1 ᠳ᠋ᠤᠭᠡᠷ ᠰᠠᠷ᠎ᠠ ᠶᠢᠨ 22 ᠤᠨ ᠡᠳᠦᠷ ᠤᠨ ᠦᠳᠡ ᠶᠢᠨ ᠡᠮᠦᠨ᠎ᠡ᠂ ᠥᠪᠥᠷ ᠮᠣᠩᠭᠤᠯ ᠤᠨ ᠥᠪᠡᠷᠲᠡᠭᠡᠨ |
ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ︵ᠲᠡᠦᠬᠡ ᠶᠢᠨ ᠳᠤᠷᠠᠰᠬᠠᠯᠲᠤ ᠵᠦᠢᠯᠡᠰ︶ ᠤᠨ ᠲᠤᠪᠴᠢᠶᠠᠨ ᠤ |
ᠳᠠᠷᠤᠭ᠎ᠠ ᠨᠠᠷ ᠤᠨ ᠬᠤᠷᠠᠯ ᠬᠥᠬᠡᠬᠤᠲᠠ ᠳᠤ ᠬᠤᠷᠠᠯᠳᠤᠪᠠ᠃ ᠬᠤᠷᠠᠯ ᠨᠢ ᠰᠢ ᠶᠢᠨ ᠫᠢᠩ ᠤᠨ ᠰᠢᠨ᠎ᠡ ᠴᠠᠭ |
ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ |
ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ |
ᠬᠤᠶᠠᠳᠤᠭᠠᠷ᠂ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ |
ᠨᠠᠶᠢᠳᠠᠪᠤᠷᠢᠵᠢᠭᠤᠯᠵᠤ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ |
ᠲᠤᠭᠤᠰᠢᠯᠠᠭᠤᠯᠵᠤ᠂ ᠪᠥᠬᠦ ᠤᠯᠤᠰ ᠤᠨ ᠤᠬᠠᠭᠤᠯᠬᠤ ᠬᠡᠯᠲᠡᠰ ᠤᠨ ᠰᠠᠶᠢᠳ ᠨᠠᠷ ᠤᠨ ᠬᠤᠷᠠᠯ᠂ ᠪᠥᠬᠦ ᠤᠯᠤᠰ |
ᠤᠨ ᠰᠣᠶᠣᠯ ᠪᠠ ᠵᠢᠭᠤᠯᠴᠢᠯᠠᠯ ᠤᠨ ᠲᠢᠩᠬᠢᠮ ᠲᠣᠪᠴᠢᠶᠠᠨ ᠤ ᠳᠠᠷᠤᠭ᠎ᠠ ᠨᠠᠷ ᠤᠨ ᠬᠤᠷᠠᠯ᠂ ᠪᠥᠬᠦ ᠤᠯᠤᠰ ᠤᠨ |
ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶᠠᠨ ᠤ ᠳᠠᠷᠤᠭ᠎ᠠ ᠨᠠᠷ ᠤᠨ ᠬᠤᠷᠠᠯ ᠪᠣᠯᠣᠨ ᠥᠪᠡᠷᠲᠡᠭᠡᠨ ᠵᠠᠰᠠᠬᠤ |
ᠣᠷᠣᠨ ᠤ ᠬᠤᠯᠪᠣᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠤᠨ᠂ 2024 |
ᠣᠨ ᠤ ᠠᠵᠢᠯ ᠢ ᠳ᠋ᠦᠩᠨᠡᠵᠦ᠂ 2025 ᠣᠨ ᠤ ᠡᠭᠦᠷᠭᠡ ᠶᠢ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ |
ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠵᠠᠩ ᠷᠦᠢ |
ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃ |
|
ᠬᠤᠷᠠᠯ ᠳᠡᠭᠡᠷ᠎ᠡ᠂ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠥᠪᠡᠷᠲᠡᠭᠡᠨ |
ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠲᠤᠪᠴᠢᠶᠠᠨ ᠤ ᠳᠠᠷᠤᠭ᠎ᠠ ᠼᠤᠤ ᠵᠢᠶᠠᠨ ᠧᠨ |
ᠰᠣᠶᠣᠯ ᠤᠨ ᠥᠪ ᠤᠨ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠬᠤ ᠠᠵᠢᠯ ᠤᠨ ᠲᠤᠬᠠᠢ ᠲᠣᠬᠢᠷᠠᠭᠤᠯᠤᠯᠲᠠ |
ᠪᠠᠶᠢᠷᠢᠯᠠᠭᠤᠯᠤᠯᠲᠠ ᠬᠢᠵᠡᠢ᠃ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ |
ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠲᠤᠪᠴᠢᠶᠠᠨ ᠤ ᠳᠡᠳ᠋ ᠳᠠᠷᠤᠭ᠎ᠠ᠂ |
ᠲᠢᠩᠬᠢᠮ ᠤᠨ ᠪᠠᠶᠢᠭᠤᠯᠭ᠎ᠠ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠲᠤᠪᠴᠢᠶᠠᠨ ᠤ ᠡᠯ᠎ᠡ ᠭᠠᠵᠠᠷ ᠭᠡᠷ ᠵᠢᠴᠢ |
ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠭᠤᠣᠯ ᠬᠠᠷᠢᠭᠤᠴᠠᠯᠭᠠᠲᠠᠨ᠂ ᠡᠯ᠎ᠡ ᠠᠶᠢᠮᠠᠭ ᠬᠤᠳᠠ ᠵᠢᠴᠢ ᠮᠠᠨᠵᠤᠤᠷ |
ᠬᠤᠳᠠ᠂ ᠡᠷᠢᠶᠡᠨ ᠬᠤᠳᠠ ᠶᠢᠨ ᠰᠣᠶᠣᠯ ᠪᠠ ᠵᠢᠭᠤᠯᠴᠢᠯᠠᠯ ᠤᠨ ᠲᠤᠪᠴᠢᠶᠠᠨ ︵ᠲᠡᠦᠬᠡ ᠶᠢᠨ ᠳᠤᠷᠠᠰᠬᠠᠯᠲᠤ |
ᠵᠦᠢᠯᠡᠰ ᠤᠨ ᠲᠣᠪᠴᠢᠶ᠎ᠠ︶ ᠤ ᠭᠤᠣᠯ ᠬᠠᠷᠢᠭᠤᠴᠠᠯᠭᠠᠲᠠᠨ ᠨᠥᠬᠦᠳ ᠵᠢᠴᠢ ᠰᠣᠶᠣᠯ ᠵᠢᠭᠤᠯᠴᠢᠯᠠᠯ ᠤᠨ |
ᠰᠢᠰᠲ᠋ᠧᠮ ᠤᠨ ᠡᠯ᠎ᠡ ᠲᠠᠯ᠎ᠠ ᠶᠢᠨ ᠲᠥᠯᠥᠭᠡᠯᠡᠭᠴᠢ ᠬᠤᠷᠠᠯ ᠳᠤ ᠣᠷᠣᠯᠴᠠᠪᠠ᠃ |
|
|
|
|
|
|