12 ᠳ᠋ᠤᠭᠠᠷ ᠰᠠᠷ᠎ᠠ ᠶᠢᠨ 31 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ |
ᠪᠠ ᠵᠢᠭᠤᠯᠴᠢᠯᠠᠯ ᠤᠨ ᠬᠥᠭᠵᠢᠯᠲᠡ ᠶᠢᠨ ᠰᠤᠳᠤᠯᠭᠠᠨ ᠤ ᠬᠦᠷᠢᠶᠡᠯᠡᠩ ᠥᠪᠥᠷ ᠮᠣᠩᠭᠤᠯ ᠤᠨ ᠰᠣᠶᠣᠯ ᠤᠨ ᠲᠣᠮᠣ |
ᠠᠰᠠᠷ ᠲᠤ ᠵᠢᠩᠬᠢᠨᠢ ᠪᠠᠷ ᠫᠠᠶᠢᠰᠠ ᠰᠡᠬᠦᠪᠡ᠃ ᠫᠠᠶᠢᠰᠠ ᠰᠡᠬᠦᠬᠦ ᠶᠣᠰᠣᠯᠠᠯ ᠢ ᠥᠪᠡᠷᠲᠡᠭᠡᠨ ᠵᠠᠰᠠᠬᠤ ᠣᠷᠣᠨ ᠤ |
ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠥᠪᠥᠷ |
ᠮᠣᠩᠭᠤᠯ ᠤᠨ ᠤᠷᠠᠯᠢᠭ ᠤᠨ ᠵᠦᠴᠦᠭᠡ ᠶᠢᠨ ᠬᠦᠷᠢᠶᠡᠯᠡᠩ ᠤᠨ ᠨᠠᠮ ᠤᠨ ᠬᠤᠷᠢᠶᠠᠨ ᠤ ᠱᠦᠵᠢ᠂ ᠬᠦᠷᠢᠶᠡᠯᠡᠩ ᠤᠨ |
ᠳᠠᠷᠤᠭ᠎ᠠ ᠯᠢ ᠯᠢ ᠡᠷᠬᠢᠯᠡᠵᠦ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ |
ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠵᠠᠩ ᠷᠦᠢ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ |
ᠵᠢᠭᠤᠯᠴᠢᠯᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠲᠢᠩᠬᠢᠮ ᠤᠨ |
ᠳᠠᠷᠤᠭ᠎ᠠ ᠯᠢᠦ ᠫᠧᠩ ᠹᠧᠢ ᠣᠷᠣᠯᠴᠠᠵᠤ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ |
ᠲᠢᠩᠬᠢᠮ ᠤᠨ ᠬᠠᠮᠢᠶ᠎ᠠ ᠪᠦᠬᠦᠢ ᠭᠠᠵᠠᠷ ᠭᠡᠷ ᠤᠨ ᠬᠠᠷᠢᠭᠤᠴᠠᠯᠭᠠᠲᠠᠨ ᠪᠠ ᠥᠪᠡᠷᠲᠡᠭᠡᠨ ᠵᠠᠰᠠᠬᠤ ᠣᠷᠣᠨ ᠤ ᠰᠣᠶᠣᠯ |
ᠪᠠ ᠵᠢᠭᠤᠯᠴᠢᠯᠠᠯ ᠤᠨ ᠬᠥᠭᠵᠢᠯᠲᠡ ᠶᠢᠨ ᠰᠤᠳᠤᠯᠭᠠᠨ ᠤ ᠬᠦᠷᠢᠶᠡᠯᠡᠩ ᠤᠨ ᠪᠦᠬᠦ ᠬᠥᠮᠥᠰ ᠫᠠᠶᠢᠰᠠ ᠰᠡᠬᠦᠬᠦ |
ᠶᠣᠰᠣᠯᠠᠯ ᠳᠤ ᠣᠷᠣᠯᠴᠠᠪᠠ᠃ |
|
ᠫᠠᠶᠢᠰᠠ ᠰᠡᠬᠦᠬᠦ ᠶᠣᠰᠣᠯᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ |
ᠲᠢᠩᠬᠢᠮ ᠤᠨ ᠳᠡᠳ᠋ ᠳᠠᠷᠤᠭ᠎ᠠ ᠯᠢᠦ ᠫᠧᠩ ᠹᠧᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ |
ᠪᠠᠶᠢᠭᠤᠯᠤᠮᠵᠢ ᠶᠢᠨ ᠣᠷᠣᠨ ᠲᠤᠭ᠎ᠠ ᠶᠢᠨ ᠵᠥᠪᠯᠡᠯ ᠤᠨ ᠠᠯᠪᠠᠨ ᠭᠡᠷ ᠤᠨ ᠴᠣᠬᠤᠯᠠᠪᠤᠷᠢ ᠪᠢᠴᠢᠭ ᠮᠠᠲᠧᠷᠢᠶᠠᠯ ᠢ |
ᠤᠩᠰᠢᠨ ᠨᠡᠶᠢᠲᠡᠯᠡᠵᠦ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠨᠠᠮ ᠤᠨ |
ᠤᠳᠤᠷᠢᠳᠬᠤ ᠳᠤᠭᠤᠶᠢᠯᠠᠩ ᠤᠨ ᠱᠦᠵᠢ ᠵᠠᠩ ᠷᠦᠢ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ |
ᠵᠢᠭᠤᠯᠴᠢᠯᠠᠯ ᠤᠨ ᠬᠥᠭᠵᠢᠯᠲᠡ ᠶᠢᠨ ᠰᠤᠳᠤᠯᠭᠠᠨ ᠤ ᠬᠦᠷᠢᠶᠡᠯᠡᠩ ᠤᠨ ᠳᠠᠷᠤᠭ᠎ᠠ ᠯᠢᠦ ᠰᠢᠶᠣᠣ ᠹᠧᠩ ᠬᠠᠮᠲᠤ ᠪᠠᠷ |
ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠬᠥᠭᠵᠢᠯᠲᠡ ᠶᠢᠨ |
ᠰᠤᠳᠤᠯᠭᠠᠨ ᠤ ᠬᠦᠷᠢᠶᠡᠯᠡᠩ ᠤᠨ ᠫᠠᠶᠢᠰᠠ ᠶᠢ ᠰᠡᠬᠦᠪᠡ᠃ |
|
|
|
|
ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠭᠤᠯᠤᠮᠵᠢ ᠶᠢᠨ ᠣᠷᠣᠨ ᠲᠤᠭ᠎ᠠ ᠶᠢᠨ |
ᠵᠥᠪᠯᠡᠯ ᠤᠨ ᠠᠯᠪᠠᠨ ᠭᠡᠷ ᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ |
ᠵᠢᠭᠤᠯᠴᠢᠯᠠᠯ ᠤᠨ ᠲᠢᠩᠬᠢᠮ ᠤᠨ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠪᠠᠶᠢᠭᠤᠯᠤᠮᠵᠢ ᠶᠢᠨ ᠣᠷᠣᠨ ᠲᠤᠭ᠎ᠠ ᠶᠢᠨ |
ᠵᠦᠢᠯᠡᠰ ᠲᠤ ᠲᠣᠬᠢᠷᠠᠭᠤᠯᠤᠯᠲᠠ ᠬᠢᠬᠦ ᠲᠤᠬᠠᠢ ᠴᠣᠬᠤᠯᠠᠪᠤᠷᠢ︾ ︵ᠥᠪᠥᠷ ᠮᠤᠩᠭᠤᠯ ᠤᠨ ᠪᠠᠶᠢᠭᠤᠯᠤᠮᠵᠢ ᠶᠢᠨ |
ᠣᠷᠣᠨ ᠲᠤᠭ᠎ᠠ ᠶᠢᠨ ᠠᠯᠪᠠᠨ ᠭᠡᠷ ᠤᠨ ᠲᠠᠷᠬᠠᠭᠠᠭᠰᠠᠨ〔2024〕409 ᠳ᠋ᠤᠭᠡᠷ ᠲᠣᠭᠠᠲᠤ︶ ᠶᠢᠨ ᠰᠠᠨᠠᠯ ᠢ |
ᠦᠨᠳᠦᠰᠦᠯᠡᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠷᠠᠯᠢᠭ ᠤᠨ ᠰᠤᠳᠤᠯᠭᠠᠨ ᠤ |
ᠬᠦᠷᠢᠶᠡᠯᠡᠩ ᠤᠨ ᠨᠡᠷ᠎ᠡ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ |
ᠬᠥᠭᠵᠢᠯᠲᠡ ᠶᠢᠨ ᠰᠤᠳᠤᠯᠭᠠᠨ ᠤ ᠬᠦᠷᠢᠶᠡᠯᠡᠩ ᠭᠡᠵᠦ ᠬᠠᠯᠠᠬᠤ ᠶᠢ ᠵᠥᠪᠰᠢᠶᠡᠷᠡᠵᠦ᠂ ᠥᠪᠥᠷ ᠮᠣᠩᠭᠤᠯ ᠤᠨ |
ᠥᠪᠡᠷᠲᠡᠭᠡᠨ ᠵᠠᠰᠠᠬᠤ ᠣᠷᠣᠨ ᠤ ᠪᠣᠳᠠᠰ ᠤᠨ ᠪᠤᠰᠤ ᠰᠤᠶᠤᠯ ᠤᠨ ᠦᠪ ᠤᠨ ᠬᠠᠮᠠᠭᠠᠯᠠᠯᠲᠠ ᠶᠢᠨ ᠲᠦᠪ ᠤᠨ ᠫᠠᠶᠢᠰᠠ |
ᠶᠢ ᠨᠡᠮᠡᠵᠦ ᠡᠯᠭᠦᠪᠡ᠃ |
ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠬᠥᠭᠵᠢᠯᠲᠡ ᠶᠢᠨ |
ᠰᠤᠳᠤᠯᠭᠠᠨ ᠤ ᠬᠦᠷᠢᠶᠡᠯᠡᠩ ᠪᠠᠶᠢᠭᠤᠯᠤᠭᠳᠠᠭᠰᠠᠨ ᠨᠢ ᠥᠪᠡᠷᠲᠡᠭᠡᠨ ᠵᠠᠰᠠᠬᠤ ᠣᠷᠣᠨ ᠤ ᠰᠣᠶᠣᠯ ᠪᠠ |
ᠵᠢᠭᠤᠯᠴᠢᠯᠠᠯ ᠤᠨ ᠲᠢᠩᠬᠢᠮ ᠤᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ |
ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠣᠶᠣᠯ ᠵᠢᠭᠤᠯᠴᠢᠯᠠᠯ ᠤᠨ |
ᠦᠢᠯᠡᠰ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠴᠢᠬᠤᠯᠠ ᠠᠷᠭ᠎ᠠ ᠬᠡᠮᠵᠢᠶ᠎ᠡ ᠪᠣᠯᠬᠤ ᠪᠠᠷ |
ᠪᠠᠷᠠᠬᠤ ᠦᠭᠡᠢ᠂ ᠰᠤᠳᠤᠯᠭᠠᠨ ᠤ ᠬᠦᠷᠢᠶᠡᠯᠡᠩ ᠤᠨ ᠬᠢᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠰᠢᠨ᠎ᠡ |
ᠬᠠᠭᠤᠳᠠᠰᠤ ᠶᠢ ᠵᠢᠩᠬᠢᠨᠢ ᠪᠠᠷ ᠨᠡᠭᠡᠭᠡᠵᠦ᠂ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠬᠠᠷᠠᠯᠲᠠ ᠶᠢᠨ |
︽ᠪᠠᠷᠠᠯᠠᠭᠴᠢ︾᠂ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ︽ᠤᠬᠠᠭᠠᠯᠠᠭᠴᠢ︾ ᠪᠠ ᠬᠥᠭᠵᠢᠯᠲᠡ ᠶᠢᠨ |
ᠰᠢᠢᠳᠪᠦᠷᠢᠲᠦ ᠪᠣᠳᠣᠯᠭ᠎ᠠ ᠶᠢᠨ ︽ᠰᠠᠨᠠᠭᠤᠯᠤᠭᠴᠢ︾ ᠪᠣᠯᠬᠤ ᠪᠠᠷ ᠴᠢᠷᠮᠠᠶᠢᠭᠰᠠᠨ ᠢ ᠬᠠᠷᠠᠭᠤᠯᠵᠤ ᠪᠠᠶᠢᠨ᠎ᠠ᠃ |
ᠰᠤᠳᠤᠯᠭᠠᠨ ᠤ ᠬᠦᠷᠢᠶᠡᠯᠡᠩ ᠤᠨ ᠪᠠᠶᠢᠭᠤᠯᠤᠭᠳᠠᠭᠰᠠᠨ ᠵᠣᠷᠢᠯᠭ᠎ᠠ ᠨᠢ ︽ᠬᠤᠶᠠᠷ ᠶᠡᠭᠡ ᠶᠠᠪᠤᠳᠠᠯ︾ ᠢ |
ᠰᠠᠶᠢᠲᠤᠷ ᠬᠢᠬᠦ ᠳᠤ ᠦᠢᠯᠡᠴᠢᠯᠡᠵᠦ᠂ ︽ᠤᠮᠠᠷᠠᠲᠤ ᠬᠢᠵᠠᠭᠠᠷ ᠤᠨ ᠰᠣᠶᠣᠯ︾ ᠤᠨ ᠨᠡᠷᠡᠲᠦ ᠲᠡᠮᠳᠡᠭ ᠢ ᠡᠭᠦᠳᠴᠦ᠂ |
ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ᠂ |
ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ᠂ ᠴᠢᠨᠠᠷ ᠰᠠᠶᠢᠲᠠᠢ ᠬᠥᠭᠵᠢᠭᠦᠯᠬᠦ ᠪᠣᠳᠠᠲᠤ ᠱᠠᠭᠠᠷᠳᠠᠯᠭ᠎ᠠ ᠶᠢᠨ |
ᠲᠣᠭᠤᠷᠢᠨ ᠳᠤ᠂ ᠪᠠᠶᠢᠯᠳᠤᠬᠤ ᠪᠣᠳᠣᠯᠭ᠎ᠠ ᠶᠢᠨ ᠠᠷᠭ᠎ᠠ ᠪᠣᠳᠣᠯᠭ᠎ᠠ᠂ ᠠᠯᠤᠰ ᠢᠷᠡᠭᠡᠳᠦᠢ ᠶᠢᠨ ᠰᠤᠳᠤᠯᠤᠨ |
ᠮᠠᠭᠠᠳᠯᠠᠯᠲᠠ᠂ ᠰᠢᠢᠳᠪᠦᠷᠢᠲᠦ ᠪᠣᠳᠣᠯᠭ᠎ᠠ ᠶᠢᠨ ᠯᠠᠪᠯᠠᠭ᠎ᠠ᠂ ᠨᠡᠶᠢᠭᠡᠮ ᠤᠨ ᠦᠢᠯᠡᠴᠢᠯᠡᠭᠡ᠂ ᠴᠢᠳᠠᠪᠤᠷᠢᠲᠠᠨ ᠢ |
ᠬᠥᠮᠥᠵᠢᠭᠦᠯᠬᠦ ᠵᠡᠷᠭᠡ ᠦᠢᠯᠡᠳᠦᠯ ᠤᠨ ᠳᠠᠪᠠᠭᠤᠯᠢᠭ ᠢᠶᠠᠨ ᠪᠠᠳᠠᠷᠠᠭᠤᠯᠵᠤ᠂ ᠰᠣᠶᠣᠯ ᠪᠠ ᠵᠢᠭᠤᠯᠴᠢᠯᠠᠯ ᠢ ᠭᠦᠨᠵᠡᠭᠡᠢ |
ᠠᠭᠤᠰᠤᠯᠴᠠᠭᠤᠯᠤᠨ ᠬᠥᠭᠵᠢᠭᠦᠯᠬᠦ᠂ ᠰᠣᠶᠣᠯ ᠤᠨ ᠥᠪ ᠢ ᠬᠠᠮᠠᠭᠠᠯᠠᠨ ᠤᠯᠠᠮᠵᠢᠯᠠᠬᠤ᠂ ᠰᠣᠶᠣᠯ ᠤᠨ ᠠᠵᠤ |
ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ᠂ ᠵᠢᠭᠤᠯᠴᠢᠯᠠᠯ ᠤᠨ ᠡᠬᠢ ᠪᠠᠶᠠᠯᠢᠭ ᠢ ᠨᠡᠭᠡᠭᠡᠨ |
ᠠᠰᠢᠭᠯᠠᠬᠤ ᠵᠡᠷᠭᠡ ᠵᠠᠩᠭᠢᠯᠠᠭ᠎ᠠ ᠶᠢᠨ ᠬᠦᠷᠢᠶ᠎ᠡ ᠳᠤ ᠠᠩᠬᠠᠷᠤᠯ ᠢᠶᠠᠨ ᠲᠥᠪᠯᠡᠷᠡᠭᠦᠯᠬᠦ ᠪᠠᠷ ᠳᠠᠮᠵᠢᠭᠤᠯᠵᠤ᠂ ᠰᠢᠨ᠎ᠡ |
ᠰᠡᠳᠬᠢᠴᠡ᠂ ᠰᠢᠨ᠎ᠡ ᠠᠷᠭ᠎ᠠ ᠬᠡᠮᠵᠢᠶ᠎ᠡ᠂ ᠰᠢᠨ᠎ᠡ ᠠᠷᠭ᠎ᠠ ᠵᠠᠮ ᠢ ᠲᠠᠰᠤᠷᠠᠯᠳᠡ ᠦᠭᠡᠢ ᠰᠦᠪᠡᠭᠴᠢᠯᠡᠵᠦ᠂ ᠥᠪᠥᠷ |
ᠮᠣᠩᠭᠤᠯ ᠤᠨ ᠰᠣᠶᠣᠯ ᠪᠠ ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ |
ᠰᠢᠨ᠎ᠡ ᠬᠥᠳᠡᠯᠭᠡᠬᠦ ᠬᠦᠴᠦᠨ ᠨᠡᠮᠡᠷᠢᠯᠡᠵᠦ᠂ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠵᠦ᠂ ᠰᠢᠨ᠎ᠡ ᠣᠷᠣᠨ ᠵᠠᠢ ᠶᠢ |
ᠨᠡᠬᠡᠬᠡᠬᠦ ᠶᠢᠨ ᠲᠦᠯᠦᠭᠡ ᠶᠤᠮ᠃ |
|
|
|
|
|
|
|
|
|
|
|
|