|
|
ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ᠂ |
ᠵᠠᠰᠠᠭ ᠤᠨ ᠣᠷᠳᠣᠨ ᠤ ᠠᠯᠪᠠᠨ ᠲᠢᠩᠬᠢᠮ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ |
ᠬᠤᠷᠢᠶ᠎ᠠ ᠶᠢᠨ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ |
ᠲᠢᠩᠬᠢᠮ ᠤᠨ ᠡᠯ᠎ᠡ ᠲᠠᠯ᠎ᠠ ᠶᠢᠨ ᠢᠳᠡᠪᠬᠢᠵᠢᠯ ᠢ ᠭᠦᠢᠴᠡᠳ ᠲᠠᠶᠢᠴᠢᠯᠠᠨ ᠬᠦᠴᠦ ᠪᠠᠨ ᠬᠠᠮᠲᠤᠳᠬᠠᠵᠤ ︿ |
ᠤᠮᠠᠷᠠᠲᠤ ᠶᠢᠨ ᠭᠤᠷᠪᠠᠨ ᠣᠷᠣᠨ﹀ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ |
ᠲᠤᠬᠠᠢ ᠰᠠᠨᠠᠯ︾ ᠢ ᠣᠶᠢᠷ᠎ᠠ ᠶᠢᠨ ᠡᠳᠦᠷ ᠳᠠᠷᠤᠮᠠᠯᠯᠠᠨ ᠲᠠᠷᠬᠠᠭᠠᠪᠠ᠂ ᠪᠦᠭᠦ ᠠᠭᠤᠯᠭ᠎ᠠ ᠨᠢ ᠳᠣᠣᠷᠠᠬᠢ ᠮᠡᠲᠦ᠃ |
ᠶᠡᠷᠦᠩᠬᠡᠢ ᠱᠦᠵᠢ ᠰᠢ ᠶᠢᠨ ᠫᠢᠩ ᠤᠨ ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ |
ᠴᠢᠩᠭᠠᠳᠬᠠᠬᠤ ᠪᠠ ︽ᠤᠮᠠᠷᠠᠲᠤ ᠶᠢᠨ ᠭᠤᠷᠪᠠᠨ ᠣᠷᠣᠨ︾ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ |
ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ |
ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ |
ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠣᠯ ᠰᠢᠵᠢᠮ ᠪᠤᠯᠭᠠᠵᠤ᠂ ᠡᠯ᠎ᠡ |
ᠲᠠᠯ᠎ᠠ ᠶᠢᠨ ᠬᠢᠨ ᠤ ᠢᠳᠡᠪᠬᠢᠵᠢᠯ ᠢ ᠭᠦᠢᠴᠡᠳ ᠳᠠᠶᠢᠴᠢᠯᠠᠨ ᠬᠦᠴᠦ ᠪᠠᠨ ᠬᠠᠮᠲᠤᠳᠬᠠᠵᠤ ︽ᠤᠮᠠᠷᠠᠲᠤ ᠶᠢᠨ ᠭᠤᠷᠪᠠᠨ |
ᠣᠷᠣᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠶᠢᠨ ᠲᠥᠯᠥᠭᠡ᠂ |
ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠳᠣᠣᠷᠠᠬᠢ |
ᠮᠡᠲᠦ ᠰᠠᠨᠠᠯ ᠢ ᠳᠤᠷᠠᠳᠪᠠ᠃ |
ᠨᠢᠭᠡ᠂ ᠡᠯ᠎ᠡ ᠭᠠᠵᠠᠷ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠯᠤᠰ ᠤᠨ ᠪᠠ ᠥᠪᠡᠷᠲᠡᠭᠡᠨ ᠵᠠᠰᠠᠬᠤ |
ᠣᠷᠣᠨ ᠤ ᠨᠡᠶᠢᠲᠡᠯᠡᠭᠰᠡᠨ ᠪᠡᠯᠡ ᠮᠥᠩᠭᠦ ᠶᠢᠨ ᠲᠤᠰᠠᠯᠠᠮᠵᠢ᠂ ᠡᠳ᠋ ᠤᠨ ᠵᠠᠰᠠᠭ ᠠᠴᠠ ᠬᠦᠦ ᠮᠥᠩᠭᠦ ᠶᠢᠨ ᠨᠥᠬᠦᠪᠦᠷᠢ |
ᠥᠭᠬᠦ᠂ ᠭᠠᠶᠢᠯᠢ ᠰᠦᠢᠳᠬᠡᠯ ᠢ ᠬᠠᠰᠤᠵᠤ ᠬᠡᠯᠲᠦᠷᠢᠭᠦᠯᠬᠦ ᠵᠡᠷᠭᠡ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠪᠦᠭᠦ |
ᠲᠠᠯ᠎ᠠ ᠪᠠᠷ ᠨᠠᠶᠢᠳᠠᠪᠤᠷᠢᠵᠢᠭᠤᠯᠵᠤ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠠᠵᠢᠯ ᠢ ᠥᠷᠨᠢᠭᠦᠯᠵᠦ |
ᠪᠠᠶᠢᠭ᠎ᠠ ᠭᠤᠣᠯ ᠴᠣᠭᠴᠠ ᠳᠤ ᠳᠡᠮᠵᠢᠯᠭᠡ ᠦᠵᠡᠭᠦᠯᠭᠦ ᠬᠡᠷᠡᠭᠲᠡᠢ᠃ ᠨᠢᠭᠡᠴᠢ ᠪᠠ ᠬᠤᠪᠢ ᠬᠥᠮᠥᠨ ᠤ ᠪᠤᠰᠤᠳ ᠠᠷᠭ᠎ᠠ |
ᠮᠠᠶ᠋ᠢᠭ ᠢᠶᠠᠷ ᠳᠠᠭᠠᠭᠠᠴᠢᠯᠠᠨ ᠡᠵᠡᠩᠨᠡᠬᠦ ᠡᠷᠬᠡ ᠣᠯᠣᠭᠰᠠᠨ ᠡᠯᠡᠰᠦᠷᠬᠡᠭᠵᠢᠭᠰᠡᠨ ᠭᠠᠵᠠᠷ ᠰᠢᠷᠣᠢ ᠳᠡᠭᠡᠷ᠎ᠡ |
ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠠᠵᠢᠯ ᠥᠷᠨᠢᠭᠦᠯᠬᠦ ᠶᠢ ᠵᠣᠷᠢᠭᠵᠢᠭᠤᠯᠵᠤ᠂ ᠵᠠᠰᠠᠯᠲᠠ ᠨᠢ ᠦᠷ᠎ᠡ |
ᠪᠦᠲᠦᠮᠵᠢ ᠲᠠᠢ ᠪᠣᠯ ᠡᠵᠡᠩᠨᠡᠯᠲᠡ ᠶᠢᠨ ᠡᠷᠬᠡ ᠶᠢ ᠰᠢᠯᠵᠢᠭᠦᠯᠦᠭᠰᠡᠨ ᠭᠡᠷ᠎ᠡ ᠶᠢᠨ ᠬᠤᠭᠤᠴᠠᠭ᠎ᠠ ᠨᠢ ᠲᠤᠯᠤᠭᠰᠠᠨ ᠤ |
ᠲᠠᠷᠠᠭ᠎ᠠ ᠠᠳᠠᠯᠢ ᠨᠥᠬᠦᠴᠡᠯ ᠤᠨ ᠳᠣᠣᠷ᠎ᠠ ᠳᠠᠭᠠᠭᠠᠴᠢᠯᠠᠯᠲᠠ ᠶᠢᠨ ᠭᠠᠵᠠᠷ ᠰᠢᠷᠣᠢ ᠶᠢ ᠨᠢ ᠲᠡᠷᠡ ᠬᠥᠮᠥᠨ |
ᠤᠷᠢᠳ ᠢᠶᠠᠷ ᠦᠷᠭᠦᠯᠵᠢᠯᠡᠨ ᠲᠦᠷᠢᠶᠡᠰᠦᠯᠡᠵᠦ ᠪᠣᠯᠣᠨ᠎ᠠ᠃ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ |
ᠠᠵᠢᠯ ᠤᠨ ᠳᠤᠮᠳᠠ ᠲᠣᠪᠤᠶᠢᠮ᠎ᠠ ᠠᠮᠵᠢᠯᠲᠠ ᠭᠠᠷᠭᠠᠭᠰᠠᠨ ᠨᠢᠭᠡᠴᠢ ᠪᠣᠯᠣᠨ ᠬᠤᠪᠢ ᠬᠥᠮᠥᠨ ᠢ ᠡᠯ᠎ᠡ ᠱᠠᠲᠤᠨ ᠤ |
ᠵᠠᠰᠠᠭ ᠤᠨ ᠣᠷᠳᠣᠨ ᠠᠴᠠ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠥᠬᠢᠭᠦᠯᠦᠨ ᠱᠠᠩᠨᠠᠨ᠎ᠠ᠂ |
ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠢ ᠨᠢ ᠶᠡᠭᠡ ᠪᠠᠷ ᠱᠠᠩᠨᠠᠨ᠎ᠠ᠃ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ |
ᠵᠠᠰᠠᠬᠤ ᠳᠤᠮᠳᠠ ᠰᠢᠨ᠎ᠡ ᠮᠡᠷᠭᠡᠵᠢᠯ ᠢ ᠨᠡᠭᠡᠭᠡᠨ ᠬᠥᠭᠵᠢᠭᠦᠯᠵᠦ᠂ ᠰᠢᠨ᠎ᠡ ᠲᠥᠬᠦᠭᠡᠷᠦᠮᠵᠢ ᠶᠢ ᠬᠡᠷᠡᠭᠯᠡᠭᠰᠡᠨ ᠪᠠᠶᠢᠪᠠᠯ |
ᠮᠡᠷᠭᠡᠵᠢᠯ ᠤᠨ ᠦᠷ᠎ᠡ ᠪᠦᠲᠦᠭᠡᠯ ᠢ ᠣᠨᠳᠣᠣᠰᠢᠭᠤᠯᠬᠤ᠂ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤᠨᠢ |
ᠨᠥᠬᠦᠪᠦᠷᠢ ᠥᠭᠬᠦ ᠵᠡᠷᠭᠡ ᠲᠥᠷᠥ ᠶᠢᠨ ᠪᠣᠳᠣᠯᠭ᠎ᠠ ᠪᠠᠷ ᠳᠠᠮᠵᠢᠨ ᠳᠡᠮᠵᠢᠯᠭᠡ ᠦᠵᠡᠭᠦᠯᠦᠨ᠎ᠡ᠃ |
ᠬᠤᠶᠠᠷ᠂ ᠡᠯ᠎ᠡ ᠭᠠᠵᠠᠷ ᠤᠨ ᠬᠢᠨ ᠣᠶᠢᠲᠤ ᠭᠠᠵᠠᠷ᠂ ᠨᠤᠲᠤᠭ ᠪᠡᠯᠴᠢᠭᠡᠷ ᠢ ᠳᠠᠭᠠᠭᠠᠴᠢᠯᠠᠨ ᠡᠵᠡᠩᠨᠡᠵᠦ ᠪᠠᠶᠢᠭ᠎ᠠ |
ᠨᠢᠭᠡᠴᠢ ᠪᠣᠯᠣᠨ ᠬᠤᠪᠢ ᠬᠥᠮᠥᠨ ᠢ ᠱᠠᠯᠠᠪᠳᠠᠨ ᠪᠡᠯᠴᠢᠭᠡᠷᠯᠡᠭᠦᠯᠬᠦ ᠶᠢ ᠵᠣᠭᠰᠤᠭᠠᠬᠤ ᠪᠡᠯᠴᠢᠭᠡᠷ ᠢ ᠠᠮᠠᠷᠠᠭᠤᠯᠬᠤ᠂ ᠮᠠᠯ |
ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ ᠵᠡᠷᠭᠡ ᠬᠠᠮᠠᠭᠠᠯᠠᠯᠲᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ |
ᠤᠢ ᠮᠣᠳᠣᠨ ᠤ ᠳᠠᠷᠤᠭ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠡᠳᠦᠷ ᠲᠤᠳᠤᠮ ᠤᠨ ᠬᠠᠮᠢᠶᠠᠷᠤᠯᠲᠠ |
ᠬᠠᠮᠠᠭᠠᠯᠠᠯᠲᠠ ᠶᠢ ᠴᠢᠩᠭᠠᠳᠬᠠᠵᠤ᠂ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ᠂ ᠲᠣᠭᠲᠠᠭᠠᠯ ᠠᠴᠠ ᠵᠥᠷᠢᠴᠡᠨ |
ᠪᠡᠯᠴᠢᠭᠡᠷᠯᠡᠭᠦᠯᠬᠦ ᠶᠢ ᠴᠠᠭᠠᠵᠠᠯᠠᠬᠤ ᠪᠤᠶᠤ ᠪᠡᠯᠴᠢᠭᠡᠷ ᠢ ᠰᠡᠷᠭᠦᠭᠡᠬᠦ ᠬᠤᠭᠤᠴᠠᠭᠠᠨ ᠳᠤ ᠪᠡᠯᠴᠢᠭᠡᠷᠯᠡᠭᠦᠯᠬᠦ᠂ |
ᠳᠤᠷ᠎ᠠ ᠪᠠᠷ ᠢᠶᠠᠨ ᠮᠠᠯᠲᠠᠵᠤ ᠤᠬᠤᠬᠤ᠂ ᠳᠤᠷ᠎ᠠ ᠪᠠᠷ ᠢᠶᠠᠨ ᠬᠠᠭᠠᠯᠪᠤᠷᠢᠯᠠᠨ ᠡᠵᠡᠯᠡᠬᠦ᠂ ᠳᠤᠷ᠎ᠠ ᠪᠠᠷ ᠢᠶᠠᠨ ᠴᠠᠪᠴᠢᠵᠤ |
ᠳᠤᠷ᠎ᠠ ᠪᠠᠷ ᠢᠶᠠᠨ ᠣᠭᠲᠣᠯᠬᠤ ᠵᠡᠷᠭᠡ ᠠᠵᠢᠯᠯᠠᠭ᠎ᠠ ᠶᠢ ᠦᠨᠡᠨ ᠬᠦ ᠵᠣᠭᠰᠤᠭᠠᠬᠤ ᠬᠡᠷᠡᠭᠲᠡᠢ᠃ |
ᠭᠤᠷᠪᠠ᠂ ᠡᠯ᠎ᠡ ᠭᠠᠵᠠᠷ ᠤᠨ ᠬᠢᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ |
ᠴᠠᠭᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠤᠭᠰᠠᠨ ᠢᠨᠵᠧᠨᠧᠷᠢᠩ ᠤᠨ ᠨᠡᠭᠡᠭᠡᠯᠲᠡ ᠬᠢᠬᠦ ᠳᠦᠷᠢᠮ ᠢ ᠴᠢᠩᠭ᠎ᠠ |
ᠨᠠᠶᠢᠳᠠᠪᠤᠷᠢᠵᠢᠭᠤᠯᠵᠤ᠂ ᠪᠠᠲᠤᠯᠠᠭ᠎ᠠ ᠶᠢᠨ ᠴᠢᠨᠠᠷᠲᠠᠢ ᠰᠢᠨ᠎ᠡ ᠡᠨᠧᠷᠭᠢ ᠶᠢᠨ ᠵᠢᠭᠠᠯᠲᠠ ᠲᠤᠭ᠎ᠠ ᠪᠠᠷ ᠬᠥᠲᠥᠯᠥᠮᠵᠢ |
ᠪᠤᠯᠭᠠᠵᠤ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠡᠭᠦᠷᠭᠡ ᠪᠠ ᠰᠢᠨ᠎ᠡ ᠡᠨᠧᠷᠭᠢ ᠶᠢ ᠨᠡᠭᠡᠭᠡᠬᠦ ᠬᠡᠪᠴᠢᠶ᠎ᠡ |
ᠵᠢᠴᠢ ᠪᠦᠲᠦᠭᠡᠨ ᠪᠠᠶᠢᠭᠤᠯᠤᠯᠲᠠ ᠶᠢᠨ ᠠᠶᠢᠵᠠᠮ ᠢ ᠨᠢᠭᠡ ᠴᠣᠭᠴᠠᠵᠢᠭᠤᠯᠤᠨ ᠲᠥᠯᠥᠪᠵᠢᠭᠦᠯᠵᠦ᠂ ᠡᠯᠡᠰᠦᠷᠬᠡᠭᠵᠢᠯ ᠢ |
ᠰᠡᠷᠭᠡᠶᠢᠯᠡᠨ ᠡᠯᠡᠰᠦ ᠶᠢ ᠵᠠᠰᠠᠬᠤ ᠪᠦᠲᠦᠭᠡᠨ ᠪᠠᠶᠢᠭᠤᠯᠤᠯᠲᠠ ᠶᠢᠨ ᠣᠷᠣᠭᠤᠯᠤᠯᠲᠠ ᠶᠢᠨ ᠡᠷᠴᠢᠮ ᠢ ᠰᠢᠨᠵᠢᠯᠡᠬᠦ |
ᠤᠬᠠᠭᠠᠨᠴᠢ ᠪᠠᠷ ᠲᠣᠭᠲᠠᠭᠠᠬᠤ ᠭᠡᠷᠡᠭᠲᠡᠶ︔ ᠭᠠᠵᠠᠷ ᠰᠢᠷᠣᠢ ᠶᠢᠨ ᠡᠵᠡᠩᠨᠡᠯᠲᠡ ᠶᠢᠨ ᠡᠷᠬᠡ ᠶᠢ ᠰᠢᠯᠵᠢᠭᠦᠯᠦᠨ |
ᠲᠦᠷᠢᠶᠡᠰᠦᠯᠡᠭᠦᠯᠦᠭᠰᠡᠨ ᠰᠦᠢᠳᠬᠡᠯ ᠢ ︽ᠤᠨᠠᠯᠲᠠ ᠪᠠᠷ ᠲᠦᠷᠢᠶᠡᠰᠦᠨ ᠮᠥᠩᠭᠦ ᠶᠢ ᠲᠣᠭᠲᠠᠭᠠᠬᠤ︾ ᠭᠡᠯᠪᠡᠷᠢ ᠪᠠᠷ |
ᠵᠦᠢ ᠵᠣᠬᠢᠰᠲᠠᠢ ᠲᠣᠭᠲᠠᠭᠠᠨ᠎ᠠ᠃ ᠰᠢᠨ᠎ᠡ ᠡᠨᠧᠷᠭᠢ ᠶᠢᠨ ᠠᠵᠤ ᠠᠬᠤᠶᠢᠯᠠᠯ ᠲᠦᠷᠦᠭᠦᠯᠡᠨ ᠬᠢᠬᠦ ᠶᠢ ᠵᠣᠷᠢᠭᠵᠢᠭᠤᠯᠵᠤ᠂ |
ᠰᠢᠨ᠎ᠡ ᠡᠨᠧᠷᠭᠢ ᠶᠢᠨ ᠲᠣᠨᠤᠭ ᠲᠥᠬᠦᠭᠡᠷᠦᠮᠵᠢ ᠦᠢᠯᠡᠳᠬᠦ᠂ ᠠᠮᠢ ᠠᠬᠤᠢ ᠶᠢ ᠵᠠᠰᠠᠬᠤ ᠠᠵᠤ ᠠᠬᠤᠶᠢᠯᠠᠯ ᠵᠢᠴᠢ |
ᠠᠶᠢᠮᠠᠭ ᠬᠤᠲᠠ ᠶᠢᠨ ᠬᠤᠯᠪᠣᠭᠳᠠᠯ ᠪᠦᠬᠦᠢ ᠠᠵᠤ ᠠᠬᠤᠶᠢᠯᠠᠯ ᠲᠠᠢ ᠬᠤᠯᠪᠤᠭᠠᠯᠠᠨ ᠬᠤᠯᠪᠣᠭᠠᠲᠤ ᠴᠣᠭᠴᠠ |
ᠪᠠᠶᠢᠭᠤᠯᠵᠤ᠂ ᠬᠤᠯᠪᠣᠭᠠᠲᠤ ᠴᠣᠭᠴᠠ ᠶᠢᠨ ᠳᠣᠲᠣᠭᠠᠳᠤ ᠳᠤ ᠲᠣᠨᠤᠭ ᠲᠥᠬᠦᠭᠡᠷᠦᠮᠵᠢ᠂ ᠮᠠᠲ᠋ᠧᠷᠢᠶᠠᠯ᠂ ᠣᠶ ᠰᠢᠭᠤᠢ |
ᠡᠪᠡᠰᠦᠨ ᠤ ᠦᠷ᠎ᠡ ᠴᠢᠬᠢ ᠵᠡᠷᠭᠡ ᠶᠢ ᠵᠠᠬᠢᠶᠠᠯᠠᠭ᠎ᠠ ᠶᠢᠨ ᠮᠠᠶ᠋ᠢᠭ ᠢᠶᠠᠷ ᠬᠤᠳᠠᠯᠳᠤᠨ ᠠᠪᠬᠤ ᠪᠠ ᠡᠯᠡᠰᠦᠷᠬᠡᠭᠵᠢᠭᠰᠡᠨ |
ᠭᠠᠵᠠᠷ ᠰᠢᠷᠣᠢ ᠶᠢ ᠵᠠᠰᠠᠬᠤ ᠶᠢ ᠨᠠᠶᠢᠳᠠᠵᠤ ᠪᠦᠲᠦᠭᠡᠨ ᠪᠠᠶᠢᠭᠤᠯᠬᠤ ᠶᠢ ᠰᠦᠪᠡᠭᠴᠢᠯᠡᠵᠦ᠂ ᠭᠠᠵᠠᠷ ᠰᠢᠷᠣᠢ |
ᠨᠥᠭᠡᠴᠡᠯᠡᠬᠦ ᠶᠢ ᠵᠣᠬᠢᠬᠤ ᠬᠡᠮᠵᠢᠶ᠎ᠡ ᠪᠠᠷ ᠤᠷᠢᠳᠴᠢᠯᠠᠨ ᠰᠠᠶᠢᠲᠤᠷ ᠬᠢᠨ᠎ᠡ᠃ ᠡᠯᠡᠰᠦᠷᠬᠡᠭᠵᠢᠭᠰᠡᠨ ᠭᠠᠵᠠᠷ ᠰᠢᠷᠣᠢ ᠶᠢ |
ᠵᠠᠰᠠᠬᠤ ᠶᠢᠨ ᠪᠦᠭᠦ ᠦᠶᠡᠯᠡᠯ ᠤᠨ ᠬᠤᠭᠤᠴᠠᠭᠠᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠪᠦᠲᠦᠭᠡᠨ |
ᠪᠠᠶᠢᠭᠤᠯᠬᠤ᠂ ᠬᠠᠮᠢᠶᠠᠷᠬᠤ᠂ ᠠᠷᠠᠴᠢᠯᠠᠨ ᠬᠠᠮᠠᠭᠠᠯᠠᠬᠤ ᠡᠯ᠎ᠡ ᠲᠠᠯ᠎ᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ |
ᠪᠣᠳᠠᠲᠠᠶᠢᠵᠢᠭᠤᠯᠤᠨ᠂ ᠵᠠᠰᠠᠭᠰᠠᠨ ᠦᠷ᠎ᠡ ᠪᠦᠲᠦᠮᠵᠢ ᠶᠢ ᠦᠨᠡᠯᠡᠬᠦ ᠶᠢ ᠲᠣᠭᠲᠠᠮᠠᠯ ᠬᠤᠭᠤᠴᠠᠭ᠎ᠠ ᠲᠠᠢ ᠪᠠᠷ |
ᠥᠷᠨᠢᠭᠦᠯᠬᠦ ᠶᠢᠨ ᠬᠠᠮᠲᠤ ᠦᠨᠡᠯᠡᠭᠰᠡᠨ ᠦᠷ᠎ᠡ ᠳ᠋ᠦᠩ ᠢ ᠨᠡᠶᠢᠭᠡᠮ ᠳᠤ ᠢᠯᠡ ᠪᠤᠯᠭᠠᠵᠤ᠂ ᠭᠡᠷ᠎ᠡ ᠶᠢ ᠭᠦᠢᠴᠡᠳᠬᠡᠬᠦ |
ᠲᠤᠬᠠᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠭᠡᠷ᠎ᠡ ᠠᠴᠠ ᠵᠥᠷᠢᠴᠡᠭᠰᠡᠨ ᠭᠤᠣᠯ ᠴᠣᠭᠴᠠ ᠶᠢ ᠰᠢᠢᠳᠪᠦᠷᠢᠯᠡᠬᠦ |
ᠲᠣᠭᠲᠠᠴᠠ ᠶᠢ ᠨᠠᠶᠢᠳᠠᠪᠤᠷᠢᠵᠢᠭᠤᠯᠤᠨ᠎ᠠ᠃ |
ᠳᠥᠷᠪᠡ᠂ ᠡᠯ᠎ᠡ ᠭᠠᠵᠠᠷ ᠤᠨ ᠬᠢᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠭᠡᠯᠪᠡᠷᠢ ᠪᠠᠷ |
ᠳᠠᠮᠵᠢᠭᠤᠯᠤᠨ ᠵᠠᠰᠠᠯᠲᠠ ᠶᠢᠨ ᠭᠤᠣᠯ ᠴᠣᠭᠴᠠ ᠶᠢᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠲᠥᠷᠥᠯ |
ᠵᠦᠢᠯ ᠢ ᠲᠣᠭᠲᠠᠭᠠᠵᠤ᠂ ᠵᠠᠰᠠᠬᠤ ᠳᠦᠷᠢᠮ ᠪᠣᠯᠣᠨ ᠪᠠᠷᠢᠮᠵᠢᠶ᠎ᠠ ᠪᠠᠨ ᠤᠷᠢᠳᠴᠢᠯᠠᠨ ᠲᠣᠳᠣᠷᠬᠠᠶᠢᠯᠠᠵᠤ᠂ |
ᠳᠠᠭᠠᠭᠠᠴᠢᠯᠠᠯᠲᠠ ᠬᠦᠯᠢᠶᠡᠬᠦ ᠦᠨ᠎ᠡ ᠬᠠᠩᠰᠢ ᠶᠢᠨ ᠥᠷᠢᠰᠦᠯᠳᠦᠭᠡᠨ ᠤ ᠲᠣᠭᠲᠠᠴᠠ ᠶᠢ ᠣᠷᠣᠭᠤᠯᠵᠤ᠂ |
ᠳᠠᠭᠠᠭᠠᠴᠢᠯᠠᠯᠲᠠ ᠣᠨᠤᠬᠤ ᠭᠤᠣᠯ ᠴᠣᠭᠴᠠ ᠶᠢ ᠬᠠᠷᠢᠴᠠᠭᠤᠯᠤᠨ ᠰᠣᠩᠭᠤᠵᠤ ᠲᠣᠭᠲᠠᠭᠠᠵᠤ ᠪᠤᠯᠤᠨ᠎ᠠ ; |
ᠳᠠᠭᠠᠭᠠᠴᠢᠯᠠᠯᠲᠠ ᠣᠨᠤᠬᠴᠢ ᠠᠴᠠ ᠵᠠᠰᠠᠯᠲᠠ ᠶᠢᠨ ᠲᠥᠰᠥᠯ ᠢ ᠴᠢᠩᠭ᠎ᠠ ᠵᠢᠷᠤᠮᠯᠠᠨ ᠵᠠᠰᠠᠬᠤ ᠬᠡᠷᠡᠭᠲᠡᠢ᠃ |
ᠨᠥᠬᠦᠴᠡᠯ ᠳᠤ ᠨᠡᠶᠢᠴᠡᠬᠦ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ |
ᠪᠠᠶᠢᠭᠤᠯᠤᠯᠲᠠ᠂ ᠰᠢᠶᠠᠩ ᠪᠠᠯᠭᠠᠰᠤᠨ ᠤ ᠠᠵᠤ ᠠᠬᠤᠶᠢᠯᠠᠯ ᠤᠨ ᠳᠠᠭᠠᠭᠠᠴᠢᠯᠠᠯᠲᠠ ᠬᠦᠯᠢᠶᠡᠬᠦ ᠶᠢ ᠳᠡᠮᠵᠢᠵᠦ᠂ |
ᠲᠤᠬᠠᠢ ᠶᠢᠨ ᠭᠠᠵᠠᠷ ᠤᠨ ᠮᠠᠯᠴᠢᠨ ᠲᠠᠷᠢᠶᠠᠴᠢᠨ ᠤ ᠪᠦᠲᠦᠭᠡᠨ ᠪᠠᠶᠢᠭᠤᠯᠤᠯᠲᠠ ᠳᠤ ᠣᠷᠤᠯᠴᠠᠬᠤ ᠶᠢ ᠳᠠᠶᠢᠴᠢᠯᠠᠬᠤ |
ᠬᠡᠷᠡᠭᠲᠡᠢ᠃ ︽ᠤᠷᠢᠳ ᠢᠶᠠᠷ ᠳᠠᠭᠠᠭᠠᠴᠢᠯᠠᠯᠲᠠ ᠵᠠᠷᠯᠠᠵᠤ ᠳᠠᠷᠠᠭ᠎ᠠ ᠨᠢ ᠨᠥᠬᠦᠪᠦᠷᠢᠯᠡᠬᠦ︾ ᠵᠠᠭᠪᠤᠷ ᠢ ᠢᠳᠡᠪᠬᠢᠲᠡᠢ |
ᠰᠦᠪᠡᠭᠴᠢᠯᠡᠵᠦ᠂ ᠤᠯᠤᠰ ᠤᠨ ᠪᠡᠯᠡ ᠣᠷᠣᠭᠤᠯᠤᠯᠲᠠ ᠶᠢᠨ ᠤᠳᠤᠷᠢᠳᠤᠮᠵᠢ ᠳᠤ ᠨᠡᠶᠢᠴᠡᠬᠦ ᠮᠥᠷᠲᠡᠭᠡᠨ ᠨᠢᠭᠡᠨᠲᠡ |
ᠭᠤᠶᠤᠴᠢᠯᠠᠨ ᠮᠡᠳᠡᠭᠦᠯᠵᠦ ᠬᠥᠮᠥᠷᠭᠡ ᠳᠤ ᠣᠷᠣᠭᠤᠯᠤᠭᠰᠠᠨ ᠲᠥᠷᠥᠯ ᠵᠦᠢᠯ ᠳᠤ ᠤᠯᠤᠰ ᠤᠨ ᠪᠡᠯᠡ ᠣᠷᠣᠭᠤᠯᠤᠯᠲᠠ |
ᠶᠢᠨ ᠲᠥᠯᠥᠪᠯᠡᠭᠡ ᠶᠢ ᠪᠠᠭᠤᠯᠭᠠᠬᠤ ᠠᠴᠠ ᠡᠮᠦᠨ᠎ᠡ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠶᠢ |
ᠤᠷᠢᠳ ᠢᠶᠠᠷ ᠵᠣᠬᠢᠶᠠᠨ ᠪᠠᠶᠢᠭᠤᠯᠬᠤ ᠶᠢᠨ ᠬᠠᠮᠲᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠥᠷᠨᠢᠭᠦᠯᠬᠦ ᠶᠢ |
ᠵᠥᠪᠰᠢᠶᠡᠷᠡᠨ᠎ᠡ᠃ |
ᠲᠠᠪᠤ᠂ ︽ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ︾ ᠶᠢ ᠶᠡᠭᠡ ᠪᠠᠷ ᠳᠡᠯᠭᠡᠷᠡᠭᠦᠯᠵᠦ᠂ |
ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠲᠥᠷᠥᠯ ᠵᠦᠢᠯ ᠤᠨ ︽ᠠᠵᠢᠯ ᠣᠯᠭᠤᠬᠤ ᠪᠠᠷ ᠲᠡᠳᠬᠦᠮᠵᠢ ᠶᠢ |
ᠣᠷᠣᠯᠠᠭᠤᠯᠬᠤ︾ ᠭᠦᠳᠡᠯᠮᠦᠷᠢ ᠦᠢᠯᠡᠴᠢᠯᠡᠭᠡᠨ ᠤ ᠬᠥᠯᠥᠰᠦ ᠣᠯᠭᠤᠮᠵᠢ ᠶᠢᠨ ᠬᠡᠪᠴᠢᠶ᠎ᠡ ᠶᠢ ᠲᠥᠷᠥᠯ ᠵᠦᠢᠯ ᠤᠨ |
ᠶᠡᠷᠦᠩᠬᠡᠢ ᠪᠡᠯᠡ ᠣᠷᠣᠭᠤᠯᠤᠯᠲᠠ ᠶᠢᠨ 10% ᠠᠴᠠ ᠳᠣᠣᠷ᠎ᠠ ᠦᠭᠡᠢ ᠪᠠᠶᠢᠯᠭᠠᠬᠤ ᠬᠡᠷᠡᠭᠲᠡᠢ᠃ ᠲᠥᠷᠥᠯ ᠵᠦᠢᠯ ᠤᠨ |
ᠪᠦᠲᠦᠭᠡᠨ ᠪᠠᠶᠢᠭᠤᠯᠤᠯᠲᠠ᠂ ᠰᠡᠭᠦᠯᠴᠢ ᠶᠢᠨ ᠬᠤᠭᠤᠴᠠᠭᠠᠨ ᠤ ᠬᠠᠮᠢᠶᠠᠷᠤᠯᠲᠠ ᠬᠠᠮᠠᠭᠠᠯᠠᠯᠲᠠ ᠵᠡᠷᠭᠡ ᠭᠤᠭᠴᠤᠭ᠎ᠠ ᠶᠢᠨ |
ᠠᠵᠢᠯᠴᠢᠨ ᠬᠡᠷᠡᠭᠯᠡᠬᠦ ᠳᠠᠯᠳᠠ ᠬᠦᠴᠦᠨ ᠢ ᠭᠦᠢᠴᠡᠳ ᠠᠭᠤᠳᠠᠯᠵᠤ᠂ ᠮᠠᠯᠴᠢᠨ ᠲᠠᠷᠢᠶᠠᠴᠢᠳ ᠢ ᠬᠥᠲᠥᠯᠥᠨ |
ᠵᠢᠯᠤᠭᠤᠳᠴᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠳᠤ ᠣᠷᠣᠯᠴᠠᠭᠤᠯᠬᠤ ᠪᠠᠷ ᠳᠠᠮᠵᠢᠭᠤᠯᠤᠨ ᠭᠦᠳᠡᠯᠮᠦᠷᠢ |
ᠦᠢᠯᠡᠴᠢᠯᠡᠭᠡᠨ ᠤ ᠨᠡᠩ ᠣᠯᠠᠨ ᠬᠥᠯᠥᠰᠦ ᠣᠯᠭᠤᠮᠵᠢ ᠣᠯᠭᠤᠨ᠎ᠠ᠃ |
ᠵᠢᠷᠭᠤᠭ᠎ᠠ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠲᠥᠷᠥᠯ ᠵᠦᠢᠯ ᠤᠨ ︽ᠤᠷᠢᠳ ᠢᠶᠠᠷ |
ᠪᠠᠶᠢᠭᠤᠯᠵᠤ ᠳᠠᠷᠠᠭ᠎ᠠ ᠨᠢ ᠨᠥᠬᠦᠪᠦᠷᠢᠯᠡᠬᠦ︾ ᠵᠠᠭᠪᠤᠷ ᠢ ᠰᠦᠪᠡᠭᠴᠢᠯᠡᠵᠦ᠂ ᠬᠤᠰᠢᠭᠤ ᠰᠢᠶᠠᠨ ᠠᠴᠠ ᠭᠤᠶᠤᠴᠢᠯᠠᠵᠤ᠂ |
ᠠᠶᠢᠮᠠᠭ ᠬᠤᠲᠠ ᠠᠴᠠ ᠬᠢᠨᠠᠨ ᠵᠥᠪᠰᠢᠶᠡᠷᠡᠵᠦ᠂ ᠥᠪᠡᠷᠲᠡᠭᠡᠨ ᠵᠠᠰᠠᠬᠤ ᠣᠷᠣᠨ ᠠᠴᠠ ᠬᠢᠨᠠᠨ ᠬᠠᠷᠭᠤᠭᠤᠯᠤᠨ |
ᠳᠠᠩᠰᠠᠯᠠᠭᠤᠯᠤᠭᠰᠠᠨ ᠤ ᠳᠠᠷᠠᠭ᠎ᠠ᠂ ᠵᠠᠰᠠᠯᠲᠠ ᠶᠢᠨ ᠭᠤᠣᠯ ᠴᠣᠭᠴᠠ ᠨᠢ ᠥᠪᠡᠷ ᠲᠡᠭᠡᠨ ᠪᠡᠯᠡ ᠮᠥᠩᠭᠦ ᠴᠤᠭᠯᠠᠭᠤᠯᠵᠤ |
ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠠᠵᠢᠯ ᠢ ᠤᠷᠢᠳ ᠢᠶᠠᠷ ᠥᠷᠨᠢᠭᠦᠯᠵᠦ᠂ ᠰᠡᠭᠦᠯᠴᠢ ᠶᠢᠨ |
ᠬᠤᠭᠤᠴᠠᠭᠠᠨ ᠳᠤ ᠮᠡᠳᠡᠭᠦᠯᠬᠦ ᠲᠥᠷᠥᠯ ᠵᠦᠢᠯ ᠳᠤ ᠣᠷᠣᠭᠤᠯᠵᠤ᠂ ᠪᠦᠲᠦᠭᠡᠨ ᠪᠠᠶᠢᠭᠤᠯᠤᠯᠲᠠ ᠪᠠᠨ ᠪᠡᠶᠡᠯᠡᠭᠦᠯᠵᠦ᠂ |
ᠬᠢᠨᠠᠨ ᠰᠢᠯᠭᠠᠬᠤ ᠪᠠᠷ ᠳᠠᠮᠵᠢᠭᠠᠳ ᠨᠥᠬᠦᠪᠦᠷᠢ ᠶᠢᠨ ᠪᠡᠯᠡ ᠮᠥᠩᠭᠦ ᠶᠢ ᠨᠢ ᠰᠣᠯᠢᠵᠤ ᠥᠭᠴᠦ ᠪᠣᠯᠣᠨ᠎ᠠ᠃ ᠣᠲᠤᠭ |
ᠬᠤᠰᠢᠭᠤ ᠵᠡᠷᠭᠡ ᠭᠠᠵᠠᠷ ᠤᠨ ︽ᠤᠷᠢᠳ ᠢᠶᠠᠷ ᠪᠠᠶᠢᠭᠤᠯᠵᠤ ᠳᠠᠷᠠᠭ᠎ᠠ ᠨᠢ ᠨᠥᠬᠦᠪᠦᠷᠢᠯᠡᠬᠦ︾ ᠵᠠᠭᠪᠤᠷ ᠢ |
ᠲᠡᠭᠦᠯᠳᠡᠷᠵᠢᠭᠦᠯᠬᠦ ᠶᠢ ᠳᠡᠮᠵᠢᠨ᠎ᠡ᠃ |
ᠳᠣᠯᠤᠭ᠎ᠠ᠂ ᠮᠠᠯᠴᠢᠨ ᠲᠠᠷᠢᠶᠠᠴᠢᠳ ᠤᠨ ᠳᠠᠭᠠᠭᠠᠴᠢᠯᠠᠨ ᠡᠵᠡᠩᠨᠡᠭᠰᠡᠨ ᠭᠠᠵᠠᠷ ᠰᠢᠷᠣᠢ ᠳᠡᠭᠡᠷ᠎ᠡ ︽ᠤᠷᠢᠳ ᠢᠶᠠᠷ |
ᠪᠠᠶᠢᠭᠤᠯᠵᠤ ᠳᠠᠷᠠᠭ᠎ᠠ ᠨᠢ ᠨᠥᠬᠦᠪᠦᠷᠢᠯᠡᠬᠦ︾ ᠵᠡᠷᠭᠡ ᠵᠠᠭᠪᠤᠷ ᠢᠶᠠᠷ ᠥᠷᠨᠢᠭᠦᠯᠦᠭᠰᠡᠨ ᠡᠯᠡᠰᠦᠷᠬᠡᠭᠵᠢᠯ ᠢ ᠰᠡᠷᠭᠡᠶᠢᠯᠡᠨ |
ᠡᠯᠡᠰᠦ ᠶᠢ ᠵᠠᠰᠠᠬᠤ ᠲᠥᠷᠥᠯ ᠵᠦᠢᠯ ᠳᠤ᠂ ᠮᠠᠯᠴᠢᠨ ᠲᠠᠷᠢᠶᠠᠴᠢᠳ ᠤᠨ ᠥᠪᠡᠷ ᠲᠡᠭᠡᠨ ᠪᠠᠶᠢᠭᠤᠯᠬᠤ᠂ ᠡᠷᠦᠭᠡ |
ᠬᠤᠯᠪᠤᠭᠠᠯᠠᠨ ᠬᠠᠮᠲᠤᠷᠠᠨ ᠪᠠᠶᠢᠭᠤᠯᠬᠤ᠂ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠠᠵᠤ ᠠᠬᠤᠢ ᠶᠢᠨ |
ᠵᠣᠬᠢᠶᠠᠨ ᠪᠠᠶᠢᠭᠤᠯᠤᠯᠲᠠ ᠪᠠᠶᠢᠭᠤᠯᠬᠤ ᠵᠡᠷᠭᠡ ᠭᠡᠯᠪᠡᠷᠢ ᠪᠠᠷ ᠰᠠᠶᠢᠨ ᠳᠤᠷ᠎ᠠ ᠠᠴᠠ ᠪᠠᠨ ᠮᠡᠳᠡᠭᠦᠯᠬᠦ᠂ ᠪᠡᠶ᠎ᠡ ᠪᠠᠨ |
ᠳᠠᠭᠠᠭᠠᠵᠤ ᠪᠦᠲᠦᠭᠡᠨ ᠪᠠᠶᠢᠭᠤᠯᠬᠤ᠂ ᠮᠠᠯᠴᠢᠨ ᠲᠠᠷᠢᠶᠠᠴᠢᠨ ᠤ ᠥᠪᠡᠷ ᠲᠡᠭᠡᠨ ᠪᠠᠶᠢᠭᠤᠯᠬᠤ ᠵᠡᠷᠭᠡ ᠬᠤᠯᠪᠣᠭᠳᠠᠯ |
ᠪᠦᠬᠦᠢ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢ ︽ᠪᠦᠷᠢᠨ ᠴᠢᠳᠠᠮᠵᠢᠲᠤ ᠺᠠᠷᠲ︾ ᠢᠶᠠᠷ ᠳᠠᠮᠵᠢᠭᠤᠯᠤᠨ |
ᠰᠢᠭᠤᠳ ᠣᠯᠭᠤᠵᠤ ᠪᠣᠯᠣᠨ᠎ᠠ᠃ |
ᠨᠠᠢᠮᠠ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠰᠠᠭᠤᠷᠢ ᠮᠥᠩᠭᠦ ᠶᠢ ᠰᠠᠶᠢᠲᠤᠷ ᠬᠡᠷᠡᠭᠯᠡᠵᠦ᠂ |
ᠵᠠᠰᠠᠭ ᠤᠨ ᠣᠷᠳᠣᠨ ᠤ ᠪᠡᠯᠡ ᠮᠥᠩᠭᠦ ᠶᠢᠨ ᠬᠥᠰᠢᠭᠦᠷᠭᠡ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠡᠯ᠎ᠡ |
ᠲᠥᠷᠥᠯ ᠤᠨ ᠠᠵᠤ ᠠᠬᠤᠶᠢᠯᠠᠯ᠂ ᠨᠡᠶᠢᠭᠡᠮ ᠤᠨ ᠪᠦᠯᠭᠦᠮ᠂ ᠬᠤᠪᠢ ᠬᠥᠮᠥᠨ ᠢ ᠳᠠᠶᠢᠴᠢᠯᠠᠨ ᠵᠣᠭᠤᠰ ᠮᠥᠩᠭᠦ |
ᠬᠠᠨᠳᠢᠪᠯᠡᠵᠤ᠂ ᠰᠠᠭᠤᠷᠢ ᠮᠥᠩᠭᠦ ᠶᠢᠨ ᠬᠡᠪᠴᠢᠶ᠎ᠡ ᠶᠢ ᠥᠷᠭᠡᠳᠬᠡᠨ᠂ ᠠᠵᠢᠯᠯᠠᠭᠠᠨ ᠤ ᠲᠣᠭᠲᠠᠴᠠ ᠪᠣᠯᠣᠨ |
ᠬᠠᠮᠢᠶᠠᠷᠤᠯᠲᠠ ᠶᠢᠨ ᠬᠡᠪ ᠵᠠᠭᠪᠤᠷ ᠢ ᠲᠡᠭᠦᠯᠳᠡᠷᠵᠢᠭᠦᠯᠵᠦ᠂ ᠮᠥᠩᠭᠦ ᠨᠢᠭᠡ ᠪᠦᠷᠢ ᠶᠢ ᠡᠯᠡᠰᠦᠷᠬᠡᠭᠵᠢᠯ ᠢ ᠰᠡᠷᠭᠡᠶᠢᠯᠡᠨ |
ᠡᠯᠡᠰᠦ ᠶᠢ ᠵᠠᠰᠠᠬᠤ ᠳᠤ ᠬᠡᠷᠡᠭᠯᠡᠬᠦ ᠶᠢ ᠦᠨᠡᠨ ᠬᠦ ᠪᠠᠲᠤᠯᠠᠨ᠎ᠠ᠃ |
ᠶᠢᠰᠦ᠂ ᠡᠯ᠎ᠡ ᠭᠠᠵᠠᠷ ᠤᠨ ᠬᠢᠨ ᠤ ᠡᠯ᠎ᠡ ᠲᠥᠷᠥᠯ ᠤᠨ ᠨᠡᠶᠢᠲᠡ ᠶᠢᠨ ᠠᠰᠠᠷᠠᠮᠵᠢ ᠶᠢᠨ ᠵᠣᠬᠢᠶᠠᠨ |
ᠪᠠᠶᠢᠭᠤᠯᠤᠯᠲᠠ ᠶᠢ ᠣᠷᠣᠭᠤᠯᠤᠨ ᠠᠪᠴᠢᠷᠠᠬᠤ ᠶᠢ ᠵᠣᠷᠢᠭᠵᠢᠭᠤᠯᠵᠤ᠂ ᠬᠠᠮᠲᠤᠷᠠᠯᠴᠠᠬᠤ᠂ ᠬᠤᠪᠢ ᠣᠷᠣᠬᠤ᠂ |
ᠳᠠᠭᠠᠭᠠᠴᠢᠯᠠᠬᠤ᠂ ᠨᠡᠷ᠎ᠡ ᠬᠠᠳᠠᠬᠤ᠂ ᠡᠷᠭᠦᠨ ᠲᠡᠵᠢᠭᠡᠬᠦ᠂ ᠬᠠᠨᠳᠤᠯᠭ᠎ᠠ ᠲᠠᠢ ᠪᠠᠷ ᠬᠠᠨᠳᠢᠪᠯᠡᠨ ᠬᠦᠷᠭᠡᠬᠦ ᠵᠡᠷᠭᠡ ᠣᠯᠠᠨ |
ᠵᠦᠢᠯ ᠤᠨ ᠭᠡᠯᠪᠡᠷᠢ ᠶᠢ ᠠᠪᠴᠤ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠦᠲᠦᠭᠡᠨ |
ᠪᠠᠶᠢᠭᠤᠯᠤᠯᠲᠠ ᠳᠤ ᠣᠷᠣᠯᠴᠠᠭᠤᠯᠤᠨ᠎ᠠ᠃ ᠨᠡᠶᠢᠭᠡᠮ ᠤᠨ ᠬᠥᠷᠥᠩᠭᠡ ᠠᠴᠠ ᠪᠡᠯᠡ ᠣᠷᠣᠭᠤᠯᠤᠭᠰᠠᠨ᠂ ᠤᠯᠤᠰ ᠠᠴᠠ |
ᠳᠡᠮᠵᠢᠬᠦ ᠴᠢᠭᠯᠡᠯ ᠳᠤ ᠨᠡᠶᠢᠴᠡᠭᠰᠡᠨ ᠣᠢ ᠰᠢᠭᠤᠢ ᠨᠤᠲᠤᠭ ᠪᠡᠯᠴᠢᠭᠡᠷ ᠤᠨ ᠠᠵᠤ ᠦᠢᠯᠡᠰ ᠤᠨ ᠴᠢᠬᠤᠯᠠ ᠶᠡᠭᠡ |
ᠲᠥᠷᠥᠯ ᠵᠦᠢᠯ ᠳᠤ᠂ ᠵᠠᠰᠠᠯᠲᠠ ᠶᠢᠨ ᠭᠤᠣᠯ ᠴᠣᠭᠴᠠ ᠶᠢ ᠢᠳᠡᠪᠬᠢᠲᠡᠢ ᠪᠠᠷ ᠬᠠᠪᠰᠤᠷᠴᠤ ᠤᠯᠤᠰ ᠠᠴᠠ |
ᠬᠤᠯᠪᠣᠭᠳᠠᠯ ᠪᠦᠬᠦᠢ ᠪᠡᠯᠡ ᠮᠥᠩᠭᠦ ᠶᠢᠨ ᠳᠡᠮᠵᠢᠯᠭᠡ ᠶᠢ ᠲᠡᠮᠡᠴᠡᠨ ᠣᠯᠬᠤ ᠪᠠᠷ ᠴᠢᠷᠮᠠᠶᠢᠨ᠎ᠠ᠃ |
ᠠᠷᠪᠠ᠂ ᠨᠤᠲᠤᠭ ᠪᠡᠯᠴᠢᠭᠡᠷ ᠤᠨ ᠳᠠᠭᠠᠳᠬᠠᠯ ᠤᠨ ᠬᠠᠮᠤᠷᠬᠤ ᠬᠡᠪᠴᠢᠶ᠎ᠡ ᠶᠢ ᠥᠷᠭᠡᠳᠬᠡᠵᠦ᠂ ᠣᠶ ᠰᠢᠭᠤᠢ ᠶᠢᠨ |
ᠳᠠᠭᠠᠳᠬᠠᠯ ᠢ ᠦᠷᠭᠦᠯᠵᠢᠯᠡᠨ ᠰᠠᠶᠢᠲᠤᠷ ᠬᠢᠬᠦ ᠬᠡᠷᠡᠭᠲᠡᠢ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ |
ᠬᠤᠳᠠᠯᠳᠤᠭᠠᠨ ᠤ ᠴᠢᠨᠠᠷᠲᠠᠢ ᠡᠯᠡᠰᠦᠨ ᠤ ᠠᠵᠤ ᠦᠢᠯᠡᠰ ᠤᠨ ᠦᠢᠯᠡᠳᠬᠦᠨ ᠤ ᠳᠠᠭᠠᠳᠬᠠᠯ ᠢ ᠰᠦᠪᠡᠭᠴᠢᠯᠡᠨ ᠨᠡᠭᠡᠭᠡᠨ |
ᠬᠥᠭᠵᠢᠭᠦᠯᠬᠦ ᠶᠢ ᠵᠣᠷᠢᠭᠵᠢᠭᠤᠯᠤᠨ᠎ᠠ᠃ ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ |
ᠵᠣᠷᠢᠭᠵᠢᠭᠤᠯᠤᠨ ᠦᠶᠡᠯᠡᠯ ᠤᠨ ᠬᠤᠭᠤᠴᠠᠭ᠎ᠠ ᠨᠢ ᠤᠷᠳᠤ᠂ ᠬᠦᠦ ᠮᠥᠩᠭᠦ ᠶᠢᠨ ᠨᠣᠷᠮ᠎ᠠ ᠨᠢ ᠳᠣᠣᠷ᠎ᠠ᠂ |
ᠪᠠᠷᠢᠴᠠᠭᠠᠯᠠᠨ ᠳᠠᠨᠵᠢᠯᠠᠭᠰᠠᠨ ᠪᠣᠳᠠᠰ ᠪᠠ ᠵᠢᠭᠡᠯᠡᠯᠭᠡ ᠶᠢ ᠪᠤᠴᠠᠭᠠᠬᠤ ᠭᠡᠯᠪᠡᠷᠢ ᠨᠢ ᠠᠮᠢᠳᠤᠯᠢᠭ ᠮᠥᠩᠭᠦᠨ |
ᠭᠦᠢᠯᠭᠡᠭᠡᠨ ᠤ ᠪᠦᠲᠦᠭᠡᠭᠳᠡᠬᠦᠨ ᠢ ᠨᠡᠭᠡᠭᠡᠨ ᠬᠥᠭᠵᠢᠭᠦᠯᠵᠦ᠂ ᠬᠤᠯᠪᠣᠭᠳᠠᠯ ᠪᠦᠬᠦᠢ ᠠᠮᠢ ᠠᠬᠤᠢ ᠶᠢᠨ ᠠᠵᠤ |
ᠦᠢᠯᠡᠰ ᠤᠨ ᠬᠥᠭᠵᠢᠯᠲᠡ ᠶᠢ ᠳᠡᠮᠵᠢᠨ᠎ᠡ᠃ ᠡᠯ᠎ᠡ ᠭᠠᠵᠠᠷ ᠤᠨ ᠬᠢᠨ ᠢ ᠵᠣᠷᠢᠭᠵᠢᠭᠤᠯᠤᠨ ᠲᠥᠷᠥ ᠶᠢᠨ ᠪᠣᠳᠣᠯᠭ᠎ᠠ ᠶᠢᠨ |
ᠴᠢᠨᠠᠷᠲᠠᠢ ᠵᠢᠭᠡᠯᠡᠯᠭᠡ ᠶᠢ ᠢᠳᠡᠪᠬᠢᠯᠡᠨ ᠣᠯᠵᠤ᠂ ᠡᠯᠡᠰᠦ ᠶᠢ ᠵᠠᠰᠠᠭᠰᠠᠨ ᠠᠰᠢᠭ ᠣᠯᠵᠠᠪᠤᠷᠢ ᠪᠠᠷ ᠵᠢᠭᠡᠯᠡᠯᠭᠡ ᠶᠢ |
ᠪᠤᠴᠠᠭᠠᠬᠤ ᠬᠡᠪ ᠵᠠᠭᠪᠤᠷ ᠢ ᠰᠦᠪᠡᠭᠴᠢᠯᠡᠨ᠎ᠡ᠃ |
ᠠᠷᠪᠠᠨ ᠨᠢᠭᠡ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠠᠵᠤ ᠦᠢᠯᠡᠰ ᠤᠨ ᠬᠥᠭᠵᠢᠯᠲᠡ ᠶᠢ |
ᠨᠢᠭᠡᠳᠦᠯᠲᠡᠢ ᠲᠥᠯᠥᠪᠵᠢᠭᠦᠯᠵᠦ᠂ ᠲᠥᠷᠥ ᠶᠢᠨ ᠪᠣᠳᠣᠯᠭ᠎ᠠ᠂ ᠴᠢᠳᠠᠪᠤᠷᠢᠲᠠᠨ᠂ ᠮᠡᠷᠭᠡᠵᠢᠯ᠂ ᠪᠡᠯᠡ ᠮᠥᠩᠭᠦ ᠵᠡᠷᠭᠡ |
ᠲᠠᠯ᠎ᠠ ᠪᠠᠷ ᠳᠡᠮᠵᠢᠯᠭᠡ ᠦᠵᠡᠭᠦᠯᠭᠦ ᠡᠷᠴᠢᠮ ᠢᠶᠠᠨ ᠴᠢᠩᠭᠠᠷᠠᠭᠤᠯᠵᠤ᠂ ᠣᠶ ᠶᠢᠨ ᠳᠣᠲᠣᠷᠠᠬᠢ ᠠᠵᠤ ᠠᠬᠤᠢ᠂ |
ᠲᠥᠬᠦᠭᠡᠷᠦᠮᠵᠢᠲᠦ ᠲᠠᠷᠢᠶᠠᠯᠠᠩ᠂ ᠬᠠᠰᠢᠶᠠᠯᠠᠨ ᠲᠡᠵᠢᠭᠡᠵᠦ ᠠᠷᠠᠴᠢᠯᠠᠬᠤ ᠶᠢ ᠶᠡᠭᠡ ᠪᠠᠷ ᠬᠥᠭᠵᠢᠭᠦᠯᠦᠨ᠂ ᠣᠨᠴᠠᠯᠢᠭᠲᠤ |
ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠬᠤ ᠬᠡᠷᠡᠭᠲᠡᠢ᠃ ᠠᠵᠤ ᠠᠬᠤᠶᠢᠯᠠᠯ ᠤᠳ ᠢ ᠵᠣᠷᠢᠭᠵᠢᠭᠤᠯᠤᠨ |
ᠡᠯᠡᠰᠦᠨ ᠤᠷᠭᠤᠮᠠᠯ ᠤᠨ ᠠᠵᠤ ᠠᠬᠤᠢ ᠶᠢᠨ ᠥᠷᠲᠡᠭ ᠢ ᠭᠦᠢᠴᠡᠳ ᠠᠭᠤᠳᠠᠯᠵᠤ᠂ ᠠᠵᠤ ᠦᠢᠯᠡᠰ ᠤᠨ ᠬᠡᠯᠬᠢᠶ᠎ᠡ ᠶᠢ |
ᠤᠷᠲᠤᠳᠬᠠᠨ᠂ ᠨᠡᠮᠡᠯᠲᠡ ᠥᠷᠲᠡᠭ ᠢ ᠨᠡᠮᠡᠭᠳᠡᠭᠦᠯᠵᠦ᠂ ᠮᠠᠯᠴᠢᠨ ᠲᠠᠷᠢᠶᠠᠴᠢᠳ ᠤᠨ ᠣᠷᠣᠯᠭ᠎ᠠ ᠪᠠᠨ ᠨᠡᠮᠡᠭᠳᠡᠭᠦᠯᠬᠦ ᠶᠢ |
ᠳᠠᠶᠢᠴᠢᠯᠠᠨ᠎ᠠ᠃ |
ᠠᠷᠪᠠᠨ ᠬᠤᠶᠠᠷ᠂ ᠨᠡᠭᠦᠷᠡᠰᠦᠲᠥ᠋ᠷᠥᠭᠴᠢ ᠬᠤᠷᠠᠮᠳᠤᠭᠤᠯᠵᠤ ᠣᠶᠢᠵᠢᠭᠤᠯᠬᠤ ᠶᠢ ᠢᠳᠡᠪᠬᠢᠲᠡᠢ ᠳᠡᠯᠭᠡᠷᠡᠭᠦᠯᠵᠦ᠂ |
ᠨᠡᠭᠦᠷᠡᠰᠦᠲᠥ᠋ᠷᠥᠭᠴᠢ ᠶᠢᠨ ᠲᠦᠭᠡᠮᠡᠯ ᠬᠠᠷᠠᠭᠠᠯᠵᠠᠯᠲᠤ ᠲᠣᠭᠲᠠᠴᠠ ᠳᠣᠣᠷ᠎ᠠ ᠣᠶ ᠰᠢᠭᠤᠢ ᠡᠪᠡᠰᠦ ᠪᠡᠯᠴᠢᠭᠡᠷ ᠤᠨ |
ᠨᠡᠭᠦᠷᠡᠰᠦᠲᠥ᠋ᠷᠥᠭᠴᠢ ᠬᠤᠷᠠᠮᠳᠤᠭᠤᠯᠬᠤ ᠪᠦᠲᠦᠭᠡᠭᠳᠡᠬᠦᠨ ᠢ ᠰᠢᠩᠭᠡᠭᠡᠬᠦ ᠠᠷᠭ᠎ᠠ ᠵᠠᠮ ᠢ ᠥᠷᠭᠡᠳᠬᠡᠨ᠂ ᠠᠵᠤ |
ᠠᠬᠤᠶᠢᠯᠠᠯ ᠠᠵᠢᠯ ᠦᠢᠯᠡᠰ ᠤᠨ ᠨᠢᠭᠡᠴᠢ ᠶᠢ ᠵᠣᠷᠢᠭᠵᠢᠭᠤᠯᠤᠨ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠣᠶ ᠶᠢ |
ᠪᠤᠶ ᠪᠤᠯᠭᠠᠬᠤ ᠵᠡᠷᠭᠡ ᠭᠡᠯᠪᠡᠷᠢ ᠪᠠᠷ ᠳᠠᠮᠵᠢᠭᠤᠯᠤᠨ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ |
ᠪᠦᠲᠦᠭᠡᠨ ᠪᠠᠶᠢᠭᠤᠯᠤᠯᠲᠠ ᠳᠤ ᠣᠷᠣᠯᠴᠠᠭᠤᠯᠵᠤ᠂ ᠪᠠᠭ᠎ᠠ ᠨᠡᠭᠦᠷᠡᠰᠦᠲᠥ᠋ᠷᠥᠭᠴᠢᠲᠦ ᠨᠡᠭᠦᠷᠡᠰᠦᠲᠥ᠋ᠷᠥᠭᠴᠢ ᠦᠯᠦ |
ᠭᠠᠳᠠᠭᠰᠢᠯᠠᠭᠤᠯᠬᠤ ᠪᠠᠶᠢᠭᠤᠯᠭ᠎ᠠ᠂ ᠬᠦᠷᠢᠶᠡᠯᠡᠩ ᠲᠣᠭᠤᠷᠢᠭ ᠢ ᠪᠤᠶ ᠪᠤᠯᠭᠠᠨ᠎ᠠ︔ ᠠᠵᠤ ᠠᠬᠤᠶᠢᠯᠠᠯ ᠤᠨ ᠤᠯᠤᠰ ᠤᠨ |
ᠬᠢᠨᠠᠨ ᠵᠥᠪᠰᠢᠶᠡᠷᠡᠭᠰᠡᠨ ᠰᠠᠶᠢᠨ ᠳᠤᠷ᠎ᠠ ᠠᠴᠠ ᠪᠠᠨ ᠭᠠᠳᠠᠭᠰᠢᠯᠠᠭᠤᠯᠤᠯᠲᠠ ᠶᠢᠨ ᠬᠡᠮᠵᠢᠶ᠎ᠡ ᠶᠢ ᠪᠠᠭᠠᠰᠬᠠᠬᠤ ︵ |
CCER︶ ᠨᠡᠭᠦᠷᠡᠰᠦᠲᠥ᠋ᠷᠥᠭᠴᠢ ᠬᠤᠷᠠᠮᠳᠤᠭᠤᠯᠬᠤ ᠲᠥᠷᠥᠯ ᠵᠦᠢᠯ ᠢᠶᠠᠷ ᠣᠶᠢᠵᠢᠭᠤᠯᠬᠤ ᠶᠢ ᠳᠡᠮᠵᠢᠵᠦ᠂ ᠨᠢᠭᠡ |
ᠪᠦᠯᠦᠭ ᠨᠡᠭᠦᠷᠡᠰᠦᠲᠥ᠋ᠷᠥᠭᠴᠢ ᠬᠤᠷᠠᠮᠳᠤᠭᠤᠯᠬᠤ ᠣᠶ ᠶᠢᠨ ᠲᠤᠷᠰᠢᠯᠲᠠ ᠶᠢᠨ ᠴᠡᠭ ᠤᠨ ᠵᠢᠱᠢᠶ᠎ᠡ ᠦᠵᠡᠭᠦᠯᠭᠦ |
ᠰᠠᠭᠤᠷᠢᠨ ᠢ ᠪᠤᠶ ᠪᠣᠯᠭᠠᠨ᠎ᠠ᠃ |
ᠠᠷᠪᠠᠨ ᠭᠤᠷᠪᠠ᠂ ︽ᠤᠮᠠᠷᠠᠲᠤ ᠶᠢᠨ ᠭᠤᠷᠪᠠᠨ ᠣᠷᠣᠨ︾ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ |
ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠳᠤ ᠠᠷᠠᠳ ᠤᠨ ᠪᠠᠩᠬᠢ ᠶᠢᠨ ᠲᠤᠰᠬᠠᠢ ᠬᠡᠷᠡᠭᠯᠡᠬᠦ |
ᠪᠡᠯᠡ ᠮᠥᠩᠭᠦ ᠶᠢᠨ ᠳᠠᠩᠰᠠᠨ ᠡᠷᠦᠭᠡ ᠶᠢᠨ ᠬᠠᠮᠢᠶᠠᠷᠤᠯᠲᠠ ᠶᠢ ᠬᠡᠷᠡᠭᠵᠢᠭᠦᠯᠵᠦ᠂ ᠪᠡᠯᠡ ᠮᠥᠩᠭᠦ ᠶᠢ ᠲᠤᠰᠠᠭᠠᠷ ᠰᠠᠯᠭᠠᠨ |
ᠥᠭᠬᠦ ᠲᠣᠭᠲᠠᠴᠠ ᠶᠢ ᠪᠠᠶᠢᠭᠤᠯᠵᠤ᠂ ᠲᠤᠰᠬᠠᠢ ᠵᠣᠭᠤᠰ ᠢ ᠲᠤᠰᠬᠠᠢ ᠵᠦᠢᠯ ᠳᠤᠨᠢ ᠬᠡᠷᠡᠭᠯᠡᠬᠦ ᠶᠢ ᠦᠨᠡᠨ ᠬᠦ |
ᠪᠠᠲᠤᠯᠠᠬᠤ ᠬᠡᠷᠡᠭᠲᠡᠢ᠃ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠳᠤ ᠤᠯᠤᠰ ᠤᠨ ᠥᠮᠴᠢᠯᠡᠯ ᠤᠨ ᠣᠶ |
ᠰᠢᠭᠤᠢ ᠶᠢᠨ ᠲᠠᠯᠠᠪᠠᠶ ᠶᠢᠨ ᠭᠤᠣᠯ ᠵᠢᠭᠰᠠᠭᠠᠯ ᠤᠨ ᠭᠠᠵᠠᠷ ᠤᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠦᠷ᠎ᠡ ᠪᠠ |
ᠴᠢᠬᠢ ᠮᠣᠳᠣ ᠶᠢ ᠪᠠᠲᠤᠯᠠᠬᠤ ᠪᠠ ᠵᠠᠰᠠᠬᠤ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ |
ᠪᠠᠲᠤᠯᠠᠭ᠎ᠠ ᠶᠢᠨ ᠴᠢᠨᠠᠷᠲᠠᠢ ᠴᠢᠬᠢ ᠮᠣᠳᠣᠨ ᠤ ᠬᠦᠷᠢᠶᠡᠯᠡᠩ ᠪᠣᠯᠣᠨ ᠨᠤᠲᠤᠭ ᠤᠨ ᠡᠪᠡᠰᠦᠨ ᠦᠷ᠎ᠡ ᠶᠢ |
ᠦᠷᠡᠵᠢᠭᠦᠯᠦᠨ ᠪᠤᠶᠢᠵᠢᠭᠤᠯᠬᠤ ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠬᠦ ᠬᠡᠷᠡᠭᠲᠡᠢ᠄ ᠭᠠᠵᠠᠷ |
ᠣᠷᠣᠨ ᠤ ᠪᠠᠶᠢᠳᠠᠯ ᠳᠠᠭᠠᠨ ᠲᠣᠬᠢᠷᠠᠭᠤᠯᠤᠨ᠂ ᠲᠤᠬᠠᠢ ᠶᠢᠨ ᠭᠠᠵᠠᠷ ᠣᠶᠢᠷ᠎ᠠ ᠬᠠᠪᠢ ᠠᠴᠠ ᠪᠠᠨ ᠮᠠᠲ᠋ᠧᠷᠢᠶᠠᠯ ᠠᠪᠴᠤ᠂ |
ᠡᠯᠡᠰᠦ ᠶᠢ ᠵᠠᠰᠠᠬᠤ ᠥᠪᠡᠷ ᠤᠨ ᠥᠷᠲᠡᠭ ᠢ ᠦᠨᠡᠨ ᠬᠦ ᠪᠠᠭᠤᠷᠠᠭᠤᠯᠬᠤ ᠬᠡᠷᠡᠭᠲᠡᠢ᠃ ᠡᠯᠡᠰᠦᠷᠬᠡᠭᠵᠢᠯ ᠢ ᠰᠡᠷᠭᠡᠶᠢᠯᠡᠨ |
ᠡᠯᠡᠰᠦ ᠶᠢ ᠵᠠᠰᠠᠬᠤ ᠢᠨᠵᠧᠨᠧᠷᠢᠩ ᠤᠨ ᠤᠰᠤ ᠬᠡᠷᠡᠭᠯᠡᠬᠦ᠂ ᠭᠠᠵᠠᠷ ᠰᠢᠷᠣᠢ ᠬᠡᠷᠡᠭᠯᠡᠬᠦ᠂ ᠴᠠᠭᠢᠯᠭᠠᠨ ᠬᠡᠷᠡᠭᠯᠡᠬᠦ ᠵᠡᠷᠭᠡ |
ᠬᠡᠷᠡᠭᠴᠡᠭᠡ ᠶᠢ ᠡᠩ ᠲᠡᠷᠢᠭᠦᠨ ᠳᠤ ᠪᠠᠲᠤᠯᠠᠬᠤ ᠬᠡᠷᠡᠭᠲᠡᠢ᠃ ᠨᠥᠬᠦᠴᠡᠯ ᠲᠠᠢ ᠭᠠᠵᠠᠷ ᠣᠷᠣᠨ ᠢ ᠵᠣᠷᠢᠭᠵᠢᠭᠤᠯᠤᠨ |
ᠬᠤᠪᠠᠭ᠋ᠠᠢ ᠡᠯᠡᠰᠦᠷᠬᠡᠭ ᠭᠠᠵᠠᠷ᠂ ᠲᠠᠴᠢᠷᠳᠠᠭᠰᠠᠨ ᠣᠶᠢᠲᠤ ᠭᠠᠵᠠᠷ ᠪᠣᠯᠣᠨ ᠲᠠᠴᠢᠷᠳᠠᠭᠰᠠᠨ᠂ ᠡᠯᠡᠰᠦᠷᠬᠡᠭᠵᠢᠭᠰᠡᠨ᠂ |
ᠬᠤᠵᠢᠷᠰᠢᠭᠰᠠᠨ ᠨᠤᠲᠤᠭ ᠪᠡᠯᠴᠢᠭᠡᠷ ᠢ ᠬᠤᠳᠠᠯᠳᠤᠨ ᠠᠪᠴᠤ ᠨᠥᠭᠡᠴᠡᠯᠡᠬᠦ ᠲᠣᠭᠲᠠᠴᠠ ᠶᠢ ᠰᠦᠪᠡᠭᠴᠢᠯᠡᠨ |
ᠪᠠᠶᠢᠭᠤᠯᠵᠤ᠂ ᠬᠡᠪᠴᠢᠶᠡᠵᠢᠭᠦᠯᠦᠨ ᠵᠠᠰᠠᠬᠤ ᠶᠢ ᠥᠷᠨᠢᠭᠦᠯᠬᠦ ᠬᠡᠷᠡᠭᠲᠡᠢ᠃ |
ᠠᠷᠪᠠᠨ ᠳᠥᠷᠪᠡ᠂ ᠡᠯ᠎ᠡ ᠭᠠᠵᠠᠷ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠡᠯᠡᠰᠦᠷᠬᠡᠭᠵᠢᠯ ᠢ ᠰᠡᠷᠭᠡᠶᠢᠯᠡᠨ |
ᠡᠯᠡᠰᠦ ᠶᠢ ᠵᠠᠰᠠᠬᠤ ᠠᠷᠭ᠎ᠠ ᠬᠡᠮᠵᠢᠶ᠎ᠡ ᠠᠪᠤᠭᠰᠠᠨ ᠦᠭᠡᠢ ᠪᠤᠶᠤ ᠠᠷᠭ᠎ᠠ ᠬᠡᠮᠵᠢᠶ᠎ᠡ ᠠᠪᠤᠭᠰᠠᠨ ᠢᠶᠠᠷ ᠬᠦᠴᠦᠨ ᠦᠭᠡᠢ |
ᠨᠢᠭᠡᠴᠢ ᠪᠣᠯᠣᠨ ᠬᠤᠪᠢ ᠬᠥᠮᠥᠨ ᠳᠤ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠵᠠᠰᠠᠭᠤᠯᠬᠤ᠂ |
ᠵᠣᠭᠤᠰ ᠢᠶᠠᠷ ᠲᠣᠷᠭᠠᠬᠤ᠂ ᠤᠯᠤᠰ ᠤᠨ ᠥᠮᠴᠢᠯᠡᠯ ᠤᠨ ᠭᠠᠵᠠᠷ ᠰᠢᠷᠣᠢ ᠶᠢᠨ ᠬᠡᠷᠡᠭᠯᠡᠬᠦ ᠡᠷᠬᠡ ᠶᠢ ᠨᠢ ᠡᠭᠡᠭᠦᠯᠦᠨ |
ᠬᠤᠷᠢᠶᠠᠨ ᠠᠪᠬᠤ ᠵᠡᠷᠭᠡ ᠠᠷᠭ᠎ᠠ ᠬᠡᠮᠵᠢᠶ᠎ᠡ ᠶᠢ ᠬᠠᠤᠯᠢ ᠲᠣᠭᠲᠠᠭᠠᠯ ᠶᠣᠰᠣᠭᠠᠷ ᠬᠡᠷᠡᠭᠵᠢᠭᠦᠯᠬᠦ ᠭᠡᠷᠡᠭᠲᠡᠶ︔ |
ᠡᠵᠡᠩᠨᠡᠯᠲᠡ ᠶᠢᠨ ᠡᠷᠬᠡ ᠶᠢ ᠰᠢᠯᠵᠢᠭᠦᠯᠦᠭᠰᠡᠨ ᠭᠡᠷ᠎ᠡ ᠲᠣᠭᠲᠠᠴᠢᠬᠠᠭᠠᠳ ᠵᠠᠰᠠᠬᠤ ᠶᠣᠰᠣᠲᠠᠢ ᠪᠠᠶᠢᠲᠠᠯ᠎ᠠ ᠵᠠᠰᠠᠭᠰᠠᠨ |
ᠦᠭᠡᠢ ᠪᠤᠶᠤ ᠬᠡᠷᠡᠭᠴᠡᠭᠡ ᠶᠢ ᠨᠢ ᠬᠤᠪᠢᠷᠠᠭᠤᠯᠤᠭᠰᠠᠨ ᠪᠣᠯ ᠬᠠᠤᠯᠢ ᠶᠣᠰᠣᠭᠠᠷ ᠭᠡᠷ᠎ᠡ ᠶᠢ ᠨᠢ ᠵᠣᠭᠰᠣᠭᠠᠵᠤ᠂ ᠭᠠᠵᠠᠷ |
ᠰᠢᠷᠣᠢ ᠶᠢ ᠨᠢ ᠬᠤᠷᠢᠶᠠᠨ ᠠᠪᠬᠤ ᠬᠡᠷᠡᠭᠲᠡᠢ᠃ ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ᠂ |
ᠪᠡᠯᠴᠢᠭᠡᠷᠯᠡᠭᠦᠯᠬᠦ ᠶᠢ ᠵᠣᠭᠰᠤᠭᠠᠬᠤ ᠪᠡᠯᠴᠢᠭᠡᠷ ᠢ ᠠᠮᠠᠷᠠᠭᠤᠯᠬᠤ ᠳᠦᠷᠢᠮ ᠢ ᠰᠠᠶᠢᠲᠤᠷ ᠨᠠᠶᠢᠳᠠᠪᠤᠷᠢᠵᠢᠭᠤᠯᠤᠭᠰᠠᠨ |
ᠦᠭᠡᠢ ᠨᠢᠭᠡᠴᠢ ᠪᠠ ᠬᠤᠪᠢ ᠬᠥᠮᠥᠨ ᠳᠤ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ |
ᠱᠠᠩᠨᠠᠯ ᠤᠨ ᠪᠡᠯᠡ ᠮᠥᠩᠭᠦ ᠠᠴᠠ ᠨᠢ ᠰᠠᠭᠤᠯᠭᠠᠨ ᠠᠪᠴᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ |
ᠣᠷᠣᠨ ᠤ ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ ᠪᠠ ᠪᠡᠯᠴᠢᠭᠡᠷᠯᠡᠭᠦᠯᠬᠦ ᠶᠢ ᠵᠣᠭᠰᠤᠭᠠᠬᠤ ᠪᠡᠯᠴᠢᠭᠡᠷ ᠢ |
ᠠᠮᠠᠷᠠᠭᠤᠯᠬᠤ ᠳᠦᠷᠢᠮ︾ ᠵᠡᠷᠭᠡ ᠲᠣᠭᠲᠠᠭᠠᠯ ᠠᠴᠠ ᠵᠥᠷᠢᠴᠡᠭᠰᠡᠨ ᠪᠠᠶᠢᠪᠠᠯ᠂ ᠬᠠᠤᠯᠢ ᠲᠣᠭᠲᠠᠭᠠᠯ ᠶᠣᠰᠣᠭᠠᠷ |
ᠵᠣᠭᠤᠰ ᠢᠶᠠᠷ ᠲᠣᠷᠭᠠᠵᠤ᠂ ᠬᠤᠭᠤᠴᠠᠭ᠎ᠠ ᠲᠣᠭᠲᠠᠭᠠᠨ ᠤᠤᠯ ᠪᠠᠶᠢᠳᠠᠯ ᠢ ᠨᠢ ᠰᠡᠷᠭᠦᠭᠡᠵᠦ᠂ ᠬᠤᠭᠤᠴᠠᠭ᠎ᠠ |
ᠲᠣᠭᠲᠠᠭᠠᠨ ᠵᠠᠯᠠᠷᠠᠭᠤᠯᠬᠤ ᠵᠡᠷᠭᠡ ᠰᠢᠢᠳᠬᠡᠯ ᠲᠣᠷᠭᠠᠭᠤᠯᠢ ᠥᠭᠬᠦ ᠬᠡᠷᠡᠭᠲᠡᠢ᠃ ᠥᠪᠡᠷ ᠢᠶᠠᠨ ᠵᠠᠰᠠᠵᠤ ᠳᠡᠶᠢᠯᠭᠦ ᠦᠭᠡᠢ |
ᠮᠥᠷᠲᠡᠭᠡᠨ ᠪᠤᠰᠤᠳ ᠲᠤ ᠨᠠᠶᠢᠳᠠᠵᠤ ᠵᠠᠰᠠᠭᠤᠯᠬᠤ ᠦᠭᠡᠢ ᠪᠤᠶᠤ ᠬᠠᠮᠲᠤ ᠪᠠᠷ ᠵᠠᠰᠠᠬᠤ ᠳᠤ ᠬᠠᠮᠵᠢᠯᠴᠠᠬᠤ ᠦᠭᠡᠢ |
ᠨᠢᠭᠡᠴᠢ ᠪᠠ ᠬᠤᠪᠢ ᠬᠥᠮᠥᠨ ᠢ ᠬᠠᠤᠯᠢ ᠲᠣᠭᠲᠠᠭᠠᠯ ᠶᠣᠰᠣᠭᠠᠷ ᠰᠢᠢᠳᠬᠡᠨ ᠲᠣᠷᠭᠠᠬᠤ ᠬᠡᠷᠡᠭᠲᠡᠢ᠃ |
ᠠᠷᠪᠠᠨ ᠲᠠᠪᠤ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ ᠨᠢ |
ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠬᠡᠷᠡᠭᠵᠢᠭᠦᠯᠬᠦ ᠨᠠᠷᠢᠨ ᠳᠦᠷᠢᠮ ᠢ ᠰᠤᠳᠤᠯᠤᠨ ᠲᠣᠭᠲᠠᠭᠠᠵᠤ |
᠂ ᠵᠣᠬᠢᠴᠠᠭᠤᠯᠤᠨ ᠬᠠᠮᠵᠢᠯᠴᠠᠬᠤ ᠪᠠᠨ ᠴᠢᠩᠭᠠᠳᠬᠠᠨ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ |
ᠠᠳᠬᠤᠬᠤ ᠬᠡᠷᠡᠭᠲᠡᠢ᠃ ᠡᠯ᠎ᠡ ᠭᠠᠵᠠᠷ ᠤᠨ ᠬᠢᠨ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠲᠥᠷᠥᠯ |
ᠵᠦᠢᠯ ᠤᠨ ᠪᠦᠲᠦᠭᠡᠨ ᠪᠠᠶᠢᠭᠤᠯᠤᠯᠲᠠ ᠶᠢ ᠵᠢᠷᠤᠮᠵᠢᠭᠤᠯᠵᠤ᠂ ᠪᠡᠯᠡ ᠮᠥᠩᠭᠦ ᠶᠢ ᠴᠠᠭ ᠲᠤᠬᠠᠢ ᠳᠤᠨᠢ ᠰᠠᠯᠭᠠᠨ |
ᠥᠭᠴᠦ᠂ ᠥᠷᠢ ᠥᠭᠴᠡᠭᠡ ᠶᠢ ᠰᠢᠨ᠎ᠡ ᠪᠠᠷ ᠨᠡᠮᠡᠭᠳᠡᠭᠦᠯᠬᠦ᠂ ᠲᠠᠩᠰᠠᠨ ᠳᠠᠬᠢ ᠵᠣᠭᠤᠰ ᠢ ᠥᠷᠢᠲᠦᠬᠦ ᠵᠡᠷᠭᠡ |
ᠠᠰᠠᠭᠤᠳᠠᠯ ᠢ ᠭᠠᠷᠭᠠᠵᠤ ᠪᠤᠯᠬᠤ ᠦᠭᠡᠢ᠃ |
|