ᠰᠣᠶᠣᠯ ᠵᠢᠭᠤᠯᠴᠢᠯᠠᠯ ᠤᠨ ᠠᠵᠢᠯ ᠲᠦᠷᠦᠯ ᠤᠨ ᠶᠡᠷᠦᠩᠬᠡᠶᠢᠯᠡᠭᠰᠡᠨ ᠥᠷᠢᠰᠦᠯᠳᠦᠬᠦ ᠬᠦᠴᠦᠨ ᠪᠠ |
ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠶᠢᠨ ᠲᠥᠯᠥᠭᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ |
ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠠᠵᠤ ᠦᠢᠯᠡᠰ ᠤᠨ ᠬᠥᠭᠵᠢᠯᠲᠡ ᠶᠢᠨ ᠭᠠᠵᠠᠷ ᠤᠨ |
ᠭᠤᠣᠯᠯᠠᠨ ᠡᠷᠬᠢᠯᠡᠭᠰᠡᠨ 2025 ᠣᠨ ᠤ ᠰᠣᠶᠣᠯ ᠵᠢᠭᠤᠯᠴᠢᠯᠠᠯ ᠤᠨ ᠬᠦᠷᠢᠶᠡᠨ ᠤ ᠶᠡᠭᠡ ᠬᠡᠪᠴᠢᠶᠡᠨ ᠤ |
ᠲᠥᠬᠦᠭᠡᠷᠦᠮᠵᠢ ᠶᠢ ᠰᠢᠨᠡᠳᠬᠡᠬᠦ ᠲᠦᠷᠦᠯ ᠵᠦᠢᠯ ᠤᠨ ᠪᠣᠯᠪᠠᠰᠤᠷᠠᠯ ᠤᠨ ᠠᠩᠭᠢ ᠶᠢ 2025 ᠣᠨ ᠤ 1 ᠰᠠᠷ᠎ᠠ ᠶᠢᠨ |
17 ᠤ ᠡᠳᠦᠷ ᠬᠥᠬᠡᠬᠤᠲᠠ ᠳᠤ ᠡᠷᠬᠢᠯᠡᠪᠡ᠃ |
|
ᠰᠤᠷᠤᠯᠭ᠎ᠠ ᠡᠬᠢᠯᠡᠬᠦ ᠶᠣᠰᠣᠯᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ |
ᠲᠢᠩᠬᠢᠮ ᠤᠨ ᠠᠵᠤ ᠦᠢᠯᠡᠰ ᠤᠨ ᠬᠥᠭᠵᠢᠯᠲᠡ ᠶᠢᠨ ᠭᠠᠵᠠᠷ ᠤᠨ ᠳᠠᠷᠤᠭ᠎ᠠ ᠬᠥᠬᠡ᠂ ᠪᠦᠬᠦ ᠰᠤᠷᠤᠯᠭᠠᠲᠠᠨ ᠡᠷᠬᠡᠪᠰᠢ |
ᠰᠣᠶᠣᠯ ᠵᠢᠭᠤᠯᠴᠢᠯᠠᠯ ᠤᠨ ᠬᠦᠷᠢᠶᠡᠨ ᠤ ᠲᠤᠨᠤᠭ ᠲᠥᠬᠦᠭᠡᠷᠦᠮᠵᠢ ᠶᠢ ᠰᠢᠨᠡᠳᠬᠡᠬᠦ ᠬᠠᠮᠢᠶ᠎ᠠ ᠪᠦᠬᠦᠢ ᠲᠦᠷᠦ ᠶᠢᠨ |
ᠪᠣᠳᠣᠯᠭ᠎ᠠ ᠬᠠᠤᠯᠢ ᠲᠣᠭᠲᠠᠭᠠᠯ ᠢ ᠨᠠᠷᠢᠨ ᠬᠢᠨᠠᠮᠠᠭᠠᠢ ᠰᠤᠳᠤᠯᠤᠨ ᠰᠤᠷᠤᠯᠴᠠᠵᠤ᠂ ᠲᠦᠷᠦᠯ ᠵᠦᠢᠯ ᠢ |
ᠲᠥᠯᠥᠪᠯᠡᠬᠦ ᠠᠴᠠ ᠲᠦᠷᠦᠯ ᠵᠦᠢᠯ ᠲᠣᠭᠲᠠᠭᠠᠬᠤ ᠬᠦᠷᠲᠡᠯᠡᠬᠢ ᠡᠯ᠎ᠡ ᠭᠤᠭᠴᠤᠭᠠᠨ ᠤ ᠭᠠᠷᠳᠠᠮ ᠢ ᠭᠦᠢᠴᠡᠳᠬᠡᠬᠦ |
ᠶᠠᠪᠤᠴᠠ ᠶᠢ ᠪᠣᠯᠪᠠᠰᠤᠷᠠᠩᠭᠤᠢ ᠡᠵᠡᠮᠰᠢᠵᠦ᠂ ᠲᠦᠷᠦᠯ ᠵᠦᠢᠯ ᠤᠨ ᠪᠣᠯᠪᠠᠰᠤᠷᠠᠯᠲᠠ ᠶᠢᠨ ᠬᠡᠮᠵᠢᠶ᠎ᠡ ᠪᠣᠯᠣᠨ ᠵᠠᠬ᠎ᠠ |
ᠳᠡᠯᠭᠡᠭᠦᠷ ᠤᠨ ᠥᠷᠢᠰᠦᠯᠳᠦᠬᠦ ᠬᠦᠴᠦᠨ ᠢ ᠪᠦᠬᠦ ᠬᠦᠴᠦᠨ ᠢᠶᠠᠷ ᠢᠶᠠᠨ ᠳᠡᠭᠡᠭᠰᠢᠯᠡᠭᠦᠯᠬᠦ ᠬᠡᠷᠡᠭᠲᠡᠢ ᠭᠡᠵᠦ |
ᠴᠢᠬᠤᠯᠠᠴᠢᠯᠠᠪᠠ᠃ ᠲᠡᠷᠡ ᠪᠠᠰᠠ᠂ ᠰᠣᠶᠣᠯ ᠵᠢᠭᠤᠯᠴᠢᠯᠠᠯ ᠤᠨ ᠲᠣᠨᠤᠭ ᠲᠥᠬᠦᠭᠡᠷᠦᠮᠵᠢ ᠶᠢ ᠰᠢᠨᠡᠳᠬᠡᠨ ᠰᠣᠯᠢᠬᠤ ᠳᠤ |
ᠵᠠᠬ᠎ᠠ ᠳᠡᠯᠭᠡᠭᠦᠷ ᠤᠨ ᠬᠥᠭᠵᠢᠯᠲᠡ ᠶᠢᠨ ᠬᠠᠨᠳᠤᠰᠢ ᠲᠠᠢ ᠨᠢᠭᠲᠠ ᠨᠡᠶᠢᠴᠡᠭᠦᠯᠵᠦ᠂ ᠰᠢᠨ᠎ᠡ ᠶᠢ ᠡᠭᠦᠳᠬᠦ ᠪᠠᠷ |
ᠬᠥᠳᠡᠯᠭᠡᠭᠦᠷ ᠪᠣᠯᠭᠠᠬᠤ ᠪᠠᠷ ᠤᠳᠤᠷᠢᠳᠤᠮᠵᠢ ᠪᠣᠯᠭᠠᠵᠤ᠂ ᠰᠣᠶᠣᠯ ᠵᠢᠭᠤᠯᠴᠢᠯᠠᠯ ᠤᠨ ᠬᠡᠷᠡᠭᠯᠡᠭᠡᠨ ᠤ ᠴᠢᠨᠠᠷ ᠰᠠᠶᠢᠲᠠᠢ᠂ |
ᠣᠯᠠᠨ ᠶᠠᠩᠵᠤ ᠶᠢᠨ ᠴᠢᠭᠯᠡᠯ ᠲᠡᠶᠢᠰᠢ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠲᠦᠯᠬᠢᠨ ᠠᠬᠢᠭᠤᠯᠬᠤ ᠪᠠᠷ |
ᠴᠢᠷᠮᠠᠶᠢᠵᠤ᠂ ᠥᠷᠭᠡᠨ ᠣᠯᠠᠨ ᠵᠢᠭᠤᠯᠴᠢᠯᠠᠭᠴᠢ ᠳᠤ ᠨᠠᠩ ᠰᠢᠯᠢᠳᠡᠭ᠂ ᠡᠯᠪᠡᠭ ᠪᠠᠶᠠᠯᠢᠭ ᠵᠢᠭᠤᠯᠴᠢᠯᠠᠯ ᠤᠨ |
ᠣᠶᠢᠯᠠᠭᠠᠯᠲᠠ ᠬᠠᠩᠭᠠᠬᠤ ᠬᠡᠷᠡᠭᠲᠡᠢ ᠭᠡᠵᠦ ᠤᠨᠴᠠᠭᠠᠶᠢᠯᠠᠨ ᠵᠢᠭᠠᠵᠤ ᠭᠠᠷᠭᠠᠪᠠ᠃ |
|
|
|
|
ᠲᠣᠰ ᠤᠳᠠᠭᠠᠨ ᠤ ᠪᠣᠯᠪᠠᠰᠤᠷᠠᠯ ᠤᠨ ᠠᠩᠭᠢ ᠶᠢ ᠠᠮᠵᠢᠯᠲᠠ ᠲᠠᠢ ᠡᠷᠭᠢᠯᠡᠭᠰᠡᠨ ᠨᠢ ᠥᠪᠥᠷ ᠮᠣᠩᠭᠤᠯ ᠤᠨ |
ᠥᠪᠡᠷᠲᠡᠭᠡᠨ ᠵᠠᠰᠠᠬᠤ ᠣᠷᠣᠨ ᠤ ᠰᠣᠶᠣᠯ ᠵᠢᠭᠤᠯᠴᠢᠯᠠᠯ ᠤᠨ ᠬᠦᠷᠢᠶᠡᠨ ᠳᠤ ᠬᠢ ᠲᠤᠰᠬᠠᠢ ᠮᠡᠷᠭᠡᠵᠢᠯ ᠤᠨ |
ᠬᠥᠮᠥᠰ ᠲᠤ ᠪᠦᠲᠦᠮᠵᠢᠲᠡᠶ ᠰᠤᠷᠤᠯᠴᠠᠬᠤ ᠪᠠ ᠰᠣᠯᠢᠯᠴᠠᠬᠤ ᠲᠠᠪᠴᠠᠩ ᠬᠠᠩᠭᠠᠭᠰᠠᠨ ᠢᠶᠠᠷ ᠪᠠᠷᠠᠬᠤ ᠦᠭᠡᠢ᠂ ᠨᠠᠩ |
ᠴᠤ ᠪᠥᠬᠦ ᠣᠷᠣᠨ ᠤ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠲᠠᠰ ᠳᠠᠪᠰᠢᠵᠤ ᠬᠥᠭᠵᠢᠬᠦ ᠳᠤ ᠬᠦᠴᠦᠲᠡᠢ |
ᠬᠥᠳᠡᠯᠭᠡᠬᠦ ᠬᠦᠴᠦᠨ ᠨᠡᠮᠡᠷᠢᠯᠡᠭᠰᠡᠨ ᠪᠠᠶᠢᠨ᠎ᠠ᠃ ᠰᠢᠰᠲ᠋ᠧᠮ ᠲᠠᠢ ᠪᠥᠭᠡᠳ ᠭᠦᠨᠵᠡᠭᠡᠢ ᠪᠣᠯᠪᠠᠰᠤᠷᠠᠭᠤᠯᠤᠯ ᠢᠶᠠᠷ ᠳᠡᠮᠵᠢᠨ |
᠂ ᠰᠤᠷᠤᠯᠭᠠᠲᠠᠳ ᠰᠣᠶᠣᠯ ᠵᠢᠭᠤᠯᠴᠢᠯᠠᠯ ᠤᠨ ᠬᠦᠷᠢᠶᠡᠨ ᠳᠤ ᠬᠢ ᠶᠡᠭᠡ ᠬᠡᠪᠴᠢᠶᠡᠨ ᠤ ᠲᠣᠨᠤᠭ ᠲᠥᠬᠦᠭᠡᠷᠦᠮᠵᠢ ᠶᠢᠨ |
ᠰᠢᠨᠡᠴᠢᠯᠡᠯᠲᠡ ᠶᠢᠨ ᠵᠦᠢᠯᠡᠰ ᠤᠨ ᠲᠤᠬᠠᠢ ᠪᠥᠬᠦ ᠲᠠᠯ᠎ᠠ ᠶᠢᠨ ᠪᠥᠭᠡᠳ ᠣᠨᠣᠪᠴᠢᠲᠠᠶ ᠲᠠᠨᠢᠯᠲᠠ ᠲᠠᠢ ᠪᠣᠯᠵᠠᠢ᠂ ᠡᠨᠡ |
ᠨᠢ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠪᠣᠳᠠᠲᠠᠢ ᠠᠵᠢᠯ ᠤᠨ ᠳᠤᠮᠳᠠ ᠨᠠᠶᠢᠳᠠᠪᠤᠷᠢᠵᠢᠭᠤᠯᠤᠭᠳᠠᠬᠤ ᠶᠢ |
ᠬᠦᠴᠦᠲᠡᠢ ᠲᠦᠯᠬᠢᠨ ᠠᠬᠢᠭᠤᠯᠬᠤ ᠪᠣᠯᠣᠨ᠎ᠠ᠃ |
ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠪᠠᠶᠢᠭᠤᠯᠭ᠎ᠠ᠂ ᠲᠡᠦᠬᠡ ᠶᠢᠨ |
ᠳᠤᠷᠠᠰᠬᠠᠯᠲᠤ ᠵᠦᠢᠯᠡᠰ ᠤᠨ ᠲᠣᠪᠴᠢᠶ᠎ᠠ᠂ ᠰᠢᠭᠤᠳ ᠬᠠᠷᠢᠶ᠎ᠠ ᠨᠢᠭᠡᠴᠢ ᠵᠢᠴᠢ ᠡᠯ᠎ᠡ ᠠᠶᠢᠮᠠᠭ ᠬᠤᠳᠠ ᠶᠢᠨ ᠰᠣᠶᠣᠯ |
ᠵᠢᠭᠤᠯᠴᠢᠯᠠᠯ ᠤᠨ ᠲᠣᠪᠴᠢᠶ᠎ᠠ ᠪᠣᠯᠣᠨ ᠬᠠᠮᠢᠶ᠎ᠠ ᠪᠦᠬᠦᠢ ᠠᠵᠤ ᠠᠬᠤᠶᠢᠯᠠᠯ ᠤᠨ 58 ᠭᠠᠷᠤᠢ ᠬᠥᠮᠥᠨ ᠲᠤᠰ |
ᠤᠳᠠᠭᠠᠨ ᠤ ᠪᠣᠯᠪᠠᠰᠤᠷᠠᠯ ᠤᠨ ᠠᠩᠭᠢ ᠳᠤ ᠣᠷᠣᠯᠴᠠᠪᠠ᠃ |
|
|
|
|