ᠰᠢ ᠶᠢᠨ ᠫᠢᠩ ᠶᠡᠷᠦᠩᠬᠡᠢ ᠱᠦᠵᠢ ᠶᠢᠨ ᠠᠶᠤᠯ ᠦᠭᠡᠢ ᠦᠢᠯᠡᠳᠪᠦᠷᠢᠯᠡᠯ ᠪᠠ ᠲᠡᠦᠬᠡ ᠶᠢᠨ ᠳᠤᠷᠠᠰᠬᠠᠯᠲᠤ |
ᠵᠦᠢᠯ ᠤᠨ ᠠᠮᠤᠷ ᠲᠦᠪᠰᠢᠨ ᠤ ᠠᠵᠢᠯ ᠤᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ |
ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ︽ᠣᠳᠣᠬᠠᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ |
ᠮᠦᠽᠧᠢ ᠶᠢᠨ ᠠᠮᠤᠷ ᠲᠦᠪᠰᠢᠨ ᠲᠣᠭᠲᠠᠭᠤᠨ ᠪᠠᠶᠢᠯᠭᠠᠬᠤ ᠠᠵᠢᠯ ᠢ ᠦᠨᠡᠨ ᠬᠦ ᠰᠠᠶᠢᠲᠤᠷ ᠬᠢᠬᠦ ᠲᠤᠬᠠᠢ |
ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠲᠤᠪᠴᠢᠶᠠᠨ ᠤ ᠮᠡᠳᠡᠭᠳᠡᠯ︾ ᠤᠨ ᠵᠣᠷᠢᠭ ᠰᠠᠨᠠᠭ᠎ᠠ ᠶᠢ |
ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ 1 ᠳ᠋ᠤᠭᠡᠷ ᠰᠠᠷ᠎ᠠ ᠶᠢᠨ 24 ᠤ ᠡᠳᠦᠷ᠂ ᠥᠪᠡᠷᠲᠡᠭᠡᠨ |
ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ ︽ᠳᠥᠷᠪᠡᠨ ᠪᠢᠰᠢ ᠬᠤᠶᠠᠷ ᠰᠢᠯᠤᠭᠤᠨ︾ |
ᠠᠷᠭ᠎ᠠ ᠮᠠᠶ᠋ᠢᠭ ᠢᠶᠠᠷ ᠬᠡᠰᠡᠭ ᠰᠣᠶᠣᠯ ᠦᠵᠡᠰᠬᠦᠯᠡᠩ ᠤᠨ ᠨᠢᠭᠡᠴᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ |
ᠠᠵᠢᠯ ᠢ ᠰᠢᠮᠳᠠᠭᠤᠯᠤᠨ ᠵᠢᠯᠤᠭᠤᠳᠴᠤ ᠪᠠᠶᠢᠴᠠᠭᠠᠪᠠ᠃ |
|
|
|
|
ᠠᠵᠢᠯᠯᠠᠬᠤ ᠳᠤᠭᠤᠶᠢᠯᠠᠩ ᠤᠷᠢᠳ ᠬᠤᠵᠢᠳ ᠥᠪᠥᠷ ᠮᠣᠩᠭᠤᠯ ᠤᠨ ᠮᠦᠽᠧᠢ ᠂ ᠵᠠᠩᠵᠤᠨ ᠤ ᠶᠠᠮᠤᠨ ᠤ |
ᠮᠦᠽᠧᠢ ᠵᠡᠷᠭᠡ ᠰᠣᠶᠣᠯ ᠦᠵᠡᠰᠬᠦᠯᠡᠩ ᠤᠨ ᠨᠢᠭᠡᠴᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠳᠤ |
ᠪᠠᠶᠢᠴᠠᠭᠠᠨ ᠰᠤᠳᠤᠯᠤᠯᠲᠠ ᠬᠢᠵᠦ᠂ ᠭᠠᠯ ᠤᠨᠲᠠᠷᠠᠭᠠᠬᠤ ᠬᠢᠨᠠᠨ ᠡᠵᠡᠮᠳᠡᠬᠦ ᠲᠠᠰᠤᠭ᠂ ᠠᠮᠤᠷ ᠲᠦᠪᠰᠢᠨ ᠤ ᠲᠤᠨᠤᠭ |
ᠲᠥᠬᠦᠭᠡᠷᠦᠮᠵᠢ᠂ ᠴᠠᠬᠢᠯᠭᠠᠨ ᠲᠥᠬᠦᠭᠡᠷᠦᠮᠵᠢ᠂ ᠨᠡᠭᠡᠭᠡᠯᠲᠡᠲᠤ ᠬᠠᠮᠢᠶᠠᠷᠤᠯᠲᠠ ᠵᠢᠴᠢ ᠦᠵᠡᠭᠦᠯᠭᠡ ᠶᠢᠨ ᠲᠢᠩᠬᠢᠮ ᠤᠨ |
ᠠᠮᠤᠷ ᠲᠦᠪᠰᠢᠨ ᠢ ᠲᠤᠬᠠᠢ ᠶᠢᠨ ᠭᠠᠵᠠᠷ ᠲᠤ ᠨᠢ ᠪᠠᠶᠢᠴᠠᠭᠠᠬᠤ ᠶᠢᠨ ᠬᠠᠮᠲᠤ ᠬᠥᠮᠥᠰ ᠤᠨ ᠵᠢᠵᠢᠭᠦᠷᠯᠡᠨ ᠰᠠᠬᠢᠵᠤ |
ᠪᠠᠶᠢᠭ᠎ᠠ ᠪᠠᠶᠢᠳᠠᠯ ᠢ ᠪᠠᠶᠢᠴᠠᠭᠠᠨ ᠦᠵᠡᠪᠡ᠃ ᠴᠠᠭᠠᠨ ᠰᠠᠷ᠎ᠠ ᠶᠢᠨ ᠬᠤᠭᠤᠴᠠᠭᠠᠨ ᠳᠤ ᠬᠢ ᠠᠵᠢᠯᠯᠠᠭ᠎ᠠ ᠶᠢᠨ ᠬᠥᠮᠥᠨ |
ᠣᠯᠠᠨ᠂ ᠠᠵᠢᠯᠯᠠᠭ᠎ᠠ ᠣᠯᠠᠨ᠂ ᠪᠠᠶᠢᠳᠠᠯ ᠨᠡᠯᠢᠶᠡᠳ ᠪᠤᠳᠤᠯᠢᠶᠠᠨᠲᠠᠢ ᠵᠡᠷᠭᠡ ᠣᠨᠴᠠᠯᠢᠭ ᠲᠤ ᠴᠢᠭᠯᠡᠭᠦᠯᠦᠨ᠂ |
ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠢ ᠶᠢᠨ ᠬᠠᠮᠢᠶᠠᠷᠤᠯᠲᠠ ᠶᠢᠨ ᠳᠦᠷᠢᠮ ᠢ |
ᠨᠠᠶᠢᠳᠠᠪᠤᠷᠢᠵᠢᠭᠤᠯᠤᠭᠰᠠᠨ ᠪᠠᠶᠢᠳᠠᠯ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠲᠣᠭᠲᠠᠭᠠᠭᠰᠠᠨ |
ᠪᠠᠶᠢᠳᠠᠯ ᠢ ᠪᠠᠶᠢᠴᠠᠭᠠᠨ ᠦᠵᠡᠪᠡ᠃ ᠠᠶᠤᠯ ᠦᠭᠡᠢ ᠶᠢᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ |
ᠲᠤᠬᠠᠢ ᠪᠣᠳᠠᠲᠠᠢ ᠱᠠᠭᠠᠷᠳᠠᠯᠭ᠎ᠠ ᠳᠤᠷᠠᠳᠪᠠ᠃ |
|
|
|
ᠳᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ |
ᠲᠣᠪᠴᠢᠶ᠎ᠠ ᠲᠡᠦᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠢ ᠪᠠᠶᠢᠴᠠᠭᠠᠨ ᠵᠢᠯᠤᠭᠤᠳᠬᠤ ᠬᠦᠴᠦᠯᠡᠴᠡ |
ᠶᠢ ᠴᠢᠩᠭᠠᠳᠬᠠᠨ᠎ᠠ᠃ |
|