ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ |
ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ |
ᠣᠷᠣᠨ ᠤ ᠰᠣᠶᠣᠯ ᠪᠠ ᠵᠢᠭᠤᠯᠴᠢᠯᠠᠯ ᠤᠨ ᠠᠵᠢᠯ ᠲᠥᠷᠥᠯ ᠤᠨ ᠲᠤᠭᠠᠵᠢᠭᠤᠯᠤᠭᠰᠠᠨ ᠬᠡᠯᠪᠡᠷᠢ ᠶᠢᠨ |
ᠬᠤᠪᠢᠷᠠᠭᠤᠯᠤᠯᠲᠠ ᠶᠢ ᠲᠦᠷᠭᠡᠳᠭᠡᠨ ᠠᠬᠢᠭᠤᠯᠵᠤ᠂ ᠲᠡᠷᠢᠭᠦᠨ ᠤ ᠭᠠᠵᠠᠷ ᠣᠷᠣᠨ ᠤ ᠰᠣᠶᠣᠯ ᠪᠠ ᠵᠢᠭᠤᠯᠴᠢᠯᠠᠯ ᠤᠨ |
ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢᠨ ᠲᠠᠯ᠎ᠠ ᠪᠠᠷ ᠬᠢ ᠲᠡᠷᠢᠭᠦᠨ ᠤ ᠲᠤᠷᠰᠢᠯᠭ᠎ᠠ ᠪᠠ ᠪᠦᠲᠦᠮᠵᠢᠲᠡᠶ ᠠᠷᠭ᠎ᠠ |
ᠬᠢᠳᠡᠯ ᠢ ᠰᠤᠷᠤᠯᠴᠠᠨ ᠯᠠᠪᠯᠠᠯᠲᠠ ᠪᠤᠯᠭᠠᠬᠤ ᠶᠢᠨ ᠲᠦᠯᠦᠭᠡ᠂ 12 ᠳ᠋ᠤᠭᠠᠷ ᠰᠠᠷ᠎ᠠ ᠶᠢᠨ 15 ᠤ ᠡᠳᠦᠷ ᠠᠴᠠ 17 ᠤ |
ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ᠂ ᠥᠪᠡᠷᠲᠡᠭᠡᠨ |
ᠵᠠᠰᠠᠬᠤ ᠣᠷᠣᠨ ᠤ ᠲᠣᠮᠣ ᠳ᠋ᠠᠶᠢᠲ᠋ᠠ ᠶᠢᠨ ᠲᠥᠪ᠂ ᠥᠪᠡᠷᠲᠡᠭᠡᠨ ᠵᠠᠰᠠᠬᠤ ᠣᠷᠣᠨ ᠤ ᠤᠷᠠᠯᠢᠭ ᠤᠨ ᠰᠤᠳᠤᠯᠭᠠᠨ ᠤ |
ᠬᠦᠷᠢᠶᠡᠯᠡᠩ ᠵᠢᠴᠢ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠰᠢᠨ᠎ᠡ ᠶᠢ ᠡᠭᠦᠳᠬᠦ ᠬᠠᠮᠲᠤᠷᠠᠭᠰᠠᠨ |
ᠲᠤᠷᠰᠢᠯᠲᠠ ᠶᠢᠨ ᠲᠠᠰᠤᠭ ᠨᠢ ᠰᠣᠶᠣᠯ ᠪᠠ ᠵᠢᠭᠤᠯᠴᠢᠯᠠᠯ ᠤᠨ ᠮᠡᠳᠡᠭᠡ ᠵᠠᠩᠭᠢᠵᠢᠯᠲᠠ ᠶᠢᠨ ᠬᠠᠮᠲᠤᠷᠠᠭᠰᠠᠨ ᠪᠠᠶᠢᠴᠠᠭᠠᠨ |
ᠰᠤᠳᠤᠯᠬᠤ ᠳᠤᠭᠤᠶᠢᠯᠠᠩ ᠢ ᠪᠦᠷᠢᠯᠳᠦᠭᠦᠯᠵᠦ ᠵᠢᠶᠠᠩᠰᠤ ᠮᠤᠵᠢ᠂ ᠵᠧᠵᠢᠶᠠᠩ ᠮᠤᠵᠢ ᠳᠤ ᠬᠦᠷᠴᠦ ᠰᠤᠷᠤᠯᠴᠠᠨ |
ᠪᠠᠶᠢᠴᠠᠭᠠᠨ ᠰᠤᠳᠤᠯᠤᠯᠲᠠ ᠬᠢᠪᠡ᠃ |
|
ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠲᠦᠩ ᠴᠧᠩ ᠰᠣᠶᠣᠯ ᠵᠢᠭᠤᠯᠴᠢᠯᠠᠯ ᠤᠨ |
ᠬᠥᠭᠵᠢᠯᠲᠡ ᠶᠢᠨ ᠬᠢᠵᠠᠭᠠᠷᠲᠤ ᠺᠣᠮᠫᠠᠨᠢ᠂ ᠵᠢᠶᠠᠩᠰᠤ ᠮᠤᠵᠢ ᠶᠢᠨ ᠲᠤᠭᠠᠵᠢᠭᠤᠯᠤᠭᠰᠠᠨ ᠰᠣᠶᠣᠯ ᠪᠣᠯᠣᠨ ᠣᠶᠤᠨᠲᠤ |
ᠵᠢᠭᠤᠯᠴᠢᠯᠠᠯ ᠤᠨ ᠬᠥᠭᠵᠢᠯᠲᠡ ᠶᠢᠨ ᠲᠥᠪ᠂ ᠵᠦᠩ ᠳ᠋ᠢᠶᠠᠨ ᠬᠤᠩ ᠰᠢᠨ ᠮᠡᠳᠡᠭᠡ ᠵᠠᠩᠭᠢ ᠶᠢᠨ ᠰᠢᠨᠵᠢᠯᠡᠬᠦ ᠤᠬᠠᠭᠠᠨ |
ᠮᠡᠷᠭᠡᠵᠢᠯ ᠤᠨ ᠬᠢᠵᠠᠭᠠᠷᠲᠤ ᠺᠣᠮᠫᠠᠨᠢ᠂ ᠵᠧᠵᠢᠶᠠᠩ ᠮᠤᠵᠢ ᠶᠢᠨ ᠤᠯᠠᠨ ᠨᠡᠶᠢᠲᠡ ᠶᠢᠨ ᠮᠡᠳᠡᠭᠡ ᠵᠠᠩᠭᠢ ᠶᠢᠨ ᠠᠵᠤ |
ᠦᠢᠯᠡᠰ ᠤᠨ ᠬᠢᠵᠠᠭᠠᠷᠲᠤ ᠺᠣᠮᠫᠠᠨᠢ᠂ ᠵᠧᠵᠢᠶᠠᠩ ᠮᠤᠵᠢ ᠶᠢᠨ ᠰᠣᠶᠣᠯ ᠵᠢᠭᠤᠯᠴᠢᠯᠠᠯ ᠤᠨ ᠲᠤᠭᠠᠵᠢᠭᠤᠯᠤᠭᠰᠠᠨ |
ᠦᠢᠯᠡᠰ ᠤᠨ ᠬᠥᠭᠵᠢᠯᠲᠡ ᠶᠢᠨ ᠲᠥᠪ᠂ ᠵᠧᠵᠢᠶᠠᠩ ᠮᠤᠵᠢ ᠶᠢᠨ ᠮᠦᠽᠧᠢ ᠵᠡᠷᠭᠡ ᠵᠢᠷᠭᠤᠭᠠᠨ ᠨᠢᠭᠡᠴᠢ ᠳᠤ ᠬᠦᠷᠴᠦ᠂ |
ᠦᠵᠡᠮᠵᠢ ᠶᠢᠨ ᠣᠷᠣᠨ ᠤ ᠣᠷᠳᠣᠨ ᠲᠠᠯᠠᠪᠠᠶ ᠶᠢ ᠣᠶᠤᠨᠴᠢᠯᠠᠭᠰᠠᠨ ᠪᠠᠶᠢᠭᠤᠯᠤᠯᠲᠠ᠂ ᠲᠤᠭᠠᠵᠢᠭᠤᠯᠤᠭᠰᠠᠨ ᠰᠣᠶᠣᠯ |
ᠵᠢᠭᠤᠯᠴᠢᠯᠠᠯ ᠤᠨ ᠲᠠᠪᠴᠠᠩ ᠤᠨ ᠡᠵᠡᠩᠨᠡᠯᠲᠡ ᠬᠠᠮᠢᠶᠠᠷᠤᠯᠲᠠ᠂ ᠲᠤᠭ᠎ᠠ ᠪᠠᠷᠢᠮᠲᠠ ᠶᠢᠨ ᠡᠬᠢ ᠪᠠᠶᠠᠯᠢᠭ ᠢ |
ᠴᠤᠭᠯᠠᠭᠤᠯᠤᠨ ᠬᠠᠮᠲᠤ ᠪᠠᠷ ᠡᠳ᠋ᠯᠡᠵᠦ ᠬᠡᠷᠡᠭᠯᠡᠬᠦ᠂ ᠲᠤᠭᠠᠵᠢᠭᠤᠯᠤᠭᠰᠠᠨ ᠰᠣᠶᠣᠯ ᠵᠢᠭᠤᠯᠴᠢᠯᠠᠯ ᠤᠨ ᠬᠥᠭᠵᠢᠯᠲᠡ ᠶᠢᠨ |
ᠪᠠᠶᠢᠭᠤᠯᠤᠯ ᠲᠣᠭᠲᠠᠴᠠ᠂ ᠰᠠᠯᠠᠭ᠎ᠠ ᠮᠥᠴᠢᠷ ᠠᠯᠤᠰᠯᠠᠭᠰᠠᠨ ᠬᠠᠮᠵᠢᠯᠴᠠᠨ ᠬᠠᠮᠲᠤᠷᠠᠯᠴᠠᠬᠤ ᠠᠷᠭ᠎ᠠ ᠮᠠᠶ᠋ᠢᠭ |
ᠵᠡᠷᠭᠡ ᠶᠢᠨ ᠲᠣᠭᠤᠷᠢᠨ ᠳᠤ ᠭᠦᠨᠵᠡᠭᠡᠢ ᠰᠤᠳᠤᠯᠤᠨ ᠶᠠᠷᠢᠯᠴᠠᠪᠠ᠃ ᠡᠯ᠎ᠡ ᠠᠵᠤ ᠠᠬᠤᠶᠢᠯᠠᠯ ᠤᠨ ᠲᠥᠯᠥᠭᠡᠯᠡᠭᠴᠢ |
ᠲᠣᠮᠣ ᠳ᠋ᠠᠶᠢᠲ᠋ᠠ ᠶᠢᠨ ᠵᠠᠭᠪᠤᠷ ᠤᠨ ᠰᠢᠰᠲ᠋ᠧᠮ᠂ ᠣᠶᠤᠨᠴᠢ ᠢᠨᠵᠧᠨᠧᠷᠢᠩ ᠤᠨ ᠲᠤᠬᠠᠶᠢᠯᠠᠭᠰᠠᠨ ᠠᠵᠢᠯ ᠤᠨ ᠪᠦᠲᠦᠴᠡ |
᠂ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠠᠯᠤᠰ ᠰᠡᠷᠡᠯ ᠤᠨ ᠬᠢᠨᠠᠨ ᠡᠵᠡᠮᠳᠡᠯ ᠵᠡᠷᠭᠡ |
ᠨᠡᠶᠢᠲᠡᠯᠢᠭ ᠬᠡᠷᠡᠭ ᠤᠨ ᠵᠢᠱᠢᠶ᠎ᠡ ᠶᠢ ᠪᠠᠶᠢᠴᠠᠭᠠᠨ ᠰᠤᠳᠤᠯᠬᠤ ᠳᠤᠭᠤᠶᠢᠯᠠᠩ ᠲᠠᠢ ᠬᠤᠪᠢᠶᠠᠯᠴᠠᠪᠠ᠃ ᠪᠠᠶᠢᠴᠠᠭᠠᠨ |
ᠰᠤᠳᠤᠯᠬᠤ ᠳᠤᠭᠤᠶᠢᠯᠠᠩ ᠤᠨ ᠬᠢᠨ ᠪᠠᠰᠠ ᠵᠣᠬᠢᠶᠠᠮᠠᠯ ᠤᠶᠤᠨ ᠴᠢᠳᠠᠪᠤᠷᠢ᠂ ᠠᠩᠬᠠᠨ ᠤ ᠣᠷᠴᠢᠯᠠᠩ ᠤᠨ ᠮᠡᠷᠭᠡᠵᠢᠯ᠂ |
ᠳ᠋ᠠᠶᠢᠲ᠋ᠠ ᠶᠢᠨ ᠡᠯᠧᠮᠧᠨ᠋ᠲ X᠂ ᠳ᠋ᠠᠶᠢᠲ᠋ᠠ ᠶᠢᠨ ᠡᠷᠬᠡ ᠶᠢ ᠨᠤᠲᠠᠯᠠᠨ ᠲᠣᠭᠲᠠᠭᠠᠬᠤ ᠵᠡᠷᠭᠡ ᠣᠳᠣᠬᠠᠨ ᠤ ᠬᠠᠯᠠᠮᠰᠢᠯ |
ᠮᠡᠷᠭᠡᠵᠢᠯ ᠤᠨ ᠠᠰᠠᠭᠤᠳᠠᠯ ᠤᠨ ᠲᠤᠬᠠᠢ ᠡᠯ᠎ᠡ ᠲᠠᠯ᠎ᠠ ᠶᠢᠨ ᠲᠥᠯᠥᠭᠡᠯᠡᠭᠴᠢᠳ ᠲᠠᠢ ᠰᠠᠨᠠᠯ ᠢᠶᠠᠨ ᠰᠣᠯᠢᠯᠴᠠᠪᠠ᠃ |
|
|
|
ᠪᠠᠶᠢᠴᠠᠭᠠᠨ ᠰᠤᠳᠤᠯᠬᠤ ᠶᠠᠪᠤᠴᠠ ᠳᠤ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠰᠠᠭᠤᠳᠠᠯ ᠤᠨ |
ᠬᠤᠷᠠᠯ ᠬᠤᠷᠠᠯᠳᠤᠭᠤᠯᠬᠤ᠂ ᠡᠯ᠎ᠡ ᠠᠵᠤ ᠠᠬᠤᠶᠢᠯᠠᠯ ᠳᠤ ᠭᠦᠨᠵᠡᠭᠡᠶᠢᠷᠡᠨ ᠲᠤᠬᠠᠢ ᠶᠢᠨ ᠭᠠᠵᠠᠷ ᠲᠤ ᠨᠢ ᠬᠦᠷᠴᠦ |
ᠰᠤᠷᠪᠤᠯᠵᠢᠯᠠᠬᠤ ᠵᠡᠷᠭᠡ ᠶᠢ ᠪᠠᠭᠲᠠᠭᠠᠭᠰᠠᠨ ᠤᠯᠠᠨ ᠵᠦᠢᠯ ᠤᠨ ᠪᠠᠶᠢᠴᠠᠭᠠᠨ ᠰᠤᠳᠤᠯᠬᠤ ᠠᠷᠭ᠎ᠠ ᠬᠡᠯᠪᠡᠷᠢ ᠶᠢ ᠠᠪᠴᠤ᠂ |
ᠪᠠᠶᠢᠴᠠᠭᠠᠨ ᠰᠤᠳᠤᠯᠤᠯᠲᠠ ᠶᠢᠨ ᠪᠦᠬᠦ ᠲᠠᠯᠠᠲᠤ ᠴᠢᠨᠠᠷ ᠪᠠ ᠣᠨᠣᠪᠴᠢᠲᠤ ᠴᠢᠨᠠᠷ ᠢ ᠦᠨᠡᠨ ᠬᠦ ᠪᠠᠲᠤᠯᠠᠪᠠ᠃ ᠲᠣᠰ |
ᠤᠳᠠᠭᠠᠨ ᠤ ᠪᠠᠶᠢᠴᠠᠭᠠᠨ ᠰᠤᠳᠤᠯᠤᠯᠲᠠ ᠶᠢᠨ ᠠᠵᠢᠯ ᠨᠢ ᠮᠡᠳᠡᠭᠡ ᠵᠠᠩᠭᠢᠵᠢᠯᠲᠠ ᠶᠢᠨ ᠬᠥᠭᠵᠢᠯᠲᠡ ᠶᠢᠨ |
ᠲᠥᠯᠦᠪᠵᠢᠭᠦᠯᠭᠡ ᠶᠢ ᠲᠠᠷᠠᠭᠠᠴᠢ ᠶᠢᠨ ᠬᠤᠭᠤᠴᠠᠭᠠᠨ ᠳᠤ ᠲᠣᠭᠲᠠᠭᠠᠬᠤ ᠳᠤ ᠴᠢᠬᠤᠯᠠ ᠦᠨᠳᠦᠰᠦᠯᠡᠯ ᠬᠠᠩᠭᠠᠵᠤ᠂ |
ᠮᠡᠳᠡᠭᠡ ᠵᠠᠩᠭᠢᠵᠢᠯᠲᠠ ᠶᠢᠨ ᠰᠢᠰᠲ᠋ᠧᠮ ᠢ ᠡᠮᠬᠢᠯᠡᠨ ᠨᠡᠶᠢᠯᠡᠭᠦᠯᠬᠦ ᠠᠵᠢᠯ ᠢ ᠲᠦᠯᠬᠢᠨ ᠠᠬᠢᠭᠤᠯᠬᠤ ᠳᠤ ᠪᠠᠲᠤ ᠪᠠᠬᠢ |
ᠰᠠᠭᠤᠷᠢ ᠶᠢ ᠲᠠᠯᠪᠢᠭᠰᠠᠨ ᠪᠠᠶᠢᠨ᠎ᠠ᠃ |
|