ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ |
ᠥᠪᠥᠷ ᠵᠠᠰᠠᠭ ᠦᠰᠦᠭ ︹2024 ︺ 160 ᠳ᠋ᠤᠭᠠᠷ ᠲᠣᠭᠠᠲᠤ |
︽ᠤᠯᠠᠭᠠᠨᠴᠠᠪ ᠬᠤᠲᠠ ᠶᠢᠨ ᠵᠢᠨᠢᠩ ᠲᠣᠭᠤᠷᠢᠭ ᠤᠨ ᠭᠠᠵᠠᠷ ᠰᠢᠷᠣᠢ ᠲᠠᠲᠠᠪᠤᠷᠢᠯᠠᠨ ᠬᠤᠷᠢᠶᠠᠵᠤ ᠬᠡᠰᠡᠭ ᠢᠶᠠᠷ |
ᠨᠡᠭᠡᠭᠡᠨ ᠬᠥᠭᠵᠢᠭᠦᠯᠬᠦ ᠲᠥᠰᠥᠯ ︵2024 — 2025 ᠣᠨ︶︾ ᠤᠨ ᠲᠤᠬᠠᠢ ᠥᠪᠥᠷ ᠮᠣᠩᠭᠤᠯ ᠤᠨ |
ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠴᠣᠬᠤᠯᠠᠪᠤᠷᠢ |
ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ᠄ |
ᠲᠠᠨ ᠤ ᠬᠤᠲᠠ ᠶᠢᠨ ︽︿ᠵᠢᠨᠢᠩ ᠲᠣᠭᠤᠷᠢᠭ ᠤᠨ ᠰᠢᠨ᠎ᠡ ᠲᠣᠭᠤᠷᠢᠭ ᠪᠠ ᠨᠠᠷᠠᠰᠤᠨ ᠭᠤᠣᠯ ᠤᠨ ᠵᠡᠭᠦᠨ |
ᠬᠡᠰᠡᠭ ᠣᠷᠣᠨ ᠤ ᠭᠠᠵᠠᠷ ᠰᠢᠷᠣᠢ ᠲᠠᠲᠠᠪᠤᠷᠢᠯᠠᠨ ᠬᠤᠷᠢᠶᠠᠵᠤ ᠬᠡᠰᠡᠭ ᠢᠶᠠᠷ ᠨᠡᠭᠡᠭᠡᠨ ᠬᠥᠭᠵᠢᠭᠦᠯᠬᠦ ᠲᠥᠰᠥᠯ ︵ |
2024 ᠣᠨ ᠤ 6 ᠳ᠋ᠤᠭᠠᠷ ᠰᠠᠷ᠎ᠠ — 2026 ᠣᠨ ᠤ 5 ᠳ᠋ᠤᠭᠠᠷ ᠰᠠᠷ᠎ᠠ︶﹀ ᠢ ᠬᠢᠨᠠᠨ ᠬᠠᠷᠭᠤᠭᠤᠯᠵᠤ |
ᠵᠥᠪᠰᠢᠶᠡᠷᠡᠭᠦᠯᠬᠦ ᠲᠤᠬᠠᠢ ᠡᠰᠢᠯᠡᠯᠲᠡ︾ ︵ᠤᠯᠠᠭᠠᠨᠴᠠᠪ ᠵᠠᠰᠠᠭ ᠮᠡᠳᠡᠭᠦᠯᠦᠯᠲᠡ ︹2024 ︺ 73 ᠳ᠋ᠤᠭᠠᠷ |
ᠲᠣᠭᠠᠲᠤ︶ ᠶᠢ ᠬᠦᠯᠢᠶᠡᠨ ᠠᠪᠴᠤ ᠣᠶᠢᠯᠠᠭᠠᠯ᠎ᠠ᠃ ᠡᠳᠦᠭᠡ ᠳᠣᠣᠷᠠᠬᠢ ᠮᠡᠲᠦ ᠴᠣᠬᠤᠯᠠᠪᠤᠷᠢᠯᠠᠪᠠ᠄ |
ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠲᠤᠰᠬᠠᠢ ᠮᠡᠷᠭᠡᠵᠢᠯᠲᠡᠨ ᠢ |
ᠵᠣᠬᠢᠶᠠᠨ ᠪᠠᠶᠢᠭᠤᠯᠵᠤ ᠨᠤᠲᠠᠯᠠᠭᠤᠯᠬᠤ ᠪᠠ ᠬᠢᠨᠠᠨ ᠪᠠᠶᠢᠴᠠᠭᠠᠯᠭᠠᠭᠠᠳ᠂ ︽ᠤᠯᠠᠭᠠᠨᠴᠠᠪ ᠬᠤᠲᠠ ᠶᠢᠨ ᠵᠢᠨᠢᠩ |
ᠲᠣᠭᠤᠷᠢᠭ ᠤᠨ ᠭᠠᠵᠠᠷ ᠰᠢᠷᠣᠢ ᠲᠠᠲᠠᠪᠤᠷᠢᠯᠠᠨ ᠬᠤᠷᠢᠶᠠᠵᠤ ᠬᠡᠰᠡᠭ ᠢᠶᠠᠷ ᠨᠡᠭᠡᠭᠡᠨ ᠬᠥᠭᠵᠢᠭᠦᠯᠬᠦ ᠲᠥᠰᠥᠯ ︵2024 |
- — 2025 ᠣᠨ︶︾ ᠨᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠢ ᠶᠢᠨ |
ᠬᠠᠮᠢᠶᠠᠷᠤᠯᠲᠠ ᠶᠢᠨ ᠬᠠᠤᠯᠢ︾ ᠪᠠ ︽︿ᠭᠠᠵᠠᠷ ᠰᠢᠷᠣᠢ ᠲᠠᠲᠠᠪᠤᠷᠢᠯᠠᠨ ᠬᠤᠷᠢᠶᠠᠵᠤ ᠬᠡᠰᠡᠭ ᠢᠶᠠᠷ ᠨᠡᠭᠡᠭᠡᠨ |
ᠬᠥᠭᠵᠢᠭᠦᠯᠬᠦ ᠪᠠᠷᠢᠮᠵᠢᠶ᠎ᠠ﹀ ᠶᠢ ᠳᠠᠷᠤᠮᠠᠯᠯᠠᠨ ᠶᠠᠪᠤᠭᠤᠯᠬᠤ ᠲᠤᠬᠠᠢ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ |
ᠮᠡᠳᠡᠭᠳᠡᠯ︾ ︵ᠪᠠᠶᠢᠭᠠᠯᠢ ᠡᠬᠢ ᠪᠠᠶᠠᠯᠢᠭ ᠲᠣᠭᠲᠠᠭᠠᠯ ︹2023 ︺ 7 ᠳ᠋ᠤᠭᠠᠷ ᠲᠣᠭᠠᠲᠤ︶ ᠵᠢᠴᠢ ︽ᠥᠪᠥᠷ |
ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠰᠢᠷᠣᠢ ᠲᠠᠲᠠᠪᠤᠷᠢᠯᠠᠨ ᠬᠤᠷᠢᠶᠠᠵᠤ ᠬᠡᠰᠡᠭ ᠢᠶᠠᠷ ᠨᠡᠭᠡᠭᠡᠨ |
ᠬᠥᠭᠵᠢᠭᠦᠯᠬᠦ ᠨᠠᠷᠢᠨ ᠳᠦᠷᠢᠮ ︵ᠲᠤᠷᠰᠢᠨ ᠬᠡᠷᠡᠭᠵᠢᠭᠦᠯᠬᠦ︶︾ ᠤᠨ ᠬᠤᠯᠪᠣᠭᠳᠠᠯ ᠪᠦᠬᠦᠢ ᠲᠣᠭᠲᠠᠭᠠᠯ ᠪᠠ |
ᠱᠠᠭᠠᠷᠳᠠᠯᠭ᠎ᠠ ᠳᠤ ᠨᠡᠶᠢᠴᠡᠵᠦ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠶᠡᠷᠦᠩᠬᠡᠢ |
ᠲᠥᠯᠦᠪᠵᠢᠭᠦᠯᠭᠡ ᠶᠢᠨ ᠬᠠᠮᠢᠶᠠᠷᠤᠨ ᠡᠵᠡᠮᠳᠡᠬᠦ ᠳᠦᠷᠢᠮ ᠲᠠᠢ ᠨᠡᠶᠢᠴᠡᠵᠦ ᠪᠠᠶᠢᠭ᠎ᠠ ᠪᠣᠯᠬᠤᠷ᠂ ︽ᠤᠯᠠᠭᠠᠨᠴᠠᠪ |
ᠬᠤᠲᠠ ᠶᠢᠨ ᠵᠢᠨᠢᠩ ᠲᠣᠭᠤᠷᠢᠭ ᠤᠨ ᠭᠠᠵᠠᠷ ᠰᠢᠷᠣᠢ ᠲᠠᠲᠠᠪᠤᠷᠢᠯᠠᠨ ᠬᠤᠷᠢᠶᠠᠵᠤ ᠬᠡᠰᠡᠭ ᠢᠶᠠᠷ ᠨᠡᠭᠡᠭᠡᠨ ᠬᠥᠭᠵᠢᠭᠦᠯᠬᠦ |
ᠲᠥᠰᠥᠯ ︵2024 — 2025 ᠣᠨ︶︾ ᠢ ᠵᠠᠷᠴᠢᠮ ᠳᠡᠭᠡᠷ᠎ᠡ ᠪᠠᠨ ᠵᠥᠪᠰᠢᠶᠡᠷᠡᠪᠡ᠂ ᠡᠯ᠎ᠡ ᠵᠦᠢᠯ ᠤᠨ |
ᠠᠵᠢᠯ ᠢᠶᠠᠨ ᠬᠠᠤᠯᠢ ᠲᠣᠭᠲᠠᠭᠠᠯ ᠶᠣᠰᠣᠭᠠᠷ ᠰᠠᠶᠢᠲᠤᠷ ᠬᠢᠲᠦᠭᠡᠢ᠃ |
2024 ᠣᠨ ᠤ 8 ᠳ᠋ᠤᠭᠠᠷ ᠰᠠᠷ᠎ᠠ ᠶᠢᠨ 26 ᠤ ᠡᠳᠦᠷ |
|
|
|
|
|
|
|
|
|
|
|
|
᠁ |