2024 ᠣᠨ ᠤ 8 ᠳ᠋ᠤᠭᠠᠷ ᠰᠠᠷ᠎ᠠ ᠶᠢᠨ 21 ᠤ ᠡᠳᠦᠷ ᠠᠴᠠ 28 ᠤ ᠡᠳᠦᠷ ᠪᠣᠯᠲᠠᠯ᠎ᠠ᠂ ᠹᠦᠵᠢᠶᠠᠨ᠂ |
ᠵᠢᠶᠠᠩᠰᠢ᠂ ᠬᠤᠨᠠᠨ᠂ ᠬᠤᠪᠸᠢ᠂ ᠾᠧᠨᠠᠨ᠂ ᠾᠧᠪᠸᠢ᠂ ᠱᠠᠨ ᠰᠢ᠂ ᠥᠪᠥᠷ ᠮᠣᠩᠭᠤᠯ ᠤᠨ ᠲᠦᠮᠡᠨ ᠭᠠᠵᠠᠷ ᠤᠨ |
ᠴᠠᠢ ᠶᠢᠨ ᠵᠠᠮ ᠤᠨ ᠤᠯᠠᠨ ᠤᠯᠤᠰ ᠤᠨ ᠵᠢᠭᠤᠯᠴᠢᠯᠠᠯ ᠤᠨ ᠬᠤᠯᠪᠣᠭ᠎ᠠ ᠶᠢᠨ ᠡᠯ᠎ᠡ ᠪᠦᠷᠢᠯᠳᠦᠬᠦᠨ ᠨᠢᠭᠡᠴᠢ ᠵᠢᠴᠢ |
ᠪᠡᠭᠡᠵᠢᠩ᠂ ᠭᠤᠸᠠᠩᠳᠦ᠋ᠩ᠂ ᠠᠨᠾᠦ᠋ᠢ᠂ ᠬᠠᠷᠠᠮᠥ᠋ᠷᠡᠨ᠂ ᠵᠧᠵᠢᠶᠠᠩ᠂ ᠰᠧᠴᠤᠸᠠᠨ᠂ ᠴᠦᠩᠴᠢᠩ ᠵᠡᠷᠭᠡ ᠮᠤᠵᠢ᠂ |
ᠬᠤᠳᠠ ᠶᠢᠨ 120 ᠪᠠᠭᠰᠢ ᠰᠤᠷᠤᠭᠴᠢᠳ ᠮᠠᠨᠵᠤᠤᠷ ᠲᠤ ᠴᠤᠭᠯᠠᠷᠠᠵᠤ᠂ 2024 ᠣᠨ ᠤ ︽ᠡᠩᠬᠡ ᠲᠠᠶᠢᠪᠤᠩ · |
ᠨᠥᠬᠦᠷᠯᠡᠯ · ᠵᠠᠯᠠᠭᠤᠴᠤᠳ ᠤᠨ ᠡᠯᠴᠢ︾ ᠵᠠᠯᠠᠭᠤᠴᠤᠳ ᠪᠠᠭᠠᠴᠤᠳ ᠤᠨ ᠰᠣᠯᠢᠯᠴᠠᠭᠠᠨ ᠤ ᠠᠵᠢᠯᠯᠠᠭ᠎ᠠ ᠶᠢ |
ᠡᠬᠢᠯᠡᠭᠦᠯᠵᠡᠢ᠃ ᠲᠣᠰ ᠤᠳᠠᠭᠠᠨ ᠤ ᠠᠵᠢᠯᠯᠠᠭ᠎ᠠ ᠶᠢ ᠮᠠᠨᠵᠦᠦᠷ ᠬᠤᠲᠠ ᠶᠢᠨ ᠪᠣᠭᠤᠮᠲᠠ ᠶᠢᠨ ᠣᠯᠠᠨ ᠤᠯᠤᠰ ᠤᠨ |
ᠵᠢᠭᠤᠯᠴᠢᠯᠠᠯ ᠤᠨ ᠬᠤᠷᠢᠶ᠎ᠠ ᠪᠣᠯᠤᠨ ᠬᠤᠶᠢᠲᠤ ᠪᠠᠶᠢᠭᠠᠯ ᠬᠢᠵᠠᠭᠠᠷ ᠣᠷᠣᠨ ᠤ ᠳᠠᠭᠠᠭᠤᠯᠢ ᠣᠳᠣᠨ ᠣᠯᠠᠨ ᠤᠯᠤᠰ ᠤᠨ |
ᠵᠢᠭᠤᠯᠴᠢᠯᠠᠯ ᠤᠨ ᠬᠤᠷᠢᠶ᠎ᠠ ᠬᠠᠮᠲᠤᠷᠠᠨ ᠵᠣᠬᠢᠶᠠᠨ ᠪᠠᠶᠢᠭᠤᠯᠵᠤ᠂ ᠤᠯᠤᠰ ᠤᠨ ᠳᠣᠲᠣᠭᠠᠳᠤ ᠭᠠᠳᠠᠭᠠᠳᠤ ᠳᠤ ᠨᠡᠶᠢᠲᠡ |
8 ᠡᠳᠦᠷ ᠠᠶᠠᠯᠠᠭᠰᠠᠨ ᠪᠠᠶᠢᠨ᠎ᠠ᠃ |
|
|