|
7 ᠳ᠋ᠤᠭᠠᠷ ᠰᠠᠷ᠎ᠠ ᠶᠢᠨ 9 ᠤ ᠡᠳᠦᠷ᠂ ᠪᠤᠭᠤᠲᠤ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ |
ᠲᠣᠪᠴᠢᠶ᠎ᠠ 2024 ᠣᠨ ᠤ ᠳᠡᠭᠡᠷ᠎ᠡ ᠬᠠᠭᠠᠰ ᠵᠢᠯ ᠤᠨ ᠪᠥᠬᠦ ᠬᠤᠲᠠ ᠶᠢᠨ ᠬᠤᠰᠢᠭᠤ ᠰᠢᠶᠠᠨ ᠲᠣᠭᠤᠷᠢᠭ ᠤᠨ |
ᠰᠣᠶᠣᠯ ᠵᠢᠭᠤᠯᠴᠢᠯᠠᠯ ᠤᠨ ᠲᠣᠪᠴᠢᠶᠠᠨ ᠤ ᠳᠠᠷᠤᠭ᠎ᠠ ᠶᠢᠨ ᠠᠵᠢᠯ ᠤᠨ ᠮᠡᠳᠡᠭᠦᠯᠦᠯᠲᠡ ᠶᠢᠨ ᠬᠤᠷᠠᠯ ᠢ ᠵᠣᠬᠢᠶᠠᠨ |
ᠪᠠᠶᠢᠭᠤᠯᠵᠤ ᠬᠤᠷᠠᠯᠳᠤᠭᠤᠯᠪᠠ᠃ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ |
ᠲᠣᠪᠴᠢᠶᠠᠨ ᠤ ᠳᠠᠷᠤᠭ᠎ᠠ ᠭᠦᠸᠧ ᠶᠦᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃ ᠲᠣᠪᠴᠢᠶ᠎ᠠ ᠶᠢᠨ |
ᠤᠳᠤᠷᠢᠳᠬᠤ ᠪᠠᠭ ᠤᠨ ᠪᠦᠷᠢᠯᠳᠦᠭᠦᠨ᠂ ᠡᠯ᠎ᠡ ᠬᠤᠰᠢᠭᠤ ᠰᠢᠶᠠᠨ ᠲᠣᠭᠤᠷᠢᠭ ᠤᠨ ᠰᠣᠶᠣᠯ ᠵᠢᠭᠤᠯᠴᠢᠯᠠᠯ ᠤᠨ |
ᠲᠣᠪᠴᠢᠶ᠎ᠠ ᠶᠢᠨ ᠳᠠᠷᠤᠭ᠎ᠠ᠂ ᠪᠠᠶᠢᠭᠤᠯᠭ᠎ᠠ ᠶᠢᠨ ᠡᠯ᠎ᠡ ᠰᠠᠯᠠᠭ᠎ᠠ ᠲᠠᠰᠤᠭ᠂ ᠲᠣᠪᠴᠢᠶ᠎ᠠ ᠶᠢᠨ ᠬᠠᠷᠢᠶ᠎ᠠ ᠡᠯ᠎ᠡ ᠨᠢᠭᠡᠴᠢ |
ᠶᠢᠨ ᠬᠠᠷᠢᠭᠤᠴᠠᠯᠭᠠᠲᠠᠨ᠂ ᠪᠦᠬᠦ ᠰᠢᠰᠲ᠋ᠧᠮ ᠤᠨ ᠳᠡᠳ᠋ ᠰᠠᠯᠠᠭᠠᠨ ᠲᠡᠰ ᠠᠴᠠ ᠳᠡᠭᠡᠭᠰᠢᠬᠢ ᠺᠠᠳ᠋ᠷ ᠬᠤᠷᠠᠯ ᠳᠤ |
ᠣᠷᠣᠯᠴᠠᠪᠠ᠃ ᠬᠤᠷᠠᠯ ᠠᠴᠠ ᠡᠯ᠎ᠡ ᠬᠤᠰᠢᠭᠤ ᠰᠢᠶᠠᠨ ᠲᠣᠭᠤᠷᠢᠭ᠂ ᠬᠤᠪᠣᠷ ᠰᠢᠷᠣᠢ ᠶᠢᠨ ᠳᠡᠭᠡᠳᠦ ᠰᠢᠨ᠎ᠡ |
ᠮᠡᠷᠭᠡᠵᠢᠯ ᠤᠨ ᠲᠣᠭᠤᠷᠢᠭ ᠤᠨ ᠰᠣᠶᠣᠯ ᠵᠢᠭᠤᠯᠴᠢᠯᠠᠯ ᠤᠨ ᠲᠣᠪᠴᠢᠶ᠎ᠠ ᠶᠢᠨ ᠳᠡᠭᠡᠷ᠎ᠡ ᠬᠠᠭᠠᠰ ᠵᠢᠯ ᠤᠨ ᠠᠵᠢᠯ ᠤᠨ |
ᠬᠠᠷᠢᠭᠤ ᠮᠡᠳᠡᠭᠦᠯᠦᠯᠲᠡ ᠶᠢ ᠰᠣᠨᠣᠰᠴᠤ᠂ ᠭᠤᠣᠯᠳᠠᠯᠭ᠎ᠠ ᠲᠠᠢ ᠲᠤᠬᠠᠶᠢᠯᠠᠭᠰᠠᠨ ᠠᠵᠢᠯ ᠤᠨ ᠭᠦᠢᠴᠡᠳᠬᠡᠬᠦ ᠲᠤᠭ᠎ᠠ ᠶᠢ |
ᠬᠢᠨᠠᠨ ᠰᠢᠯᠭᠠᠭᠰᠠᠨ ᠪᠠᠶᠢᠳᠠᠯ ᠢ ᠮᠡᠳᠡᠭᠳᠡᠨ᠂ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠪᠦᠬᠦ |
ᠲᠠᠯ᠎ᠠ ᠪᠠᠷ ᠡᠮᠬᠢᠯᠡᠵᠦ᠂ ᠰᠣᠶᠣᠯ ᠵᠢᠭᠤᠯᠴᠢᠯᠠᠯ ᠤᠨ ᠠᠵᠢᠯ ᠲᠦᠷᠦᠯ ᠤᠨ ᠬᠥᠭᠵᠢᠯᠲᠡ ᠶᠢᠨ ᠪᠠᠶᠢᠳᠠᠯ ᠢ ᠵᠠᠳᠠᠯᠵᠤ᠂ |
ᠳᠣᠣᠷ᠎ᠠ ᠬᠠᠭᠠᠰ ᠵᠢᠯ ᠤᠨ ᠭᠤᠣᠯᠳᠠᠯᠭ᠎ᠠ ᠲᠠᠢ ᠠᠵᠢᠯ ᠳᠤ ᠪᠦᠬᠦ ᠲᠠᠯ᠎ᠠ ᠶᠢᠨ ᠪᠠᠶᠢᠷᠢᠯᠠᠭᠤᠯᠤᠯᠲᠠ ᠬᠢᠵᠡᠢ᠃ |