|
︽ᠥᠪᠥᠷ ᠮᠣᠩᠭᠤᠯ ᠤᠨ ᠡᠳᠦᠷ ᠤᠨ ᠰᠣᠨᠢᠨ︾ ︵2025 ᠣᠨ ᠤ 1 ᠳ᠋ᠦ᠋ᠭᠡᠷ ᠰᠠᠷ᠎ᠠ ᠶᠢᠨ 3 ᠤ |
ᠡᠳᠦᠷ ᠤᠨ ᠬᠡᠪᠯᠡᠯ ᠤᠨ 1 ᠳ᠋ᠦ᠋ᠭᠡᠷ ᠨᠢᠭᠤᠷ︶᠃ |
ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ |
ᠪᠥᠬᠦᠳᠡ ᠬᠤᠷᠠᠯ ᠵᠢᠴᠢ ᠪᠥᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯᠳᠤᠭᠠᠨ ᠠᠴᠠ ᠤᠮᠠᠷᠠᠲᠤ |
ᠬᠢᠵᠠᠭᠠᠷ ᠤᠨ ᠰᠣᠶᠣᠯ ᠤᠨ ᠪᠠᠶᠢᠭᠤᠯᠤᠯᠲᠠ ᠶᠢ ᠳᠡᠰ ᠳᠡᠪᠰᠢᠭᠦᠯᠬᠦ ᠠᠵᠢᠯᠯᠠᠭ᠎ᠠ ᠳᠤ ᠲᠣᠳᠣᠷᠬᠠᠢ ᠪᠠᠶᠢᠷᠢᠯᠠᠭᠤᠯᠤᠯᠲᠠ |
ᠬᠢᠪᠡ᠃ ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠥᠪᠡᠷᠲᠡᠭᠡᠨ |
ᠵᠠᠰᠠᠬᠤ ᠣᠷᠣᠨ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ ᠪᠥᠬᠦᠳᠡ ᠬᠤᠷᠠᠯ ᠵᠢᠴᠢ |
ᠪᠥᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠬᠡᠷᠬᠢᠨ ᠲᠤᠭᠤᠰᠢᠯᠠᠭᠤᠯᠤᠨ |
ᠨᠠᠶᠢᠳᠠᠪᠤᠷᠢᠵᠢᠭᠤᠯᠵᠤ᠂ ᠤᠮᠠᠷᠠᠲᠤ ᠬᠢᠵᠠᠭᠠᠷ ᠤᠨ ᠰᠣᠶᠣᠯ ᠤᠨ ᠰᠤᠲᠤᠯᠤᠨ ᠲᠠᠶᠢᠯᠪᠤᠷᠢᠯᠠᠯᠲᠠ ᠶᠢ ᠰᠠᠶᠢᠲᠤᠷ ᠬᠢᠵᠦ᠂ |
ᠰᠣᠶᠣᠯ ᠵᠢᠭᠤᠯᠴᠢᠯᠠᠯ ᠤᠨ ᠭᠦᠨᠵᠡᠭᠡᠢ ᠠᠭᠤᠰᠤᠯᠴᠠᠨ ᠴᠢᠨᠠᠷ ᠰᠠᠶᠢᠲᠠᠢ ᠬᠥᠭᠵᠢᠬᠦ ᠶᠢ ᠲᠦᠯᠬᠢᠨ ᠠᠬᠢᠭᠤᠯᠬᠤ ᠶᠢᠨ |
ᠲᠤᠬᠠᠢ ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠨᠠᠮ ᠤᠨ |
ᠤᠳᠤᠷᠢᠳᠬᠤ ᠳᠤᠭᠤᠶᠢᠯᠠᠩ ᠤᠨ ᠱᠦᠵᠢ ᠵᠠᠩ ᠷᠦᠢ ᠶᠢ ᠰᠤᠷᠪᠤᠯᠵᠢᠯᠠᠪᠠ᠃ ︽ᠰᠤᠳᠤᠯᠤᠨ ᠲᠠᠶᠢᠯᠪᠤᠷᠢᠯᠠᠬᠤ ᠪᠠ |
ᠤᠬᠠᠭᠤᠯᠤᠨ ᠳᠡᠯᠭᠡᠨ ᠦᠵᠡᠭᠦᠯᠬᠦ ᠶᠢ ᠴᠢᠩᠭᠠᠳᠬᠠᠵᠤ᠂ ᠰᠣᠳᠣᠨ ᠤᠳᠬ᠎ᠠ ᠤᠷᠠᠯᠢᠭ ᠤᠨ ᠪᠦᠲᠦᠭᠡᠯ ᠢ ᠵᠣᠬᠢᠶᠠᠨ |
ᠪᠦᠲᠦᠭᠡᠬᠦ ᠶᠢ ᠳᠡᠮᠵᠢᠵᠦ᠂ ᠪᠠᠶᠢᠭᠤᠯᠤᠮᠵᠢ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠮᠠᠷᠠᠲᠤ |
ᠬᠢᠵᠠᠭᠠᠷ ᠤᠨ ᠰᠣᠶᠣᠯ ᠢ ᠨᠡᠩ ᠨᠡᠷ᠎ᠡ ᠠᠯᠳᠠᠷᠰᠢᠯ ᠪᠠ ᠲᠠᠲᠠᠬᠤ ᠬᠦᠴᠦᠨ ᠲᠠᠢ ᠪᠣᠯᠭᠠᠨ᠎ᠠ︾ ᠭᠡᠪᠡ᠃ |
︽ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ |
ᠶᠢᠰᠦᠳᠦᠭᠡᠷ ᠪᠥᠬᠦᠳᠡ ᠬᠤᠷᠠᠯ ᠵᠢᠴᠢ ᠪᠥᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯᠳᠤᠭᠠᠨ ᠠᠴᠠ ︿ |
ᠤᠮᠠᠷᠠᠲᠤ ᠬᠢᠵᠠᠭᠠᠷ ᠤᠨ ᠰᠣᠶᠣᠯ ᠤᠨ ᠪᠠᠶᠢᠭᠤᠯᠤᠯᠲᠠ ᠶᠢ ᠳᠡᠰ ᠳᠡᠪᠰᠢᠭᠦᠯᠬᠦ ᠠᠵᠢᠯᠯᠠᠭ᠎ᠠ﹀ ᠶᠢ ︿ᠵᠢᠷᠭᠤᠭᠠᠨ |
ᠠᠵᠢᠯᠯᠠᠭ᠎ᠠ﹀ ᠶᠢᠨ ᠨᠢᠭᠡ ᠪᠠᠷ ᠵᠢᠭᠰᠠᠭᠠᠭᠰᠠᠨ ᠨᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠣᠶᠣᠯ |
ᠵᠢᠭᠤᠯᠴᠢᠯᠠᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠬᠤ ᠶᠢ ᠭᠦᠢᠴᠡᠳ ᠬᠠᠷᠠᠭᠤᠯᠤᠭᠰᠠᠨ |
ᠮᠥᠷᠲᠡᠭᠡᠨ ᠪᠠᠰᠠ ᠪᠢᠳᠡᠨ ᠤ ᠡᠨᠡ ᠵᠢᠯ ᠤᠨ ᠠᠵᠢᠯ ᠢᠶᠠᠨ ᠰᠠᠶᠢᠲᠤᠷ ᠬᠢᠬᠦ ᠳᠤ ᠴᠢᠭᠯᠡᠯ ᠢ ᠵᠢᠭᠠᠨ ᠥᠭᠴᠦ᠂ ᠵᠢᠷᠤᠮᠯᠠᠯ |
ᠬᠠᠩᠭᠠᠭᠰᠠᠨ ᠪᠠᠶᠢᠨ᠎ᠠ᠃ ᠪᠢᠳᠠ ᠥᠪᠡᠷᠲᠡᠭᠡᠨ ᠵᠠᠰᠠᠬᠤ ᠣᠷᠣᠨ ᠤ ︿ᠨᠢᠭᠡ ᠭᠤᠣᠯ ᠰᠢᠵᠢᠮ ᠢ ᠲᠤᠭᠤᠰᠢᠯᠠᠭᠤᠯᠵᠤ᠂ |
ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ﹀ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠦᠬᠦ ᠲᠠᠯ᠎ᠠ ᠪᠠᠷ |
ᠨᠠᠶᠢᠳᠠᠪᠤᠷᠢᠵᠢᠭᠤᠯᠵᠤ᠂ ᠪᠦᠬᠦᠳᠡ ᠬᠤᠷᠠᠯ ᠤᠨ ︿ᠤᠮᠠᠷᠠᠲᠤ ᠬᠢᠵᠠᠭᠠᠷ ᠤᠨ ᠰᠣᠶᠣᠯ ᠤᠨ ᠪᠠᠶᠢᠭᠤᠯᠤᠯᠲᠠ ᠶᠢ ᠳᠡᠰ |
ᠳᠡᠪᠰᠢᠭᠦᠯᠬᠦ ᠠᠵᠢᠯᠯᠠᠭ᠎ᠠ﹀ ᠶᠢᠨ ᠲᠣᠭᠤᠷᠢᠨ ᠳᠤ ᠬᠢᠭᠰᠡᠨ ᠲᠦᠷᠪᠡᠨ ᠲᠠᠯ᠎ᠠ ᠶᠢᠨ ᠪᠣᠳᠠᠲᠠᠢ ᠲᠣᠬᠢᠷᠠᠭᠤᠯᠤᠯᠲᠠ ᠶᠢ |
ᠨᠢᠭᠡᠳ ᠨᠢᠭᠡ ᠪᠠᠷ ᠰᠤᠳᠤᠯᠤᠨ ᠡᠮᠬᠢᠯᠡᠵᠦ᠂ ᠨᠠᠷᠢᠯᠢᠭᠵᠢᠭᠤᠯᠤᠨ ᠵᠠᠳᠠᠯᠵᠤ᠂ ᠨᠠᠶᠢᠳᠠᠪᠤᠷᠢᠵᠢᠭᠤᠯᠤᠯᠲᠠ ᠶᠢ |
ᠠᠬᠢᠭᠤᠯᠬᠤ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠴᠢᠨᠠᠷ ᠰᠠᠶᠢᠲᠠᠢ ᠠᠵᠢᠯᠯᠠᠭ᠎ᠠ ᠶᠢᠨ ᠦᠷ᠎ᠡ |
ᠪᠦᠲᠦᠭᠡᠯ ᠢᠶᠠᠷ ᠪᠦᠬᠦ ᠣᠷᠣᠨ ᠤ ᠰᠢᠨ᠎ᠡ ᠵᠠᠮ ᠢ ᠨᠡᠭᠡᠭᠡᠵᠦ ᠳᠤᠮᠳᠠ ᠲᠦᠪᠰᠢᠨ ᠳᠤ ᠣᠷᠣᠬᠤ ᠳᠤ ᠬᠤᠪᠢ ᠨᠡᠮᠡᠷᠢ |
ᠦᠵᠡᠭᠦᠯᠦᠨ᠎ᠡ︾ ᠭᠡᠵᠦ ᠵᠠᠩ ᠷᠦᠢ ᠢᠯᠡᠳᠬᠡᠪᠡ᠃ |
ᠨᠢᠭᠡ ᠳᠤ᠂ ᠤᠮᠠᠷᠠᠲᠤ ᠬᠢᠵᠠᠭᠠᠷ ᠤᠨ ᠰᠣᠶᠣᠯ ᠤᠨ ᠰᠤᠲᠤᠯᠤᠨ ᠲᠠᠶᠢᠯᠪᠤᠷᠢᠯᠠᠯᠲᠠ ᠶᠢ ᠬᠦᠴᠦᠯᠡᠨ ᠰᠠᠶᠢᠲᠤᠷ |
ᠬᠢᠨ᠎ᠡ᠃ ᠣᠷᠣᠨ ᠤ ᠳᠣᠲᠣᠷᠠᠬᠢ ᠰᠣᠶᠣᠯ ᠵᠢᠭᠤᠯᠴᠢᠯᠠᠯ ᠤᠨ ᠰᠢᠰᠲ᠋ᠧᠮ ᠤᠨ ᠰᠤᠳᠤᠯᠭᠠᠨ ᠤ ᠬᠦᠴᠦᠨ ᠢ |
ᠨᠢᠭᠡᠳᠦᠯᠲᠡᠢ ᠲᠥᠯᠥᠪᠯᠡᠵᠦ᠂ ᠮᠠᠨ ᠤ ᠣᠷᠣᠨ ᠤ ᠬᠤᠪᠢᠰᠬᠠᠯ ᠤᠨ ᠰᠣᠶᠣᠯ᠂ ᠲᠠᠯ᠎ᠠ ᠨᠤᠲᠤᠭ ᠤᠨ ᠰᠣᠶᠣᠯ᠂ ᠬᠠᠲᠤᠨ |
ᠭᠤᠣᠯ ᠤᠨ ᠰᠣᠶᠣᠯ ᠵᠡᠷᠭᠡ ᠡᠬᠢ ᠪᠠᠶᠠᠯᠢᠭ ᠢ ᠭᠦᠢᠴᠡᠳ ᠠᠭᠤᠳᠠᠯᠵᠤ᠂ ᠳᠤᠮᠳᠠᠳᠤ ᠶᠢᠨ ᠦᠨᠳᠦᠰᠦᠲᠡᠨ ᠤ |
ᠬᠠᠮᠲᠤ ᠶᠢᠨ ᠴᠣᠭᠴᠠ ᠶᠢᠨ ᠤᠬᠠᠮᠰᠠᠷ᠂ ᠮᠣᠩᠭᠤᠯ ᠮᠣᠷᠢᠨ ᠤ ᠵᠣᠷᠢᠭ ᠰᠠᠨᠠᠭ᠎ᠠ᠂ ︽ᠤᠮᠠᠷᠠᠲᠤ ᠶᠢᠨ ᠭᠤᠷᠪᠠᠨ |
ᠣᠷᠣᠨ ᠤ ᠵᠣᠷᠢᠭ ᠰᠠᠨᠠᠭ᠎ᠠ︾ ᠵᠡᠷᠭᠡ ᠠᠮᠢᠳᠤᠯᠢᠭ ᠬᠡᠷᠡᠭ ᠤᠨ ᠵᠢᠱᠢᠶ᠎ᠡ ᠶᠢ ᠴᠤᠭᠯᠠᠭᠤᠯᠬᠤ ᠪᠠ ᠰᠤᠳᠤᠯᠬᠤ ᠠᠵᠢᠯ ᠢ |
ᠭᠦᠨᠵᠡᠭᠡᠢ ᠥᠷᠨᠢᠭᠦᠯᠵᠦ᠂ ︽ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢᠨ ᠳᠤᠮᠳᠠᠳᠤ |
ᠤᠯᠤᠰ ᠤᠨ ᠰᠢ ᠵᠦᠴᠦᠭᠡ ᠶᠢᠨ ᠲᠡᠦᠬᠡ ︵ᠥᠪᠥᠷ ᠮᠣᠩᠭᠤᠯ ᠤᠨ ᠪᠣᠳᠢ︶︾ ᠵᠡᠷᠭᠡ ᠤᠯᠤᠰ ᠤᠨ ᠲᠦᠷᠦᠯ ᠵᠦᠢᠯ ᠢ |
ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠲᠦᠷᠭᠡᠨ ᠠᠬᠢᠭᠤᠯᠵᠤ᠂ ᠪᠣᠷᠣᠭᠵᠢᠭᠤᠨ ᠦᠭᠡ ᠶᠠᠷᠢᠶ᠎ᠠ ᠪᠠᠷ ᠠᠭᠤᠯᠤᠭᠳᠠᠵᠤ |
ᠪᠠᠶᠢᠭ᠎ᠠ ᠴᠠᠭ ᠦᠶ᠎ᠡ ᠶᠢᠨ ᠵᠣᠷᠢᠭ ᠰᠠᠨᠠᠭ᠎ᠠ ᠶᠢ ᠲᠣᠳᠣᠷᠬᠠᠢ ᠶᠠᠷᠢᠨ᠎ᠠ᠃ ᠰᠣᠶᠣᠯ ᠤᠨ ᠥᠪ ᠢ ᠬᠠᠮᠠᠭᠠᠯᠠᠨ |
ᠵᠠᠯᠭᠠᠮᠵᠢᠯᠠᠵᠤ ᠠᠰᠢᠭᠯᠠᠬᠤ ᠶᠢ ᠰᠠᠶᠢᠲᠤᠷ ᠠᠳᠬᠤᠵᠤ᠂ ᠪᠠᠷᠠᠭᠤᠨ ᠯᠢᠶᠣᠤᠾᠧ ᠭᠤᠣᠯ ᠤᠨ ᠪᠣᠯᠪᠠᠰᠤᠨ ᠢ |
︽ᠳᠤᠮᠳᠠᠳᠤ ᠶᠢᠨ ᠪᠣᠯᠪᠠᠰᠤᠨ ᠤ ᠡᠬᠢ ᠰᠤᠷᠪᠤᠯᠵᠢ ᠶᠢ ᠬᠠᠶᠢᠬᠤ ᠢᠨᠵᠧᠨᠧᠷᠢᠩ︾ ᠳᠤ ᠣᠷᠣᠭᠤᠯᠬᠤ ᠶᠢ ᠠᠬᠢᠭᠤᠯᠵᠤ᠂ |
ᠪᠠᠷᠠᠭᠤᠨ ᠯᠢᠶᠣᠤᠾᠧ ᠭᠤᠣᠯ ᠤᠨ ᠰᠠᠪᠠ ᠭᠠᠵᠠᠷ ᠤᠨ ᠴᠢᠨ ᠤᠯᠤᠰ ᠠᠴᠠ ᠡᠮᠦᠨᠡᠬᠢ ᠦᠶ᠎ᠡ ᠶᠢᠨ ᠦᠯᠡᠳᠡᠭᠳᠡᠯ |
ᠬᠠᠭᠤᠴᠢ ᠰᠤᠳᠤᠯᠤᠯ ᠤᠨ ᠲᠤᠰᠬᠠᠢ ᠪᠠᠶᠢᠴᠠᠭᠠᠯᠲᠠ ᠪᠠ ᠠᠭᠤᠳᠠᠯᠤᠯᠲᠠ ᠵᠡᠷᠭᠡ ᠠᠵᠢᠯ ᠢ ᠡᠬᠢᠯᠡᠭᠦᠯᠦᠨ᠎ᠡ︔ 2025 |
ᠣᠨ ᠤ ᠬᠤᠩᠱᠠᠨ ᠰᠣᠶᠣᠯ ᠤᠨ ᠰᠢᠰᠲ᠋ᠧᠮᠲᠦ ᠴᠢᠨᠠᠷᠲᠠᠢ ᠬᠠᠮᠠᠭᠠᠯᠠᠯᠲᠠ ᠶᠢᠨ ᠠᠵᠢᠯ ᠤᠨ ᠲᠥᠰᠥᠯ ᠢ ᠨᠠᠶᠢᠷᠠᠭᠤᠯᠤᠨ |
ᠬᠡᠷᠡᠭᠵᠢᠭᠦᠯᠵᠦ᠂ ᠬᠤᠩᠱᠠᠨ ᠰᠣᠶᠣᠯ ᠤᠨ ᠪᠠᠭᠤᠷᠢ ᠶᠢᠨ ᠨᠠᠷᠢᠯᠢᠭᠵᠢᠭᠤᠯᠤᠭᠰᠠᠨ ᠬᠠᠭᠤᠴᠢ ᠰᠤᠳᠤᠯᠤᠯ ᠤᠨ |
ᠪᠠᠶᠢᠴᠠᠭᠠᠯᠲᠠ ᠶᠢ ᠥᠷᠨᠢᠭᠦᠯᠵᠦ᠂ ᠲᠦᠮᠡᠨ ᠭᠠᠵᠠᠷ ᠤᠨ ᠴᠠᠢ ᠶᠢᠨ ᠵᠠᠮ᠂ ᠬᠤᠩᠱᠠᠨ ᠰᠣᠶᠣᠯ ᠤᠨ ᠪᠠᠭᠤᠷᠢ ᠶᠢ |
ᠪᠣᠳᠠᠰ ᠤᠨ ᠪᠤᠰᠤ ᠰᠣᠶᠣᠯ ᠤᠨ ᠥᠪ ᠢᠶᠠᠷ ᠮᠡᠳᠡᠭᠦᠯᠬᠦ ᠪᠠ ᠳ᠋ᠠ ᠶᠣᠣ ᠶᠢᠨ ᠪᠠᠭᠤᠷᠢ ᠵᠡᠷᠭᠡ ᠲᠣᠮᠣ ᠪᠠᠭᠤᠷᠢ ᠶᠢ |
ᠬᠠᠮᠠᠭᠠᠯᠠᠵᠤ ᠰᠡᠯᠪᠢᠨ ᠵᠠᠰᠠᠬᠤ ᠠᠵᠢᠯ ᠢ ᠨᠢᠭᠡᠳᠦᠯᠲᠡᠢ ᠲᠥᠯᠥᠪᠯᠡᠨ ᠠᠬᠢᠭᠤᠯᠵᠤ᠂ ᠰᠣᠶᠣᠯ ᠤᠨ ᠥᠪ ᠢ ︽ᠠᠮᠢᠳᠤᠯᠢᠭ |
ᠪᠣᠯᠭᠠᠵᠤ︾ ᠬᠦᠭᠵᠢᠭᠦᠯᠦᠨ᠎ᠡ᠃ |
ᠤᠯᠠᠭᠠᠨᠮᠥ᠋ᠴᠢᠷ ᠤᠨ ︽ᠲᠦᠮᠡᠨ ᠲᠣᠰᠬᠤᠨ ᠤ ᠠᠶᠠᠯᠠᠯ︾᠂ ︽ᠵᠠᠭᠤᠨ ᠪᠦᠯᠬᠦᠮ ᠮᠢᠩᠭᠠᠨ ᠲᠠᠯᠠᠪᠤᠷ |
ᠦᠨᠳᠦᠰᠦᠨ ᠱᠠᠲᠤᠨ ᠳᠤ ᠬᠦᠷᠬᠦ︾᠂ ︽ᠬᠢᠯᠢ ᠬᠢᠵᠠᠭᠠᠷ ᠢ ᠰᠠᠬᠢᠵᠤ ᠰᠡᠷᠭᠡᠶᠢᠯᠡᠯᠲᠡ ᠶᠢ ᠪ᠊ ᠪᠠᠬᠢᠵᠢᠭᠦᠯᠦᠨ · |
ᠬᠤᠶᠠᠷ ᠢ ᠬᠦᠷᠢᠶᠡᠯᠡᠨ ᠬᠠᠮᠲᠤ ᠪᠠᠷ ᠪᠠᠶᠢᠭᠤᠯᠬᠤ︾ ᠵᠡᠷᠭᠡ ᠦᠨᠳᠦᠰᠦᠨ ᠱᠠᠲᠤᠨ ᠤ ᠲᠣᠭᠤᠷᠢᠨ ᠲᠣᠭᠯᠠᠯᠲᠠ ᠶᠢᠨ |
ᠠᠵᠢᠯᠯᠠᠭ᠎ᠠ ᠥᠷᠨᠢᠭᠦᠯᠬᠦ ᠶᠢ ᠳᠡᠮᠵᠢᠵᠦ᠂ ᠤᠮᠠᠷᠠᠲᠤ ᠬᠢᠵᠠᠭᠠᠷ ᠤᠨ ᠰᠣᠶᠣᠯ ᠤᠨ ᠠᠷᠠᠳ ᠣᠯᠠᠨ ᠤ ᠣᠶᠤᠨ ᠤ |
ᠰᠣᠶᠣᠯ ᠤᠨ ᠬᠡᠷᠡᠭᠴᠡᠭᠡ ᠶᠢ ᠨᠠᠩ ᠰᠠᠶᠢᠲᠤᠷ ᠬᠠᠩᠭᠠᠬᠤ ᠶᠢᠨ ᠬᠠᠮᠲᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ |
ᠬᠥᠭᠵᠢᠯᠲᠡ ᠳᠤ ᠨᠠᠩ ᠰᠠᠶᠢᠨ ᠴᠢᠳᠠᠪᠤᠷᠢ ᠣᠯᠭᠤᠨ᠎ᠠ᠃ |
ᠬᠤᠶᠠᠷ ᠲᠤ᠂ ᠤᠳᠬ᠎ᠠ ᠤᠷᠠᠯᠢᠭ ᠤᠨ ᠬᠦᠷᠢᠶᠡᠯᠡᠩ ᠪᠦᠯᠬᠦᠮ ᠤᠨ ᠪᠠᠶᠢᠭᠤᠯᠤᠯ |
ᠲᠣᠭᠲᠠᠴᠠ ᠵᠢᠨᠥᠭᠡᠷᠡᠴᠢᠯᠡᠯᠲᠡ ᠶᠢ ᠲᠦᠷᠭᠡᠪᠴᠢᠯᠡᠨ ᠠᠬᠢᠭᠤᠯᠤᠨ᠎ᠠ᠃ ᠤᠯᠤᠰ ᠤᠨ ᠥᠮᠴᠢᠯᠡᠯ ᠤᠨ ᠬᠦᠷᠢᠶᠡᠯᠡᠩ |
ᠪᠦᠯᠬᠦᠮ ᠤᠨ ᠥᠭᠡᠷᠡᠴᠢᠯᠡᠯᠲᠡ ᠶᠢᠨ ᠪᠡᠷᠬᠡ ᠰᠡᠳᠦᠪ ᠢ ᠰᠢᠢᠳᠪᠦᠷᠢᠯᠡᠬᠦ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ |
ᠰᠣᠶᠣᠯ ᠤᠨ ᠬᠠᠮᠢᠶᠠᠷᠤᠯᠲᠠ ᠶᠢᠨ ᠰᠢᠰᠲ᠋ᠧᠮ ᠪᠠ ᠦᠢᠯᠡᠳᠪᠦᠷᠢᠯᠡᠯ ᠡᠵᠡᠩᠨᠡᠯᠲᠡ ᠶᠢᠨ ᠲᠣᠭᠲᠠᠴᠠ ᠶᠢ ᠪᠦᠷᠢᠨᠰᠢᠭᠦᠯᠦᠨ |
ᠲᠡᠭᠦᠯᠳᠡᠷᠵᠢᠭᠦᠯᠵᠦ᠂ ︽ᠰᠣᠶᠣᠯ ᠤᠨ ᠦᠢᠯᠡᠰ + ᠺᠣᠮᠫᠠᠨᠢ︾᠂ ︽ᠬᠦᠷᠢᠶᠡᠯᠡᠩ ᠪᠦᠯᠬᠦᠮ + ᠺᠣᠮᠫᠠᠨᠢ︾᠂ ︽ |
ᠨᠡᠶᠢᠲᠡ ᠶᠢᠨ ᠠᠰᠠᠷᠠᠮᠵᠢ + ᠵᠠᠬ᠎ᠠ ᠳᠡᠯᠭᠡᠭᠦᠷ︾ ᠵᠡᠷᠭᠡ ᠡᠵᠡᠩᠨᠡᠯᠲᠡ ᠶᠢᠨ ᠵᠠᠭᠪᠤᠷ ᠢᠶᠠᠷ ᠤᠷᠠᠯᠢᠭ ᠤᠨ ᠲᠢᠶᠠᠲᠷ᠂ |
ᠰᠣᠶᠣᠯ ᠤᠨ ᠣᠷᠳᠣᠨ᠂ ᠦᠵᠡᠰᠬᠦᠯᠡᠩ ᠤᠨ ᠣᠷᠳᠣᠨ ᠤ ᠵᠠᠬ᠎ᠠ ᠳᠡᠯᠭᠡᠭᠦᠷᠴᠢᠯᠡᠬᠦ ᠴᠢᠳᠠᠮᠵᠢ ᠪᠠ ᠬᠥᠭᠵᠢᠯᠲᠡ ᠶᠢᠨ |
ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠴᠢᠩᠭᠠᠷᠠᠭᠤᠯᠤᠨ᠎ᠠ᠃ ᠡᠨᠡ ᠵᠢᠯ᠂ ᠥᠪᠡᠷᠲᠡᠭᠡᠨ ᠵᠠᠰᠠᠬᠤ |
ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠠᠴᠠ ᠲᠢᠶᠠᠲᠷ ᠤᠨ ᠱᠤᠭᠤᠮ ᠤᠨ ᠬᠤᠯᠪᠤᠭᠠᠯᠠᠨ ᠬᠥᠳᠡᠯᠦᠯᠴᠡᠬᠦ |
ᠲᠣᠭᠲᠠᠴᠠ ᠳᠤ ᠲᠦᠰᠢᠭᠯᠡᠨ᠂ ᠪᠦᠬᠦ ᠣᠷᠣᠨ ᠤ ᠲᠢᠶᠠᠲᠷ ᠤᠨ ᠡᠬᠢ ᠪᠠᠶᠠᠯᠢᠭ ᠢ ᠪᠦᠬᠦ ᠲᠠᠯ᠎ᠠ ᠪᠠᠷ ᠠᠮᠢᠯᠠᠭᠤᠯᠵᠤ᠂ |
ᠪᠦᠬᠦ ᠣᠷᠣᠨ ᠤ ᠰᠢᠯᠢᠳᠡᠭ ᠲᠠᠶᠢᠰᠠᠨ ᠤ ᠤᠷᠠᠯᠢᠭ ᠤᠨ ᠵᠦᠴᠦᠭᠡ ︵ᠨᠠᠶᠢᠷ︶ ᠶᠢᠨ ᠦᠵᠡᠭᠦᠯᠭᠡ ᠶᠢᠨ ᠲᠣᠭᠯᠠᠯᠲᠠ᠂ |
︽ᠤᠯᠠᠨ ᠲᠦᠮᠡᠨ ᠤ ᠤᠳᠤᠨ ᠱᠠᠩᠨᠠᠯ︾ ᠤᠨ ᠰᠢᠯᠢᠳᠡᠭ ᠲᠣᠭᠯᠠᠯᠲᠠ ᠶᠢᠨ ᠵᠡᠭᠦᠨ ᠬᠡᠰᠡᠭ ᠣᠷᠣᠨ ᠤ ᠲᠣᠭᠤᠷᠢᠨ |
ᠲᠣᠭᠯᠠᠯᠲᠠ᠂ ︽ᠠᠷᠪᠠᠳᠤᠭᠠᠷ ᠬᠤᠭᠤᠴᠠᠭᠠᠨ ᠤ ᠤᠯᠠᠭᠠᠨᠮᠥ᠋ᠴᠢᠷ ᠤᠨ ᠤᠷᠠᠯᠢᠭ ᠤᠨ ᠨᠠᠶᠢᠷ︾ ᠵᠡᠷᠭᠡ ᠠᠵᠢᠯᠯᠠᠭ᠎ᠠ ᠶᠢ |
ᠡᠷᠬᠢᠯᠡᠨ ᠶᠠᠪᠤᠭᠳᠠᠭᠤᠯᠤᠨ᠎ᠠ᠃ |
ᠭᠤᠷᠪᠠ ᠳᠤ ᠂ ᠤᠳᠬ᠎ᠠ ᠤᠷᠠᠯᠢᠭ ᠤᠨ ᠰᠣᠳᠣᠨ ᠪᠦᠲᠦᠭᠡᠯ ᠢ ᠵᠤᠬᠢᠶᠠᠨ ᠪᠦᠲᠦᠭᠡᠬᠦ ᠠᠵᠢᠯ ᠢ ᠬᠦᠴᠦᠯᠡᠨ |
ᠰᠠᠶᠢᠲᠤᠷ ᠠᠳᠬᠤᠬᠤ ᠬᠡᠷᠡᠭᠲᠡᠢ᠃ ︽ᠭᠤᠷᠪᠠᠨ ᠨᠢᠭᠡ ᠪᠦᠯᠦᠭ︾ ᠤᠨ ᠵᠣᠬᠢᠶᠠᠨ ᠪᠦᠲᠦᠭᠡᠬᠦ ᠢᠨᠵᠧᠨᠧᠷᠢᠩ ᠢ |
ᠭᠦᠨᠵᠡᠭᠡᠢ ᠬᠡᠷᠡᠭᠵᠢᠭᠦᠯᠵᠦ᠂ ᠵᠦᠴᠦᠭᠡ ᠶᠢᠨ ᠪᠦᠲᠦᠭᠡᠯ ᠤᠨ ᠵᠤᠬᠢᠶᠠᠨ ᠪᠦᠲᠦᠭᠡᠯᠲᠡ᠂ ᠵᠣᠬᠢᠶᠠᠨ ᠪᠠᠶᠢᠭᠤᠯᠤᠯᠲᠠ᠂ |
ᠬᠠᠮᠢᠶᠠᠷᠤᠯᠲᠠ ᠶᠢᠨ ᠳᠦᠷᠢᠮ ᠤᠨ ᠲᠣᠭᠲᠠᠴᠠ ᠶᠢ ᠲᠦᠷᠭᠡᠨ ᠪᠠᠶᠢᠭᠤᠯᠤᠨ ᠲᠡᠭᠦᠯᠳᠡᠷᠵᠢᠭᠦᠯᠵᠦ᠂ ᠤᠳᠬ᠎ᠠ |
ᠤᠷᠠᠯᠢᠭ ᠤᠨ ᠪᠦᠲᠦᠭᠡᠯ ᠢ ᠦᠨᠡᠯᠡᠨ ᠵᠢᠱᠢᠬᠦ᠂ ᠬᠢᠨᠠᠨ ᠰᠢᠯᠭᠠᠬᠤ ᠰᠢᠰᠲ᠋ᠧᠮ ᠢ ᠲᠡᠭᠦᠯᠳᠡᠷᠵᠢᠭᠦᠯᠵᠦ᠂ ᠤᠮᠠᠷᠠᠲᠤ |
ᠬᠢᠵᠠᠭᠠᠷ ᠤᠨ ᠰᠣᠶᠣᠯ ᠤᠷᠠᠯᠢᠭ ᠤᠨ ᠰᠣᠳᠣᠨ ᠪᠦᠲᠦᠭᠡᠯ ᠢ ᠵᠣᠬᠢᠶᠠᠨ ᠪᠦᠲᠦᠭᠡᠬᠦ ᠪᠡᠯᠡ ᠮᠥᠩᠭᠦ ᠶᠢ ᠰᠠᠶᠢᠲᠤᠷ |
ᠬᠠᠮᠢᠶᠠᠷᠴᠤ ᠭᠦᠢᠴᠡᠳ ᠬᠡᠷᠡᠭᠯᠡᠵᠦ᠂ ᠳᠠᠭᠤᠷᠢ ︽ᠵᠠᠩᠭᠠᠷ︾᠂ ᠼᠢᠷᠺ ᠵᠦᠴᠦᠭᠡ ︽ᠪᠢᠳᠡᠨ ᠤ ᠰᠠᠶᠢᠨ ᠰᠠᠶᠢᠬᠠᠨ |
ᠠᠮᠢᠳᠤᠷᠠᠯ︾᠂ ᠶᠠᠷᠢᠶᠠᠲᠤ ᠵᠦᠴᠦᠭᠡ ︽ᠮᠣᠩᠭᠤᠯ ᠲᠥᠪᠡᠳ ᠤᠨ ᠰᠤᠷᠭᠠᠭᠤᠯᠢ︾ ᠵᠡᠷᠭᠡ ᠵᠦᠴᠦᠭᠡ ᠶᠢᠨ |
ᠪᠦᠲᠦᠭᠡᠯ ᠤᠨ ᠴᠢᠨᠠᠷ ᠦᠷ᠎ᠡ ᠪᠦᠲᠦᠮᠵᠢ ᠶᠢ ᠦᠷᠭᠦᠯᠵᠢᠯᠡᠨ ᠪᠠᠬᠢᠵᠢᠭᠦᠯᠦᠨ ᠳᠡᠭᠡᠭᠰᠢᠯᠡᠭᠦᠯᠵᠦ᠂ ᠤᠷᠺᠧᠰᠲᠷᠠ ᠶᠢᠨ |
ᠬᠥᠭᠵᠢᠮ ︽ᠪᠢ ᠪᠣᠯᠣᠨ ᠨᠦᠩ︾᠂ ᠲᠠᠭᠤᠤ ᠬᠥᠭᠵᠢᠮᠲᠦ ᠵᠦᠴᠦᠭᠡ ︽ᠷᠣᠺ ᠲᠠᠯ᠎ᠠ ᠨᠤᠲᠤᠭ︾᠂ ᠵᠦᠴᠦᠭᠡ ︽ |
ᠴᠤᠭ ᠵᠢᠪᠬᠤᠭ᠎ᠠ︾ ᠵᠡᠷᠭᠡ ᠪᠦᠲᠦᠭᠡᠯ ᠢ ᠵᠣᠬᠢᠶᠠᠨ ᠪᠦᠲᠦᠭᠡᠬᠦ ᠠᠵᠢᠯ ᠢ ᠡᠬᠢᠯᠡᠭᠦᠯᠵᠦ᠂ ︽ᠯᠣᠣ ᠬᠠᠶᠢᠭᠰᠠᠨ |
ᠲᠡᠮᠳᠡᠭᠯᠡᠯ︾᠂ ︽ᠲᠠᠨ ᠲᠠᠢ ᠶᠠᠭ ᠰᠠᠶᠢᠬᠠᠨ ᠲᠠᠭᠠᠷᠠᠯᠲᠤᠯ᠎ᠠ︾ ᠵᠡᠷᠭᠡ ᠨᠢᠭᠡ ᠪᠦᠯᠦᠭ ᠠᠮᠢᠳᠤᠷᠠᠯ ᠤᠨ ᠠᠭᠤᠷ |
ᠠᠮᠢᠰᠬᠤᠯ ᠢᠶᠠᠷ ᠪᠠᠶᠠᠯᠢᠭ᠂ ᠣᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠢ ᠱᠤᠭ ᠵᠦᠴᠦᠭᠡ ᠶᠢ ᠦᠷᠭᠦᠯᠵᠢᠯᠡᠨ |
ᠠᠬᠢᠭᠤᠯᠤᠨ᠎ᠠ᠃ ᠡᠭᠦᠨ ᠤ ᠵᠡᠷᠭᠡ ᠳᠤ᠂ ᠳᠠᠭᠠᠭᠤᠯᠤᠭᠴᠢ ᠴᠢᠳᠠᠪᠤᠷᠢᠲᠠᠨ᠂ ᠳᠡᠭᠡᠳᠦ ᠰᠤᠲᠤᠨ ᠰᠢᠯᠢᠳᠡᠭ |
ᠴᠢᠳᠠᠪᠤᠷᠢᠲᠠᠨ ᠵᠡᠷᠭᠡ ᠳᠥᠷᠪᠡᠨ ᠲᠥᠷᠥᠯ ᠤᠨ ᠬᠠᠮᠲᠤ ᠨᠡᠶᠢᠲᠡ ᠳᠤ ᠠᠩᠬᠠᠷᠤᠯ ᠢᠶᠠᠨ ᠲᠥᠪᠯᠡᠷᠡᠭᠦᠯᠵᠦ᠂ |
ᠴᠢᠳᠠᠪᠤᠷᠢᠲᠠᠨ ᠢ ᠬᠥᠮᠥᠵᠢᠭᠦᠯᠦᠨ ᠦᠯᠡᠳᠡᠭᠡᠨ ᠬᠡᠷᠡᠭᠯᠡᠬᠦ ᠪᠠᠶᠢᠭᠤᠯᠤᠯ ᠲᠣᠭᠲᠠᠴᠠ ᠶᠢ ᠪᠦᠷᠢᠨᠰᠢᠭᠦᠯᠦᠨ |
ᠲᠡᠭᠦᠯᠳᠡᠷᠵᠢᠭᠦᠯᠵᠦ᠂ ᠤᠷᠠᠯᠢᠭ ᠤᠨ ᠴᠢᠳᠠᠪᠤᠷᠢᠲᠠᠨ ᠤ ᠡᠩᠨᠡᠭᠡ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠰᠣᠳᠣᠨ |
ᠪᠦᠲᠦᠭᠡᠯ ᠢ ᠵᠣᠬᠢᠶᠠᠨ ᠪᠦᠲᠦᠭᠡᠬᠦ ᠰᠠᠭᠤᠷᠢ ᠶᠢ ᠤᠯᠠᠮ ᠨᠢᠭᠡ ᠠᠯᠬᠤᠮ ᠪᠠᠲᠤᠳᠬᠠᠨ᠎ᠠ᠃ |
ᠳᠥᠷᠪᠡ ᠳᠤ᠂ ᠤᠮᠠᠷᠠᠲᠤ ᠬᠢᠵᠠᠭᠠᠷ ᠤᠨ ᠰᠣᠶᠣᠯ ᠤᠨ ᠦᠷ᠎ᠡ ᠪᠦᠲᠦᠭᠡᠯ ᠤᠨ ᠦᠵᠡᠰᠭᠦᠯᠡᠩ ᠦᠵᠡᠭᠦᠯᠭᠡ |
ᠶᠢ ᠴᠢᠩᠭᠠᠳᠬᠠᠬᠤ ᠬᠡᠷᠡᠭᠲᠡᠢ᠃ ︽ᠠᠶᠠᠯᠭᠤᠲᠤ ᠵᠢᠭᠤᠯᠴᠢᠯᠠᠯ ᠥᠪᠥᠷ ᠮᠣᠩᠭᠤᠯ︾ ᠣᠷᠣᠨ ᠪᠦᠰᠡ ᠶᠢᠨ ᠰᠣᠶᠣᠯ |
ᠵᠢᠭᠤᠯᠴᠢᠯᠠᠯ ᠤᠨ ᠨᠠᠷᠠᠲᠤ ᠲᠥᠷᠥᠯ ᠲᠡᠮᠳᠡᠭᠲᠦ ᠶᠢ ᠪᠥᠬᠦ ᠬᠦᠴᠦᠨ ᠢᠶᠠᠷ ᠢᠶᠠᠨ ᠴᠤᠭᠴᠠᠯᠠᠬᠤ ᠪᠠᠷ ᠭᠤᠣᠯᠳᠠᠯᠭ᠎ᠠ |
ᠪᠣᠯᠭᠠᠵᠤ᠂ ᠳᠣᠲᠣᠭᠠᠳᠤ ᠳᠤ ᠪᠠᠨ ᠳᠡᠯᠭᠡᠨ ᠦᠵᠡᠭᠦᠯᠬᠦ ᠪᠠ ᠭᠠᠳᠠᠭᠰᠢ ᠪᠠᠨ ᠲᠡᠯᠭᠡᠷᠡᠭᠦᠯᠦᠨ ᠦᠵᠡᠭᠦᠯᠬᠦ ᠡᠯ᠎ᠡ |
ᠵᠦᠢᠯ ᠤᠨ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠠᠳᠬᠤᠨ᠎ᠠ᠃ ᠨᠢᠭᠡ ᠲᠠᠯ᠎ᠠ ᠪᠠᠷ᠂ ︽ᠵᠢᠷᠭᠤᠭᠠᠨ |
ᠠᠭᠤᠯᠵᠠᠷ ᠤᠨ ᠨᠢᠭᠡᠲᠦᠯ︱ ᠥᠪᠥᠷ ᠮᠣᠩᠭᠤᠯ ᠤᠨ ᠡᠷᠲᠡᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠰᠣᠳᠣᠨ |
ᠪᠦᠲᠦᠭᠡᠯ ᠤᠨ ᠦᠵᠡᠭᠦᠯᠭᠡ︾᠂ ︽ᠤᠮᠠᠷᠠᠲᠤ ᠬᠢᠵᠠᠭᠠᠷ ᠤᠨ ᠤᠯᠠ ᠮᠥᠷ ︱ ᠳᠤᠮᠳᠠᠳᠤ ᠶᠢᠨ ᠪᠣᠯᠪᠠᠰᠤᠨ ᠤ |
ᠥᠪᠡᠷᠮᠢᠴᠡ ᠣᠨᠴᠠᠯᠢᠭ ᠤᠨ ᠦᠵᠡᠭᠦᠯᠭᠡ︾ ᠵᠡᠷᠭᠡ ᠰᠣᠳᠣᠨ ᠪᠦᠲᠦᠭᠡᠯ ᠤᠨ ᠲᠣᠭᠤᠷᠢᠨ ᠦᠵᠡᠭᠦᠯᠬᠦ ᠦᠵᠡᠭᠦᠯᠭᠡ ᠶᠢ |
150 ᠭᠠᠷᠤᠢ ᠲᠠᠯᠠᠪᠠᠢ ᠶᠢ ᠤᠬᠠᠭᠠᠯᠠᠨ ᠡᠷᠬᠢᠯᠡᠵᠦ᠂ ᠳᠤᠮᠳᠠᠳᠤ ᠤᠯᠤᠰ ᠤᠨ ︽ᠤᠯᠤᠰ ᠤᠨ ᠤᠮᠠᠷᠠᠲᠤ ᠬᠢᠯᠢ |
·ᠪᠣᠯᠪᠠᠰᠤᠨ ᠤ ᠡᠬᠢ ᠰᠤᠷᠪᠤᠯᠵᠢ ᠶᠢ ᠬᠠᠶᠢᠬᠤ︾ ᠰᠢᠷᠢᠰ ᠤᠬᠠᠭᠤᠯᠭ᠎ᠠ ᠶᠢ ᠥᠷᠨᠢᠭᠦᠯᠵᠦ᠂ ᠠᠷᠠᠳ ᠤᠯᠠᠨ ᠳᠤ |
ᠰᠣᠶᠣᠯ ᠤᠨ ᠦᠪᠡᠳᠡᠭᠰᠢ ᠨᠠᠶᠢᠷ ᠢ ᠡᠳ᠋ᠯᠡᠭᠦᠯᠦᠨ᠎ᠡ︔ ᠨᠥᠭᠦᠭᠡ ᠲᠠᠯ᠎ᠠ ᠪᠠᠷ᠂ ︽ᠭᠠᠳᠠᠭᠰᠢ ᠭᠠᠷᠬᠤ︾ ᠶᠢᠨ |
ᠪᠠᠶᠢᠩᠭᠤ ᠶᠢᠨ ᠲᠣᠭᠯᠠᠯᠲᠠ ᠶᠢ ᠶᠡᠬᠡᠪᠡᠷ ᠬᠡᠷᠡᠭᠵᠢᠭᠦᠯᠵᠦ᠂ ᠤᠮᠠᠷᠠᠲᠤ ᠬᠢᠵᠠᠭᠠᠷ ᠤᠨ ᠰᠣᠶᠣᠯ ᠤᠨ ᠲᠤᠮᠲᠠᠲᠤ ᠶᠢᠨ |
ᠣᠷᠣᠨ ᠤ ᠠᠶᠠᠯᠠᠯ ᠤᠨ ᠠᠵᠢᠯᠯᠠᠭ᠎ᠠ ᠶᠢ ᠥᠷᠨᠢᠭᠦᠯᠵᠦ᠂ ᠼᠢᠷᠺ ᠵᠦᠴᠦᠭᠡ ︽ᠮᠠᠨ ᠤ ᠰᠠᠶᠢᠨ ᠰᠠᠶᠢᠬᠠᠨ ᠠᠮᠢᠳᠤᠷᠠᠯ︾ |
᠂ ᠲᠣᠮᠣ ᠬᠡᠯᠪᠡᠷᠢ ᠶᠢᠨ ᠦᠨᠳᠦᠰᠦᠲᠡᠨ ᠤ ᠤᠷᠺᠧᠰᠲᠷᠠ ᠶᠢᠨ ᠬᠥᠭᠵᠢᠮ ︽ᠮᠣᠩᠭᠤᠯ ᠮᠣᠷᠢ︾ ᠪᠠ ︽ᠲᠦᠮᠡᠨ |
ᠠᠭᠲᠠ ᠶᠢᠨ ᠲᠦᠪᠡᠷᠭᠡᠨ︾ ᠵᠡᠷᠭᠡ ᠮᠣᠷᠢᠨ ᠬᠤᠭᠤᠷ ᠤᠨ ᠲᠤᠰᠬᠠᠢ ᠲᠣᠭᠯᠠᠯᠲᠠ ᠶᠢᠨ ᠪᠥᠬᠦ ᠤᠯᠤᠰ ᠲᠤ ᠬᠦᠷᠬᠦ ᠶᠢ |
ᠲᠦᠯᠬᠢᠨ ᠠᠬᠢᠭᠤᠯᠵᠤ᠂ ᠥᠪᠥᠷ ᠮᠣᠩᠭᠤᠯ ᠤᠨ ᠥᠯᠢᠭᠡᠷ ᠢ ᠤᠳᠬ᠎ᠠ ᠤᠷᠠᠯᠢᠭ ᠤᠨ ᠬᠡᠯᠪᠡᠷᠢ ᠪᠠᠷ ᠰᠠᠶᠢᠲᠤᠷ ᠶᠠᠷᠢᠵᠤ |
᠂ ᠪᠥᠬᠦ ᠤᠯᠤᠰ ᠤᠨ ᠡᠯ᠎ᠡ ᠭᠠᠵᠠᠷ ᠤᠨ ᠵᠢᠭᠤᠯᠴᠢᠯᠠᠭᠴᠢᠳ ᠤᠨ ᠥᠪᠥᠷ ᠮᠣᠩᠭᠤᠯ ᠳᠤ ᠢᠷᠡᠵᠦ ᠵᠢᠭᠤᠯᠴᠢᠯᠠᠬᠤ ᠪᠠ |
ᠬᠠᠮᠲᠤᠷᠠᠨ ᠠᠵᠢᠯᠯᠠᠬᠤ ᠶᠢ ᠲᠠᠲᠠᠬᠤ ᠬᠡᠷᠡᠭᠲᠡᠢ᠃ ᠢᠯᠠᠩᠭᠤᠶ᠎ᠠ ︽ᠥᠪᠥᠷ ᠮᠣᠩᠭᠤᠯ ᠢᠶᠠᠷ ᠵᠢᠭᠤᠯᠴᠢᠯᠠᠬᠤ︾ ᠣᠷᠣᠨ |
ᠪᠦᠰᠡ ᠶᠢᠨ ᠰᠣᠶᠣᠯ ᠵᠢᠭᠤᠯᠴᠢᠯᠠᠯ ᠤᠨ ᠨᠡᠷᠡᠲᠦ ᠲᠡᠮᠳᠡᠭ ᠢ ᠡᠭᠦᠳᠬᠦ ᠠᠵᠢᠯ ᠢ ᠪᠦᠬᠦ ᠲᠠᠯ᠎ᠠ ᠪᠠᠷ ᠰᠠᠶᠢᠲᠤᠷ |
ᠠᠳᠬᠤᠵᠤ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠬᠤᠳᠠᠯᠳᠤᠭ᠎ᠠ ᠶᠢ ᠠᠭᠤᠰᠤᠯᠴᠠᠭᠤᠯᠤᠨ ᠬᠥᠭᠵᠢᠭᠦᠯᠬᠦ |
ᠵᠠᠭᠪᠤᠷ ᠢ ᠰᠦᠪᠡᠭᠴᠢᠯᠡᠨ ᠠᠬᠢᠭᠤᠯᠬᠤ ᠶᠢ ᠲᠦᠷᠭᠡᠳᠬᠡᠵᠦ᠂ ︽ᠢᠳᠡᠵᠦ ᠤᠤᠭᠤᠬᠤ ᠬᠤᠨᠣᠵᠤ ᠬᠡᠪᠲᠡᠬᠦ ᠶᠠᠪᠤᠵᠤ |
ᠰᠠᠭᠤᠬᠤ ᠵᠢᠭᠤᠯᠴᠢᠯᠠᠨᠨᠠᠭᠠᠳᠬᠤ ᠬᠤᠲᠠᠯᠲᠤᠭ᠎ᠠ ᠮᠠᠶᠢᠮᠠᠢ ᠵᠤᠭ᠎ᠠ ᠴᠡᠩᠭᠡᠯ︾ ᠤᠨ ᠬᠡᠷᠡᠭᠯᠡᠭᠡᠨ ᠤ ᠠᠵᠤ |
ᠦᠢᠯᠡᠰ ᠤᠨ ᠬᠡᠯᠬᠢᠶ᠎ᠡ ᠶᠢ ᠬᠦᠴᠦ ᠪᠠᠨ ᠬᠠᠮᠲᠤᠳᠬᠠᠨ ᠴᠤᠭᠴᠠᠯᠠᠬᠤ᠂ ︽ᠨᠢᠭᠡ ᠪᠦᠰᠡ ᠨᠢᠭᠡ ᠵᠠᠮ · ᠤᠮᠠᠷᠠᠲᠤ |
ᠬᠢᠵᠠᠭᠠᠷ ᠤᠨ ᠮᠠᠭᠲᠠᠭᠠᠯ︾ ᠪᠥᠬᠦ ᠤᠯᠤᠰ ᠤᠨ ᠨᠠᠶᠢᠷᠠᠯ ᠲᠠᠭᠤᠤ ᠶᠢᠨ ᠦᠵᠡᠭᠦᠯᠭᠡ ᠶᠢᠨ ᠲᠣᠭᠯᠠᠯᠲᠠ᠂ ︽ |
ᠠᠶᠠᠯᠭᠤᠲᠤ ᠵᠢᠭᠤᠯᠴᠢᠯᠠᠯ ᠥᠪᠥᠷ ᠮᠣᠩᠭᠤᠯ · ᠲᠠᠭᠤᠤ ᠬᠦᠭᠵᠢᠮ ᠠᠶᠠᠯᠠᠯ ᠤᠨ ᠬᠠᠨᠢ︾ ᠵᠡᠷᠭᠡ ᠠᠵᠢᠯᠯᠠᠭ᠎ᠠ ᠶᠢ |
ᠰᠠᠶᠢᠲᠤᠷ ᠡᠷᠭᠢᠯᠡᠵᠦ᠂ ᠣᠯᠠᠨ ᠲᠦᠮᠡᠨ ᠪᠠ ᠭᠠᠳᠠᠭᠠᠲᠤ ᠣᠷᠣᠨ ᠤ ᠵᠢᠭᠤᠯᠴᠢᠯᠠᠭᠴᠢᠳ ᠲᠤ ︽ᠠᠶᠠᠯᠭᠤᠲᠤ |
ᠵᠢᠭᠤᠯᠴᠢᠯᠠᠯ ᠥᠪᠥᠷ ᠮᠣᠩᠭᠤᠯ︾ ᠤᠨ ᠥᠪᠡᠷᠮᠢᠴᠡ ᠷᠢᠳᠢ ᠰᠢᠳᠢ ᠶᠢ ᠡᠳ᠋ᠯᠡᠭᠦᠯᠦᠨ᠎ᠡ᠃ |
ᠱᠠᠨ ᠰᠢ ᠮᠤᠵᠢ ᠶᠢᠨ 420 ᠠᠶᠠᠨᠴᠢᠨ ᠵᠢᠨᠢᠩ— ᠳ᠋ᠠᠲ᠋ᠦ᠋ᠩ— ᠶᠤᠸᠠᠨᠫᠢᠩ ᠵᠢᠭᠤᠯᠴᠢᠯᠠᠯ ᠤᠨ ᠲᠤᠰᠬᠠᠢ |
ᠭᠠᠯᠲᠤ ᠲᠡᠷᠭᠡᠨ ᠳᠤ ᠰᠠᠭᠤᠨ ᠥᠪᠥᠷ ᠮᠣᠩᠭᠤᠯ ᠳᠤ ᠢᠷᠡᠵᠦ ᠲᠣᠭᠤᠷᠢᠨ ᠦᠵᠡᠪᠡ |
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ |
︵ᠵᠢᠷᠤᠭ︶ |
1 ᠳ᠋ᠦ᠋ᠭᠡᠷ ᠰᠠᠷ᠎ᠠ ᠶᠢᠨ 5 ᠤ ᠡᠳᠦᠷ ᠤᠨ 11 ᠴᠠᠭ 47 ᠮᠢᠨᠦ᠋ᠲ ᠲᠤ᠂ ᠥᠪᠥᠷ ᠮᠣᠩᠭᠤᠯ ᠤᠨ |
ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠠᠴᠠ ᠵᠣᠬᠢᠶᠠᠨ ᠪᠠᠶᠢᠭᠤᠯᠤᠭᠰᠠᠨ ᠵᠢᠨᠢᠩ— |
ᠳ᠋ᠠᠲ᠋ᠦ᠋ᠩ— ᠶᠤᠸᠠᠨᠫᠢᠩ ᠬᠦᠷᠬᠦ ᠲᠦᠷᠭᠡᠨ ᠤ ᠲᠡᠮᠦᠷ ᠵᠠᠮ ᠤᠨ ᠵᠢᠭᠤᠯᠴᠢᠯᠠᠯ ᠤᠨ ᠠᠩᠬᠠᠳᠠᠭᠴᠢ ᠲᠤᠰᠬᠠᠢ |
ᠲᠡᠷᠭᠡ D4022 ᠳ᠋ᠤᠭᠠᠷ ᠲᠦᠷᠭᠡᠨ ᠤ ᠲᠡᠮᠦᠷ ᠵᠠᠮ ᠲᠠᠶᠢᠶᠤᠸᠠᠨ ᠤ ᠡᠮᠦᠨ᠎ᠡ ᠥᠷᠲᠡᠭᠡ ᠠᠴᠠ ᠭᠠᠷᠴᠤ᠂ ᠱᠠᠨ |
ᠰᠢ ᠶᠢᠨ 420 ᠵᠢᠭᠤᠯᠴᠢᠯᠠᠭᠴᠢᠳ ᠢ ᠲᠡᠭᠡᠭᠡᠨ ᠥᠪᠥᠷ ᠮᠣᠩᠭᠤᠯ ᠵᠦᠭ ᠮᠣᠷᠳᠠᠪᠠ᠃ |
ᠥᠪᠥᠷ ᠮᠣᠩᠭᠤᠯ ᠪᠠ ᠱᠠᠨ ᠰᠢ ᠬᠤᠶᠠᠷ ᠮᠤᠵᠢ ᠣᠷᠣᠨ ᠤ ᠭᠠᠵᠠᠷ ᠨᠤᠲᠤᠭ ᠣᠶᠢᠷᠠᠯᠴᠠᠭ᠎ᠠ᠂ ᠬᠥᠮᠥᠨ ᠤ |
ᠬᠠᠷᠢᠴᠠᠭ᠎ᠠ ᠳᠣᠲᠣᠨᠣ ᠪᠠᠶᠢᠳᠠᠭ᠃ ᠵᠢᠨᠢᠩ— ᠳ᠋ᠠᠲ᠋ᠦ᠋ᠩ— ᠶᠤᠸᠠᠨᠫᠢᠩ ᠲᠦᠷᠭᠡᠨ ᠤ ᠲᠡᠮᠦᠷ ᠵᠠᠮ ᠵᠢᠩᠬᠢᠨᠢ ᠪᠠᠷ |
ᠨᠡᠪᠲᠡᠷᠡᠬᠦ ᠶᠢ ᠳᠠᠭᠠᠯᠳᠤᠨ᠂ ᠱᠠᠨ ᠰᠢ ᠪᠣᠯᠣᠨ ᠥᠪᠥᠷ ᠮᠣᠩᠭᠤᠯ ᠤᠨ ᠬᠤᠭᠤᠷᠣᠨᠳᠣᠬᠢ ᠵᠠᠮ ᠬᠠᠷᠢᠯᠴᠠᠭ᠎ᠠ ᠨᠡᠩ |
ᠳᠥᠭᠦᠮ ᠳᠥᠲᠡ ᠪᠣᠯᠵᠤ᠂ ᠬᠤᠶᠠᠷ ᠭᠠᠵᠠᠷ ᠤᠨ ᠰᠣᠶᠣᠯ ᠵᠢᠭᠤᠯᠴᠢᠯᠠᠯ ᠤᠨ ᠬᠥᠭᠵᠢᠯᠲᠡ ᠳᠤ ᠰᠢᠨ᠎ᠡ ᠠᠮᠢᠵᠢᠷᠠᠯ ᠤᠨ |
ᠬᠦᠴᠦᠨ ᠨᠡᠮᠡᠷᠢᠯᠡᠪᠡ᠃ ᠭᠠᠯᠲᠤ ᠲᠡᠷᠭᠡᠨ ᠤ ᠴᠣᠩᠬᠤᠨ ᠳᠤ ᠡᠯ᠎ᠡ ᠵᠦᠢᠯ ᠤᠨ ᠰᠢᠨ᠎ᠡ ᠰᠣᠷᠭᠤᠭ ᠴᠣᠩᠬᠤᠨ ᠤ |
ᠬᠠᠶᠢᠴᠢᠯᠠᠮᠠᠯ ᠨᠠᠭᠠᠵᠤ᠂ ᠲᠡᠷᠭᠡᠨ ᠲᠠᠰᠤᠯᠭ᠎ᠠ ᠳᠤ ︽ᠪᠤᠶᠠᠨ︾ ᠦᠰᠦᠭ᠂ ︽ᠬᠠᠪᠤᠷ︾ ᠦᠰᠦᠭ ᠢ ᠡᠯᠭᠦᠵᠦ᠂ |
ᠴᠠᠭᠠᠨ ᠰᠠᠷ᠎ᠠ ᠶᠢᠨ ᠠᠭᠤᠷ ᠠᠮᠢᠰᠬᠤᠯ ᠪᠢᠯᠬᠠᠨ ᠠᠶᠠᠨᠴᠢᠳ ᠤᠨ ᠰᠡᠳᠬᠢᠯ ᠢ ᠲᠤᠯᠠᠭᠠᠯᠠᠨ᠎ᠠ ᠃ ᠱᠠᠨ ᠰᠢ |
ᠮᠤᠵᠢ ᠶᠢᠨ ᠵᠢᠭᠤᠯᠴᠢᠯᠠᠭᠴᠢᠳ ᠲᠤ ᠥᠪᠥᠷ ᠮᠣᠩᠭᠤᠯ ᠤᠨ ᠬᠠᠯᠠᠭᠤᠨ ᠰᠡᠳᠬᠢᠯᠭᠡ ᠶᠢ ᠭᠦᠢᠴᠡᠳ |
ᠣᠶᠢᠯᠠᠭᠠᠭᠤᠯᠬᠤ ᠶᠢᠨ ᠲᠥᠯᠥᠭᠡ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠤᠯᠠᠭᠠᠨᠮᠥ᠋ᠴᠢᠷ ᠤᠨ |
ᠭᠡᠰᠢᠭᠦᠳ ᠭᠠᠯᠲᠤ ᠲᠡᠷᠭᠡᠨ ᠳᠡᠭᠡᠷ᠎ᠡ ᠵᠢᠭᠤᠯᠴᠢᠯᠠᠭᠴᠢᠳ ᠲᠤ ᠭᠤᠶᠢᠳᠠ ᠰᠠᠶᠢᠬᠠᠨ ᠲᠣᠭᠯᠠᠯᠲᠠ ᠭᠠᠷᠭᠠᠵᠤ ᠥᠭᠴᠡᠢ |
᠃ |
ᠣᠶᠢᠯᠠᠭᠠᠭᠰᠠᠨ ᠢᠶᠠᠷ᠂ 1 ᠳ᠋ᠦ᠋ᠭᠡᠷ ᠰᠠᠷ᠎ᠠ ᠶᠢᠨ 5 ᠤ ᠡᠳᠦᠷ᠂ ᠪᠥᠬᠦ ᠤᠯᠤᠰ ᠤᠨ ᠲᠡᠮᠦᠷ ᠵᠠᠮ ᠤᠨ ᠬᠢᠨ |
ᠭᠠᠯᠲᠤ ᠲᠡᠷᠭᠡᠨ ᠤ ᠰᠢᠨ᠎ᠡ ᠠᠶᠠᠯᠠᠯ ᠤᠨ ᠵᠢᠷᠤᠭ ᠢ ᠵᠢᠩᠬᠢᠨᠢ ᠪᠠᠷ ᠬᠡᠷᠡᠭᠵᠢᠭᠦᠯᠵᠦ᠂ ᠥᠪᠥᠷ ᠮᠣᠩᠭᠤᠯ ᠤᠨ ᠳᠤᠮᠳᠠ |
ᠪᠠ ᠪᠠᠷᠠᠭᠤᠨ ᠬᠡᠰᠡᠭ ᠤᠨ ᠭᠠᠵᠠᠷ ᠣᠷᠣᠨ ᠤ ᠳᠤᠮᠳᠠᠳᠤ ᠣᠷᠣᠨ᠂ ᠪᠠᠷᠠᠭᠤᠨ ᠬᠤᠶᠢᠲᠤ ᠣᠷᠣᠨ᠂ ᠪᠠᠷᠠᠭᠤᠨ |
ᠡᠮᠦᠨᠡᠲᠦ ᠣᠷᠣᠨ ᠵᠡᠷᠭᠡ ᠭᠠᠵᠠᠷ ᠣᠷᠣᠨ ᠳᠤ ᠬᠦᠷᠬᠦ ᠲᠡᠮᠦᠷ ᠵᠠᠮ ᠤᠨ ᠠᠶᠠᠯᠠᠯ ᠤᠨ ᠴᠠᠭ ᠢ ᠥᠩᠭᠡᠷᠡᠭᠰᠡᠨ ᠤ |
ᠬᠢ ᠠᠴᠠ ᠬᠠᠭᠠᠰ ᠣᠷᠴᠢᠮ ᠢᠶᠠᠷ ᠪᠣᠭᠤᠨᠢᠰᠬᠠᠪᠠ᠃ ᠲᠦᠷᠪᠡᠨ ᠵᠦᠭ ᠨᠠᠢᠮᠠᠨ ᠵᠤᠪᠬᠢᠰ ᠤᠨ |
ᠵᠢᠭᠤᠯᠴᠢᠯᠠᠭᠴᠢᠳᠲ᠋ᠦ᠋ᠷᠭᠡᠨ ᠤ ᠭᠠᠯᠲᠤ ᠲᠡᠷᠭᠡᠨ ᠳᠤ ᠰᠠᠭᠤᠵᠤ ᠡᠬᠡ ᠤᠯᠤᠰ ᠤᠨ ᠤᠮᠠᠷᠠᠲᠤ ᠬᠢᠯᠢ ᠳᠤ ᠰᠢᠭᠤᠳ |
ᠬᠦᠷᠴᠦ᠂ ᠰᠦᠷᠯᠢᠭ ᠰᠠᠶᠢᠬᠠᠨ ᠥᠷᠭᠡᠨ ᠠᠭᠤᠳᠠᠮ ᠲᠠᠯ᠎ᠠ ᠨᠤᠲᠤᠭ ᠢ ᠠᠭᠤᠵᠢᠷᠠᠲᠠᠯ᠎ᠠ ᠣᠶᠢᠯᠠᠭᠠᠵᠤ᠂ ᠠᠳᠡᠬᠢ |
ᠬᠢᠵᠠᠭᠠᠯᠠᠰᠢ ᠦᠭᠡᠢ ᠷᠢᠳᠢ ᠰᠢᠳᠢ ᠶᠢ ᠰᠤᠨᠢᠷᠬᠠᠬᠤ ᠪᠤᠯᠤᠨ᠎ᠠ ᠃ |
ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠲᠤᠭ᠎ᠠ ᠪᠦᠷᠢᠳᠬᠡᠯ ᠤᠨ ᠲᠣᠪᠴᠢᠶ᠎ᠠ ᠲᠠᠢ |
ᠪᠥᠬᠦ ᠣᠷᠣᠨ ᠤ ᠰᠣᠶᠣᠯ ᠤᠨ ᠠᠵᠤ ᠦᠢᠯᠡᠰ ᠪᠠ ᠵᠢᠭᠤᠯᠴᠢᠯᠠᠯ ᠵᠢᠴᠢ ᠬᠠᠮᠢᠶ᠎ᠠ ᠪᠦᠬᠦᠢ ᠠᠵᠤ ᠦᠢᠯᠡᠰ ᠤᠨ ᠲᠤᠭ᠎ᠠ |
ᠪᠦᠷᠢᠳᠬᠡᠯ ᠤᠨ ᠠᠵᠢᠯ ᠤᠨ ᠲᠤᠬᠠᠢ ᠶᠠᠷᠢᠯᠴᠠᠪᠠ |
ᠢᠷᠡᠯᠲᠡ᠄ ᠥᠪᠥᠷ ᠮᠣᠩᠭᠤᠯ ᠤᠨ ᠲᠤᠭ᠎ᠠ ᠪᠦᠷᠢᠳᠬᠡᠯ ᠤᠨ ᠣᠬᠤᠷ ᠮᠡᠳᠡᠭᠡᠯᠡᠯ |
ᠣᠳᠣᠬᠠᠨ ᠤ ᠰᠣᠶᠣᠯ ᠤᠨ ᠠᠵᠤ ᠦᠢᠯᠡᠰ ᠪᠣᠯᠣᠨ ᠵᠢᠭᠤᠯᠴᠢᠯᠠᠯ ᠵᠢᠴᠢ ᠬᠠᠮᠢᠶ᠎ᠠ ᠪᠦᠬᠦᠢ ᠠᠵᠤ ᠦᠢᠯᠡᠰ ᠤᠨ |
ᠠᠵᠤ ᠠᠬᠤᠢ ᠶᠢᠨ ᠬᠥᠭᠵᠢᠯᠲᠡ ᠶᠢᠨ ᠪᠠᠶᠢᠳᠠᠯ ᠢ ᠭᠦᠨᠵᠡᠭᠡᠢ ᠰᠤᠳᠤᠯᠤᠨ ᠮᠠᠭᠠᠳᠯᠠᠵᠤ᠂ ᠰᠣᠶᠣᠯ ᠤᠨ ᠠᠵᠤ ᠦᠢᠯᠡᠰ |
ᠪᠣᠯᠣᠨ ᠵᠢᠭᠤᠯᠴᠢᠯᠠᠯ ᠵᠢᠴᠢ ᠬᠠᠮᠢᠶ᠎ᠠ ᠪᠦᠬᠦᠢ ᠠᠵᠤ ᠦᠢᠯᠡᠰ ᠤᠨ ᠪᠦᠷᠢᠳᠬᠡᠯ ᠤᠨ ᠠᠵᠢᠯ ᠢ ᠰᠠᠶᠢᠲᠤᠷ ᠬᠢᠬᠦ ᠶᠢᠨ |
ᠲᠥᠯᠥᠭᠡ᠂ 1 ᠳ᠋ᠦ᠋ᠭᠡᠷ ᠰᠠᠷ᠎ᠠ ᠶᠢᠨ 7 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ |
ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠵᠠᠩ ᠷᠦᠢ ᠨᠠᠷ ᠥᠪᠡᠷᠲᠡᠭᠡᠨ ᠵᠠᠰᠠᠬᠤ ᠣᠷᠣᠨ ᠤ |
ᠲᠤᠭ᠎ᠠ ᠪᠦᠷᠢᠳᠬᠡᠯ ᠤᠨ ᠲᠣᠪᠴᠢᠶ᠎ᠠ ᠳᠤ ᠬᠦᠷᠴᠦ ᠶᠠᠷᠢᠯᠴᠠᠨ ᠰᠣᠯᠢᠯᠴᠠᠪᠠ᠃ ᠥᠪᠡᠷᠲᠡᠭᠡᠨ ᠵᠠᠰᠠᠬᠤ ᠣᠷᠣᠨ ᠤ |
ᠲᠤᠭ᠎ᠠ ᠪᠦᠷᠢᠳᠬᠡᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ |
ᠳᠠᠷᠤᠭ᠎ᠠ ᠼᠤᠤ ᠰᠧ ᠶᠠᠩ ᠶᠠᠷᠢᠯᠴᠠᠬᠤ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃ |
︵ᠵᠢᠷᠤᠭ︶ |
ᠬᠤᠷᠠᠯ ᠠᠴᠠ ᠪᠦᠬᠦ ᠣᠷᠣᠨ ᠤ ᠰᠣᠶᠣᠯ ᠤᠨ ᠠᠵᠤ ᠦᠢᠯᠡᠰ ᠪᠣᠯᠣᠨ ᠵᠢᠭᠤᠯᠴᠢᠯᠠᠯ ᠵᠢᠴᠢ ᠬᠠᠮᠢᠶ᠎ᠠ ᠪᠦᠬᠦᠢ |
ᠠᠵᠤ ᠦᠢᠯᠡᠰ ᠤᠨ ᠠᠵᠤ ᠠᠬᠤᠶᠢᠯᠠᠯ ᠤᠨ ᠳᠦᠷᠢᠮ ᠲᠣᠭᠲᠠᠭᠠᠯ ᠢ ᠳᠡᠭᠡᠭᠰᠢᠯᠡᠭᠦᠯᠦᠨ ᠨᠢᠭᠡᠳᠦᠯᠲᠡᠢ ᠪᠣᠯᠭᠠᠬᠤ ᠶᠢ |
ᠳᠡᠮᠵᠢᠬᠦ᠂ ᠵᠢᠭᠤᠯᠴᠢᠯᠠᠯ ᠵᠢᠴᠢ ᠬᠠᠮᠢᠶ᠎ᠠ ᠪᠦᠬᠦᠢ ᠠᠵᠤ ᠦᠢᠯᠡᠰ ᠤᠨ ᠲᠤᠭ᠎ᠠ ᠪᠦᠷᠢᠳᠬᠡᠯ ᠤᠨ ᠬᠢᠨᠠᠨ ᠬᠡᠮᠵᠢᠬᠦ |
ᠰᠢᠰᠲ᠋ᠧᠮ ᠪᠣᠯᠣᠨ ᠠᠷᠭ᠎ᠠ ᠳᠦᠷᠢᠮ ᠢ ᠪᠦᠷᠢᠨᠰᠢᠭᠦᠯᠦᠨ ᠲᠡᠭᠦᠯᠳᠡᠷᠵᠢᠭᠦᠯᠬᠦ᠂ ᠰᠠᠯᠠᠭ᠎ᠠ ᠮᠥᠴᠢᠷ ᠤᠨ ᠲᠤᠭ᠎ᠠ |
ᠪᠦᠷᠢᠳᠬᠡᠯ ᠤᠨ ᠳᠦᠷᠢᠮ ᠢ ᠬᠢᠨᠠᠨ ᠵᠥᠪᠰᠢᠶᠡᠷᠡᠬᠦ᠂ ᠲᠤᠭ᠎ᠠ ᠪᠠᠷᠢᠮᠲᠠ ᠶᠢ ᠬᠠᠮᠲᠤᠪᠠᠷ ᠡᠳ᠋ᠯᠡᠬᠦ ᠵᠢᠴᠢ ᠵᠠᠳᠠᠯᠤᠯᠲᠠ |
ᠬᠢᠵᠦ ᠰᠤᠳᠤᠯᠤᠨ ᠮᠠᠭᠠᠳᠯᠠᠬᠤ ᠶᠢ ᠬᠠᠮᠲᠤᠷᠠᠨ ᠥᠷᠨᠢᠭᠦᠯᠬᠦ ᠵᠡᠷᠭᠡ ᠲᠠᠯ᠎ᠠ ᠪᠠᠷ ᠭᠦᠨᠵᠡᠭᠡᠢ ᠰᠣᠯᠢᠯᠴᠠᠨ ᠶᠠᠷᠢᠯᠴᠠᠪᠠ᠃ |
|
︵ᠵᠢᠷᠤᠭ︶ |
ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠪᠣᠯᠣᠨ ᠥᠪᠡᠷᠲᠡᠭᠡᠨ ᠵᠠᠰᠠᠬᠤ |
ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ |
ᠬᠠᠮᠢᠶ᠎ᠠ ᠪᠦᠬᠦᠢ ᠬᠠᠷᠢᠭᠤᠴᠠᠯᠭᠠᠲᠠᠨ ᠶᠠᠷᠢᠯᠴᠠᠬᠤ ᠬᠤᠷᠠᠯ ᠳᠤ ᠣᠷᠣᠯᠴᠠᠪᠠ᠃ |
|
|
|
ᠥᠪᠥᠷ ᠮᠣᠩᠭᠤᠯ ᠤᠨ ᠮᠦᠽᠧᠢ ᠪᠥᠬᠦ ᠤᠯᠤᠰ ᠤᠨ ᠰᠣᠶᠣᠯ ᠤᠨ ᠡᠭᠦᠳᠦᠯᠲᠡ ᠶᠢᠨ ᠨᠡᠭᠡᠭᠡᠨ ᠬᠥᠭᠵᠢᠭᠦᠯᠦᠯᠲᠡ ᠶᠢᠨ |
ᠲᠤᠷᠰᠢᠯᠲᠠ ᠶᠢᠨ ᠦᠷ᠎ᠡ ᠪᠦᠲᠦᠮᠵᠢ ᠶᠢ ᠦᠨᠡᠯᠡᠨ ᠵᠢᠱᠢᠬᠦ ᠳᠤ ᠨᠢᠭᠡᠳᠦᠭᠡᠷ ᠳᠡᠰ ᠢᠶᠠᠷ ᠦᠨᠡᠯᠡᠭᠳᠡᠪᠡ |
ᠢᠷᠡᠯᠲᠡ᠄ ᠥᠪᠥᠷ ᠮᠣᠩᠭᠤᠯ ᠤᠨ ᠮᠦᠽᠧᠢ |
︵ᠵᠢᠷᠤᠭ︶ |
ᠣᠶᠢᠷ᠎ᠠ ᠳᠤ᠂ ᠰᠣᠶᠣᠯ ᠪᠠ ᠵᠢᠭᠤᠯᠴᠢᠯᠠᠯ ᠤᠨ ᠶᠠᠮᠤᠨ ᠤ ᠠᠯᠪᠠᠨ ᠲᠢᠩᠬᠢᠮ᠂ ᠤᠯᠤᠰ ᠤᠨ ᠲᠡᠦᠬᠡ ᠶᠢᠨ |
ᠳᠤᠷᠠᠰᠬᠠᠯᠲᠤ ᠵᠦᠢᠯᠡᠰ ᠤᠨ ᠲᠣᠪᠴᠢᠶ᠎ᠠ ᠶᠢᠨ ᠠᠯᠪᠠᠨ ᠭᠡᠷ ᠠᠴᠠ ᠰᠣᠶᠣᠯ ᠲᠡᠦᠬᠡ ᠶᠢᠨ ᠳᠤᠷᠠᠰᠬᠠᠯᠲᠤ ᠵᠦᠢᠯᠡᠰ ᠤᠨ |
ᠨᠢᠭᠡᠴᠢ ᠶᠢᠨ ᠰᠣᠶᠣᠯ ᠤᠨ ᠪᠦᠲᠦᠭᠡᠯᠴᠢ ᠦᠢᠯᠡᠳᠬᠦᠨ ᠢ ᠨᠡᠭᠡᠭᠡᠨ ᠬᠥᠭᠵᠢᠭᠦᠯᠬᠦ ᠲᠤᠷᠰᠢᠯᠲᠠ ᠶᠢᠨ ᠦᠷ᠎ᠡ |
ᠪᠦᠲᠦᠮᠵᠢ ᠶᠢ ᠦᠨᠡᠯᠡᠨ ᠵᠢᠱᠢᠭᠰᠡᠨ ᠦᠷ᠎ᠡ ᠳ᠋ᠦᠩ ᠢ ᠨᠡᠶᠢᠲᠡᠯᠡᠵᠦ᠂ ᠥᠪᠥᠷ ᠮᠣᠩᠭᠤᠯ ᠤᠨ ᠮᠦᠽᠧᠢ ᠨᠢᠭᠡᠳᠦᠭᠡᠷ |
ᠳᠡᠰ ᠢᠶᠠᠷ ᠦᠨᠡᠯᠡᠭᠳᠡᠪᠡ᠃ |
ᠠᠩᠬᠠᠳᠠᠭᠴᠢ ᠪᠦᠯᠦᠭ ᠪᠦᠬᠦ ᠤᠯᠤᠰ ᠤᠨ ᠰᠣᠶᠣᠯ ᠲᠡᠦᠬᠡ ᠶᠢᠨ ᠳᠤᠷᠠᠰᠬᠠᠯᠲᠤ ᠵᠦᠢᠯᠡᠰ ᠤᠨ ᠨᠢᠭᠡᠴᠢ ᠶᠢᠨ |
ᠰᠣᠶᠣᠯ ᠤᠨ ᠪᠦᠲᠦᠭᠡᠯᠴᠢ ᠪᠦᠲᠦᠭᠡᠭᠳᠡᠬᠦᠨ ᠢ ᠨᠡᠭᠡᠭᠡᠨ ᠬᠥᠭᠵᠢᠭᠦᠯᠬᠦ ᠲᠤᠷᠰᠢᠯᠲᠠ ᠶᠢᠨ ᠴᠡᠭ ᠤᠨ ᠨᠢᠭᠡᠴᠢ |
ᠪᠣᠯᠤᠭᠰᠠᠨ ᠤ ᠬᠤᠪᠢ ᠳᠤ᠂ ᠥᠪᠥᠷ ᠮᠣᠩᠭᠤᠯ ᠤᠨ ᠮᠦᠽᠧᠢ ᠶᠢᠨ ᠬᠢᠨ ᠮᠦᠽᠧᠢ ᠳᠤ ᠬᠠᠳᠠᠭᠠᠯᠠᠵᠤ ᠪᠠᠶᠢᠭ᠎ᠠ |
ᠲᠡᠦᠬᠡ ᠶᠢᠨ ᠳᠤᠷᠠᠰᠬᠠᠯᠲᠤ ᠵᠦᠢᠯᠡᠰ ᠤᠨ ᠡᠬᠢ ᠪᠠᠶᠠᠯᠢᠭ ᠲᠤ ᠲᠦᠰᠢᠭᠯᠡᠨ᠂ ᠤᠯᠠᠨ ᠶᠠᠩᠵᠤ ᠬᠡᠯᠪᠡᠷᠢ ᠲᠠᠢ᠂ ᠪᠠᠶᠠᠯᠢᠭ |
ᠰᠡᠳᠦᠪ ᠲᠠᠢ ᠤᠮᠠᠷᠠᠲᠤ ᠬᠢᠵᠠᠭᠠᠷ ᠤᠷᠤᠨ ᠤ ᠣᠨᠴᠠᠯᠢᠭ ᠲᠠᠢ ᠰᠣᠶᠣᠯ ᠤᠨ ᠡᠭᠦᠳᠦᠯᠲᠡ ᠶᠢ ᠲᠥᠯᠥᠪᠯᠡᠨ ᠰᠤᠳᠤᠯᠤᠨ |
ᠨᠡᠭᠡᠭᠡᠵᠦ᠂ ᠣᠳᠣᠬᠠᠨ ᠳᠤ ᠪᠦᠲᠦᠭᠡᠭᠳᠡᠬᠦᠨ ᠤ ᠲᠦᠷᠦᠯ ᠵᠦᠢᠯ 3268 ᠲᠦᠷᠦᠯ ᠳᠤ ᠬᠦᠷᠴᠡᠢ᠃ |
ᠥᠪᠥᠷ ᠮᠣᠩᠭᠤᠯ ᠤᠨ ᠮᠦᠽᠧᠢ ᠶᠢᠨ ᠰᠣᠶᠣᠯ ᠤᠨ ᠡᠭᠦᠳᠦᠯᠲᠡ ᠶᠢᠨ ᠪᠦᠯᠬᠦᠮ ᠤᠨ ᠬᠢᠨ ᠮᠦᠽᠧᠢ ᠳᠤ |
ᠬᠠᠳᠠᠭᠠᠯᠠᠵᠤ ᠪᠠᠶᠢᠭ᠎ᠠ ᠰᠣᠶᠣᠯ ᠤᠨ ᠡᠬᠢ ᠪᠠᠶᠠᠯᠢᠭ ᠤᠨ ᠳᠠᠪᠠᠭᠤᠯᠢᠭ ᠢᠶᠠᠨ ᠦᠷᠭᠦᠯᠵᠢᠯᠡᠨ ᠪᠠᠳᠠᠷᠠᠭᠤᠯᠵᠤ᠂ |
ᠤᠮᠠᠷᠠᠲᠤ ᠬᠢᠵᠠᠭᠠᠷ ᠤᠨᠰᠣᠶᠣᠯ ᠤᠨ ᠠᠭᠤᠯᠤᠭᠳᠠᠬᠤᠨ ᠢ ᠭᠦᠨᠵᠡᠭᠡᠢ ᠠᠭᠤᠳᠠᠯᠵᠤ᠂ ᠤᠳᠤ ᠦᠶ᠎ᠡ ᠶᠢᠨ ᠵᠢᠷᠤᠭ |
ᠲᠥᠯᠥᠪᠯᠡᠭᠡ ᠶᠢᠨ ᠣᠶᠢᠯᠠᠭᠠᠭᠳᠠᠬᠤᠨ ᠲᠠᠢ ᠤᠶᠠᠯᠳᠤᠭᠤᠯᠵᠤ᠂ ᠳᠤᠮᠳᠠᠳᠤ ᠶᠢᠨ ᠦᠨᠳᠦᠰᠦᠲᠡᠨ ᠤ ᠰᠣᠯᠢᠯᠴᠠᠭ᠎ᠠ |
ᠶᠠᠪᠤᠯᠴᠠᠭ᠎ᠠ ᠠᠭᠤᠰᠤᠯᠴᠠᠯ ᠤᠨ ᠲᠡᠦᠬᠡ ᠶᠢ ᠲᠤᠰᠬᠠᠭᠰᠠᠨ᠂ ᠤᠮᠠᠷᠠᠲᠤ ᠬᠢᠵᠠᠭᠠᠷ ᠤᠨ ᠰᠣᠶᠣᠯ ᠤᠨ ᠣᠨᠴᠠᠯᠢᠭ ᠪᠠ |
ᠴᠠᠭ ᠦᠶ᠎ᠡ ᠶᠢᠨ ᠵᠣᠷᠢᠭ ᠰᠠᠨᠠᠭ᠎ᠠ ᠲᠠᠢ ᠰᠣᠶᠣᠯ ᠤᠨ ᠪᠦᠲᠦᠭᠡᠯᠴᠢ ᠪᠦᠲᠦᠭᠡᠭᠳᠡᠬᠦᠨ ᠢ ᠨᠡᠩ ᠤᠯᠠᠨ ᠪᠦᠲᠦᠭᠡᠵᠦ᠂ |
ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠴᠢᠨᠠᠭᠰᠢᠳᠠ ᠪᠠᠲᠤᠳᠬᠠᠵᠤ᠂ |
ᠰᠣᠶᠣᠯ ᠤᠨ ᠠᠵᠤ ᠦᠢᠯᠡᠰ ᠤᠨ ᠬᠥᠭᠵᠢᠯᠲᠡ ᠪᠠ ᠰᠣᠶᠣᠯ ᠤᠨ ᠥᠪ ᠤᠨ ᠬᠠᠮᠠᠭᠠᠯᠠᠯᠲᠠ ᠶᠢ ᠠᠬᠢᠭᠤᠯᠬᠤ ᠳᠤ |
ᠬᠦᠴᠦᠨ ᠴᠢᠳᠠᠯ ᠢᠶᠠᠨ ᠡᠷᠭᠦᠨ᠎ᠡ᠃ |
|
|
|
|
ᠯᠣᠣ ᠨᠢᠦ ᠸᠠᠨ ᠤ ᠬᠠᠲᠤᠨ ᠭᠤᠣᠯ ᠤᠨ ᠶᠡᠭᠡ ᠬᠠᠪᠴᠢᠯ ᠠᠮᠵᠢᠯᠲᠠ ᠲᠠᠢ ᠪᠠᠷ ᠤᠯᠤᠰ ᠤᠨ 5A ᠳᠡᠰ ᠤᠨ |
ᠦᠵᠡᠮᠵᠢ ᠶᠢᠨ ᠣᠷᠣᠨ ᠢ ᠡᠭᠦᠳᠦᠨ ᠪᠠᠶᠢᠭᠤᠯᠵᠤ᠂ ᠣᠷᠣᠨ ᠤ ᠲᠥᠪ ᠤᠨ ᠰᠣᠶᠣᠯ ᠵᠢᠭᠤᠯᠴᠢᠯᠠᠯ ᠤᠨ ᠠᠵᠤ |
ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠨᠡᠭᠡᠭᠡᠪᠡ |
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ |
2024 ᠣᠨ ᠤ 12 ᠳ᠋ᠤᠭᠠᠷ ᠰᠠᠷ᠎ᠠ ᠶᠢᠨ 27 ᠤ ᠡᠳᠦᠷ᠂ ᠰᠣᠶᠣᠯ ᠪᠠ ᠵᠢᠭᠤᠯᠴᠢᠯᠠᠯ ᠤᠨ ᠶᠠᠮᠤᠨ ᠠᠴᠠ |
ᠯᠣᠣ ᠨᠢᠦ ᠸᠠᠨ ᠤ ᠬᠠᠳᠤᠨ ᠭᠤᠣᠯ ᠤᠨ ᠶᠡᠭᠡ ᠬᠠᠪᠴᠢᠯ ᠤᠨ ᠵᠢᠭᠤᠯᠴᠢᠯᠠᠯᠤᠨ ᠣᠷᠣᠨ ᠢ ᠠᠮᠵᠢᠯᠲᠠ ᠲᠠᠢ ᠪᠡᠷ᠎ᠡ |
ᠬᠥᠬᠡᠬᠤᠲᠠ ᠶᠢᠨ ᠠᠩᠬᠠᠳᠠᠭᠴᠢ ᠤᠯᠤᠰ ᠤᠨ 5A ᠳᠡᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢᠶᠠᠷ |
ᠪᠠᠶᠢᠭᠤᠯᠤᠭᠰᠠᠨ ᠢ ᠨᠡᠶᠢᠲᠡᠯᠡᠪᠡ᠃ ᠣᠲᠣ ᠪᠣᠯᠲᠠᠯ᠎ᠠ᠂ ᠥᠪᠥᠷ ᠮᠣᠩᠭᠤᠯ ᠤᠨ 5A ᠲᠠᠰ ᠤᠨ ᠵᠢᠭᠤᠯᠴᠢᠯᠠᠯ ᠤᠨ |
ᠦᠵᠡᠮᠵᠢ ᠶᠢᠨ ᠣᠷᠣᠨ 8 ᠪᠣᠯᠵᠤ ᠨᠡᠮᠡᠭᠳᠡᠪᠡ᠃ ᠯᠣᠣ ᠨᠢᠦ ᠸᠠᠨ ᠤ ᠬᠠᠲᠤᠨ ᠭᠤᠣᠯ ᠤᠨ ᠶᠡᠭᠡ ᠬᠠᠪᠴᠢᠯ ᠤᠨ |
ᠵᠢᠭᠤᠯᠴᠢᠯᠠᠯ ᠤᠨ ᠣᠷᠣᠨ 2016 ᠣᠨ ᠤ 11 ᠳ᠋ᠦ᠋ᠭᠡᠷ ᠰᠠᠷ᠎ᠠ ᠳᠤ 4A ᠳᠡᠰ ᠤᠨ ᠦᠵᠡᠮᠵᠢ ᠶᠢᠨ ᠣᠷᠣᠨ ᠢᠶᠠᠷ |
ᠡᠭᠦᠳᠦᠨ ᠪᠠᠶᠢᠭᠤᠯᠵᠤ᠂ 2023 ᠣᠨ ᠤ 7 ᠳ᠋ᠤᠭᠠᠷ ᠰᠠᠷ᠎ᠠ ᠶᠢᠨ 23 ᠤ ᠡᠳᠦᠷ ᠰᠣᠶᠣᠯ ᠪᠠ ᠵᠢᠭᠤᠯᠴᠢᠯᠠᠯ ᠤᠨ |
ᠶᠠᠮᠤᠨ ᠤ ᠦᠵᠡᠮᠵᠢ ᠶᠢᠨ ᠤᠷᠤᠨ ᠤ ᠦᠨᠡᠯᠡᠯᠲᠡ ᠪᠠᠷ ᠳᠡᠮᠵᠢᠨ᠂ ᠤᠯᠤᠰ ᠤᠨ 5A ᠲᠠᠰ ᠤᠨ ᠦᠵᠡᠮᠵᠢ ᠶᠢᠨ |
ᠣᠷᠣᠨ ᠢ ᠡᠭᠦᠳᠦᠨ ᠪᠠᠶᠢᠭᠤᠯᠬᠤ ᠪᠠᠷ ᠵᠢᠱᠢᠭᠳᠡᠭᠰᠡᠳ ᠤᠨ ᠨᠡᠷᠡᠰ ᠲᠤ ᠣᠷᠣᠭᠰᠠᠨ ᠪᠥᠭᠡᠳ 2024 ᠣᠨ ᠤ 12 |
ᠳ᠋ᠤᠭᠠᠷ ᠰᠠᠷ᠎ᠠ ᠶᠢᠨ 13 ᠤ ᠡᠳᠦᠷ ᠠᠯᠪᠠᠨ ᠶᠤᠰᠤ ᠪᠠᠷ ᠨᠡᠶᠢᠲᠡᠯᠡᠵᠦ᠂ ᠰᠣᠶᠣᠯ ᠪᠠ ᠵᠢᠭᠤᠯᠴᠢᠯᠠᠯ ᠤᠨ ᠶᠠᠮᠤᠨ ᠤ |
ᠦᠵᠡᠮᠵᠢ ᠶᠢᠨ ᠦᠨᠡᠯᠡᠯᠲᠡ ᠪᠠᠷ ᠳᠡᠮᠵᠢᠨ ᠡᠭᠦᠳᠦᠨ ᠪᠦᠲᠦᠭᠡᠬᠦ ᠠᠯᠪᠠᠨ ᠵᠠᠷ ᠤᠨ ᠱᠠᠲᠤᠨ ᠳᠤ ᠣᠷᠣᠭᠰᠠᠨ ᠪᠠᠶᠢᠨ᠎ᠠ᠂ |
ᠤᠷᠢᠳ ᠬᠤᠵᠢᠳ ᠵᠥᠪᠬᠡᠨ 1 ᠵᠢᠯ 5 ᠰᠠᠷ᠎ᠠ ᠶᠢᠨ ᠴᠠᠭ ᠬᠡᠷᠡᠭᠯᠡᠵᠦ᠂ ᠤᠯᠤᠰ ᠤᠨ 5A ᠲᠠᠰ ᠤᠨ ᠦᠵᠡᠮᠵᠢ ᠶᠢᠨ |
ᠣᠷᠣᠨ ᠢ ᠡᠭᠦᠳᠦᠨ ᠪᠠᠶᠢᠭᠤᠯᠤᠭᠰᠠᠨ ︽ᠴᠢᠩ ᠱᠦᠢ ᠾᠧ ᠶᠢᠨ ᠬᠤᠷᠳᠤᠴᠠ︾ ᠶᠢ ᠡᠭᠦᠳᠦᠭᠰᠡᠨ ᠪᠠᠶᠢᠨ᠎ᠠ᠃ |
︵ᠵᠢᠷᠤᠭ︶ |
|
|
|