|
8 ᠰᠠᠷ᠎ᠠ ᠶᠢᠨ 31 ᠤ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ |
ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠵᠧᠩ ᠬᠤᠩ ᠹᠠᠨ᠂ ᠥᠪᠡᠷᠲᠡᠭᠡᠨ ᠵᠠᠰᠠᠬᠤ |
ᠣᠷᠣᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠲᠡᠷᠢᠭᠦᠯᠡᠭᠴᠢ ᠶᠠᠩ ᠶᠢᠨ ᠨᠠᠷ ᠨᠠᠢᠮᠠᠳᠤᠭᠠᠷ ᠬᠤᠭᠤᠴᠠᠭᠠᠨ ᠤ |
ᠥᠪᠥᠷ ᠮᠣᠩᠭᠤᠯ ᠤᠨ ᠰᠣᠶᠣᠯ ᠤᠨ ᠠᠵᠤ ᠦᠢᠯᠡᠰ ᠤᠨ ᠦᠵᠡᠰᠭᠦᠯᠡᠩ ᠪᠠ ᠠᠷᠠᠯᠵᠢᠶᠠᠨ ᠤ ᠴᠤᠭᠯᠠᠭᠠᠨ ᠢᠶᠠᠷ |
ᠲᠣᠭᠤᠷᠢᠨ ᠦᠵᠡᠪᠡ᠃ |
ᠲᠤᠰ ᠬᠤᠭᠤᠴᠠᠭᠠᠨ ᠤ ᠰᠣᠶᠣᠯ ᠤᠨ ᠠᠵᠤ ᠦᠢᠯᠡᠰ ᠤᠨ ᠦᠵᠡᠰᠭᠦᠯᠡᠩ ᠪᠠ ᠠᠷᠠᠯᠵᠢᠶᠠᠨ ᠤ ᠴᠤᠭᠯᠠᠭᠠᠨ |
ᠤᠮᠠᠷᠠᠲᠤ ᠬᠢᠯᠢ ᠶᠢᠨ ᠰᠣᠶᠣᠯ ᠤᠨ ᠲᠦᠷᠦᠯ ᠲᠡᠮᠳᠡᠭ ᠢ ᠡᠭᠦᠳᠴᠦ ᠰᠣᠶᠣᠯ ᠤᠨ ᠠᠵᠤ ᠦᠢᠯᠡᠰ ᠤᠨ ᠬᠥᠭᠵᠢᠯᠲᠡ ᠶᠢ |
ᠠᠬᠢᠭᠤᠯᠬᠤ ᠪᠠᠷ ᠭᠤᠣᠯ ᠰᠡᠳᠦᠪ ᠪᠤᠯᠭᠠᠵᠤ᠂ 20 ᠭᠠᠷᠤᠢ ᠤᠯᠤᠰ ᠪᠠ ᠭᠠᠵᠠᠷ ᠣᠷᠣᠨ᠂ ᠪᠦᠭᠦ ᠤᠯᠤᠰ ᠤᠨ 25 |
ᠮᠤᠵᠢ ︵ᠣᠷᠣᠨ᠂ ᠬᠤᠳᠠ︶ ᠠᠴᠠ ᠢᠷᠡᠭᠰᠡᠨ 500 ᠭᠠᠷᠤᠢ ᠠᠵᠤ ᠠᠬᠤᠶᠢᠯᠠᠯ ᠦᠵᠡᠰᠭᠦᠯᠡᠩ ᠪᠠ ᠠᠷᠠᠯᠵᠢᠶᠠᠨ ᠤ |
ᠴᠤᠭᠯᠠᠭᠠᠨ ᠳᠤ ᠣᠷᠣᠯᠴᠠᠪᠠ᠃ ᠰᠣᠶᠣᠯ ᠤᠨ ᠠᠵᠤ ᠦᠢᠯᠡᠰ ᠤᠨ ᠦᠵᠡᠰᠭᠦᠯᠡᠩ ᠪᠠ ᠠᠷᠠᠯᠵᠢᠶᠠᠨ ᠤ |
ᠴᠤᠭᠯᠠᠭᠠᠨ ᠳᠤ ᠤᠮᠠᠷᠠᠲᠤ ᠬᠢᠯᠢ ᠶᠢᠨ ᠰᠣᠶᠣᠯ ᠤᠨ ᠭᠤᠣᠯ ᠰᠡᠳᠦᠪᠲᠦ ᠦᠵᠡᠭᠦᠯᠭᠡ ᠶᠢᠨ ᠲᠣᠭᠤᠷᠢᠭ᠂ ᠠᠶᠢᠮᠠᠭ |
ᠬᠤᠲᠠ ᠶᠢᠨ ᠰᠣᠶᠣᠯ ᠤᠨ ᠠᠵᠤ ᠦᠢᠯᠡᠰ ᠤᠨ ᠶᠡᠷᠦᠩᠬᠡᠶᠢᠯᠡᠭᠰᠡᠨ ᠦᠵᠡᠭᠦᠯᠭᠡ ᠶᠢᠨ ᠲᠣᠭᠤᠷᠢᠭ᠂ ᠣᠷᠣᠨ ᠤ ᠬᠠᠷᠢᠶ᠎ᠠ |
ᠪᠦᠬᠦᠢ ᠰᠣᠶᠣᠯ ᠤᠨ ᠠᠵᠤ ᠠᠬᠤᠶᠢᠯᠠᠯ ᠤᠨ ᠦᠵᠡᠭᠦᠯᠭᠡ ᠶᠢᠨ ᠲᠣᠭᠤᠷᠢᠭ᠂ ᠰᠣᠶᠣᠯ ᠤᠨ ᠠᠵᠤ ᠦᠢᠯᠡᠰ ᠤᠨ |
ᠦᠵᠡᠰᠭᠦᠯᠡᠩ ᠤᠨ ᠪᠣᠳᠠᠰ ᠤᠨ ᠪᠤᠰᠤ ᠰᠣᠶᠣᠯ ᠤᠨ ᠥᠪ ᠤᠨ ᠭᠤᠣᠯ ᠰᠡᠳᠦᠪᠲᠦ ᠦᠵᠡᠭᠦᠯᠭᠡ ᠶᠢᠨ ᠲᠣᠭᠤᠷᠢᠭ |
ᠵᠡᠷᠭᠡ ᠦᠵᠡᠭᠦᠯᠭᠡ ᠶᠢᠨ ᠲᠣᠭᠤᠷᠢᠭ ᠲᠣᠬᠢᠷᠠᠭᠤᠯᠵᠤ᠂ ᠮᠠᠨ ᠤ ᠣᠷᠣᠨ ᠤ ᠰᠣᠶᠣᠯ ᠵᠢᠭᠤᠯᠴᠢᠯᠠᠯ ᠤᠨ ᠦᠢᠯᠡᠳᠬᠦᠨ ᠢ |
ᠨᠡᠭᠡᠭᠡᠨ ᠬᠥᠭᠵᠢᠭᠦᠯᠬᠦ᠂ ᠰᠣᠶᠣᠯ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ᠂ ᠰᠣᠶᠣᠯ ᠤᠨ ᠪᠦᠲᠦᠭᠡᠯᠴᠢ ᠰᠡᠳᠬᠢᠮᠵᠢ |
ᠵᠡᠷᠭᠡ ᠰᠣᠶᠣᠯ ᠤᠨ ᠠᠵᠤ ᠦᠢᠯᠡᠰ ᠤᠨ ᠰᠢᠨ᠎ᠡ ᠦᠢᠯᠡᠳᠬᠦᠨ᠂ ᠰᠢᠨ᠎ᠡ ᠡᠵᠡᠩᠨᠡᠯᠲᠡ ᠶᠢᠨ ᠪᠠᠶᠢᠳᠠᠯ ᠢ ᠭᠦᠢᠴᠡᠳ |
ᠢᠯᠡᠷᠡᠭᠦᠯᠪᠡ᠃ ᠦᠵᠡᠰᠭᠦᠯᠡᠩ ᠪᠠ ᠠᠷᠠᠯᠵᠢᠶᠠᠨ ᠤ ᠴᠤᠭᠯᠠᠭᠠᠨ ᠳᠤ ᠣᠷᠣᠯᠴᠠᠬᠰᠠᠨ ᠡᠯ᠎ᠡ ᠰᠣᠶᠣᠯ ᠤᠨ ᠠᠵᠤ |
ᠠᠬᠤᠶᠢᠯᠠᠯ ᠤᠮᠠᠷᠠᠲᠤ ᠬᠢᠯᠢ ᠶᠢᠨ ᠰᠣᠶᠣᠯ ᠤᠨ ᠡᠬᠢ ᠪᠠᠶᠠᠯᠢᠭ ᠢ ᠠᠭᠤᠳᠠᠯᠵᠤ᠂ ᠰᠢᠨ᠎ᠡ ᠮᠠᠶ᠋ᠢᠭ ᠤᠨ ᠰᠣᠶᠣᠯ ᠤᠨ |
ᠡᠵᠡᠩᠨᠡᠯᠲᠡ ᠶᠢᠨ ᠭᠡᠯᠪᠡᠷᠢ ᠶᠢ ᠶᠡᠭᠡ ᠪᠠᠷ ᠬᠥᠭᠵᠢᠭᠦᠯᠵᠦ᠂ ᠨᠡᠶᠢᠭᠡᠮ ᠤᠨ ᠦᠷ᠎ᠡ ᠠᠰᠢᠭ ᠪᠣᠯᠣᠨ ᠠᠵᠤ ᠠᠬᠤᠢ ᠶᠢᠨ |
ᠦᠷ᠎ᠡ ᠠᠰᠢᠭ ᠤᠨ ᠬᠤᠣᠰ ᠡᠯᠪᠡᠭ ᠬᠤᠷᠢᠶᠠᠯᠲᠠ ᠶᠢ ᠣᠯᠵᠠᠢ᠃ |
|