ᠣᠶᠢᠷ᠎ᠠ ᠳᠤ᠂ ᠲᠥᠪ ᠤᠨ ᠤᠬᠠᠭᠤᠯᠬᠤ ᠬᠡᠯᠲᠡᠰ ᠤᠨ ᠰᠣᠶᠣᠯ ᠤᠨ ᠥᠭᠡᠷᠡᠴᠢᠯᠡᠯᠲᠡ ᠬᠥᠭᠵᠢᠭᠦᠯᠦᠯᠲᠡ ᠶᠢᠨ |
ᠲᠣᠪᠴᠢᠶ᠎ᠠ 2024 ᠣᠨ ᠤ ᠬᠤᠪᠢᠰᠬᠠᠯ ᠤᠨ ᠭᠧᠨ ᠤ ᠬᠥᠮᠥᠷᠭᠡ ᠶᠢᠨ ᠪᠦᠲᠦᠭᠡᠨ ᠪᠠᠶᠢᠭᠤᠯᠤᠯᠲᠠ ᠶᠢᠨ ᠨᠢᠭᠡᠴᠢ |
ᠶᠢᠨ ᠨᠡᠷᠡᠰ ᠢ ᠠᠯᠪᠠᠨ ᠶᠣᠰᠣᠭᠠᠷ ᠨᠡᠶᠢᠲᠡᠯᠡᠪᠡ᠃ ᠥᠪᠥᠷ ᠮᠣᠩᠭᠤᠯ ᠤᠨ ᠮᠦᠽᠧᠢ ᠨᠢ ᠥᠪᠡᠷᠲᠡᠭᠡᠨ ᠵᠠᠰᠠᠬᠤ |
ᠣᠷᠣᠨ ᠤ ᠴᠢᠬᠤᠯᠠ ᠬᠤᠪᠢᠰᠬᠠᠯ ᠤᠨ ᠳᠤᠷᠠᠰᠬᠠᠯᠲᠤ ᠵᠦᠢᠯᠡᠰ ᠢ ᠬᠤᠷᠢᠶᠠᠨ ᠬᠠᠳᠠᠭᠠᠯᠠᠵᠤ ᠳᠡᠯᠭᠡᠨ ᠦᠵᠡᠭᠦᠯᠬᠦ |
ᠨᠢᠭᠡᠴᠢ ᠪᠣᠯᠤᠭᠰᠠᠨ ᠤ ᠬᠤᠪᠢ ᠳᠤ᠂ 28 ᠪᠦᠲᠦᠭᠡᠨ ᠪᠠᠶᠢᠭᠤᠯᠤᠯᠲᠠ ᠶᠢᠨ ᠨᠢᠭᠡᠴᠢ ᠶᠢᠨ ᠨᠡᠷᠡᠰ ᠲᠤ |
ᠰᠣᠩᠭᠤᠭᠳᠠᠵᠠᠢ᠃ |
|
ᠲᠣᠰ ᠤᠳᠠᠭ᠎ᠠ ᠰᠣᠩᠭᠤᠭᠳᠠᠭᠰᠠᠨ ᠨᠢ ᠥᠪᠥᠷ ᠮᠣᠩᠭᠤᠯ ᠤᠨ ᠮᠦᠽᠧᠢ ᠶᠢᠨ ᠠᠵᠢᠯ ᠢ ᠨᠤᠲᠠᠯᠠᠭᠰᠠᠨ ᠢᠶᠠᠷ |
ᠪᠠᠷᠠᠬᠤ ᠦᠭᠡᠢ᠂ ᠪᠠᠰᠠ ᠥᠪᠥᠷ ᠮᠣᠩᠭᠤᠯ ᠣᠷᠣᠨ ᠤ ᠬᠤᠪᠢᠰᠬᠠᠯ ᠤᠨ ᠰᠣᠶᠣᠯ ᠢ ᠤᠯᠠᠮᠵᠢᠯᠠᠨ ᠵᠠᠯᠭᠠᠮᠵᠢᠯᠠᠵᠤ |
ᠰᠢᠨ᠎ᠡ ᠶᠢ ᠡᠭᠦᠳᠬᠦ ᠠᠵᠢᠯ ᠢ ᠬᠦᠴᠦᠲᠡᠢ ᠠᠬᠢᠭᠤᠯᠤᠭᠰᠠᠨ ᠶᠠᠪᠤᠳᠠᠯ ᠪᠣᠯᠣᠨ᠎ᠠ᠃ ᠪᠦᠬᠦ ᠤᠯᠤᠰ ᠤᠨ ᠤᠯᠤᠰ ᠢᠶᠠᠨ |
ᠬᠠᠶᠢᠷᠠᠯᠠᠬᠤ ᠦᠵᠡᠯ ᠤᠨ ᠬᠥᠮᠦᠵᠢᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ᠂ ᠪᠦᠬᠦ ᠤᠯᠤᠰ ᠤᠨ |
ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠤᠨ ᠰᠠᠭᠤᠷᠢᠨ ᠭᠠᠵᠠᠷ ᠪᠣᠯᠤᠭᠰᠠᠨ ᠤ ᠬᠤᠪᠢ ᠳᠤ᠂ |
ᠥᠪᠥᠷ ᠮᠣᠩᠭᠤᠯ ᠤᠨ ᠮᠦᠽᠧᠢ ᠶᠢᠨ ᠬᠢᠨ ᠤᠯᠤᠰ ᠤᠨ ᠤᠷᠢᠶᠠᠯᠠᠭ᠎ᠠ ᠶᠢ ᠢᠳᠡᠪᠬᠢᠲᠡᠢ ᠴᠤᠤᠷᠢᠶᠠᠲᠤᠨ ᠳᠠᠭᠠᠵᠤ᠂ |
ᠬᠤᠪᠢᠰᠬᠠᠯ ᠤᠨ ᠭᠧᠨ ᠤ ᠬᠥᠮᠥᠷᠭᠡ ᠶᠢ ᠪᠠᠶᠢᠭᠤᠯᠬᠤ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠨ᠂ |
ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠ ᠪᠠᠴᠢᠮ ᠲᠤᠯᠭᠠᠮ ᠰᠡᠳᠬᠢᠯᠭᠡ ᠪᠠᠷ ᠡᠯ᠎ᠡ ᠵᠦᠢᠯ ᠤᠨ |
ᠠᠵᠢᠯ ᠢᠶᠠᠨ ᠠᠬᠢᠭᠤᠯᠵᠤ᠂ ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠨ ᠠᠰᠢᠭᠯᠠᠬᠤ ᠶᠢ |
ᠴᠢᠩᠭᠠᠳᠬᠠᠨ᠂ ᠤᠯᠠᠨ ᠡᠰᠢᠴᠢᠯᠡᠭᠰᠡᠨ ᠬᠤᠪᠢᠰᠬᠠᠯ ᠤᠨ ᠰᠣᠶᠣᠯ ᠢ ᠤᠯᠠᠮᠵᠢᠯᠠᠬᠤ ᠵᠠᠮ ᠢ ᠰᠦᠪᠡᠭᠴᠢᠯᠡᠵᠦ᠂ |
ᠬᠤᠪᠢᠰᠬᠠᠯ ᠤᠨ ᠵᠣᠷᠢᠭ ᠰᠠᠨᠠᠭ᠎ᠠ ᠶᠢ ᠰᠢᠨ᠎ᠡ ᠴᠠᠭ ᠦᠶ᠎ᠡ ᠳᠤ ᠨᠡᠩ ᠭᠡᠷᠡᠯ ᠰᠠᠴᠤᠷᠠᠩᠭᠤᠢ ᠪᠣᠯᠭᠠᠨ᠎ᠠ᠃ |