|
ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ |
ᠥᠪᠥᠷ ᠵᠠᠰᠠᠭ ᠦᠰᠦᠭ ﹇2024﹈ 72 ᠳ᠋ᠤᠭᠠᠷ ᠲᠣᠭᠠᠲᠤ |
ᠠᠷᠤᠨ ᠬᠤᠰᠢᠭᠤᠨ ᠤ ᠰᠢᠶᠣᠣ ᠴᠢ ᠽᠢ ᠤᠰᠤᠨ ᠠᠰᠢᠭᠯᠠᠯᠲᠠ ᠶᠢᠨ ᠬᠦᠢᠰᠦ ᠪᠠᠷᠢᠯᠭ᠎ᠠ ᠶᠢᠨ ᠤᠰᠤᠨ |
ᠴᠥᠭᠦᠷᠥᠮ ᠤᠨ ᠲᠦᠯᠬᠢᠯᠲᠡ ᠶᠢᠨ ᠣᠷᠣᠨ ᠵᠢᠴᠢ ᠬᠦᠢᠰᠦ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠣᠷᠣᠨ |
ᠬᠡᠪᠴᠢᠶᠡᠨ ᠳᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠪᠠ ᠨᠡᠭᠦᠯᠭᠡᠨ ᠣᠷᠣᠭᠤᠯᠬᠤ ᠬᠥᠮᠥᠨ ᠠᠮᠠ ᠶᠢ |
ᠰᠢᠨ᠎ᠡ ᠪᠠᠷ ᠨᠡᠮᠡᠭᠳᠡᠭᠦᠯᠬᠦ ᠶᠢ ᠴᠠᠭᠠᠵᠠᠯᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ |
ᠠᠷᠠᠳ ᠤᠨ ᠵᠠᠰᠠᠭ ᠤᠨ ᠣᠷᠳᠣᠨ ᠤ ᠵᠠᠷᠯᠠᠯ |
ᠬᠥᠯᠥᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ |
ᠬᠤᠯᠪᠣᠭᠳᠠᠯ ᠪᠦᠬᠦᠢ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ ᠳᠤ᠄ |
ᠪᠠᠶᠢᠭᠤᠯᠬᠤ ᠪᠠᠷ ᠪᠠᠶᠢᠭ᠎ᠠ ᠠᠷᠤᠨ ᠬᠤᠰᠢᠭᠤᠨ ᠤ ᠰᠢᠶᠣᠣ ᠴᠢ ᠽᠢ ᠤᠰᠤᠨ ᠠᠰᠢᠭᠯᠠᠯᠲᠠ ᠶᠢᠨ ᠬᠦᠢᠰᠦ |
ᠪᠠᠷᠢᠯᠭ᠎ᠠ ᠪᠣᠯ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠣᠣᠷᠵᠢᠭᠤᠯᠤᠯᠲᠠ ᠶᠢᠨ |
ᠲᠥᠯᠥᠪᠵᠢᠭᠦᠯᠵᠦ ᠪᠦᠲᠦᠭᠡᠨ ᠪᠠᠶᠢᠭᠤᠯᠬᠤ ᠭᠤᠣᠯᠳᠠᠯᠭ᠎ᠠ ᠲᠠᠢ ᠤᠰᠤᠨ ᠰᠤᠷᠪᠤᠯᠵᠢ ᠶᠢᠨ ᠢᠨᠵᠧᠨᠧᠷᠢᠩ ᠪᠣᠯᠣᠨ᠎ᠠ᠃ |
ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠭᠠᠵᠠᠷ ᠰᠢᠷᠣᠢ ᠲᠠᠲᠠᠪᠤᠷᠢᠯᠠᠬᠤ ᠪᠠ ᠠᠷᠠᠳ ᠢ ᠨᠡᠭᠦᠯᠭᠡᠨ |
ᠲᠥᠪᠬᠢᠨᠡᠭᠦᠯᠬᠦ ᠠᠵᠢᠯ ᠤᠨ ᠤᠷᠤᠭᠰᠢᠲᠠᠢ ᠶᠠᠪᠤᠭᠳᠠᠬᠤ ᠶᠢ ᠦᠨᠡᠨ ᠬᠦ ᠪᠠᠲᠤᠯᠠᠬᠤ ᠶᠢᠨ ᠲᠤᠰᠠᠳᠠ᠂ ︽ᠲᠣᠮᠣ |
ᠳᠤᠮᠳᠠ ᠬᠡᠯᠪᠡᠷᠢ ᠶᠢᠨ ᠤᠰᠤᠨ ᠠᠰᠢᠭᠯᠠᠯᠲᠠ ᠤᠰᠤ ᠴᠠᠬᠢᠯᠭᠠᠨ ᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ |
ᠭᠠᠵᠠᠷ ᠰᠢᠷᠣᠢ ᠲᠠᠲᠠᠪᠤᠷᠢᠯᠠᠭᠰᠠᠨ ᠲᠥᠯᠥᠪᠦᠷᠢ ᠪᠠ ᠠᠷᠠᠳ ᠢ ᠨᠡᠭᠦᠯᠭᠡᠨ ᠲᠥᠪᠬᠢᠨᠡᠭᠦᠯᠬᠦ ᠳᠦᠷᠢᠮ︾ ︵ᠲᠥᠷᠥ ᠶᠢᠨ |
ᠶᠠᠪᠤᠳᠠᠯ ᠤᠨ ᠬᠤᠷᠢᠶᠠᠨ ᠤ ᠵᠠᠷᠯᠢᠭ 679 ᠳ᠋ᠦ᠋ᠭᠡᠷ ᠲᠣᠭᠠᠲᠤ︶ ᠤᠨ ᠬᠤᠯᠪᠣᠭᠳᠠᠯ ᠪᠦᠬᠦᠢ ᠲᠣᠭᠲᠠᠭᠠᠯ ᠢ |
ᠦᠨᠳᠦᠰᠦᠯᠡᠨ᠂ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠵᠠᠷᠯᠠᠨ ᠮᠡᠳᠡᠭᠳᠡᠶ᠎ᠡ᠄ |
ᠨᠢᠭᠡ᠂ ᠠᠷᠤᠨ ᠬᠤᠰᠢᠭᠤᠨ ᠤ ᠰᠢᠶᠣᠣ ᠴᠢ ᠽᠢ ᠤᠰᠤᠨ ᠠᠰᠢᠭᠯᠠᠯᠲᠠ ᠶᠢᠨ ᠬᠦᠢᠰᠦ ᠪᠠᠷᠢᠯᠭ᠎ᠠ ᠶᠢᠨ ᠤᠰᠤᠨ |
ᠴᠥᠭᠦᠷᠥᠮ ᠤᠨ ᠲᠦᠯᠬᠢᠯᠲᠡ ᠶᠢᠨ ᠣᠷᠣᠨ ᠵᠢᠴᠢ ᠬᠦᠢᠰᠦ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠣᠷᠣᠨ |
ᠬᠡᠪᠴᠢᠶ᠎ᠡ ᠨᠢ ᠠᠷᠤᠨ ᠬᠤᠰᠢᠭᠤᠨ ᠤ ᠭᠧᠨᠢ ᠭᠤᠣᠯ ᠤᠨ ᠲᠠᠷᠢᠶᠠᠯᠠᠩ ᠤᠨ ᠲᠠᠯᠠᠪᠠᠢ ᠶᠢᠨ ᠬᠢᠵᠠᠭᠠᠷᠲᠤ ᠺᠣᠮᠫᠠᠨᠢ ᠶᠢᠨ |
ᠠᠷᠪᠠᠨ ᠨᠠᠢᠮᠠᠳᠤᠭᠠᠷ ᠦᠢᠯᠡᠳᠪᠦᠷᠢᠯᠡᠯ ᠤᠨ ᠳᠤᠭᠤᠶᠢᠯᠠᠩ ᠪᠠ ᠠᠷᠤᠨ ᠬᠤᠰᠢᠭᠤᠨ ᠤ ᠳ᠋ᠧᠯᠴᠢᠷ ᠣᠢ ᠰᠢᠭᠤᠢ ᠶᠢᠨ |
ᠲᠠᠯᠠᠪᠠᠢ᠂ ᠰᠠᠨ ᠬᠤᠤ ᠳ᠋ᠢᠶᠠᠨ ᠽᠢ ᠣᠢ ᠰᠢᠭᠤᠢ ᠶᠢᠨ ᠲᠠᠯᠠᠪᠠᠢ ᠲᠠᠢ ᠬᠤᠯᠪᠣᠭᠳᠠᠵᠤ᠂ ᠪᠣᠳᠠᠲᠠᠢ ᠬᠦᠷᠢᠶ᠎ᠡ |
ᠬᠡᠪᠴᠢᠶ᠎ᠡ ᠶᠢ ᠨᠢ ᠲᠤᠬᠠᠢ ᠶᠢᠨ ᠲᠠᠯᠠᠪᠠᠢ ᠳᠤ ᠬᠠᠳᠠᠭᠰᠠᠨ ᠱᠣᠩ ᠢᠶᠠᠷ ᠪᠠᠷᠢᠮᠵᠢᠶ᠎ᠠ ᠪᠣᠯᠭᠠᠨ᠎ᠠ᠃ |
ᠬᠤᠶᠠᠷ᠂ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠨᠢ |
ᠠᠷᠤᠨ ᠬᠤᠰᠢᠭᠤᠨ ᠤ ᠰᠢᠶᠣᠣ ᠴᠢ ᠽᠢ ᠤᠰᠤᠨ ᠠᠰᠢᠭᠯᠠᠯᠲᠠ ᠶᠢᠨ ᠬᠦᠢᠰᠦ ᠪᠠᠷᠢᠯᠭ᠎ᠠ ᠶᠢᠨ ᠤᠰᠤᠨ |
ᠴᠥᠭᠦᠷᠥᠮ ᠤᠨ ᠲᠦᠯᠬᠢᠯᠲᠡ ᠶᠢᠨ ᠣᠷᠣᠨ ᠪᠠ ᠬᠦᠢᠰᠦ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠣᠷᠣᠨ |
ᠬᠡᠪᠴᠢᠶᠡᠨ ᠳᠤ ᠡᠯ᠎ᠡ ᠵᠦᠢᠯ ᠤᠨ ᠰᠠᠭᠤᠷᠢ ᠪᠡᠯᠡᠳᠬᠡᠮᠵᠢ ︵ᠰᠢᠶᠠᠩ ᠪᠠᠯᠭᠠᠰᠤᠨ ᠤ ᠠᠵᠤ ᠠᠬᠤᠶᠢᠯᠠᠯ ᠪᠠ ᠠᠷᠠᠳ ᠤᠨ |
ᠬᠡᠷᠡᠭᠯᠡᠭᠡᠨ ᠤ ᠣᠷᠣᠨ ᠰᠠᠭᠤᠴᠠ ᠶᠢ ᠪᠠᠭᠲᠠᠭᠠᠨ᠎ᠠ︶ ᠪᠠᠶᠢᠭᠤᠯᠬᠤ ᠶᠢ ᠵᠥᠪᠰᠢᠶᠡᠷᠡᠵᠦ ᠪᠣᠯᠬᠤ ᠦᠭᠡᠢ᠃ |
ᠭᠤᠷᠪᠠ᠂ ᠶᠠᠮᠠᠷᠪᠠ ᠨᠢᠭᠡᠴᠢ ᠪᠠ ᠬᠤᠪᠢ ᠬᠥᠮᠥᠨ ᠭᠡᠳ ᠠᠷᠤᠨ ᠬᠤᠰᠢᠭᠤᠨ ᠤ ᠰᠢᠶᠣᠣ ᠴᠢ ᠽᠢ ᠤᠰᠤᠨ |
ᠠᠰᠢᠭᠯᠠᠯᠲᠠ ᠶᠢᠨ ᠬᠦᠢᠰᠦ ᠪᠠᠷᠢᠯᠭ᠎ᠠ ᠶᠢᠨ ᠤᠰᠤᠨ ᠴᠥᠭᠦᠷᠥᠮ ᠤᠨ ᠲᠦᠯᠬᠢᠯᠲᠡ ᠶᠢᠨ ᠣᠷᠣᠨ ᠪᠠ ᠬᠦᠢᠰᠦ |
ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠣᠷᠣᠨ ᠬᠡᠪᠴᠢᠶᠡᠨ ᠳᠤ ᠲᠥᠷᠥᠯ ᠵᠦᠢᠯ ᠰᠢᠨ᠎ᠡ ᠪᠠᠷ ᠪᠠᠶᠢᠭᠤᠯᠬᠤ᠂ |
ᠥᠷᠭᠡᠳᠬᠡᠨ ᠪᠠᠶᠢᠭᠤᠯᠬᠤ ᠪᠠ ᠥᠭᠡᠷᠡᠴᠢᠯᠡᠨ ᠪᠠᠶᠢᠭᠤᠯᠵᠤ ᠪᠣᠯᠬᠤ ᠦᠭᠡᠢ᠂ ᠭᠡᠷ ᠪᠠᠶᠢᠰᠢᠩ ᠵᠢᠴᠢ ᠪᠤᠰᠤᠳ |
ᠪᠡᠯᠡᠳᠬᠡᠮᠵᠢ ᠶᠢ ᠪᠠᠶᠢᠭᠤᠯᠵᠤ ᠪᠣᠯᠬᠤ ᠦᠭᠡᠢ᠂ ᠤᠤᠯ ᠭᠠᠵᠠᠷ ᠤᠨ ᠲᠥᠷᠥᠯ᠂ ᠭᠠᠵᠠᠷ ᠤᠨ ᠲᠥᠷᠬᠦ ᠶᠢ |
ᠬᠤᠪᠢᠷᠠᠭᠤᠯᠵᠤ ᠪᠣᠯᠬᠤ ᠦᠭᠡᠢ᠂ ᠲᠠᠷᠢᠶᠠᠯᠠᠬᠤ ᠭᠠᠵᠠᠷ᠂ ᠴᠡᠴᠡᠷᠯᠢᠭ ᠤᠨ ᠭᠠᠵᠠᠷ ᠢ ᠵᠠᠪᠳᠤᠨ ᠵᠠᠪᠰᠢᠵᠤ |
ᠬᠠᠭᠠᠯᠪᠤᠷᠢᠯᠠᠬᠤ᠂ ᠡᠯ᠎ᠡ ᠵᠦᠢᠯ ᠤᠨ ᠣᠯᠠᠨ ᠨᠠᠰᠤᠲᠤ ᠠᠵᠤ ᠠᠬᠤᠢ ᠶᠢᠨ ᠲᠠᠷᠢᠮᠠᠯ ᠪᠠ ᠣᠢ ᠮᠣᠳᠣ ᠶᠢ ᠵᠠᠪᠳᠤᠨ |
ᠵᠠᠪᠰᠢᠵᠤ ᠵᠠᠶᠢᠯᠠᠬᠤ ᠵᠡᠷᠭᠡ ᠭᠠᠵᠠᠷ ᠰᠢᠷᠣᠢ ᠶᠢᠨ ᠬᠡᠷᠡᠭᠴᠡᠭᠡ ᠶᠢ ᠬᠤᠪᠢᠷᠠᠭᠤᠯᠬᠤ ᠪᠠ ᠪᠠᠷᠢᠯᠭ᠎ᠠ ᠶᠢᠨ ᠪᠦᠲᠦᠭᠡᠨ |
ᠪᠠᠶᠢᠭᠤᠯᠤᠯᠲᠠ ᠶᠢ ᠨᠥᠯᠥᠭᠡᠯᠡᠬᠦ ᠠᠵᠢᠯᠯᠠᠭ᠎ᠠ ᠶᠢ ᠬᠢᠵᠦ ᠪᠣᠯᠬᠤ ᠦᠭᠡᠢ᠃ |
ᠳᠥᠷᠪᠡ᠂ ᠠᠷᠤᠨ ᠬᠤᠰᠢᠭᠤᠨ ᠤ ᠰᠢᠶᠣᠣ ᠴᠢ ᠽᠢ ᠤᠰᠤᠨ ᠠᠰᠢᠭᠯᠠᠯᠲᠠ ᠶᠢᠨ ᠬᠦᠢᠰᠦ ᠪᠠᠷᠢᠯᠭ᠎ᠠ ᠶᠢᠨ |
ᠪᠦᠲᠦᠭᠡᠨ ᠪᠠᠶᠢᠭᠤᠯᠤᠯᠲᠠ ᠶᠢᠨ ᠦᠶᠡᠯᠡᠯ ᠤᠨ ᠬᠤᠭᠤᠴᠠᠭ᠎ᠠ ᠨᠡᠯᠢᠶᠡᠳ ᠤᠷᠲᠤ ᠪᠠᠶᠢᠬᠤ ᠶᠢ ᠪᠣᠳᠣᠯᠬᠢᠯᠠᠨ᠂ |
ᠲᠤᠬᠠᠢ ᠶᠢᠨ ᠭᠠᠵᠠᠷ ᠤᠨ ᠣᠯᠠᠨ ᠲᠦᠮᠡᠨ ᠤ ᠬᠡᠪ ᠤᠨ ᠦᠢᠯᠡᠳᠪᠦᠷᠢᠯᠡᠯ ᠠᠮᠢᠳᠤᠷᠠᠯ ᠳᠤ ᠨᠢ ᠪᠠᠷᠢᠯᠭ᠎ᠠ ᠶᠢᠨ ᠪᠦᠲᠦᠭᠡᠨ |
ᠪᠠᠶᠢᠭᠤᠯᠤᠯᠲᠠ ᠠᠴᠠ ᠪᠣᠯᠵᠤ ᠳᠡᠩᠳᠡᠭᠦᠦ ᠶᠡᠭᠡ ᠨᠥᠯᠥᠭᠡ ᠪᠣᠯᠬᠤ ᠦᠭᠡᠢ ᠪᠠᠶᠢᠬᠤ ᠶᠢ ᠦᠨᠡᠨ ᠬᠦ ᠪᠠᠲᠤᠯᠠᠬᠤ ᠶᠢᠨ |
ᠲᠤᠰᠠᠳᠠ᠂ ᠲᠤᠬᠠᠢ ᠶᠢᠨ ᠭᠠᠵᠠᠷ ᠤᠨ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠯᠤᠭ᠎ᠠ ᠰᠢᠭᠤᠳ |
ᠬᠤᠯᠪᠣᠭᠳᠠᠬᠤ᠂ ᠦᠨᠡᠨ ᠬᠦ ᠪᠦᠲᠦᠭᠡᠨ ᠪᠠᠶᠢᠭᠤᠯᠬᠤ ᠴᠢᠬᠤᠯᠠ ᠲᠠᠢ ᠲᠥᠷᠥᠯ ᠵᠦᠢᠯ ᠳᠤ ︽ᠲᠣᠮᠣ ᠳᠤᠮᠳᠠ |
ᠬᠡᠯᠪᠡᠷᠢ ᠶᠢᠨ ᠤᠰᠤᠨ ᠠᠰᠢᠭᠯᠠᠯᠲᠠ ᠤᠰᠤ ᠴᠠᠬᠢᠯᠭᠠᠨ ᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠭᠠᠵᠠᠷ |
ᠰᠢᠷᠣᠢ ᠲᠠᠲᠠᠪᠤᠷᠢᠯᠠᠭᠰᠠᠨ ᠲᠥᠯᠥᠪᠦᠷᠢ ᠪᠠ ᠠᠷᠠᠳ ᠢ ᠨᠡᠭᠦᠯᠭᠡᠨ ᠲᠥᠪᠬᠢᠨᠡᠭᠦᠯᠬᠦ ᠳᠦᠷᠢᠮ︾ ᠤᠨ ᠬᠤᠯᠪᠣᠭᠳᠠᠯ |
ᠪᠦᠬᠦᠢ ᠲᠣᠭᠲᠠᠭᠠᠯ ᠵᠣᠷᠢᠭ ᠰᠠᠨᠠᠭ᠎ᠠ ᠶᠢ ᠴᠢᠩᠭ᠎ᠠ ᠵᠢᠷᠤᠮᠯᠠᠨ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ |
ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ ᠪᠠᠶᠢᠭᠤᠯᠵᠤ ᠪᠣᠯᠣᠨ᠎ᠠ᠃ |
ᠲᠠᠪᠤ᠂ ᠠᠷᠤᠨ ᠬᠤᠰᠢᠭᠤᠨ ᠤ ᠰᠢᠶᠣᠣ ᠴᠢ ᠽᠢ ᠤᠰᠤᠨ ᠠᠰᠢᠭᠯᠠᠯᠲᠠ ᠶᠢᠨ ᠬᠦᠢᠰᠦ ᠪᠠᠷᠢᠯᠭ᠎ᠠ ᠶᠢᠨ ᠤᠰᠤᠨ |
ᠴᠥᠭᠦᠷᠥᠮ ᠤᠨ ᠲᠦᠯᠬᠢᠯᠲᠡ ᠶᠢᠨ ᠣᠷᠣᠨ ᠵᠢᠴᠢ ᠬᠦᠢᠰᠦ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠣᠷᠣᠨ |
ᠬᠡᠪᠴᠢᠶᠡᠨ ᠳᠠᠬᠢ ᠡᠷᠦᠬᠡ ᠠᠮᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠪᠦᠲᠦᠭᠡᠨ ᠪᠠᠶᠢᠭᠤᠯᠤᠯᠲᠠ ᠶᠢᠨ |
ᠬᠡᠪᠴᠢᠶᠡᠨ ᠳᠤ ᠬᠥᠮᠥᠨ ᠠᠮᠠ ᠨᠡᠭᠦᠯᠭᠡᠨ ᠣᠷᠣᠭᠤᠯᠬᠤ ᠶᠢ ᠴᠢᠩᠭ᠎ᠠ ᠬᠢᠵᠠᠭᠠᠷᠯᠠᠬᠤ ᠬᠡᠷᠡᠭᠲᠡᠢ᠃ ᠲᠥᠷᠥᠭᠰᠡᠨ᠂ |
ᠤᠷᠤᠭᠯᠠᠭᠰᠠᠨ᠂ ᠴᠡᠷᠢᠭ ᠠᠴᠠ ᠬᠠᠯᠠᠭᠳᠠᠭᠰᠠᠳ ᠪᠠ ᠪᠠᠭᠤᠭᠰᠠᠳ᠂ ᠳᠡᠭᠡᠳᠦ ᠳᠤᠮᠳᠠ ᠵᠡᠷᠭᠡ ᠶᠢᠨ ᠲᠤᠰᠬᠠᠢ |
ᠮᠡᠷᠭᠡᠵᠢᠯ ᠤᠨ ᠰᠤᠷᠭᠠᠭᠤᠯᠢ ᠲᠡᠭᠦᠰᠦᠭᠰᠡᠳ᠂ ᠡᠷᠡᠭᠦᠦ ᠶᠢᠨ ᠬᠤᠭᠤᠴᠠᠭ᠎ᠠ ᠨᠢ ᠳᠦᠭᠦᠷᠴᠦ ᠰᠤᠯᠠᠯᠠᠭᠳᠠᠭᠰᠠᠨ ᠬᠥᠮᠥᠰ |
ᠵᠡᠷᠭᠡ ᠨᠤᠲᠤᠭ ᠲᠤ ᠪᠠᠨ ᠪᠤᠴᠠᠭᠰᠠᠨ ᠬᠥᠮᠥᠰ ᠠᠴᠠ ᠪᠤᠰᠤᠳ ᠲᠤ ᠡᠯ᠎ᠡ ᠱᠠᠲᠤᠨ ᠤ ᠠᠷᠠᠳ ᠤᠨ ᠵᠠᠰᠠᠭ ᠤᠨ |
ᠣᠷᠳᠣᠨ ᠪᠠ ᠬᠠᠮᠢᠶ᠎ᠠ ᠪᠦᠬᠦᠢ ᠰᠠᠯᠠᠭ᠎ᠠ ᠮᠥᠴᠢᠷ ᠨᠢ ᠡᠯ᠎ᠡ ᠲᠥᠷᠥᠯ ᠤᠨ ᠬᠥᠮᠥᠨ ᠠᠮᠠ ᠳᠤ ᠨᠡᠭᠦᠯᠭᠡᠵᠦ |
ᠣᠷᠣᠭᠤᠯᠬᠤ ᠭᠠᠷᠳᠠᠮ ᠭᠦᠢᠴᠡᠳᠬᠡᠵᠦ ᠪᠣᠯᠬᠤ ᠦᠭᠡᠢ᠃ |
ᠵᠢᠷᠭᠤᠭ᠎ᠠ᠂ ᠪᠠᠷᠢᠯᠭ᠎ᠠ ᠶᠢᠨ ᠭᠠᠵᠠᠷ ᠰᠢᠷᠣᠢ ᠲᠠᠲᠠᠪᠤᠷᠢᠯᠠᠵᠤ ᠨᠡᠭᠦᠯᠭᠡᠨ ᠰᠢᠯᠵᠢᠭᠦᠯᠬᠦ ᠲᠠᠰᠢᠷᠠᠮ ᠢ ᠠᠰᠢᠭᠯᠠᠨ |
ᠣᠯᠠᠨ ᠲᠦᠮᠡᠨ ᠢ ᠥᠳᠥᠭᠡᠨ ᠬᠡᠷᠡᠭ ᠭᠠᠷᠭᠠᠵᠤ᠂ ᠭᠠᠵᠠᠷ ᠰᠢᠷᠣᠢ ᠲᠠᠲᠠᠪᠤᠷᠢᠯᠠᠵᠤ ᠨᠡᠭᠦᠯᠭᠡᠨ ᠰᠢᠯᠵᠢᠭᠦᠯᠬᠦ ᠠᠵᠢᠯ ᠳᠤ |
ᠬᠠᠷᠰᠢ ᠰᠠᠭᠠᠳ ᠤᠴᠠᠷᠠᠭᠤᠯᠤᠨ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢ ᠬᠠᠷᠰᠢᠯᠠᠨ ᠨᠥᠯᠥᠭᠡᠯᠡᠬᠦ ᠵᠡᠷᠭᠡ |
ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠢ ︽ᠪᠦᠭᠦᠳᠡ |
ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠢᠳᠬᠡᠨ ᠲᠣᠷᠭᠠᠬᠤ |
ᠬᠠᠤᠯᠢ︾ ᠶᠢᠨ ᠲᠣᠭᠲᠠᠭᠠᠯ ᠶᠣᠰᠣᠭᠠᠷ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠢᠳᠬᠡᠯ ᠲᠣᠷᠭᠠᠭᠤᠯᠢ ᠥᠭᠬᠦ |
ᠬᠡᠷᠡᠭᠲᠡᠢ᠃ ᠶᠠᠯ᠎ᠠ ᠳᠤ ᠬᠦᠷᠦᠭᠰᠡᠨ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠬᠦ |
ᠬᠡᠷᠡᠭᠲᠡᠢ᠃ |
ᠲᠤᠰ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ |
2024 ᠣᠨ ᠤ 4 ᠳ᠋ᠦ᠋ᠭᠡᠷ ᠰᠠᠷ᠎ᠠ ᠶᠢᠨ 7 ᠤ ᠡᠳᠦᠷ |
︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ |
|
|
|
|
|
|
|
|
|
|
|
|
|
|
|
|
|
|
|
|
|
|
|
|
|
|
|
|
|
|
|
|
|
᠁ |