪᠡᠷᠢ ᠶᠢᠨ ᠬᠥᠮᠦᠵᠢᠯ ᠦᠢᠯᠡᠳᠦᠯᠭᠡ ᠶᠢᠨ ᠰᠠᠭᠤᠷᠢᠨ ᠭᠠᠵᠠᠷ ᠤᠨ ᠬᠠᠷᠢᠯᠴᠠᠨ ᠨᠥᠬᠦᠪᠥᠷᠢᠯᠡᠬᠦ ᠪᠠᠶᠢᠷᠢᠰᠢᠯ ᠢ ᠪᠣᠶ |
ᠪᠣᠯᠭᠠᠬᠤ ᠬᠡᠷᠡᠭᠲᠡᠶ᠃ ᠡᠯ᠎ᠡ ᠲᠥᠷᠥᠯ ᠤᠨ ᠰᠠᠭᠤᠷᠢᠨ ᠭᠠᠵᠠᠷ ᠤᠨ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢᠨ |
ᠮᠡᠳᠡᠭᠡ ᠵᠠᠩᠭᠢᠴᠢᠯᠠᠬᠤ᠂ ᠳ᠋ᠢᠵᠢᠲ᠋ᠠᠯᠵᠢᠭᠤᠯᠬᠤ᠂ ᠲᠣᠣᠷ ᠰᠦᠯᠵᠢᠶᠡᠵᠢᠭᠦᠯᠬᠦ ᠪᠠᠶᠢᠭᠤᠯᠤᠯᠲᠠ ᠶᠢ ᠠᠬᠢᠭᠤᠯᠵᠤ᠂ |
ᠣᠨᠴᠠᠯᠢᠭ ᠲᠠᠢ᠂ ᠭᠢᠯᠠᠰ ᠴᠡᠭ ᠲᠠᠢ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢᠨ ᠰᠢᠨ᠎ᠡ ᠶᠢ ᠡᠭᠦᠳᠴᠦ᠂ |
ᠨᠥᠯᠥᠭᠡᠯᠡᠬᠦ ᠬᠦᠴᠦᠨ ᠢ ᠨᠢ ᠬᠠᠮᠤᠭ ᠤᠨ ᠶᠡᠭᠡ ᠬᠡᠮᠵᠢᠶ᠎ᠡ ᠪᠠᠷ ᠨᠡᠮᠡᠭᠳᠡᠭᠦᠯᠦᠨ᠎ᠡ᠃ |
ᠰᠤᠷᠪᠤᠯᠵᠢᠯᠠᠭᠴᠢ᠄ ᠰᠠᠭᠤᠷᠢᠨ ᠭᠠᠵᠠᠷ ᠤᠨ ᠬᠠᠮᠢᠶᠠᠷᠤᠯᠲᠠ ᠶᠢᠨ ᠲᠠᠯ᠎ᠠ ᠪᠠᠷ ᠶᠠᠮᠠᠷ ᠬᠡᠯᠪᠡᠷᠢ ᠶᠢᠨ ᠲᠤᠷᠰᠢᠯᠭ᠎ᠠ |
ᠪᠤᠯᠤᠨ ᠠᠷᠭ᠎ᠠ ᠬᠢᠳᠠᠯ ᠪᠠᠶᠢᠬᠤ ᠪᠣᠶ︖ |
ᠭᠤᠤ ᠵᠠᠨ ᠱᠧᠩ᠄ ᠠᠵᠢᠯ ᠢᠶᠠᠨ ᠨᠡᠩ ᠰᠠᠶᠢᠲᠤᠷ ᠠᠬᠢᠭᠤᠯᠬᠤ ᠶᠢᠨ ᠲᠥᠯᠥᠭᠡ᠂ ᠪᠢᠳᠠ ᠲᠤᠰᠬᠠᠶᠢᠯᠠᠨ |
ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ |
ᠬᠡᠯᠲᠡᠰ ᠤᠨ ᠳᠠᠷᠤᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠬᠤᠪᠢᠳᠠᠨ ᠬᠠᠮᠢᠶᠠᠷᠴᠤ ᠪᠠᠶᠢᠭ᠎ᠠ ᠳᠡᠳ᠋ |
ᠲᠡᠷᠢᠭᠦᠯᠡᠭᠴᠢ ᠪᠠᠷ ᠬᠤᠤᠰ ᠳᠤᠭᠤᠶᠢᠯᠠᠩ ᠤᠨ ᠳᠠᠷᠤᠭ᠎ᠠ ᠪᠣᠯᠭᠠᠭᠰᠠᠨ ᠪᠦᠬᠦ ᠣᠷᠣᠨ ᠤ ᠳᠤᠮᠳᠠᠳᠤ ᠶᠢᠨ |
ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠬᠥᠮᠦᠵᠢᠯ ᠦᠢᠯᠡᠳᠦᠯᠭᠡ ᠶᠢᠨ ᠰᠠᠭᠤᠷᠢᠨ |
ᠭᠠᠵᠠᠷ ᠤᠨ ᠪᠦᠳᠦᠭᠡᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠪᠠ᠃ ᠡᠯ᠎ᠡ |
ᠠᠶᠢᠮᠠᠭ ᠬᠤᠲᠠ ᠶᠢᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ ᠦᠨᠳᠦᠰᠦᠲᠡᠨ ᠤ ᠵᠥᠪᠯᠡᠯ ᠴᠦ |
ᠵᠣᠬᠢᠴᠠᠩᠭᠤᠶ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠪᠠᠶᠢᠭᠤᠯᠵᠤ᠂ ᠰᠠᠭᠤᠷᠢᠨ ᠭᠠᠵᠠᠷ ᠤᠨ ᠪᠦᠲᠦᠭᠡᠨ |
ᠪᠠᠶᠢᠭᠤᠯᠤᠯᠲᠠ ᠶᠢᠨ ᠠᠵᠢᠯ ᠢ ᠰᠠᠶᠢᠲᠤᠷ ᠵᠣᠬᠢᠶᠠᠨ ᠪᠠᠶᠢᠭᠤᠯᠵᠤ᠂ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠪᠠᠨ |
ᠴᠢᠩᠳᠠᠯᠠᠵᠤ᠂ ᠬᠥᠮᠦᠵᠢᠯ ᠦᠢᠯᠡᠳᠦᠯᠭᠡ ᠶᠢᠨ ᠰᠠᠭᠤᠷᠢᠨ ᠭᠠᠵᠠᠷ ᠢ ᠵᠢᠯᠣᠭᠤᠳᠤᠨ ᠪᠦᠬᠦ ᠨᠡᠶᠢᠭᠡᠮ ᠳᠤ |
ᠬᠠᠨᠳᠤᠭᠤᠯᠤᠭᠰᠠᠨ ᠤᠬᠠᠭᠤᠯᠭ᠎ᠠ ᠬᠥᠮᠦᠵᠢᠯ ᠤᠨ ᠦᠢᠯᠡᠳᠦᠯᠭᠡ ᠶᠢᠨ ᠠᠵᠢᠯᠯᠠᠭ᠎ᠠ ᠥᠷᠨᠢᠭᠦᠯᠵᠦ᠂ ᠲᠡᠷᠢᠭᠦᠨ ᠤ |
ᠨᠡᠶᠢᠲᠡᠯᠢᠭ ᠲᠤᠷᠰᠢᠯᠭ᠎ᠠ ᠶᠢ ᠪᠤᠶᠢᠵᠢᠭᠤᠯᠤᠨ ᠳᠡᠯᠭᠡᠷᠡᠭᠦᠯᠵᠦ᠂ ᠬᠥᠮᠦᠵᠢᠯ ᠦᠢᠯᠡᠳᠦᠯᠭᠡ ᠶᠢᠨ ᠰᠠᠭᠤᠷᠢᠨ ᠭᠠᠵᠠᠷ ᠤᠨ |
ᠬᠤᠭᠤᠷᠣᠨᠳᠣᠬᠢ ᠰᠣᠯᠢᠯᠴᠠᠭ᠎ᠠ ᠬᠠᠮᠲᠤᠷᠠᠯᠴᠠᠭ᠎ᠠ ᠶᠢ ᠠᠬᠢᠭᠤᠯᠵᠦ ᠪᠤᠢ᠃ |
ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠬᠡᠷᠡᠭᠵᠢᠭᠦᠯᠬᠦ ᠠᠯᠬᠤᠮ ᠳᠠᠷᠠᠭ᠎ᠠ ᠳᠤ ᠭᠤᠣᠯᠳᠠᠭᠤ᠂ |
ᠲᠠᠨᠢᠯᠴᠠᠭᠤᠯᠤᠨ ᠳᠡᠪᠰᠢᠭᠦᠯᠬᠦ᠂ ᠠᠩᠬ᠎ᠠ ᠰᠢᠯᠭᠠᠬᠤ᠂ ᠬᠢᠨᠠᠨ ᠲᠣᠭᠲᠠᠭᠠᠬᠤ᠂ ᠨᠡᠷᠡᠶᠢᠳᠬᠦ ᠵᠡᠷᠭᠡ 4 ᠱᠠᠲᠤ ᠪᠠᠭᠲᠠᠨ᠎ᠠ |
᠃ ᠪᠢᠳᠡ ᠰᠠᠭᠤᠷᠢᠨ ᠭᠠᠵᠠᠷ ᠢ ᠪᠠᠳᠤᠯᠠᠨ ᠲᠣᠭᠲᠠᠭᠠᠬᠤ ᠨᠠᠷᠢᠨ ᠲᠣᠳᠣᠷᠬᠠᠶ ᠨᠥᠬᠦᠴᠡᠯ ᠢ ᠲᠣᠭᠲᠠᠭᠠᠵᠤ᠂ ᠠᠩᠬᠠᠨ ᠤ |
ᠰᠢᠯᠭᠠᠯᠲᠠ ᠶᠢ ᠥᠩᠭᠡᠷᠡᠭᠦᠯᠦᠭᠰᠡᠨ ᠰᠠᠭᠤᠷᠢᠨ ᠭᠠᠵᠠᠷ ᠲᠤ ᠬᠤᠯᠪᠣᠭᠳᠠᠯ ᠪᠥᠬᠦᠶ ᠲᠤᠰᠬᠠᠶ ᠮᠡᠷᠭᠡᠵᠢᠯᠲᠡᠨ ᠢ ᠵᠣᠬᠢᠶᠠᠨ |
ᠪᠠᠶᠢᠭᠤᠯᠤᠨ ᠦᠨᠡᠯᠡᠯᠲᠡ ᠬᠢᠯᠭᠡᠵᠦ᠂ ᠳᠡᠯᠭᠡᠨ ᠦᠵᠡᠭᠦᠯᠬᠦ ᠠᠭᠤᠯᠭ᠎ᠠ ᠶᠢ ᠴᠢᠩᠭ᠎ᠠ ᠠᠳᠬᠤᠵᠤ᠂ ᠬᠠᠮᠤᠭ ᠡᠴᠦᠰ ᠲᠤ |
ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ ᠥᠪᠡᠷᠲᠡᠭᠡᠨ ᠵᠠᠰᠠᠬᠤ |
ᠣᠷᠣᠨ ᠤ ᠦᠨᠳᠦᠰᠦᠲᠡᠨ ᠤ ᠵᠥᠪᠯᠡᠯ ᠠᠴᠠ ᠨᠡᠷᠡᠶᠢᠳᠬᠦ ᠪᠠᠷ ᠪᠠᠶᠢᠭ᠎ᠠ ᠰᠠᠭᠤᠷᠢᠨ ᠭᠠᠵᠠᠷ ᠲᠤ ︽ᠪᠥᠬᠦ ᠣᠷᠣᠨ ᠤ |
ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠬᠥᠮᠦᠵᠢᠯ |
ᠦᠢᠯᠡᠳᠦᠯᠭᠡ ᠶᠢᠨ ᠰᠠᠭᠤᠷᠢᠨ ᠭᠠᠵᠠᠷ︾ ᠬᠡᠬᠦ ᠫᠠᠶᠢᠰᠠ ᠤᠯᠭᠤᠬᠤ ᠪᠤᠯᠤᠨ᠎ᠠ᠃ |
ᠦᠢᠯᠡᠳᠦᠯᠭᠡ ᠶᠢᠨ ᠰᠠᠭᠤᠷᠢᠨ ᠭᠠᠵᠠᠷ ᠲᠤ ᠬᠥᠳᠡᠯᠦᠩᠭᠦᠶ ᠬᠠᠮᠢᠶᠠᠷᠤᠯᠲᠠ ᠶᠢ ᠬᠡᠷᠡᠭᠵᠢᠭᠦᠯᠵᠦ᠂ 5 ᠵᠢᠯ |
ᠪᠦᠷᠢ ᠳᠤ ᠨᠢᠭᠡ ᠤᠳᠠᠭ᠎ᠠ ᠰᠢᠯᠭᠠᠨ ᠬᠢᠨᠠᠵᠤ ᠪᠠᠳᠤᠯᠠᠨ ᠲᠣᠭᠲᠠᠭᠠᠨ᠎ᠠ᠃ ᠥᠪᠡᠷᠲᠡᠭᠡᠨ ᠵᠠᠰᠠᠬᠤ ᠣᠷᠣᠨ ᠤ ᠬᠥᠮᠦᠵᠢᠯ |
ᠦᠢᠯᠡᠳᠦᠯᠭᠡ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ |
ᠳᠤᠭᠤᠶᠢᠯᠠᠩ ᠤᠨ ᠠᠯᠪᠠᠨ ᠭᠡᠷ ᠵᠢᠯ ᠪᠦᠷᠢ ᠪᠦᠬᠦ ᠣᠷᠣᠨ ᠤ ᠬᠥᠮᠦᠵᠢᠯ ᠦᠢᠯᠡᠳᠦᠯᠭᠡ ᠶᠢᠨ ᠰᠠᠭᠤᠷᠢᠨ ᠭᠠᠵᠠᠷ ᠲᠤ |
ᠣᠨ ᠤ ᠬᠢᠨᠠᠨ ᠰᠢᠯᠭᠠᠯᠲᠠ ᠬᠢᠵᠦ᠂ ᠣᠨ ᠤ ᠬᠢᠨᠠᠨ ᠰᠢᠯᠭᠠᠯᠲᠠ ᠳᠤ ᠬᠢᠷᠢ ᠲᠡᠩᠴᠡᠭᠰᠡᠨ ᠦᠭᠡᠶ ᠪᠣᠯ ᠵᠠᠷᠯᠢᠭᠳᠠᠵᠤ |
ᠪᠠᠶᠢᠭᠠᠳ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠤᠨ᠎ᠠ︔ ᠬᠤᠶᠠᠷ ᠵᠢᠯ ᠳᠠᠷᠠᠭᠠᠯᠠᠨ ᠬᠢᠨᠠᠨ |
ᠰᠢᠯᠭᠠᠯᠲᠠ ᠳᠤ ᠬᠢᠷᠢ ᠲᠡᠩᠴᠡᠭᠰᠡᠨ ᠥᠬᠡᠶ ᠪᠤᠶᠤ ᠴᠡᠭᠴᠡᠯᠡᠨ ᠰᠠᠶᠢᠵᠢᠷᠠᠭᠤᠯᠤᠭᠰᠠᠨ ᠤ ᠳᠠᠷᠠᠭ᠎ᠠ ᠮᠥᠨ ᠬᠦ ᠪᠠᠳᠤᠯᠠᠨ |
ᠲᠣᠭᠲᠠᠭᠠᠬᠤ ᠨᠥᠬᠦᠴᠡᠯ ᠳᠤ ᠨᠡᠶᠢᠴᠡᠭᠰᠡᠨ ᠥᠬᠡᠶ ᠪᠣᠯᠪᠠᠯ ᠨᠡᠷᠡᠶᠢᠳᠦᠯ ᠢ ᠨᠢ ᠬᠦᠴᠦᠨ ᠥᠬᠡᠶ ᠪᠣᠯᠭᠠᠨ᠎ᠠ᠃ |
|